ᠰᠢᠨᠬᠤᠸᠠ ᠬᠣᠷᠢᠶ᠎ᠠ 2025 ᠣᠨ᠎ᠤ ᠤᠯᠤᠰ᠎ᠤᠨ ᠳᠣᠲᠣᠭᠠᠳᠤ᠎ᠶᠢᠨ ᠠᠷᠪᠠᠨ ᠲᠤᠮᠤ ᠰᠣᠨᠢᠨ ᠮᠡᠳᠡᠭᠡ᠎ᠶᠢ ᠰᠢᠯᠭᠠᠷᠠᠭᠤᠯᠪᠠ (ᠬᠡᠷᠡᠭ ᠶᠠᠪᠤᠳᠠᠯ ᠡᠭᠦᠰᠦᠭᠰᠡᠨ ᠴᠠᠭ᠎ᠤᠨ ᠳᠠᠷᠠᠭᠠᠯᠠᠯ᠎ᠢᠶᠠᠷ ᠵᠢᠭ᠍ᠰᠠᠭᠠᠪᠠ)
1. ᠪᠦᠬᠦ ᠨᠠᠮ᠎ᠢᠶᠠᠷ᠎ᠢᠶᠠᠨ ᠲᠥᠪ᠎ᠤᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠤᠨ ᠤᠷᠲᠤ ᠬᠤᠭᠤᠴᠠᠭ᠎ᠠ᠎ᠪᠠᠷ ᠪᠦᠲᠦᠮᠵᠢᠲᠡᠶ ᠪᠣᠯᠭᠠᠬᠤ᠎ᠶᠢ ᠠᠬᠢᠭᠤᠯᠪᠠ

2025 ᠣᠨ᠎ᠤ ᠪᠦᠬᠦ ᠤᠯᠤᠰ᠎ᠤᠨ ᠬᠣᠶᠠᠷ ᠬᠤᠷᠠᠯ᠎ᠤᠨ ᠳᠠᠷᠠᠭ᠎ᠠ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠪᠦᠬᠦ ᠨᠠᠮ᠎ᠤᠨ ᠬᠡᠪᠴᠢᠶᠡᠨ᠎ᠳᠦ ᠯᠠᠪᠳᠠᠭᠤᠨ ᠪᠠᠲᠤᠲᠠᠢ ᠥᠷᠨᠢᠭᠦᠯᠪᠡ᠂ ᠡᠨᠡ ᠪᠣᠯ ᠶᠡᠷᠦᠩᠬᠡᠢ ᠱᠦᠵᠢ ᠰᠢ᠎ᠶᠢᠨ ᠫᠢᠩ ᠪᠡᠶ᠎ᠡ᠎ᠪᠡᠷ᠎ᠢᠶᠡᠨ ᠤᠬᠠᠭᠠᠯᠠᠨ ᠲᠥᠯᠥᠪᠯᠡᠭᠰᠡᠨ ᠡᠨᠡ ᠵᠢᠯ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠭᠣᠣᠯᠳᠠᠯᠭ᠎ᠠ᠎ᠲᠠᠢ ᠡᠭᠦᠷᠭᠡ ᠪᠣᠯᠣᠨ᠎ᠠ᠃ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ᠎ᠶᠢᠨ ᠫᠢᠩ᠎ᠤᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠣᠢᠯᠠᠭᠠᠵᠤ᠂ ᠲᠥᠪ᠎ᠤᠨ ᠨᠠᠢ᠍ᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠦᠨ ᠵᠣᠷᠢᠭ᠋ ᠰᠠᠨᠠᠭ᠎ᠠ᠎ᠶᠢ ᠴᠥᠬᠥᠷᠡᠰᠢ ᠦᠭᠡᠢ ᠲᠤᠭᠤᠰᠢᠯᠠᠭᠤᠯᠵᠤ᠂ ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ᠎ᠶᠢ ᠨᠢᠭᠡ ᠴᠣᠭᠴᠠᠵᠢᠭᠤᠯᠤᠨ ᠠᠬᠢᠭᠤᠯᠬᠤ᠂ 《ᠲᠦᠷᠪᠡᠨ ᠰᠤᠷᠲᠠᠯ》᠎ᠤᠨ ᠲᠣᠪᠣᠢᠮ᠎ᠠ ᠠᠰᠠᠭᠤᠳᠠᠯ᠎ᠢ ᠰᠢᠢᠳᠪᠦᠷᠢᠯᠡᠬᠦ ᠪᠠ ᠰᠤᠷᠲᠠᠯ᠎ᠤᠨ ᠪᠠᠢᠭᠤᠯᠤᠯᠲᠠ᠎ᠶᠢᠨ ᠳᠦᠷᠢᠮ᠎ᠦᠨ ᠳᠤᠳᠠᠭᠳᠠᠯᠢ ᠨᠥᠬᠥᠪᠦᠷᠢᠯᠡᠬᠦ᠂ ᠳᠦᠷᠢᠮ᠎ᠦᠨ ᠬᠡᠷᠡᠭᠵᠢᠭᠦᠯᠬᠦ ᠬᠦᠴᠦᠨ᠎ᠢ ᠴᠢᠩᠭᠠᠳᠬᠠᠬᠤ ᠵᠡᠷᠭᠡ ᠲᠠᠯ᠎ᠠ᠎ᠪᠠᠷ ᠢᠯᠡᠷᠬᠡᠢ ᠦᠷ᠎ᠡ ᠪᠦᠲᠦᠮᠵᠢ ᠤᠯᠵᠠᠢ᠃
2. ᠳᠤᠮᠳᠠᠳᠤ ᠤᠯᠤᠰ᠎ᠤᠨ ᠺᠢᠨᠣ᠋ ᠪᠦᠬᠦ ᠪᠥᠮᠪᠥᠷᠴᠡᠭ᠎ᠦᠨ ᠺᠠᠷᠲ᠋ᠣᠨ ᠺᠢᠨᠣ᠋᠎ᠶᠢᠨ ᠪᠢᠯᠧᠲ᠎ᠦᠨ ᠤᠷᠤᠯᠭ᠎ᠠ᠎ᠶᠢᠨ ᠵᠢᠭ᠍ᠰᠠᠭᠠᠯᠲᠠ᠎ᠳᠤ ᠲᠡᠷᠢᠭᠦᠯᠡᠵᠤ ᠳᠤᠮᠳᠠᠳᠤ᠎ᠶᠢᠨ ᠰᠣᠶᠣᠯ᠎ᠤᠨ ᠳᠠᠮᠵᠢᠭᠤᠯᠬᠤ ᠬᠦᠴᠦᠨ ᠪᠠ ᠨᠥᠯᠥᠭᠡᠯᠡᠬᠦ ᠬᠦᠴᠦᠨ ᠲᠠᠰᠤᠷᠠᠯᠲᠠ ᠦᠭᠡᠢ ᠳᠡᠭᠡᠭᠰᠢᠯᠡᠪᠡ

3 ᠰᠠᠷ᠎ᠠ᠎ᠶᠢᠨ 14᠎ᠦ ᠡᠳᠦᠷ᠂ 《ᠨᠸ ᠵᠠ ᠳᠠᠯᠠᠢ᠎ᠶᠢ ᠲᠦᠢᠪᠡᠭᠡᠭᠰᠡᠨ ᠨᠢ》 ᠭᠡᠬᠦ ᠺᠢᠨᠤ᠋᠎ᠶᠢᠨ ᠪᠦᠬᠦ ᠪᠥᠮᠪᠥᠷᠴᠡᠭ᠎ᠦᠨ ᠪᠢᠯᠧᠲ᠎ᠦᠨ ᠣᠷᠣᠯᠭ᠎ᠠ 150 ᠳ᠋ᠦᠩᠰᠢᠭᠤᠷ ᠲᠥᠭᠥᠷᠢᠭ᠎ᠢ ᠳᠠᠪᠠᠵᠤ᠂ ᠪᠦᠬᠦ ᠪᠥᠮᠪᠥᠷᠴᠡᠭ᠎ᠦᠨ ᠺᠠᠷᠲ᠋ᠣᠨ ᠺᠢᠨᠣ᠋᠎ᠶᠢᠨ ᠪᠢᠯᠧᠲ᠎ᠦᠨ ᠣᠷᠣᠯᠭ᠎ᠠ᠎ᠶᠢᠨ ᠲᠡᠷᠢᠭᠦᠨ᠎ᠳᠦ ᠵᠢᠭ᠍ᠰᠠᠭᠠᠭᠳᠠᠪᠠ᠂ ᠲᠤᠰ ᠺᠢᠨᠣ᠋ ᠨᠢ ᠳᠤᠮᠳᠠᠳᠤ ᠤᠯᠤᠰ᠎ᠤᠨ ᠦᠯᠢᠭᠡᠷ᠎ᠢ ᠭᠦᠨᠵᠡᠭᠡᠢ ᠠᠭᠤᠳᠠᠯᠵᠤ᠂ ᠳᠤᠮᠳᠠᠳᠤ᠎ᠶᠢᠨ ᠭᠤᠸ᠎ᠠ ᠵᠦᠢ᠎ᠶᠢᠨ ᠬᠥᠭ ᠠᠶᠠᠰ᠎ᠢ ᠬᠠᠷᠠᠭᠤᠯᠵᠤ᠂ ᠳᠤᠮᠳᠠᠳᠤ ᠤᠯᠤᠰ᠎ᠤᠨ ᠺᠢᠨᠣ᠋᠎ᠶᠢᠨ ᠲᠡᠦᠬᠡᠲᠦ ᠴᠢᠨᠠᠷᠲᠠᠢ ᠰᠢᠪᠲᠤᠯᠤᠯᠲᠠ᠎ᠶᠢ ᠪᠡᠶᠡᠯᠡᠭᠦᠯᠵᠡᠢ᠃ ᠡᠨᠡ ᠵᠢᠯ᠎ᠡᠴᠡ ᠨᠠᠭᠠᠰᠢ᠂ 《ᠪᠠᠷᠠᠭᠤᠨ ᠰᠢᠶᠠ᠎ᠶᠢᠨ ᠣᠩᠭᠣᠨ》 ᠨᠢ 《ᠳᠡᠯᠡᠬᠡᠢ᠎ᠶᠢᠨ ᠥᠪ᠎ᠦᠨ ᠨᠡᠷᠡᠰ᠎ᠦᠨ ᠵᠢᠭ᠍ᠰᠠᠭᠠᠯᠲᠠ》᠎ᠳᠦ ᠣᠷᠣᠵᠤ᠂ ᠬᠠᠭᠠᠨ᠎ᠤ ᠣᠷᠳᠣᠨ᠎ᠤ ᠮᠦᠽᠧᠢ ᠨᠢ ᠮᠦᠽᠸᠢ ᠪᠠᠢᠭᠤᠯᠤᠭᠳᠠᠭᠰᠠᠨ 100 ᠵᠢᠯ᠎ᠦᠨ ᠣᠶᠪᠠᠨ ᠤᠭᠲᠤᠨ ᠠᠪᠤᠪᠠ᠃ ᠰᠦᠯᠵᠢᠶᠡᠨ᠎ᠦ ᠤᠷᠠᠨ ᠵᠣᠬᠢᠶᠠᠯ᠂ ᠰᠦᠯᠵᠢᠶᠡᠨ᠎ᠦ ᠲᠣᠭᠯᠠᠭᠠᠮ᠂ ᠰᠦᠯᠵᠢᠶᠡᠨ᠎ᠦ ᠺᠢᠨᠣ᠋ ᠲᠧᠯᠸᠢᠰ ᠵᠦᠴᠦᠭᠡ᠎ᠪᠡᠷ ᠲᠥᠯᠥᠭᠡᠯᠡᠭᠦᠯᠦᠭᠰᠡᠨ ᠰᠣᠶᠣᠯ᠎ᠤᠨ 《ᠰᠢᠨ᠎ᠡ ᠭᠤᠷᠪᠠᠨ ᠬᠡᠯᠪᠡᠷᠢ 》᠎ᠶᠢᠨ 《ᠲᠡᠯᠡᠶ᠎ᠳᠦ ᠭᠠᠷᠬᠤ》 ᠨᠢ ᠲᠦᠷᠭᠡᠳᠴᠦ᠂ ᠳᠤᠮᠳᠠᠳᠤ᠎ᠶᠢᠨ ᠰᠣᠶᠣᠯ᠎ᠤᠨ ᠳᠡᠯᠡᠬᠡᠢ᠎ᠳᠡᠬᠢ ᠳᠠᠮᠵᠢᠭᠤᠯᠬᠤ ᠬᠦᠴᠦᠨ ᠪᠠ ᠨᠥᠯᠥᠭᠡᠯᠡᠬᠦ ᠬᠦᠴᠦᠨ ᠲᠠᠰᠤᠷᠠᠯᠲᠠ ᠦᠭᠡᠢ ᠳᠡᠭᠡᠭᠰᠢᠯᠡᠵᠡᠢ᠃
3. ᠴᠢᠬᠤᠯᠠ ᠶᠡᠬᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠢᠨᠵᠧᠨᠧᠷᠢᠩ ᠰᠢᠨ᠎ᠡ ᠰᠢᠪᠲᠤᠯᠤᠯᠲᠠ᠎ᠲᠠᠢ ᠪᠣᠯᠵᠤ ᠮᠠᠨ᠎ᠤ ᠤᠯᠤᠰ ᠥᠨᠳᠥᠷ ᠲᠦᠪᠰᠢᠨ ᠪᠦᠭᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠦᠪᠡᠷ᠎ᠢ᠎ᠪᠠᠨ ᠬᠦᠴᠣᠷᠭᠡᠭᠵᠢᠭᠦᠯᠭᠦ ᠲᠡᠢᠰᠢ ᠲᠦᠷᠭᠡᠯᠡᠨ ᠲᠠᠪᠰᠢᠪᠠ

4 ᠰᠠᠷ᠎ᠠ᠎ᠡᠴᠡ ᠨᠠᠭᠠᠰᠢ᠂ ᠬᠤᠪᠢᠯᠭᠠᠨ ᠣᠩᠭᠣᠴᠠ ᠬᠣᠷᠢᠳᠤᠭᠠᠷ᠂ ᠬᠣᠷᠢᠨ ᠨᠢᠭᠡᠳᠦᠭᠡᠷ᠂ ᠬᠣᠷᠢᠨ ᠬᠣᠶᠠᠳᠤᠭᠠᠷ ᠨᠢᠰᠬᠦ ᠣᠩᠭᠣᠴᠠ ᠬᠣᠢᠨ᠎ᠠ ᠬᠣᠢᠨ᠎ᠠ᠎ᠡᠴᠡ᠎ᠪᠠᠨ ᠰᠠᠨᠰᠠᠷ᠎ᠲᠤ ᠨᠢᠰᠴᠦ᠂ ᠣᠭᠲᠠᠷᠭᠤᠢ᠎ᠶᠢᠨ ᠠᠮᠢ ᠨᠠᠰᠤᠨ᠎ᠤ ᠰᠢᠨᠵᠢᠯᠡᠬᠦ ᠤᠬᠠᠭᠠᠨ᠂ ᠣᠭᠲᠠᠷᠭᠤᠢ᠎ᠶᠢᠨ ᠮᠠᠲᠧᠷᠢᠶᠠᠯ᠎ᠤᠨ ᠰᠢᠨᠵᠢᠯᠡᠬᠦ ᠤᠬᠠᠭᠠᠨ᠂ ᠰᠠᠨᠰᠠᠷ᠎ᠤᠨ ᠠᠶᠠᠯᠠᠯ᠎ᠤᠨ ᠰᠢᠨ᠎ᠡ ᠮᠡᠷᠭᠡᠵᠢᠯ ᠵᠡᠷᠭᠡ ᠬᠦᠷᠢᠶᠡᠨ᠎ᠳᠦ ᠦᠷᠭᠦᠯᠵᠢᠯᠡᠨ ᠰᠤᠳᠤᠯᠭᠠᠨ᠎ᠤ ᠦᠷ᠎ᠡ ᠪᠦᠲᠦᠭᠡᠯ ᠭᠠᠷᠭᠠᠪᠠ᠃ 5 ᠰᠠᠷ᠎ᠠ᠎ᠳᠤ᠂ ᠲᠢᠶᠠᠨ ᠸᠸᠨ ᠬᠣᠶᠠᠳᠤᠭᠠᠷ ᠮᠠᠨ᠎ᠤ ᠤᠯᠤᠰ᠎ᠤᠨ ᠠᠩᠬᠠᠳᠠᠭ᠍ᠴᠢ ᠵᠢᠵᠢᠭ ᠭᠠᠷᠠᠭ ᠣᠳᠣᠨ᠎ᠤ ᠬᠠᠢᠨ ᠬᠡᠮᠵᠢᠯᠲᠡ ᠪᠠ ᠦᠯᠢᠭᠡᠷ ᠠᠪᠴᠤ ᠪᠤᠴᠠᠬᠤ ᠠᠶᠠᠯᠠᠯ᠎ᠢᠶᠠᠨ ᠵᠢᠩᠬᠢᠨᠢ᠎ᠪᠡᠷ ᠡᠬᠢᠯᠡᠭᠦᠯᠪᠡ᠃ 10 ᠰᠠᠷ᠎ᠠ᠎ᠳᠤ᠂ ᠴᠠᠩ ᠵᠧᠩ ᠰᠢᠷᠢᠰ ᠬᠥᠯᠭᠡ ᠲᠡᠢᠷᠦᠯᠲᠦ ᠰᠤᠮᠤ᠎ᠶᠢᠨ 600 ᠳ᠋ᠤᠭᠠᠷ ᠤᠳᠠᠭ᠎ᠠ᠎ᠶᠢᠨ ᠬᠠᠷᠪᠤᠯᠲᠠ ᠬᠠᠢᠨᠠᠨ᠎ᠤ ᠸᠸᠨ ᠴᠠᠩ᠎ᠳᠤ ᠢᠯᠠᠯᠲᠠ ᠣᠯᠵᠤ᠂ ᠢᠷᠡᠭᠡᠳᠦᠢ᠎ᠳᠦ ᠨᠡᠩ ᠥᠨᠳᠥᠷ ᠨᠢᠭ᠍ᠲᠡᠴᠡᠲᠠᠢ ᠬᠠᠷᠪᠤᠯᠲᠠ᠎ᠶᠢᠨ ᠬᠡᠷᠡᠭᠴᠡᠭᠡ᠎ᠳᠦ ᠵᠣᠬᠢᠴᠠᠬᠤ ᠪᠣᠯᠣᠨ᠎ᠠ᠃ DeepSeek ᠵᠢᠡᠷ ᠲᠥᠯᠥᠭᠡᠯᠡᠭᠦᠯᠦᠭᠰᠡᠨ ᠤᠯᠤᠰ᠎ᠲᠠᠭᠠᠨ ᠦᠢᠯᠡᠳᠪᠦᠷᠢᠯᠡᠭᠰᠡᠨ ᠲᠣᠮᠣ᠌ ᠬᠡᠯᠡᠨ᠎ᠦ ᠵᠠᠭᠪᠤᠷ ᠨᠢ ᠵᠣᠬᠢᠶᠠᠮᠠᠯ ᠣᠶᠤᠨ ᠴᠢᠳᠠᠪᠤᠷᠢ᠎ᠶᠢᠨ ᠮᠡᠷᠭᠡᠵᠢᠯ᠎ᠦᠨ ᠲᠦᠭᠡᠮᠡᠯ ᠬᠡᠷᠡᠭᠯᠡᠯᠲᠡ᠎ᠶᠢ ᠠᠬᠢᠭᠤᠯᠵᠤ᠂ 《ᠲᠡᠮᠡᠴᠡᠭᠴᠢ》 ᠨᠡᠷᠡᠮᠵᠢᠲᠦ ᠬᠥᠯᠭᠡ ᠣᠩᠭᠣᠴᠠ ᠤᠮᠠᠷᠠᠲᠤ ᠲᠤᠢᠯ᠎ᠤᠨ ᠮᠥᠰᠥ ᠴᠠᠰᠤᠨ᠎ᠳᠦ ᠬᠤᠴᠢᠭ᠍ᠳᠠᠭᠰᠠᠨ ᠣᠷᠣᠨ᠎ᠳᠤ ᠵᠠᠯᠭᠠᠭ᠎ᠠ ᠪᠡᠷ᠂ ᠬᠡᠪ᠎ᠤᠨ ᠬᠥᠮᠥᠨ ᠠᠴᠢᠭᠰᠠᠨ ᠭᠦᠨ ᠱᠤᠩᠭᠤᠯᠲᠠᠶᠢᠨ ᠰᠢᠨ᠎ᠡ ᠲᠡᠮᠳᠡᠭᠯᠡᠯ᠎ᠢ ᠡᠭᠦᠳᠴᠦ᠂ ᠮᠠᠨ᠎ᠤ ᠤᠯᠤᠰ᠎ᠤᠨ ᠠᠩᠬᠠᠳᠠᠭ᠍ᠴᠢ ᠴᠠᠬᠢᠯᠭᠠᠨ ᠰᠣᠷᠢᠨᠵᠢᠨ ᠲᠡᠢᠷᠦᠯᠲᠡᠶᠢᠨ ᠬᠡᠯᠪᠡᠷᠢ᠎ᠶᠢᠨ ᠨᠢᠰᠬᠡᠯ᠎ᠦᠨ ᠰᠠᠭᠤᠷᠢ ᠬᠥᠯᠭᠡ ᠣᠩᠭᠣᠴᠠ ᠪᠤᠯᠬᠤ ᠹᠦᠵᠢᠶᠠᠨ ᠬᠥᠯᠭᠡ ᠣᠩᠭᠣᠴᠠ ᠡᠨᠭᠨᠡᠭᠡ᠎ᠳᠦ ᠣᠷᠣᠵᠠᠢ ᠁
4. ᠰᠢ᠎ᠶᠢᠨ ᠫᠢᠩ ᠲᠥᠪ᠎ᠦᠨ ᠲᠥᠯᠥᠭᠡᠯᠡᠭᠴᠢᠳ᠎ᠦᠨ ᠪᠦᠯᠬᠦᠮ᠎ᠢ ᠳᠠᠭᠠᠭᠤᠯᠤᠨ ᠲᠥᠪᠡᠳ᠂ ᠰᠢᠨᠵᠢᠶᠠᠩ ᠬᠣᠶᠠᠷ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨᠢ ᠪᠡᠯᠭᠡᠯᠡᠬᠦ ᠠᠵᠢᠯᠯᠠᠭ᠎ᠠ᠎ᠳᠤ ᠣᠷᠣᠯᠴᠠᠵᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠬᠥᠲᠥᠯᠥᠨ ᠠᠬᠢᠭᠤᠯᠪᠠ

ᠰᠢ᠎ᠶᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ᠎ᠶᠢᠨ ᠲᠡᠷᠢᠭᠦᠯᠡᠭᠴᠢ᠎ᠶᠢᠨ ᠬᠤᠪᠢ᠎ᠪᠠᠷ ᠲᠥᠪ᠎ᠦᠨ ᠲᠥᠯᠥᠭᠡᠯᠡᠭᠴᠢᠳ᠎ᠦᠨ ᠪᠦᠯᠬᠦᠮ᠎ᠢ ᠳᠠᠭᠠᠭᠤᠯᠤᠨ 8 ᠰᠠᠷ᠎ᠠ᠎ᠶᠢᠨ 20᠎ᠡᠴᠡ 21᠎ᠤ᠋ ᠡᠳᠦᠷ ᠪᠣᠯᠲᠠᠯ᠎ᠠ ᠲᠥᠪᠡᠳ᠎ᠲᠦ ᠬᠦᠷᠴᠦ ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ 60 ᠵᠢᠯ᠎ᠦᠨ ᠣᠶ᠎ᠶᠢ ᠪᠡᠯᠭᠡᠯᠡᠬᠦ ᠠᠵᠢᠯᠯᠠᠭ᠎ᠠ᠎ᠳᠤ ᠣᠷᠣᠯᠴᠠᠵᠤ᠂ 9 ᠰᠠᠷ᠎ᠠ᠎ᠶᠢᠨ 23᠎ᠡᠴᠡ 25᠎ᠤ᠋ ᠡᠳᠦᠷ ᠪᠣᠯᠲᠠᠯ᠎ᠠ ᠰᠢᠨᠵᠢᠶᠠᠩ᠎ᠳᠤ ᠬᠦᠷᠴᠦ ᠰᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ 70 ᠵᠢᠯ᠎ᠦᠨ ᠤᠢ᠎ᠶᠢ ᠪᠡᠯᠭᠡᠯᠡᠬᠦ ᠠᠵᠢᠯᠯᠠᠭ᠎ᠠ᠎ᠳᠦ ᠤᠷᠤᠯᠴᠠᠪᠠ᠂ ᠡᠨᠡ ᠨᠢ ᠨᠠᠮ ᠪᠠ ᠲᠦᠷᠦ᠎ᠶᠢᠨ ᠲᠡᠦᠬᠡᠨ ᠳᠡᠭᠡᠷᠡᠬᠢ ᠠᠩᠬ᠎ᠠ ᠤᠳᠠᠭ᠎ᠠ ᠪᠠᠢᠵᠤ᠂ ᠨᠠᠮ᠎ᠤᠨ ᠲᠥᠪ ᠬᠣᠷᠢᠶ᠎ᠠ᠎ᠡᠴᠡ ᠲᠥᠪᠡᠳ ᠪᠣᠯᠣᠨ ᠰᠢᠨᠵᠢᠶᠠᠩ᠎ᠤᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠦᠨᠳᠦᠰᠦᠲᠡᠨ ᠨᠦᠭᠦᠳ᠎ᠦᠨ ᠺᠠᠳ᠋ᠷ ᠣᠯᠠᠨ ᠲᠦᠮᠡᠨ᠎ᠢ ᠳᠣᠲᠣᠨᠣ᠌᠎ᠪᠠᠷ ᠬᠠᠯᠠᠮᠵᠢᠯᠠᠵᠤ ᠪᠠᠢᠬᠤ᠎ᠶᠢ ᠭᠦᠢᠴᠡᠳ ᠬᠠᠷᠠᠭᠤᠯᠵᠤ᠂ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ᠎ᠶᠢ ᠤᠷᠮᠠᠰᠢᠭᠤᠯᠤᠨ ᠵᠣᠷᠢᠭ᠍ᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠤᠯᠠᠮ ᠨᠢᠭᠡ ᠠᠯᠬᠤᠮ ᠪᠠᠲᠦ ᠴᠤᠭᠴᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠰᠢᠨ᠎ᠡ ᠬᠠᠭᠤᠳᠠᠰᠤ᠎ᠶᠢ ᠰᠡᠳᠬᠢᠯ ᠨᠢᠭᠡᠳᠦᠨ ᠭᠠᠷ ᠬᠣᠯᠪᠣᠯᠴᠠᠨ ᠪᠢᠴᠢᠭᠯᠡᠵᠡᠢ᠃
5. ᠤᠯᠤᠰ᠎ᠤᠨ ᠲᠡᠷᠢᠭᠦᠨ᠎ᠦ ᠭᠠᠳᠠᠭᠠᠳᠤ ᠬᠠᠷᠢᠯᠴᠠᠭ᠎ᠠ ᠨᠢ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠲᠣᠮᠣ᠌ ᠤᠯᠤᠰ᠎ᠤᠨ ᠭᠠᠳᠠᠭᠠᠳᠤ ᠬᠠᠷᠢᠯᠴᠠᠭ᠎ᠠ᠎ᠶᠢᠨ ᠰᠢᠨ᠎ᠡ ᠪᠠᠢᠳᠠᠯ᠎ᠢ ᠨᠡᠬᠡᠭᠡᠬᠦ᠎ᠶᠢ ᠬᠥᠲᠥᠯᠥᠨ ᠳᠠᠭᠠᠭᠤᠯᠵᠤ ᠪᠦᠬᠦ ᠪᠥᠮᠪᠥᠷᠴᠡᠭ᠎ᠦᠨ ᠳᠥᠷᠪᠡᠨ ᠶᠡᠬᠡ ᠰᠠᠨᠠᠭᠠᠴᠢᠯᠠᠭ᠎ᠠ ᠨᠢ ᠳᠡᠯᠡᠬᠡᠢ ᠳ᠋ᠠᠬᠢᠨ᠎ᠳᠤ ᠲᠣᠭᠲᠠᠭᠤᠨ ᠴᠢᠨᠠᠷ ᠪᠠ ᠢᠳᠡᠪᠬᠢ ᠬᠦᠴᠦᠨ ᠨᠡᠮᠡᠷᠢᠯᠡᠪᠡ

8 ᠰᠠᠷ᠎ᠠ᠎ᠶᠢᠨ 31᠎ᠡᠴᠡ 9 ᠰᠠᠷ᠎ᠠ᠎ᠶᠢᠨ 1᠎ᠦ ᠡᠳᠦᠷ ᠪᠣᠯᠲᠠᠯ᠎ᠠ᠂ 2025 ᠣᠨ᠎ᠤ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠲᠦᠷᠦᠭᠦᠴᠦᠳ᠎ᠦᠨ ᠬᠤᠷᠠᠯ ᠲᠢᠶᠠᠨᠵᠢᠨ᠎ᠳᠤ ᠬᠤᠷᠠᠯᠳᠤᠪᠠ᠃ ᠲᠡᠷᠢᠭᠦᠯᠡᠭᠴᠢ ᠰᠢ᠎ᠶᠢᠨ ᠫᠢᠩ ᠲᠦᠷᠦᠭᠦᠴᠦᠳ᠎ᠦᠨ ᠬᠤᠷᠠᠯ ᠳᠡᠭᠡᠷ᠎ᠡ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠠᠨᠠᠭᠠᠴᠢᠯᠠᠭ᠎ᠠ᠎ᠶᠢ ᠳᠤᠷᠠᠳᠪᠠ᠂ ᠡᠨᠡ ᠪᠣᠯ ᠪᠦᠬᠦ ᠪᠥᠮᠪᠥᠷᠴᠡᠭ᠎ᠦᠨ ᠬᠥᠭᠵᠢᠯᠲᠡ᠎ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠦᠨ ᠠᠮᠤᠷ ᠲᠦᠪᠰᠢᠨ᠎ᠦ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠎ᠶᠢᠨ ᠳᠠᠷᠠᠭ᠎ᠠ᠂ ᠳᠤᠮᠳᠠᠳᠤ ᠤᠯᠤᠰ᠎ᠤᠨ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠬᠤ᠎ᠶᠢᠨ ᠲᠥᠯᠥᠭᠡ ᠳᠤᠷᠠᠳᠤᠭᠰᠠᠨ ᠪᠠᠰᠠ ᠨᠢᠭᠡᠨ ᠴᠢᠬᠤᠯᠠ ᠶᠡᠬᠡ ᠪᠦᠬᠦ ᠪᠥᠮᠪᠥᠷᠴᠡᠭ᠎ᠦᠨ ᠰᠠᠨᠠᠭᠠᠴᠢᠯᠠᠭ᠎ᠠ ᠪᠣᠯᠣᠨ᠎ᠠ᠃ 2025 ᠣᠨ᠎ᠳᠤ᠂ ᠲᠡᠷᠢᠭᠦᠯᠡᠭᠴᠢ ᠰᠢ᠎ᠶᠢᠨ ᠫᠢᠩ ᠲᠥᠪ᠎ᠦᠨ ᠬᠦᠷᠰᠢ ᠵᠡᠷᠭᠡᠯᠡᠳᠡᠭᠡ᠎ᠶᠢᠨ ᠠᠵᠢᠯ᠎ᠤᠨ ᠬᠤᠷᠠᠯ᠎ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠸᠢᠶᠧᠲᠨᠠᠮ᠂ ᠮᠠᠯᠠᠢᠰᠢᠶ᠎ᠠ᠂ ᠺᠠᠮᠪᠤᠵᠠ ᠵᠡᠷᠭᠡ ᠵᠡᠭᠦᠨ ᠡᠮᠦᠨᠡᠲᠦ ᠠᠽᠢᠶ᠎ᠠ᠎ᠶᠢᠨ ᠭᠤᠷᠪᠠᠨ ᠤᠯᠤᠰ᠎ᠲᠤ ᠠᠢᠯᠴᠢᠯᠠᠵᠤ᠂ ᠣᠷᠣᠰ᠎ᠲᠤ ᠲᠥᠷᠥ᠎ᠶᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠎ᠶᠢᠨ ᠬᠠᠮᠲᠤ ᠵᠥᠪᠯᠡᠯᠲᠦ ᠬᠣᠯᠪᠣᠭᠠᠲᠤ ᠤᠯᠤᠰ᠎ᠤᠨ ᠠᠭᠤᠤ ᠶᠡᠬᠡ ᠤᠯᠤᠰ᠎ᠢᠶᠠᠨ ᠬᠠᠮᠠᠭᠠᠯᠠᠬᠤ ᠳᠠᠶ᠋ᠢᠨ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠣᠯᠴᠠᠵᠤ᠂ ᠺᠠᠽᠠᠭᠰᠲ᠋ᠠᠨ ᠳ᠋ᠤ᠌ ᠬᠦᠷᠴᠦ ᠬᠣᠶᠠᠳᠤᠭᠠᠷ ᠬᠤᠭᠤᠴᠠᠭᠠᠨ᠎ᠤ ᠳᠤᠮᠳᠠᠳᠤ ᠤᠯᠤᠰ — ᠳᠤᠮᠳᠠ ᠠᠽᠢᠶ᠎ᠠ᠎ᠶᠢᠨ ᠲᠦᠷᠦᠭᠦᠴᠦᠳ᠎ᠦᠨ ᠬᠤᠷᠠᠯ᠎ᠳᠤ ᠣᠷᠣᠯᠴᠠᠵᠤ᠂ ᠺᠣᠷᠢᠶᠠ᠎ᠳᠤ ᠬᠦᠷᠴᠦ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠬᠤ᠎ᠶᠢᠨ ᠬᠠᠮᠲᠤ ᠺᠣᠷᠢᠶᠠ᠎ᠳᠤ ᠲᠦᠷᠦ᠎ᠶᠢᠨ ᠶᠠᠪᠤᠳᠠᠯ᠎ᠤᠨ ᠠᠶ᠋ᠢᠯᠴᠢᠯᠠᠯᠲᠠ ᠬᠢᠵᠦ᠂ ᠳᠤᠮᠳᠠᠳᠤ ᠠᠮᠧᠷᠢᠺᠠ᠎ᠶᠢᠨ ᠲᠡᠷᠢᠭᠦᠨ᠎ᠤ ᠠᠭᠤᠯᠵᠠᠯᠲᠠ᠎ᠶᠢ ᠶᠠᠪᠤᠭᠳᠠᠭᠤᠯᠵᠤ᠂ ᠪᠦᠬᠦ ᠪᠥᠮᠪᠥᠷᠴᠡᠭ᠎ᠦᠨ ᠡᠮᠡᠭᠲᠡᠢᠴᠦᠳ᠎ᠦᠨ ᠲᠦᠷᠦᠭᠦᠴᠦᠳ᠎ᠦᠨ ᠬᠤᠷᠠᠯ ᠵᠡᠷᠭᠡ ᠭᠣᠣᠯ ᠲᠠᠯᠠᠪᠤᠷ᠎ᠤᠨ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ᠎ᠳᠤ ᠣᠷᠣᠯᠴᠠᠵᠤ᠂ ᠲᠡᠷᠢᠭᠦᠨ ᠨᠠᠷ᠎ᠦᠨ ᠭᠠᠳᠠᠭᠠᠳᠤ ᠬᠠᠷᠢᠯᠴᠠᠭ᠎ᠠ᠎ᠪᠠᠷ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠲᠣᠮᠣ᠌ ᠤᠯᠤᠰ᠎ᠤᠨ ᠭᠠᠳᠠᠭᠠᠳᠤ ᠬᠠᠷᠢᠯᠴᠠᠭ᠎ᠠ᠎ᠶᠢᠨ ᠤᠷᠤᠭᠰᠢᠯᠠᠨ ᠳᠠᠪᠰᠢᠬᠤ᠎ᠶᠢ ᠬᠦᠳᠦᠯᠦᠨ ᠳᠠᠭᠠᠭᠤᠯᠪᠠ᠃ ᠳᠤᠮᠳᠠᠳᠤ ᠤᠯᠤᠰ᠎ᠤᠨ ᠣᠢᠯᠠᠭᠠᠭᠳᠠᠬᠤᠨ᠂ ᠳᠤᠮᠳᠠᠳᠤ ᠤᠯᠤᠰ᠎ᠤᠨ ᠲᠥᠰᠥᠯ᠂ ᠳᠤᠮᠳᠠᠳᠤ ᠤᠯᠤᠰ᠎ᠤᠨ ᠠᠵᠢᠯᠯᠠᠭ᠎ᠠ ᠨᠢ ᠤᠷᠪᠠᠭᠠᠨ ᠬᠦᠷᠪᠡᠭᠡᠨ ᠲᠡᠢ ᠳᠡᠯᠡᠬᠡᠢ ᠶᠢᠷᠲᠢᠨᠴᠦ᠎ᠳᠦ ᠲᠣᠭᠲᠠᠭᠤᠨ ᠴᠢᠨᠠᠷ ᠪᠠ ᠢᠳᠡᠪᠬᠢ ᠬᠦᠴᠦᠨ᠎ᠢ ᠨᠡᠮᠡᠷᠢᠯᠡᠵᠡᠢ᠃
6. ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠭ᠌ᠦ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠭ᠌ᠦ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠦᠪᠡᠳᠡᠭ᠌ᠰᠢ ᠶᠡᠬᠡᠪᠡᠷ ᠳᠤᠷᠠᠰᠭᠠᠵᠤ ᠦᠨᠳᠦᠰᠦᠲᠡᠨ᠎ᠦ ᠵᠣᠷᠢᠭ ᠰᠠᠨᠠᠭ᠎ᠠ᠎ᠶ᠋ᠢ ᠬᠥᠭ᠌ᠵᠢᠭᠡᠨ ᠲᠡᠮᠡᠴᠡᠯ᠎ᠦᠨ ᠬᠦᠴᠦᠨ᠎ᠢ ᠨᠢᠭ᠍ᠲᠠᠷᠠᠭᠤᠯᠪᠠ

9 ᠰᠠᠷ᠎ᠠ᠎ᠶ᠋ᠢᠨ 3᠎ᠤ ᠡᠳᠦᠷ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠭ᠌ᠦ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠭ᠌ᠦ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠪᠡᠭᠡᠵᠢᠩ᠎ᠦᠨ ᠲᠢᠶᠠᠨ ᠠᠨ ᠮᠸᠨ ᠲᠠᠯᠠᠪᠠᠶ᠎ᠳᠤ ᠦᠪᠡᠳᠡᠭ᠌ᠰᠢ ᠶᠡᠬᠡᠪᠡᠷ ᠶᠠᠪᠤᠭ᠍ᠳᠠᠵᠤ᠂ ᠴᠡᠷᠢᠭ᠎ᠦᠨ ᠵᠢᠭ᠍ᠰᠠᠭᠠᠯ ᠱᠢᠯᠭᠠᠨ ᠦᠵᠡᠬᠦ᠌ ᠦᠪᠡᠳᠡᠭ᠌ᠰᠢ ᠶᠡᠬᠡ ᠶᠣᠰᠣᠯᠠᠯ᠎ᠢᠶᠠᠷ ᠳᠡᠯᠡᠬᠡᠶ᠎ᠶ᠋ᠢᠨ ᠠᠷᠠᠳ ᠲᠦᠮᠡᠨ᠎ᠲᠡᠶ ᠬᠠᠮᠲᠤ ᠡᠨᠡ ᠬᠦ᠌ ᠠᠭᠤᠤ ᠶᠡᠬᠡ ᠡᠳᠦᠷ᠎ᠢ ᠳᠤᠷᠠᠰᠭᠠᠵᠤ᠂ ᠨᠡᠩ ᠭᠡᠭᠡᠨ ᠰᠠᠷᠠᠭᠤᠯ ᠢᠷᠡᠭᠡᠳᠦᠶ᠎ᠶ᠋ᠢ ᠬᠠᠮᠲᠤ᠎ᠪᠠᠷ ᠨᠡᠭᠡᠭᠡᠭ᠌ᠰᠡᠨ ᠪᠠᠢᠨ᠎ᠠ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ᠎ᠶᠢᠨ ᠫᠢᠩ ᠴᠢᠬᠤᠯᠠ ᠶᠠᠷᠢᠶ᠎ᠠ ᠲᠠᠯᠪᠢᠭ᠍ᠰᠠᠨ ᠪᠥᠭᠡᠳ ᠱᠢᠯᠭᠠᠨ ᠦᠵᠡᠬᠦ᠌᠎ᠶ᠋ᠢ ᠬᠦᠯᠢᠶᠡᠬᠦ᠌ ᠴᠡᠷᠢᠭ ᠠᠩᠬᠢ᠎ᠶ᠋ᠢ ᠱᠢᠯᠭᠠᠨ ᠦᠵᠡᠪᠡ᠃ 61 ᠭᠠᠳᠠᠭᠠᠳᠤ ᠤᠯᠤᠰ᠎ᠤᠨ ᠲᠡᠷᠢᠭᠦᠨ᠂ ᠵᠠᠰᠠᠭ᠎ᠤᠨ ᠣᠷᠳᠣᠨ᠎ᠤ ᠲᠦᠷᠦᠭᠦᠴᠦᠳ ᠵᠢᠴᠢ ᠬᠣᠯᠪᠣᠭ᠍ᠳᠠᠯ ᠪᠦᠬᠦᠢ ᠤᠯᠤᠰ᠎ᠤᠨ ᠳᠡᠭᠡᠳᠦ ᠲᠡᠰ᠎ᠤᠨ ᠲᠥᠯᠥᠭᠡᠯᠡᠭ᠌ᠴᠢ᠂ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ ᠬᠠᠷᠢᠭᠤᠴᠠᠯᠭᠠᠲᠠᠨ᠂ ᠤᠤᠯ᠎ᠤᠨ ᠤᠯᠤᠰ ᠲᠦᠷᠦ᠍᠎ᠶ᠋ᠢᠨ ᠴᠢᠬᠤᠯᠠ ᠬᠥᠮᠦᠰ ᠶᠡᠬᠡ ᠬᠤᠷᠠᠯ᠎ᠳᠤ ᠣᠷᠣᠯᠴᠠᠪᠠ᠃ ᠶᠠᠫᠣᠨ᠎ᠢ ᠡᠰᠡᠷᠭᠦᠴᠡᠬᠦ᠌ ᠲᠡᠢᠨ᠎ᠦ ᠳᠤᠷᠠᠰᠭᠠᠯ᠎ᠤᠨ ᠶᠣᠰᠣᠯᠠᠯ ᠦᠪᠡᠳᠡᠭᠰᠢ ᠶᠡᠬᠡ᠂ ᠰᠦᠷ ᠳᠠᠯᠠᠢᠴᠠᠲᠠᠶ᠂ ᠬᠥᠮᠦᠰ᠎ᠦᠨ ᠰᠡᠳᠭᠢᠯ᠎ᠢ ᠳᠣᠭ᠍ᠳᠣᠯᠤᠭᠤᠯᠵᠤ᠂ ᠡᠷᠴᠢ ᠵᠣᠷᠢᠭ᠎ᠢ ᠬᠥᠪᠴᠢᠯᠡᠵᠦ᠍᠂ ᠶᠠᠫᠣᠨ᠎ᠢ ᠡᠰᠡᠷᠭᠦᠴᠡᠬᠦ᠌ ᠲᠡᠢᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠤᠯᠠᠮ ᠨᠢᠭᠡ ᠠᠯᠬᠤᠮ ᠪᠠᠳᠠᠷᠠᠭᠤᠯᠵᠤ᠂ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠢ ᠪᠥᠬᠥ᠌ ᠲᠠᠯ᠎ᠠ᠎ᠪᠠᠷ ᠠᠬᠢᠭᠤᠯᠬᠤ ᠢᠲᠡᠭᠡᠯ ᠵᠣᠷᠢᠭ᠎ᠢ ᠤᠯᠠᠮ ᠨᠢᠭᠡ ᠠᠯᠬᠤᠮ ᠪᠠᠲᠤᠳᠭᠠᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠬᠠᠷᠢᠭᠤᠴᠠᠯᠭ᠎ᠠ ᠡᠭᠦᠷᠭᠡᠯᠡᠯ᠎ᠢ ᠤᠯᠠᠮ ᠨᠢᠭᠡ ᠠᠯᠬᠤᠮ ᠢᠯᠡᠷᠡᠭᠦᠯᠵᠡᠢ᠃
7. ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯ ᠢᠯᠠᠯᠲᠠ᠎ᠲᠠᠶ᠎ᠪᠠᠷ ᠬᠤᠷᠠᠯᠳᠤᠵᠤ ᠢᠷᠡᠬᠦ᠌ 5 ᠵᠢᠯ᠎ᠦᠨ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠵᠢᠷᠤᠭ᠍ᠯᠠᠪᠠ

10 ᠰᠠᠷ᠎ᠠ᠎ᠶ᠋ᠢᠨ 20 ᠡᠴᠡ 23᠎ᠤ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ ᠪᠡᠭᠡᠵᠢᠩ᠎ᠳᠦ ᠬᠤᠷᠠᠯᠳᠤᠪᠠ᠃ ᠪᠦᠬᠦᠳᠡ ᠬᠤᠷᠠᠯ᠎ᠡᠴᠡ ᠶᠡᠷᠦᠩᠬᠡᠢ ᠱᠦᠵᠢ ᠰᠢ᠎ᠶᠢᠨ ᠫᠢᠩ᠎ᠦᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠨᠠᠢᠳᠠᠯᠭ᠎ᠠ᠎ᠪᠠᠷ ᠬᠢᠭ᠌ᠰᠡᠨ ᠠᠵᠢᠯ᠎ᠤᠨ ᠢᠯᠡᠳᠭᠡᠯ᠎ᠢ ᠰᠣᠨᠣᠰᠤᠨ ᠶᠠᠷᠢᠯᠴᠠᠵᠤ᠂ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠰᠠᠨᠠᠭᠤᠯᠭ᠎ᠠ》᠎ᠶᠢ ᠬᠢᠨᠠᠨ ᠶᠠᠷᠢᠯᠴᠠᠵᠤ ᠪᠠᠲᠤᠯᠠᠪᠠ᠃ ᠶᠡᠷᠦᠩᠬᠡᠢ ᠱᠦᠵᠢ ᠰᠢ᠎ᠶᠢᠨ ᠫᠢᠩ 《ᠰᠠᠨᠠᠭᠤᠯᠭ᠎ᠠ》ᠵᠢ ᠲᠤᠭᠤᠷᠪᠢᠭ᠍ᠰᠠᠨ ᠬᠣᠯᠪᠣᠭ᠍ᠳᠠᠯ ᠪᠦᠬᠦᠢ ᠪᠠᠢᠳᠠᠯ᠎ᠤᠨ ᠲᠤᠬᠠᠢ ᠪᠦᠬᠦᠳᠡ ᠬᠤᠷᠠᠯ᠎ᠳᠤ ᠲᠣᠳᠣᠷᠬᠠᠢᠯᠠᠯᠲᠠ ᠬᠢᠪᠡ᠃ 《ᠰᠠᠨᠠᠭᠤᠯᠭ᠎ᠠ》᠎ᠨᠢ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠣᠷᠣᠱᠢᠵᠤ ᠪᠠᠢᠭ᠎ᠠ ᠲᠡᠦᠬᠡᠨ ᠣᠷᠣᠨ ᠪᠠᠢᠷᠢ᠎ᠶ᠋ᠢ ᠣᠨᠣᠪᠴᠢᠲᠠᠢ ᠡᠵᠡᠮᠳᠡᠵᠦ᠍᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠷᠴᠢᠨ ᠨᠥᠬᠥᠴᠡᠯ᠎ᠳᠦ ᠲᠤᠯᠭᠠᠷᠠᠵᠤ ᠪᠠᠢᠭ᠎ᠠ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ᠎ᠶ᠋ᠢ ᠭᠦᠨᠵᠡᠭᠡᠢ ᠵᠠᠳᠠᠯᠵᠤ᠂ ᠢᠷᠡᠭᠡᠳᠦᠢ᠎ᠶ᠋ᠢᠨ 5 ᠵᠢᠯ᠎ᠦᠨ ᠬᠥᠭ᠌ᠵᠢᠯᠲᠡ᠎ᠳᠦ ᠦᠵᠦ ᠲᠥᠯᠥᠪᠯᠡᠭᠡ ᠪᠠ ᠪᠠᠢᠯᠳᠤᠬᠤ ᠪᠤᠳᠤᠯᠭ᠎ᠠ᠎ᠶ᠋ᠢᠨ ᠲᠥᠯᠥᠪᠯᠡᠭᠡ ᠬᠢᠵᠦ᠂ ᠡᠨᠡ ᠨᠢ ᠠᠱᠢᠭ᠍ᠲᠠᠢ ᠪᠠᠢᠳᠠᠯ᠎ᠢ ᠠᠮᠵᠢᠨ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠪᠦᠳᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠬᠤ ᠪᠠᠰᠠ ᠨᠢᠭᠡ ᠤᠳᠠᠭᠠᠨ᠎ᠤ ᠶᠡᠷᠦᠩᠬᠡᠢ ᠲᠠᠢ᠌ᠴᠢᠯᠠᠯᠳᠠ᠂ ᠶᠡᠷᠦᠩᠬᠡᠢ ᠪᠠᠢᠷᠢᠯᠠᠭᠤᠯᠤᠯᠲᠠ ᠮᠥᠨ᠃ ᠪᠥᠬᠥᠳᠡ ᠬᠤᠷᠠᠯ᠎ᠡᠴᠡ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠯᠤᠭ᠍ᠰᠠᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠳᠡᠭᠡᠳᠦ ᠬᠡᠮᠵᠢᠶ᠎ᠡ᠎ᠪᠡᠷ ᠦᠨᠡᠯᠡᠪᠡ᠃ ᠥᠩᠭᠡᠷᠡᠭ᠌ᠰᠡᠨ 5 ᠵᠢᠯ᠎ᠳᠦ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠬᠦᠴᠢᠷ᠎ᠢ ᠰᠦᠷᠦᠨ ᠶᠠᠪᠤᠵᠤ᠂ ᠡᠷᠡᠯᠭᠡᠭᠯᠡᠨ ᠤᠷᠤᠭ᠍ᠰᠢᠯᠠᠵᠤ᠂ ᠡᠯ᠎ᠡ ᠵᠦᠢᠯ᠎ᠦᠨ ᠳᠠᠭᠠᠷᠢᠯᠳᠠ ᠥᠷᠢᠰᠥᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠮᠠᠨ᠎ᠤ ᠤᠯᠤᠰ᠎ᠤᠨ ᠠᠵᠤ ᠠᠬᠤᠢ᠂ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠂ ᠤᠯᠤᠰ᠎ᠤᠨ ᠪᠠᠲᠤᠯᠠᠨ ᠬᠠᠮᠠᠭᠠᠯᠠᠯᠲᠠ ᠵᠡᠷᠭᠡ ᠬᠠᠲᠠᠭᠤ ᠪᠣᠳᠠᠲᠤ ᠬᠦᠴᠦᠨ ᠪᠣᠯᠤᠨ ᠰᠣᠶᠣᠯ᠂ ᠪᠠᠢᠭᠤᠯᠤᠯ᠂ ᠭᠠᠳᠠᠭᠠᠳᠤ ᠬᠠᠷᠢᠯᠴᠠᠭ᠎ᠠ ᠵᠡᠷᠭᠡ ᠵᠥᠭᠡᠯᠡᠨ ᠪᠣᠳᠠᠲᠤ ᠬᠦᠴᠦᠨ ᠢᠯᠡᠳᠲᠡ ᠳᠡᠭᠡᠭ᠌ᠰᠢᠯᠡᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤᠳᠠᠯ ᠦᠭᠡᠢ ᠲᠡᠭᠦᠰ ᠠᠮᠵᠢᠯᠲᠠ᠎ᠲᠠᠶ᠎ᠪᠠᠷ ᠰᠡᠬᠦᠯ ᠬᠤᠷᠢᠶᠠᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢᠨ ᠱᠢᠨ᠎ᠡ ᠠᠶᠠᠨ ᠰᠠᠢ᠌ᠨ ᠰᠠᠢᠬᠠᠨ ᠡᠬᠢᠯᠡᠯᠲᠡ᠎ᠲᠡᠶ ᠪᠣᠯᠬᠤ ᠪᠣᠯᠤᠨ᠎ᠠ᠃
8. ᠲᠠᠢᠸᠠᠨ᠎ᠢ ᠡᠭᠡᠬᠦᠯᠦᠨ ᠠᠪᠬᠤ ᠳᠤᠷᠠᠰᠬᠠᠯ᠎ᠤᠨ ᠡᠳᠦᠷ᠎ᠢ ᠳᠤᠭᠳᠠᠭᠠᠵᠤ ᠲᠠᠢᠸᠠᠨ ᠬᠣᠭᠣᠯᠠᠶ᠎ᠶ᠋ᠢᠨ ᠬᠣᠶᠠᠷ ᠬᠦᠪᠡᠭᠡ᠎ᠶ᠋ᠢᠨ ᠠᠬ᠎ᠠ ᠳᠡᠭᠦᠦ᠍᠎ᠨᠡᠷ᠎ᠦᠨ ᠡᠬᠡ ᠣᠷᠣᠨ᠎ᠤ ᠪᠦᠷᠢᠨ ᠨᠢᠭᠡᠳᠦᠯ᠎ᠢ ᠪᠡᠶᠡᠯᠡᠭᠦᠯᠬᠦ᠌᠎ᠶ᠋ᠢᠨ ᠲᠥᠯᠥᠭᠡ ᠬᠠᠮᠲᠤ᠎ᠪᠠᠷ ᠲᠡᠮᠡᠴᠡᠬᠦ᠌᠎ᠶ᠋ᠢ ᠤᠷᠮᠠᠱᠢᠭᠤᠯᠤᠨ ᠵᠣᠷᠢᠭ᠍ᠵᠢᠭᠤᠯᠪᠠ

10 ᠰᠠᠷ᠎ᠠ᠎ᠶ᠋ᠢᠨ 24᠎ᠤ ᠡᠳᠦᠷ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠡᠴᠡ ᠬᠠᠤᠯᠢ ᠴᠠᠭᠠᠵᠠ᠎ᠶ᠋ᠢᠨ ᠬᠡᠯᠪᠡᠷᠢ᠎ᠪᠡᠷ 10 ᠰᠠᠷ᠎ᠠ᠎ᠶ᠋ᠢᠨ 25᠎ᠤ ᠡᠳᠦᠷ᠎ᠢ ᠲᠠᠢᠸᠠᠨ᠎ᠢ ᠡᠭᠡᠬᠦᠯᠦᠨ ᠠᠪᠬᠤ ᠳᠤᠷᠠᠰᠭᠠᠯ᠎ᠤᠨ ᠡᠳᠦᠷ ᠪᠣᠯᠭᠠᠬᠤ᠎ᠪᠠᠷ ᠲᠣᠭ᠍ᠲᠠᠪᠠ᠃ ᠨᠠᠮ ᠪᠠ ᠤᠯᠤᠰ᠎ᠡᠴᠡ ᠲᠠᠢᠸᠠᠨ᠎ᠢ ᠡᠭᠡᠬᠦᠯᠦᠨ ᠠᠪᠬᠤ ᠳᠤᠷᠠᠰᠬᠠᠯ᠎ᠤᠨ ᠡᠳᠦᠷ᠎ᠢ ᠳᠤᠭᠳᠠᠭᠠᠭᠰᠠᠨ ᠨᠢ᠂ ᠪᠦᠬᠦ᠌ ᠤᠯᠤᠰ᠎ᠤᠨ ᠡᠯ᠎ᠡ ᠦᠨᠳᠦᠰᠦᠲᠡᠨ᠎ᠦ ᠠᠷᠠᠳ ᠲᠦᠮᠡᠨ ᠨᠢᠭᠡ ᠯᠡ ᠳᠤᠮᠳᠠᠳᠤ ᠤᠯᠤᠰ ᠪᠠᠢᠬᠤ ᠵᠠᠷᠴᠢᠮ᠎ᠢ ᠪᠠᠷᠢᠮᠲᠠᠯᠠᠵᠤ᠂ ᠤᠯᠤᠰ᠎ᠤᠨ ᠡᠷᠬᠡ ᠮᠡᠳᠡᠯ ᠪᠠ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢᠬᠤ᠎ᠶ᠋ᠢ ᠬᠠᠮᠠᠭᠠᠯᠠᠬᠤ ᠪᠠᠲᠤ ᠵᠣᠭ᠍ᠰᠣᠯᠲᠠ᠎ᠶᠢ ᠬᠠᠷᠠᠭᠤᠯᠵᠤ᠂ ᠲᠠᠢᠸᠠᠨ᠎ᠤ ᠠᠬ᠎ᠠ ᠳᠡᠭᠦᠦ᠍᠎ᠨᠡᠷ᠎ᠢ ᠪᠠᠭ᠍ᠲᠠᠭᠠᠭ᠍ᠰᠠᠨ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠦᠨ ᠬᠠᠮᠲᠤ᠎ᠶ᠋ᠢᠨ ᠬᠦᠰᠡᠯ ᠡᠷᠡᠮᠡᠯᠵᠡᠯ᠎ᠢ ᠲᠤᠰᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠷᠡᠰ ᠭᠤᠢᠪᠢᠰᠢ ᠦᠭᠡᠢ᠎ᠪᠡᠷ ᠲᠡᠦᠬᠡᠲᠦ ᠡᠭᠦᠷᠭᠡ᠎ᠶ᠋ᠢ ᠡᠭᠦᠷᠭᠡᠯᠡᠵᠦ᠍᠂ ᠡᠬᠡ ᠤᠯᠤᠰ᠎ᠤᠨ᠎ᠢᠶᠡᠨ ᠪᠦᠷᠢᠨ ᠨᠢᠭᠡᠳᠦᠯ᠎ᠢ ᠪᠡᠶᠡᠯᠡᠭᠦᠯᠬᠦ᠌ ᠡᠷᠡᠰ ᠪᠠᠲᠤ ᠵᠣᠷᠢᠭ ᠰᠠᠨᠠᠭ᠎ᠠ᠎ᠶ᠋ᠢ ᠢᠯᠡᠷᠡᠭᠦᠯᠵᠦ᠂ ᠳᠡᠯᠡᠬᠡᠶ ᠨᠡᠢᠲᠡ᠎ᠪᠡᠷ᠎ᠢᠶᠡᠨ ᠳᠡᠯᠡᠬᠡᠶ ᠳᠡᠭᠡᠷ᠎ᠡ ᠨᠢᠭᠡ ᠯᠡ ᠳᠤᠮᠳᠠᠳᠤ ᠤᠯᠤᠰ ᠪᠠᠢᠬᠤ᠂ ᠲᠠᠢᠸᠠᠨ ᠪᠣᠯ ᠳᠤᠮᠳᠠᠳᠤ ᠤᠯᠤᠰ᠎ᠤᠨ ᠰᠠᠯᠵᠤ ᠪᠣᠯᠤᠰᠢ ᠦᠭᠡᠢ ᠨᠢᠭᠡ ᠬᠡᠰᠡᠭ ᠪᠤᠯᠤᠨ᠎ᠠ ᠭᠡᠬᠦ ᠬᠠᠮᠲᠤ᠎ᠶ᠋ᠢᠨ ᠲᠠᠨᠢᠯᠲᠠ᠎ᠶᠢ ᠪᠠᠷᠢᠮᠲᠠᠯᠠᠬᠤ᠎ᠶ᠋ᠢ ᠪᠡᠬᠢᠵᠢᠭᠦᠯᠵᠦ᠂ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡ᠎ᠶ᠋ᠢᠨ ᠠᠬ᠎ᠠ ᠳᠡᠭᠦᠦ᠍᠎ᠨᠡᠷ᠎ᠦᠨ ᠡᠬᠡ ᠣᠷᠣᠨᠴᠢ ᠦᠵᠡᠯ᠎ᠦᠨ ᠤᠯᠠᠮᠵᠢᠯᠠᠯ᠂ ᠶᠠᠫᠣᠨ᠎ᠢ ᠡᠰᠡᠷᠭᠦᠴᠡᠬᠦ᠌ ᠠᠭᠤᠤ ᠶᠡᠬᠡ ᠵᠣᠷᠢᠭ ᠰᠠᠨᠠᠭ᠎ᠠ᠎ᠶᠢ ᠵᠠᠯᠭᠠᠮᠵᠢᠯᠠᠨ ᠪᠠᠳᠠᠷᠠᠭᠤᠯᠵᠤ᠂ ᠡᠬᠡ ᠣᠷᠣᠨ᠎ᠤ ᠪᠦᠷᠢᠨ ᠨᠢᠭᠡᠳᠦᠯ᠎ᠢ ᠪᠡᠶᠡᠯᠡᠭᠦᠯᠵᠦ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠬᠠᠮᠲᠤ᠎ᠪᠠᠷ ᠲᠡᠮᠡᠴᠡᠬᠦ᠎ᠶᠢ ᠵᠤᠷᠢᠭᠵᠢᠭᠤᠯᠬᠤ ᠨᠢ ᠯᠠᠪᠳᠠᠢ ᠶᠤᠮ᠃
9. ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠢ ᠭᠤᠸᠠᠩᠳᠦ᠋ᠩ ᠱᠢᠶᠠᠩᠭᠠᠩ ᠣᠣᠮᠧᠨ ᠭᠤᠷᠪᠠᠨ ᠭᠠᠵᠠᠷ᠎ᠡᠴᠡ ᠬᠠᠮᠲᠤᠷᠠᠨ ᠡᠷᠭᠢᠯᠡᠵᠦ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭᠵᠢᠭᠦᠯᠬᠦ》ᠢ᠋ᠢᠨ ᠪᠡᠶ᠎ᠡ᠎ᠶ᠋ᠢᠨ ᠲᠠᠮᠢᠷ᠎ᠤᠨ ᠬᠦᠷᠢᠶᠡᠨ᠎ᠳᠡᠬᠢ ᠱᠢᠨ᠎ᠡ᠎ᠶ᠋ᠢ ᠡᠭᠦᠳᠬᠦ᠌ ᠦᠶ᠋ᠯᠡᠳᠦᠯᠭᠡ ᠪᠤᠯᠪᠠ

ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠢ 11 ᠰᠠᠷ᠎ᠠ᠎ᠶ᠋ᠢᠨ 9᠎ᠤ ᠡᠳᠦᠷ᠎ᠡᠴᠡ 21᠎ᠦ ᠡᠳᠦᠷ ᠪᠣᠯᠲᠠᠯ᠎ᠠ ᠭᠤᠸᠠᠩᠳᠦ᠋ᠩ᠂ ᠱᠢᠶᠠᠩᠭᠠᠩ᠂ ᠣᠣᠮᠧᠨ ᠭᠤᠷᠪᠠᠨ ᠭᠠᠵᠠᠷ᠎ᠡᠴᠡ ᠬᠠᠮᠲᠤᠷᠠᠨ ᠡᠷᠭᠢᠯᠡᠪᠡ᠃ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ᠎ᠶᠢᠨ ᠫᠢᠩ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠭ᠍ᠰᠠᠨ ᠪᠥᠭᠡᠳ ᠲᠠᠮᠢᠷ᠎ᠤᠨ ᠴᠤᠭ᠍ᠯᠠᠭᠠᠨ ᠡᠬᠢᠯᠡᠭ᠌ᠰᠡᠨ᠎ᠢ ᠵᠠᠷᠯᠠᠪᠠ᠃ ᠲᠣᠰ ᠬᠤᠭᠤᠴᠠᠭᠠᠨ᠎ᠤ ᠪᠥᠬᠥ᠌ ᠤᠯᠤᠰ᠎ᠤᠨ ᠲᠠᠮᠢᠷ᠎ᠤᠨ ᠴᠤᠭ᠍ᠯᠠᠭᠠᠨ᠎ᠨᠢ 《ᠪᠣᠬᠢᠷᠲᠤᠯ ᠥᠬᠡᠶ᠂ ᠬᠠᠮᠲᠤ᠎ᠪᠠᠷ ᠡᠳ᠋ᠯᠡᠬᠦ᠌᠂ ᠨᠡᠭᠡᠭᠡᠯᠲᠡᠲᠡᠶ᠂ ᠠᠷᠢᠭᠤᠨ ᠴᠢᠬᠡᠴᠢ》 ᠤᠷᠤᠯᠳᠤᠭᠠᠨ ᠡᠷᠭᠢᠯᠡᠬᠦ᠌ ᠣᠢᠯᠠᠭᠠᠭ᠍ᠳᠠᠬᠤᠨ ᠪᠠ 《ᠳᠥᠭᠥᠮ ᠳᠥᠲᠡ᠂ ᠠᠮᠤᠷ ᠲᠦᠪᠱᠢᠨ᠂ ᠭᠣᠢᠳᠠ ᠰᠠᠢᠬᠠᠨ》ᠤᠷᠤᠯᠳᠤᠭᠠᠨ ᠡᠷᠭᠢᠯᠡᠬᠦ᠌ ᠱᠠᠭᠠᠷᠳᠠᠯᠭ᠎ᠠ᠎ᠶ᠋ᠢ ᠪᠠᠷᠢᠮᠲᠠᠯᠠᠵᠤ᠂ 《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭᠵᠢᠭᠦᠯᠬᠦ》᠎ᠶᠢᠨ ᠪᠡᠶ᠎ᠡ᠎ᠶ᠋ᠢᠨ ᠲᠠᠮᠢᠷ᠎ᠤᠨ ᠬᠦᠷᠢᠶᠡᠨ᠎ᠳᠡᠬᠢ ᠱᠢᠨ᠎ᠡ᠎ᠶ᠋ᠢ ᠡᠭᠦᠳᠬᠦ᠌ ᠦᠶ᠋ᠯᠡᠳᠦᠯᠭᠡ ᠪᠣᠯᠤᠭ᠍ᠰᠠᠨ᠎ᠤ ᠬᠤᠪᠢ᠎ᠳᠤ᠂ ᠤᠷᠤᠯᠳᠤᠭᠠᠨ ᠡᠷᠭᠢᠯᠡᠬᠦ᠌ ᠠᠵᠢᠯ᠎ᠢ ᠭᠤᠷᠪᠠᠨ ᠭᠠᠵᠠᠷ᠎ᠤᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ᠎ᠶ᠋ᠢ ᠠᠬᠢᠭᠤᠯᠬᠤ᠎ᠲᠠᠶ ᠤᠶᠠᠯᠳᠤᠭᠤᠯᠵᠤ᠂ ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠳᠡᠭ᠌ᠲᠡᠷ᠎ᠲᠦ ᠭᠠᠷᠬᠤ᠎ᠳᠤ ᠬᠦᠴᠦᠨ ᠨᠡᠮᠡᠷᠢᠯᠡᠵᠡᠢ᠃
10. ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ ᠪᠦᠬᠦ᠌ ᠠᠷᠠᠯ᠎ᠤᠨ ᠪᠣᠭᠣᠮᠲᠠ ᠬᠤᠷᠢᠬᠤ ᠠᠵᠢᠯ᠎ᠢ ᠡᠬᠢᠯᠡᠭᠦᠯᠵᠦ᠍ ᠥᠭᠡᠷᠡᠴᠢᠯᠡᠯᠲᠡ ᠨᠡᠭᠡᠭᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍ ᠮᠠᠨ᠎ᠤ ᠤᠯᠤᠰ᠎ᠤᠨ ᠠᠵᠤ ᠠᠬᠤᠶ᠎ᠶ᠋ᠢᠨ ᠳᠠᠷᠤᠯᠲᠠ᠎ᠶ᠋ᠢ ᠰᠦᠷᠦᠨ ᠤᠷᠤᠭ᠍ᠰᠢᠯᠠᠵᠤ ᠱᠢᠨ᠎ᠡ ᠴᠢᠭ᠌ᠯᠡᠯ ᠲᠡᠢᠰᠢ ᠱᠢᠯᠢᠳᠡᠭ᠌ᠵᠢᠭᠦᠯᠦᠨ ᠬᠥᠭ᠌ᠵᠢᠭᠦᠯᠬᠦ᠎ᠶᠢ ᠠᠬᠢᠭᠤᠯᠪᠠ

12 ᠰᠠᠷ᠎ᠠ᠎ᠶ᠋ᠢᠨ 18᠎ᠤ ᠡᠳᠦᠷ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ ᠪᠦᠬᠦ᠌ ᠠᠷᠠᠯ᠎ᠢᠶᠠᠷ᠎ᠢᠶᠠᠨ ᠪᠣᠭᠣᠮᠲᠠ ᠬᠤᠷᠢᠬᠤ ᠠᠵᠢᠯ᠎ᠢ ᠵᠢᠩᠬᠢᠨᠢ᠎ᠪᠡᠷ ᠡᠬᠢᠯᠡᠭᠦᠯᠪᠡ᠂ ᠡᠨᠡ ᠪᠣᠯ ᠮᠠᠨ᠎ᠤ ᠤᠯᠤᠰ᠎ᠤᠨ ᠥᠨᠳᠥᠷ ᠲᠦᠪᠱᠢᠨ ᠪᠦᠬᠦᠢ ᠭᠠᠳᠠᠭᠠᠳᠤ ᠨᠡᠬᠡᠬᠡᠯᠳᠡ᠎ᠪᠡᠨ ᠡᠷᠡᠰ ᠭᠤᠢᠪᠢᠰᠢ ᠦᠬᠡᠢ ᠥᠷᠭᠡᠳᠭᠡᠵᠦ᠍᠂ ᠨᠡᠭᠡᠭᠡᠯᠲᠡᠲᠦ ᠮᠠᠶᠢᠭ᠎ᠤᠨ ᠳᠡᠯᠡᠬᠡᠢ᠎ᠶ᠋ᠢᠨ ᠠᠵᠤ ᠠᠬᠤᠢ᠎ᠶ᠋ᠢ ᠪᠦᠳᠦᠬᠡᠨ ᠪᠠᠢᠭᠤᠯᠬᠤ᠎ᠶ᠋ᠢ ᠠᠬᠢᠭᠤᠯᠤᠭ᠍ᠰᠠᠨ ᠪᠡᠯᠭᠡ ᠳᠡᠮᠳᠡᠭ᠎ᠦᠨ ᠴᠢᠨᠠᠷᠲᠠᠢ ᠠᠷᠭ᠎ᠠ ᠬᠡᠮᠵᠢᠶ᠎ᠡ ᠪᠣᠯᠤᠨ᠎ᠠ᠃ ᠪᠣᠭᠣᠮᠲᠠ ᠬᠤᠷᠢᠭᠰᠠᠨᠦ ᠳᠠᠷᠠᠭ᠎ᠠ᠂ ᠬᠠᠢᠨᠠᠨ ᠨᠢ ᠪᠣᠭᠣᠮᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠣᠨᠴᠠᠭᠠᠶ ᠣᠷᠣᠨ ᠪᠦᠰᠡ ᠪᠣᠯᠤᠭ᠍ᠰᠠᠨ᠎ᠤ ᠬᠤᠪᠢ᠎ᠳᠤ᠂ 《〈ᠨᠢᠭᠡᠳᠦᠭᠡᠷ ᠹᠷᠣᠨᠲ〉᠎ᠢ ᠴᠢᠯᠥᠭᠡᠲᠡᠶ ᠪᠣᠯᠭᠠᠬᠤ᠂ 〈ᠬᠣᠶᠠᠳᠤᠭᠠᠷ ᠹᠷᠣᠨᠲ〉᠎ᠢ ᠬᠠᠮᠢᠶᠠᠷᠴᠤ᠌ ᠳᠡᠢᠯᠬᠦ᠌᠂ ᠠᠷᠠᠯ ᠳᠣᠲᠣᠷ᠎ᠠ ᠴᠢᠯᠦᠭᠡᠳᠡᠢ ᠪᠠᠢᠬᠤ》᠎ᠪᠠᠷ ᠦᠨᠳᠦᠰᠦᠨ ᠣᠨᠴᠠᠯᠢᠭ ᠪᠣᠯᠭᠠᠭ᠍ᠰᠠᠨ ᠲᠥᠷᠥ᠎ᠶ᠋ᠢᠨ ᠪᠣᠳᠣᠯᠭ᠎ᠠ᠎ᠶ᠋ᠢᠨ ᠲᠦᠷᠢᠮ᠎ᠢ ᠬᠡᠷᠡᠭ᠌ᠵᠢᠭᠦᠯᠵᠦ᠂ ᠮᠠᠨ᠎ᠤ ᠤᠯᠤᠰ᠎ᠤᠨ ᠱᠢᠨ᠎ᠡ ᠴᠠᠭ ᠦᠶ᠎ᠡ᠎ᠶ᠋ᠢᠨ ᠭᠠᠳᠠᠭᠠᠳᠤ ᠨᠡᠭᠡᠭᠡᠯᠲᠡ᠎ᠶᠢ ᠬᠦᠳᠦᠯᠦᠨ ᠳᠠᠭᠠᠭᠤᠯᠬᠤ ᠴᠢᠬᠤᠯᠠ ᠪᠣᠭᠣᠮᠲᠠ ᠪᠣᠯᠬᠤ ᠪᠣᠯᠤᠨ᠎ᠠ᠃ ᠨᠢᠭᠡ ᠵᠢᠯ᠎ᠦᠨ ᠲᠤᠷᠰᠢ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢ ᠠᠬᠢᠭᠤᠯᠬᠤ ᠬᠠᠤᠯᠢ᠎ᠶ᠋ᠢ ᠬᠡᠷᠡᠭ᠌ᠵᠢᠭᠦᠯᠵᠦ᠍᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠤᠭ᠍ᠰᠠᠨ᠎ᠡᠴᠡ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠳᠡᠭᠡᠭ᠌ᠰᠢᠯᠡᠭᠦᠯᠬᠦ᠌ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠦᠭ᠌ᠰᠡᠨ ᠬᠦᠷᠲᠡᠯ᠎ᠡ᠂ ᠬᠢᠯᠢ᠎ᠪᠡᠷ ᠥᠩᠭᠡᠷᠡᠬᠦ᠌᠎ᠳᠦ ᠦᠯᠦ ᠸᠢᠰᠠᠯᠠᠬᠤ ᠲᠦᠷᠦ᠍᠎ᠶ᠋ᠢᠨ ᠪᠤᠳᠤᠯᠭ᠎ᠠ᠎ᠶ᠋ᠢ ᠲᠠᠬᠢᠨ ᠥᠷᠭᠡᠳᠭᠡᠵᠦ᠂ ᠬᠢᠯᠢ᠎ᠡᠴᠡ ᠭᠠᠷᠬᠤ᠎ᠳᠦ ᠭᠠᠢᠯᠢ᠎ᠶᠢ ᠪᠤᠴᠠᠭᠠᠬᠤ ᠲᠦᠷᠦ᠍᠎ᠶ᠋ᠢᠨ ᠪᠤᠳᠤᠯᠭ᠎ᠠ ᠨᠡᠩ ᠱᠢᠯᠢᠳᠡᠭ᠌ᠵᠢᠵᠦ᠍᠂ ᠮᠠᠨ᠎ᠤ ᠤᠯᠤᠰ᠎ᠤᠨ ᠥᠭᠡᠷᠡᠴᠢᠯᠡᠯᠲᠡ ᠨᠡᠭᠡᠭᠡᠯᠳᠠ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠠᠵᠢᠯ ᠱᠢᠨ᠎ᠡ ᠠᠯᠬᠤᠮ᠎ᠢ ᠠᠯᠬᠤᠵᠤ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠳᠠᠷᠤᠯᠲᠠ᠎ᠶ᠋ᠢ ᠰᠦᠷᠦᠨ ᠤᠷᠤᠭ᠍ᠰᠢᠯᠠᠬᠤ᠂ ᠱᠢᠨ᠎ᠡ ᠴᠢᠭ᠌ᠯᠡᠯ ᠲᠡᠢᠰᠢ ᠱᠢᠯᠢᠳᠡᠭ᠌ᠵᠢᠭᠦᠯᠦᠨ ᠬᠥᠭ᠌ᠵᠢᠭᠦᠯᠬᠦ᠎ᠶᠢ ᠬᠦᠴᠦᠲᠡᠢ ᠠᠬᠢᠭᠤᠯᠵᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠦᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠠᠷᠢᠯᠭᠠᠬᠤ ᠠᠵᠢᠯ ᠢᠳᠡᠪᠬᠢᠲᠡᠢ ᠠᠬᠢᠴᠠ᠎ᠲᠠᠶ ᠪᠤᠯᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠨᠡᠩ ᠬᠦᠴᠦᠲᠡᠢ ᠪᠣᠯᠪᠠ᠃ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ᠎ᠶ᠋ᠢ ᠤᠷᠤᠭ᠍ᠰᠢᠲᠠᠢ ᠪᠡᠶᠡᠯᠡᠭᠦᠯᠵᠦ᠍᠂ ᠪᠦᠬᠦ᠌ ᠵᠢᠯ᠎ᠦᠨ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠪᠦᠬᠦ᠌ ᠦᠷᠳᠡᠭ ᠵᠢᠱ᠌ᠢᠯᠲᠡ᠎ᠪᠡᠷ 140 ᠲᠦᠮᠡᠨ ᠳ᠋ᠦᠩᠱᠢᠭᠤᠷ ᠲᠥᠭᠥᠷᠢᠭ ᠣᠷᠴᠢᠮ᠎ᠳᠤ ᠬᠦᠷᠬᠦ᠌ ᠪᠣᠯᠤᠨ᠎ᠠ᠃