ᠲᠡᠷᠢᠭᠦᠨ ᠬᠠᠭᠤᠳᠠᠰᠤ   -   ᠴᠢᠬᠤᠯᠠ ᠮᠡᠳᠡᠭᠡ
《ᠢᠯᠵᠢᠷᠡᠯ᠎ᠢ ᠡᠰᠡᠷᠭᠦᠴᠡᠬᠦ᠎ᠳᠦ ᠶᠡᠷᠦ᠎ᠡᠴᠡ᠎ᠪᠡᠨ ᠰᠣᠩᠭᠣᠯᠲᠠ ᠲᠠᠢ ᠪᠠᠢᠵᠤ ᠪᠤᠯᠬᠤ ᠦᠭᠡᠢ᠂ ᠡᠷᠬᠡᠪᠰᠢ ᠬᠦᠴᠢᠷ᠎ᠢ ᠰᠥᠷᠦᠨ ᠤᠷᠤᠭᠰᠢᠯᠠᠬᠤ ᠬᠡᠷᠡᠭᠲᠡᠢ 》
ᠨᠡᠶ᠋ᠢᠲᠡᠯᠡᠭᠰᠡᠨ ᠴᠠᠭ᠄ 2025-12-30

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠎ᠶᠢᠨ ᠲᠣᠪᠴᠢᠶ᠎ᠠ 12 ᠳ᠋ᠤᠭᠠᠷ ᠰᠠᠷ᠎ᠠ᠎ᠶᠢᠨ 25᠎ᠤ ᠡᠳᠦᠷ ᠬᠤᠷᠠᠯ ᠬᠤᠷᠠᠯᠳᠤᠭᠤᠯᠵᠤ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠠᠵᠢᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ 2026 ᠣᠨ᠎ᠤ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢᠭᠤᠯᠤᠯᠲᠠ ᠪᠠ ᠢᠯᠵᠢᠷᠡᠯ᠎ᠢ ᠡᠰᠡᠷᠭᠦᠴᠡᠬᠦ ᠠᠵᠢᠯ᠎ᠢ ᠰᠤᠳᠤᠯᠤᠨ ᠪᠠᠢᠷᠢᠯᠠᠭᠤᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ ᠰᠢ ᠎ᠶᠢᠨ ᠫᠢᠩ ᠲᠣᠰ ᠬᠤᠷᠠᠯ᠎ᠢ ᠡᠷᠬᠢᠯᠡᠵᠡᠢ᠃ ᠬᠤᠷᠠᠯ᠎ᠢᠶᠠᠷ᠂ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠡᠷᠡᠰ ᠭᠤᠢᠪᠢᠰᠢ ᠦᠭᠡᠢ ᠠᠬᠢᠭᠤᠯᠵᠤ᠂ ᠡᠭᠦᠷᠢᠳᠡ ᠵᠣᠭᠰᠣᠰᠢ ᠦᠭᠡᠢ᠂ ᠥᠴᠥᠬᠡᠨ ᠲᠡᠳᠦᠢ ᠴᠤ᠌ ᠨᠠᠢᠷ ᠲᠠᠯᠪᠢᠯ ᠦᠭᠡᠢ᠂ ᠦᠩᠭᠡᠨ ᠲᠠᠯ᠎ᠠ ᠪᠠ ᠦᠨᠳᠦᠰᠦᠨ᠎ᠡᠴᠡ ᠨᠢ ᠵᠡᠷᠭᠡ᠎ᠪᠡᠷ ᠵᠠᠰᠠᠬᠤ᠎ᠶᠢ ᠭᠦᠨᠵᠡᠭᠡᠢᠷᠡᠭᠦᠯᠵᠦ᠂ ᠢᠯᠵᠢᠷᠡᠬᠦ᠎ᠡᠴᠡ ᠵᠢᠷᠦᠬᠡᠰᠢᠶᠡᠬᠦ᠂ ᠢᠯᠵᠢᠷᠡᠵᠦ ᠪᠣᠯᠬᠤ ᠦᠭᠡᠢ᠂ ᠢᠯᠵᠢᠷᠡᠬᠦ᠎ᠶᠢ ᠪᠤᠳᠤᠬᠤ ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠢᠯᠵᠢᠷᠡᠯ᠎ᠢ ᠵᠠᠰᠠᠬᠤ ᠶᠡᠷᠦᠩᠬᠡᠢᠯᠡᠭᠰᠡᠨ ᠦᠢᠯᠡᠳᠦᠯ ᠴᠢᠳᠠᠪᠤᠷᠢ᠎ᠶᠢ ᠲᠠᠰᠤᠷᠠᠯᠳᠡ ᠦᠭᠡᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ 

《ᠢᠯᠵᠢᠷᠡᠯ ᠪᠣᠯ ᠮᠠᠨ᠎ᠤ ᠨᠠᠮ᠎ᠳᠤ ᠲᠤᠯᠭᠠᠷᠠᠵᠤ ᠪᠠᠢᠭ᠎ᠠ ᠬᠠᠮᠤᠭ᠎ᠤᠨ ᠶᠡᠬᠡ ᠰᠦᠷᠳᠡᠭᠦᠯᠦᠯ ᠮᠥᠨ᠂ ᠢᠯᠵᠢᠷᠡᠯ᠎ᠢ ᠡᠰᠡᠷᠭᠦᠴᠡᠬᠦ ᠪᠣᠯ ᠥᠪᠡᠷ᠎ᠦᠨ ᠪᠡᠶ᠎ᠡ᠎ᠳᠦ᠎ᠪᠡᠨ ᠬᠢᠵᠦ ᠪᠠᠢᠭ᠎ᠠ ᠬᠠᠮᠤᠭ᠎ᠤᠨ ᠲᠤᠢᠯᠪᠤᠷᠢᠲᠠᠢ ᠬᠤᠪᠢᠰᠬᠠᠯ ᠶᠤᠮ᠃》 ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢᠭᠤᠯᠤᠯᠲᠠ ᠪᠠ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠶᠡᠷᠦᠩᠬᠡᠢ ᠱᠦᠵᠢ ᠰᠢ ᠎ᠶᠢᠨ ᠫᠢᠩ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠭᠰᠠᠭᠠᠷ ᠢᠷᠡᠭᠰᠡᠨ ᠪᠥᠭᠡᠳ 《ᠢᠯᠵᠢᠷᠡᠯ᠎ᠢ ᠡᠰᠡᠷᠭᠦᠴᠡᠬᠦ᠎ᠳᠦ ᠶᠡᠷᠦ᠎ᠡᠴᠡ᠎ᠪᠡᠨ ᠰᠣᠩᠭᠣᠯᠲᠠ ᠲᠠᠢ ᠪᠠᠢᠵᠤ ᠪᠣᠯᠬᠤ ᠦᠭᠡᠢ᠂ ᠡᠷᠬᠡᠪᠰᠢ ᠬᠦᠴᠢᠷ᠎ᠢ ᠰᠥᠷᠦᠨ ᠤᠷᠤᠭᠰᠢᠯᠠᠬᠤ ᠬᠡᠷᠡᠭᠲᠡᠢ》 ᠭᠡᠵᠦ ᠴᠢᠬᠤᠯᠠᠴᠢᠯᠠᠪᠠ᠃ 

 

 

ᠢᠷᠡᠯᠲᠡ᠄ ᠠᠷᠠᠳ᠎ᠤᠨ ᠡᠳᠦᠷ᠎ᠦᠨ ᠰᠣᠨᠢᠨ