ᠲᠡᠷᠢᠭᠦᠨ ᠬᠠᠭᠤᠳᠠᠰᠤ   -   ᠴᠢᠬᠤᠯᠠ ᠮᠡᠳᠡᠭᠡ
《ᠨᠢᠭᠡ ᠴᠢᠬᠤᠯᠠ ᠨᠢᠭᠡ ᠭᠣᠣᠯᠳᠠᠯᠭ᠎ᠠ》᠎ᠶᠢᠨ ᠪᠦᠲᠦᠭᠡᠨ ᠪᠠᠢᠭᠤᠯᠤᠯᠲᠠ᠎ᠶᠢ ᠴᠢᠨᠠᠷ ᠰᠠᠢᠲᠠᠢ ᠠᠬᠢᠭᠤᠯᠵᠤ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠲᠠᠰᠤᠷᠠᠯᠲᠠ ᠦᠭᠡᠢ ᠨᠡᠮᠡᠭᠳᠡᠭᠦᠯᠦᠨ᠎ᠡ
ᠨᠡᠶ᠋ᠢᠲᠡᠯᠡᠭᠰᠡᠨ ᠴᠠᠭ᠄ 2025-12-30

ᠣᠳᠣᠬᠠᠨ᠎ᠳᠤ᠂ 《ᠨᠢᠭᠡ ᠴᠢᠬᠤᠯᠠ ᠨᠢᠭᠡ ᠭᠣᠣᠯᠳᠠᠯᠭ᠎ᠠ》᠎ᠶᠢᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠳᠤ ᠣᠯᠣᠭᠰᠠᠨ ᠦᠷ᠎ᠡ ᠪᠦᠲᠦᠮᠵᠢ ᠨᠢ ᠤᠯᠠᠮ᠎ᠠᠴᠠ ᠢᠯᠡᠳᠲᠡ ᠪᠣᠯᠵᠤ᠂ ᠨᠢᠭᠡ ᠪᠦᠯᠦᠭ ᠭᠣᠣᠯᠳᠠᠯᠭ᠎ᠠ ᠪᠣᠯᠬᠤ ᠲᠥᠷᠥᠯ ᠵᠦᠢᠯ᠎ᠤᠳ᠎ᠢᠶᠡᠷ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠲᠦᠷᠭᠡᠨ ᠨᠥᠬᠥᠪᠦᠷᠢᠯᠡᠵᠦ᠂ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠠᠩᠭᠠᠯᠭ᠎ᠠ᠎ᠶᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠣᠯᠠᠨ᠎ᠤ ᠬᠦᠷᠲᠡᠮᠵᠢ᠎ᠶᠢᠨ ᠲᠥᠷᠥᠭᠳᠡᠯ᠂ ᠵᠣᠯ ᠵᠢᠷᠭᠠᠯ᠎ᠤᠨ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠵᠦ ᠪᠠᠢᠨ᠎ᠠ᠃ 

ᠯᠢᠶᠣᠤᠨᠢᠩ᠎ᠤᠨ ᠮᠦᠭᠳᠡᠨ᠎ᠳᠦ᠂ 《ᠨᠢᠭᠡ ᠴᠢᠬᠤᠯᠠ ᠨᠢᠭᠡ ᠭᠣᠣᠯᠳᠠᠯᠭ᠎ᠠ》᠎ᠶᠢᠨ ᠪᠦᠲᠦᠭᠡᠨ ᠪᠠᠢᠭᠤᠯᠤᠯᠲᠠ᠎ᠪᠠᠷ ᠳᠡᠮᠵᠢᠵᠦ ᠪᠠᠢᠭ᠎ᠠ ᠨᠢᠭᠡ ᠪᠦᠯᠦᠭ ᠭᠠᠵᠠᠷ ᠳᠣᠣᠷᠠᠬᠢ ᠬᠣᠭᠣᠯᠠᠢ ᠭᠤᠤᠷᠰᠤ᠎ᠶᠢᠨ ᠲᠥᠷᠥᠯ ᠵᠦᠢᠯ᠎ᠢ ᠶᠠᠭ ᠱᠠᠯᠠᠪᠳᠠᠨ ᠠᠬᠢᠭᠤᠯᠵᠤ ᠪᠠᠢᠨ᠎ᠠ᠂ ᠡᠨᠡ ᠬᠦ᠌ ᠲᠥᠷᠥᠯ ᠵᠦᠢᠯ᠎ᠢ ᠪᠠᠢᠭᠤᠯᠵᠤ ᠳᠠᠭᠤᠰᠬᠠᠭᠰᠠᠨ᠎ᠤ ᠳᠠᠷᠠᠭ᠎ᠠ ᠬᠣᠲᠠ᠎ᠶᠢᠨ ᠰᠢᠲᠠᠮᠠᠬᠠᠢ ᠬᠡᠢ᠎ᠶᠢᠨ ᠬᠣᠭᠣᠯᠠᠢ ᠭᠤᠤᠷᠰᠤ᠎ᠶᠢᠨ ᠬᠡᠮ ᠰᠣᠭᠣᠭ ᠵᠢᠴᠢ ᠬᠣᠲᠠ᠎ᠶᠢᠨ ᠲᠣᠭᠣᠷᠢᠭ᠋᠎ᠤᠨ ᠤᠰᠤᠲᠤᠯ ᠵᠡᠷᠭᠡ ᠲᠣᠪᠣᠢᠮ᠎ᠠ ᠬᠡᠮ ᠰᠣᠭᠣᠭ᠎ᠤᠳ ᠪᠦᠲᠦᠮᠵᠢᠲᠡᠶ ᠰᠢᠢᠳᠪᠦᠷᠢᠯᠡᠭᠳᠡᠬᠦ ᠪᠣᠯᠣᠨ᠎ᠠ᠃ 

《ᠨᠢᠭᠡ ᠴᠢᠬᠤᠯᠠ ᠨᠢᠭᠡ ᠭᠣᠣᠯᠳᠠᠯᠭ᠎ᠠ》᠎ᠶᠢᠨ ᠪᠦᠲᠦᠭᠡᠨ ᠪᠠᠢᠭᠤᠯᠤᠯᠲᠠ᠎ᠶᠢ ᠥᠷᠨᠢᠭᠦᠯᠦᠭᠰᠡᠨ ᠨᠢᠭᠡ ᠵᠢᠯ ᠭᠠᠷᠤᠢ᠎ᠶᠢᠨ ᠲᠤᠷᠰᠢ᠂ ᠪᠦᠬᠦ ᠤᠯᠤᠰ᠎ᠲᠤ ᠬᠤᠳᠠ᠎ᠶᠢᠨ ᠭᠠᠵᠠᠷ ᠳᠣᠣᠷᠠᠬᠢ ᠬᠣᠭᠣᠯᠠᠢ ᠭᠤᠤᠷᠰᠤ᠎ᠶᠢ ᠪᠦᠲᠦᠭᠡᠨ ᠪᠠᠢᠭᠤᠯᠬᠤ ᠪᠠ ᠥᠭᠡᠷᠡᠴᠢᠯᠡᠨ ᠰᠢᠨᠡᠳᠬᠡᠬᠦ 5000 ᠭᠠᠷᠤᠢ ᠪᠣᠳᠠᠲᠠᠢ ᠲᠥᠷᠥᠯ ᠵᠦᠢᠯ᠎ᠢ ᠲᠡᠮᠵᠢᠵᠤ᠂ ᠬᠤᠳᠠ᠎ᠶᠢᠨ ᠭᠠᠵᠠᠷ ᠳᠣᠣᠷᠠᠬᠢ ᠬᠣᠭᠣᠯᠠᠢ ᠭᠤᠤᠷᠰᠤ᠎ᠶᠢ ᠪᠦᠲᠦᠭᠡᠨ ᠪᠠᠢᠭᠤᠯᠬᠤ ᠪᠠ ᠥᠭᠡᠷᠡᠴᠢᠯᠡᠨ ᠰᠢᠨᠡᠳᠬᠡᠬᠦ᠎ᠶᠢ ᠨᠡᠢ᠍ᠢᠳᠡ ᠪᠠᠷᠤᠭ 30 ᠲᠦᠮᠡᠨ ᠺᠢᠯᠣᠮᠧᠲᠷ ᠠᠬᠢᠭᠤᠯᠤᠭᠰᠠᠨ ᠪᠠᠢᠨ᠎ᠠ᠃ ᠣᠳᠣᠬᠠᠨ᠎ᠳᠤ᠂ ᠬᠣᠭᠣᠯᠠᠢ ᠭᠤᠤᠷᠰᠤ ᠭᠣᠭᠣᠵᠢᠵᠤ ᠡᠪᠳᠡᠷᠡᠬᠦ᠂ ᠬᠣᠲᠠ᠎ᠶᠢᠨ ᠤᠰᠤᠳᠤᠯ ᠵᠡᠷᠭᠡ ᠲᠣᠪᠣᠢᠮ᠎ᠠ ᠠᠰᠠᠭᠤᠳᠠᠯ᠎ᠤᠳ ᠨᠢᠭᠡᠨᠲᠡ ᠢᠯᠡᠳᠲᠡ ᠪᠠᠭᠠᠰᠴᠤ᠂ ᠬᠣᠲᠠ᠎ᠶᠢᠨ ᠠᠮᠤᠷ ᠲᠦᠪᠰᠢᠨ᠎ᠦ ᠤᠶᠠᠨ ᠬᠠᠲᠠᠨ ᠴᠢᠨᠠᠷ᠎ᠤᠨ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠪᠡ᠃ 

ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠦᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠦᠨ ᠦᠷ᠎ᠡ ᠠᠰᠢᠭ᠋᠎ᠢ ᠨᠢ ᠨᠡᠮᠡᠭᠳᠡᠭᠦᠯᠬᠦ᠎ᠶᠢᠨ ᠵᠡᠷᠭᠡ᠎ᠳᠦ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢ ᠴᠤ᠌ ᠲᠦᠷᠭᠡᠪᠴᠢᠯᠡᠨ ᠰᠠᠢᠵᠢᠷᠠᠭᠤᠯᠵᠤ ᠪᠠᠢᠨ᠎ᠠ᠃ 《ᠨᠢᠭᠡ ᠴᠢᠬᠤᠯᠠ ᠨᠢᠭᠡ ᠭᠣᠣᠯᠳᠠᠯᠭ᠎ᠠ》᠎ᠶᠢᠨ ᠪᠦᠲᠦᠭᠡᠨ ᠪᠠᠢᠭᠤᠯᠤᠯᠲᠠ᠎ᠪᠠᠷ ᠪᠠᠢᠩᠭᠤ ᠰᠠᠭᠤᠭ᠎ᠠ ᠬᠥᠮᠥᠨ ᠠᠮᠠ᠎ᠶᠢᠨ ᠨᠡᠮᠡᠭᠳᠡᠯ ᠶᠡᠬᠡᠲᠡᠢ ᠭᠣᠣᠯᠳᠠᠯᠭ᠎ᠠ ᠪᠣᠯᠬᠤ 84 ᠬᠤᠳᠠ᠎ᠳᠤ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢ 664 ᠰᠢᠨ᠎ᠡ᠎ᠪᠡᠷ ᠪᠠᠶ᠋ᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ᠎ᠶᠢ ᠲᠡᠮᠵᠢᠵᠤ᠂ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠣᠷᠣᠭ᠍ᠴᠢ᠎ᠶᠢᠨ ᠡᠵᠡᠯᠡᠬᠦ ᠲᠣᠭ᠎ᠠ᠎ᠶᠢ 100 ᠲᠦᠮᠡ ᠭᠠᠷᠤᠢ ᠰᠢᠨ᠎ᠡ᠎ᠪᠡᠷ ᠨᠡᠮᠡᠭᠳᠡᠭᠦᠯᠵᠦ᠂ ᠠᠯᠪᠠᠨ᠎ᠠᠴᠠ ᠡᠷᠬᠢᠯᠡᠭᠰᠡᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠳᠤ ᠰᠤᠷᠤᠯᠴᠠᠬᠤ ᠳᠠᠭᠠᠵᠤ ᠨᠡᠭᠦᠭᠰᠡᠨ ᠦᠷ᠎ᠡ ᠬᠡᠦᠬᠡᠳ᠎ᠦᠨ ᠬᠠᠷᠢᠴᠠᠯ᠎ᠢ ᠲᠣᠭᠲᠠᠭᠤᠨ᠎ᠢᠶᠠᠷ ᠳᠡᠭᠡᠭᠰᠢᠯᠡᠭᠦᠯᠪᠡ᠃ ᠴᠢᠨᠠᠷᠵᠢᠭᠤᠨ ᠵᠢᠩᠬᠢᠨᠢ ᠠᠩᠭᠢ ᠡᠷᠬᠢᠯᠡᠬᠦ ᠪᠠᠭᠲᠠᠭᠠᠮᠵᠢ᠎ᠶᠢ ᠥᠷᠭᠡᠳᠬᠡᠬᠦ ᠢᠨᠵᠧᠨᠧᠷᠢᠩ᠎ᠢ ᠯᠠᠪᠳᠠᠭᠤᠨ᠎ᠢᠶᠠᠷ ᠠᠬᠢᠭᠤᠯᠬᠤ᠎ᠶᠢ ᠳᠡᠮᠵᠢᠵᠦ᠂ 《ᠬᠣᠣᠰ ᠲᠡᠷᠢᠭᠦᠨ》᠎ᠤ ᠶᠡᠬᠡ ᠳᠡᠭᠡᠳᠦ ᠰᠤᠷᠭᠠᠭᠤᠯᠢ᠎ᠶᠢ ᠳᠠᠢᠴᠢᠯᠠᠵᠤ ᠪᠠᠢᠭᠠᠳ ᠵᠢᠩᠬᠢᠨᠢ ᠠᠩᠭᠢ᠎ᠳᠦ 3.7 ᠲᠦᠮᠡ ᠭᠠᠷᠤᠢ ᠰᠣᠷᠣᠭ᠍ᠴᠢ ᠥᠷᠭᠡᠳᠬᠡᠨ ᠡᠯᠰᠡᠬᠦ᠎ᠶᠢ ᠪᠡᠶᠡᠯᠡᠭᠦᠯᠪᠡ᠃ 《ᠬᠣᠣᠰ ᠲᠡᠷᠢᠭᠦᠨ》᠎ᠤ 30 ᠭᠠᠷᠤᠢ ᠶᠡᠬᠡ ᠳᠡᠭᠡᠳᠦ ᠰᠤᠷᠭᠠᠭᠤᠯᠢ᠎ᠶᠢᠨ ᠰᠢᠨ᠎ᠡ ᠰᠤᠷᠭᠠᠭᠤᠯᠢ᠎ᠶᠢᠨ ᠲᠣᠭᠣᠷᠢᠭ᠋᠎ᠢ ᠶᠡᠬᠡ ᠬᠡᠪᠴᠢᠶ᠎ᠡ᠎ᠪᠡᠷ ᠪᠦᠲᠦᠭᠡᠨ ᠪᠠᠶ᠋ᠢᠭᠤᠯᠬᠤ ᠱᠠᠲᠤᠨ᠎ᠳᠤ ᠣᠷᠣᠭᠤᠯᠵᠤ᠂ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ᠎ᠶᠢᠨ ᠪᠠᠢᠷᠢ ᠵᠡᠷᠭᠡ ᠳᠤᠲᠠᠭᠤᠳᠠᠯ᠎ᠢ ᠲᠦᠷᠭᠡᠨ ᠨᠥᠬᠥᠪᠦᠷᠢᠯᠡᠨ᠂ ᠰᠤᠷᠭᠠᠭᠤᠯᠢ ᠡᠷᠭᠢᠯᠡᠬᠦ ᠦᠨᠳᠦᠰᠦᠨ ᠨᠥᠬᠥᠴᠡᠯ᠎ᠢ ᠨᠢ ᠢᠯᠡᠳᠲᠡ ᠰᠠᠢᠵᠢᠷᠠᠭᠤᠯᠪᠠ᠃ 

ᠡᠭᠦᠨ᠎ᠦ ᠬᠠᠮᠲᠤ᠂ 《ᠨᠢᠭᠡ ᠴᠢᠬᠤᠯᠠ ᠨᠢᠭᠡ ᠭᠣᠣᠯᠳᠠᠯᠭ᠎ᠠ》᠎ᠶᠢᠨ ᠪᠦᠲᠦᠭᠡᠨ ᠪᠠᠢᠭᠤᠯᠤᠯᠲᠠ᠎ᠪᠠᠷ 4 ᠬᠥᠮᠥᠨ ᠵᠢᠴᠢ ᠲᠡᠭᠦᠨ᠎ᠡᠴᠡ ᠳᠡᠭᠡᠭᠰᠢᠬᠢ ᠡᠪᠡᠳᠴᠢᠲᠡᠨ᠎ᠦ ᠦᠷᠦᠭᠡ᠎ᠶᠢ 1.5 ᠲᠦᠮᠡᠨ ᠲᠠᠰᠤᠯᠭ᠎ᠠ ᠥᠭᠡᠷᠡᠴᠢᠯᠡᠨ ᠪᠠᠶ᠋ᠢᠭᠤᠯᠬᠤ᠎ᠶᠢ ᠲᠡᠮᠵᠢᠵᠤ᠂ ᠤᠯᠠᠨ ᠲᠦᠮᠡᠨ᠎ᠦ ᠡᠪᠡᠳᠴᠢᠨ ᠦᠵᠡᠭᠦᠯᠬᠦ ᠨᠥᠬᠥᠴᠡᠯ᠎ᠢ ᠤᠯᠠᠮ ᠨᠢᠭᠡ ᠠᠯᠬᠤᠮ ᠰᠠᠢᠵᠢᠷᠠᠭᠤᠯᠪᠠ᠃ ᠬᠡᠦᠬᠡᠳ ᠰᠠᠭᠠᠲᠠᠭᠤᠯᠬᠤ ᠣᠷᠣᠨ ᠪᠠᠢᠷᠢ᠎ᠶᠢᠨ ᠴᠢᠨᠠᠷᠵᠢᠭᠤᠨ ᠬᠠᠩᠭᠠᠯᠭ᠎ᠠ᠎ᠶᠢ ᠦᠷᠭᠦᠯᠵᠢᠯᠡᠨ ᠥᠷᠭᠡᠳᠬᠡᠵᠦ᠂ ᠰᠢᠶᠠᠨ᠎ᠤ ᠱᠠᠲᠤᠨ᠎ᠠᠴᠠ ᠳᠡᠭᠡᠭᠰᠢᠬᠢ ᠬᠡᠦᠬᠡᠳ ᠰᠠᠭᠠᠲᠠᠭᠤᠯᠬᠤ ᠶᠡᠷᠦᠩᠬᠡᠢᠯᠡᠭᠰᠡᠨ ᠦᠢᠯᠡᠴᠢᠯᠡᠭᠡᠨ᠎ᠦ ᠲᠥᠪ᠎ᠦᠨ ᠪᠠᠢᠭᠤᠯᠤᠯᠲᠠ᠎ᠶᠢ ᠴᠢᠩᠭᠠᠳᠬᠠᠵᠠᠢ᠃ ᠣᠳᠣᠬᠠᠨ ᠪᠣᠯᠲᠠᠯ᠎ᠠ᠂ ᠮᠠᠨ᠎ᠤ ᠤᠯᠤᠰ᠎ᠤᠨ ᠮᠢᠩᠭᠠᠨ ᠬᠥᠮᠥᠨ ᠪᠦᠷᠢ᠎ᠳᠦ ᠨᠣᠭᠳᠠᠬᠤ 3 ᠨᠠᠰᠤᠨ᠎ᠠᠴᠠ ᠳᠣᠷᠣᠭ᠍ᠰᠢᠬᠢ ᠨᠢᠯᠬ᠎ᠠ ᠬᠡᠦᠬᠡᠳ᠎ᠦᠨ ᠬᠡᠦᠬᠡᠳ ᠰᠠᠭᠠᠲᠠᠭᠤᠯᠬᠤ ᠣᠷᠣᠨ ᠪᠠᠢᠷᠢ 4.73 ᠪᠣᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠠᠷᠠᠯᠲᠠ᠎ᠪᠠᠨ ᠳᠠᠪᠠᠭᠤᠯᠤᠨ ᠪᠡᠶᠡᠯᠡᠭᠦᠯᠪᠡ᠃ 

 

 

ᠢᠷᠡᠯᠲᠡ᠄ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ