ᠲᠡᠷᠢᠭᠦᠨ ᠬᠠᠭᠤᠳᠠᠰᠤ   -   ᠡᠳᠤᠷ ᠪᠥᠷᠢ᠎ᠶᠢᠨ ᠴᠢᠬᠤᠯᠠ ᠮᠡᠳᠡᠭᠡ
ᠡᠳᠦᠷ ᠪᠦᠷᠢ ᠵᠢᠨ ᠴᠢᠬᠤᠯᠠ ᠮᠡᠳᠡᠭᠡ (6 ᠳ᠋ᠤᠭ᠋ᠠᠷ ᠰᠠᠷ᠎ᠠ ᠵᠢᠨ 23᠎ᠤ ᠡᠳᠦᠷ)
ᠨᠡᠶ᠋ᠢᠲᠡᠯᠡᠭᠰᠡᠨ ᠴᠠᠭ᠄ 2025-06-23

   ᠤᠯᠤᠰ᠎ᠤᠨ ᠲᠡᠮᠦᠷ ᠵᠠᠮ᠎ᠤᠨ ᠪᠦᠯᠦᠭᠯᠡᠯ᠎ᠤᠨ ᠮᠡᠳᠡᠭᠡ ᠵᠢ ᠦᠨᠳᠦᠰᠦᠯᠡᠪᠡᠯ᠂ ᠡᠨᠡ ᠵᠢᠯ᠎ᠤᠨ 1᠎ᠠᠴᠠ 5 ᠳ᠋ᠤᠭ᠋ᠠᠷ ᠰᠠᠷ᠎ᠠ᠎ᠳᠤ᠂ ᠤᠯᠤᠰ᠎ᠤᠨ ᠲᠡᠮᠦᠷ ᠵᠠᠮ᠎ᠤᠨ᠎ᠬᠢᠨ ᠨᠡᠶ᠋ᠢᠲᠡ 16.41 ᠳ᠋ᠦᠩᠰᠢᠭᠤᠷ ᠲᠣᠨ ᠡᠳ᠋ ᠪᠠᠷᠠᠭ᠎ᠠ ᠲᠡᠭᠡᠭᠡᠪᠦᠷᠢᠯᠡᠵᠦ ᠶᠠᠪᠤᠭᠤᠯᠤᠭᠰᠠᠨ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 3.1%᠎ᠪᠠᠷ ᠨᠡᠮᠡᠭᠳᠡᠵᠡᠢ᠃

   ᠬᠠᠮᠤᠭ᠎ᠤᠨ ᠰᠢᠨ᠎ᠡ ᠳ᠋ᠠᠢ᠌ᠲ᠋ᠠ ᠵᠢᠨ ᠢᠯᠡᠷᠡᠭᠦᠯᠦᠭᠰᠡᠨ ᠵᠶ᠋ᠡᠷ᠂ ᠡᠨᠡ ᠵᠢᠯ᠎ᠤᠨ 1 – 4 ᠳ᠋ᠦ᠍ᠭᠡᠷ ᠰᠠᠷ᠎ᠠ᠎ᠳᠤ᠂ ᠮᠠᠨ᠎ᠤ ᠤᠯᠤᠰ᠎ᠤᠨ ᠰᠠᠯᠬᠢᠨ ᠬᠦᠴᠦᠨ᠎ᠤ ᠴᠠᠬᠢᠯᠭ᠋ᠠᠨ ᠭᠠᠷᠭ᠋ᠠᠭᠰᠠᠨ ᠬᠡᠮᠵᠢᠶ᠎ᠡ 3814.3 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 17.35%᠎ᠪᠠᠷ ᠨᠡᠮᠡᠭᠳᠡᠵᠡᠢ᠃

   ᠳ᠋ᠠᠢ᠌ᠲ᠋ᠠ ᠵᠢᠨ ᠢᠯᠡᠷᠡᠭᠦᠯᠦᠭᠰᠡᠨ ᠵᠶ᠋ᠡᠷ᠂ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 6 ᠳ᠋ᠤᠭ᠋ᠠᠷ ᠰᠠᠷ᠎ᠠ ᠵᠢᠨ 21᠎ᠤ ᠡᠳᠦᠷ ᠪᠣᠯᠲᠠᠯ᠎ᠠ᠂ ᠮᠠᠨ᠎ᠤ ᠤᠯᠤᠰ᠎ᠤᠨ ᠰᠢᠶᠠᠨ᠎ᠤ ᠬᠡᠪᠴᠢᠶᠡᠨ᠎ᠳᠠᠬᠢ ᠭᠡᠷ᠎ᠤᠨ ᠴᠠᠬᠢᠯᠭ᠋ᠠᠨ ᠬᠡᠷᠡᠭᠰᠡᠯ᠎ᠤᠨ ᠪᠣᠷᠣᠯᠠᠭᠤᠯᠤᠯᠲᠠ ᠵᠢᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 47%᠎ᠪᠠᠷ ᠨᠡᠮᠡᠭᠳᠡᠵᠦ᠂ 《ᠬᠠᠭᠤᠴᠢᠨ ᠵᠶ᠋ᠠᠷ ᠰᠢᠨ᠎ᠡ ᠵᠢ ᠰᠣᠯᠢᠬᠤ》 ᠪᠣᠷᠣᠯᠠᠭᠤᠯᠤᠯᠲᠠ ᠵᠢᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 54%᠎ᠪᠠᠷ ᠨᠡᠮᠡᠭᠳᠡᠵᠡᠢ᠃

   ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠵᠠᠩᠭᠢᠯᠠᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠰᠢᠨ᠎ᠡ ᠨᠢᠭᠡ ᠪᠦᠯᠦᠭ᠎ᠤᠨ ᠨᠡᠷᠡᠰ᠎ᠢ 30 ᠨᠡᠢ᠌ᠲᠡᠯᠡᠵᠦ᠂ ᠵᠡᠭᠦᠨ ᠳᠤᠮᠳᠠ ᠪᠠᠷᠠᠭᠤᠨ ᠬᠡᠰᠡᠭ᠎ᠤᠨ 24 ᠮᠤᠵᠢ ᠣᠷᠣᠨ ᠵᠢᠴᠢ ᠲᠤᠰᠬᠠᠢ ᠲᠥᠯᠥᠪᠯᠡᠭᠡᠲᠦ 2 ᠬᠤᠳᠠ ᠵᠢ ᠬᠠᠮᠤᠷᠪᠠ᠃

   ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠮᠡᠳᠡᠭᠳᠡᠯ ᠨᠡᠢ᠌ᠲᠡᠯᠡᠵᠦ᠂ ᠨᠠᠩ ᠬᠦᠴᠦᠲᠡᠢ ᠠᠷᠭ᠎ᠠ ᠬᠡᠮᠵᠢᠶ᠎ᠡ ᠠᠪᠴᠤ ᠪᠠᠢ᠌ᠭ᠋ᠠᠳ ᠶᠠᠰᠤ ᠴᠢᠨᠠᠷ᠎ᠤᠨ ᠪᠡᠯᠡ ᠲᠣᠬᠢᠷᠠᠭᠤᠯᠭ᠎ᠠ ᠵᠢᠨ ᠢᠲᠡᠭᠡᠮᠵᠢ ᠵᠢ ᠨᠡᠮᠡᠭᠳᠡᠭᠦᠯᠬᠦ ᠠᠵᠢᠯ ᠵᠶ᠋ᠠᠷ ᠥᠷᠭᠡᠨ ᠣᠯᠠᠨ ᠠᠵᠤ ᠠᠬᠤᠢ᠌ᠯᠠᠯ᠎ᠳᠤ ᠨᠠᠩ ᠰᠠᠢ᠌ᠨ ᠠᠰᠢᠭ ᠬᠦᠷᠲᠡᠭᠡᠵᠦ᠂ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠶᠠᠰᠤ ᠴᠢᠨᠠᠷ᠎ᠲᠠᠢ ᠦᠷ᠎ᠡ ᠠᠰᠢᠭ᠎ᠲᠠᠢ ᠵᠠᠮ ᠵᠶ᠋ᠠᠷ ᠵᠠᠮᠨᠠᠬᠤ ᠵᠢ ᠨᠠᠩ ᠪᠦᠲᠦᠮᠵᠢᠲᠡᠶ᠎ᠪᠠᠷ ᠬᠠᠪᠰᠤᠷᠤᠨ ᠲᠡᠳᠬᠦᠨ᠎ᠡ ᠭᠡᠵᠦ ᠲᠣᠳᠣᠷᠬᠠᠢ᠌ᠯᠠᠪᠠ᠃

   ᠳᠣᠲᠣᠷ᠎ᠠ ᠭᠠᠵᠠᠷ ᠬᠢᠭᠡᠳ ᠰᠢᠶᠠᠩᠭ᠋ᠠᠩ᠎ᠤᠨ ᠬᠢᠯᠢ ᠠᠯᠤᠰᠯᠠᠨ ᠲᠣᠭ᠋ᠠᠴᠠᠭ᠎ᠠ ᠬᠢᠬᠦ ᠰᠢᠰᠲ᠋ᠧᠮ᠎ᠢ 22᠎ᠤᠨ ᠡᠳᠦᠷ ᠰᠦᠯᠵᠢᠶᠡᠨ᠎ᠳᠤ ᠭᠠᠷᠭ᠋ᠠᠨ ᠠᠵᠢᠯᠯᠠᠭᠤᠯᠪᠠ᠂ ᠬᠣᠶᠠᠷ ᠭᠠᠵᠠᠷ᠎ᠤᠨ ᠰᠠᠭᠤᠭ᠋ᠠᠯᠢ ᠠᠷᠠᠳ ᠭᠠᠷ ᠤᠲᠠᠰᠤᠨ ᠳᠡᠭᠡᠷ᠎ᠡ᠎ᠪᠠᠨ ᠨᠥᠭᠥᠭᠡ ᠡᠲᠡᠭᠡᠳ᠎ᠤᠨ ᠵᠶ᠋ᠡᠨ ᠭᠠᠷ ᠤᠲᠠᠰᠤᠨ᠎ᠤ ᠳ᠋ᠤᠭ᠋ᠠᠷ ᠪᠤᠶᠤ ᠪᠠᠩᠬᠢ ᠵᠢᠨ ᠲᠠᠩᠰᠠᠨ᠎ᠤ ᠳ᠋ᠤᠭ᠋ᠠᠷ᠎ᠢ ᠣᠷᠣᠭᠤᠯᠤᠭᠰᠠᠭ᠋ᠠᠷ ᠬᠢᠯᠢ ᠠᠯᠤᠰᠯᠠᠨ ᠵᠣᠭᠣᠰ ᠭᠤᠪᠢᠭᠤᠯᠬᠤ ᠵᠡᠷᠭᠡ ᠠᠵᠢᠯᠯᠠᠭ᠎ᠠ ᠵᠢ ᠬᠢᠵᠦ ᠪᠣᠯᠣᠨ᠎ᠠ᠃

  22᠎ᠤᠨ ᠡᠳᠦᠷ᠂ ᠢᠷᠡᠨ᠎ᠠᠴᠠ ᠰᠢᠯᠵᠢᠨ ᠭᠠᠷᠬᠤ ᠳᠤᠮᠳᠠᠳᠤ ᠤᠯᠤᠰ᠎ᠤᠨ ᠢᠷᠭᠡᠳ᠎ᠢ ᠲᠣᠰᠣᠭᠰᠠᠨ ᠬᠣᠶᠠᠳᠤᠭ᠋ᠠᠷ ᠡᠭᠡᠯᠵᠢ ᠵᠢᠨ ᠲᠦᠷ ᠴᠠᠭ᠎ᠤᠨ ᠨᠢᠰᠬᠡᠯ ᠪᠡᠭᠡᠵᠢᠩ᠎ᠤᠨ ᠨᠡᠢ᠌ᠰᠯᠡᠯ᠎ᠤᠨ ᠣᠯᠠᠨ ᠤᠯᠤᠰ᠎ᠤᠨ ᠨᠢᠰᠬᠡᠯ᠎ᠤᠨ ᠪᠠᠭᠤᠳᠠᠯ᠎ᠳᠤ ᠪᠠᠭᠤᠪᠠ᠂ ᠨᠢᠰᠬᠡᠯ ᠳᠡᠭᠡᠷ᠎ᠡ ᠨᠡᠶ᠋ᠢᠲᠡ 119 ᠠᠶᠠᠨᠴᠢᠨ ᠰᠠᠭᠤᠭᠰᠠᠨ ᠪᠥᠭᠡᠳ ᠴᠥᠮ ᠳᠤᠮᠳᠠᠳᠤ ᠤᠯᠤᠰ᠎ᠤᠨ ᠢᠷᠭᠡᠳ ᠪᠠᠢ᠌ᠪᠠ᠃

ᠢᠷᠡᠯᠲᠡ᠄ ᠠᠷᠠᠳ᠎ᠤᠨ ᠡᠳᠦᠷ᠎ᠤᠨ ᠰᠣᠨᠢᠨ