《ᠢᠨᠲ᠋ᠧᠷ ᠰᠦᠯᠵᠢᠶᠡᠨ᠎ᠤ ᠲᠠᠪᠴᠠᠩ᠎ᠤᠨ ᠠᠵᠤ ᠠᠬᠤᠢ᠌ᠯᠠᠯ᠎ᠤᠨ ᠭᠠᠢ᠌ᠯᠢ᠎ᠳᠤ ᠬᠣᠯᠪᠣᠭᠳᠠᠬᠤ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠲᠣᠭᠲᠠᠭ᠋ᠠᠯ》᠎ᠢ ᠨᠡᠢ᠌ᠲᠡᠯᠡᠨ ᠬᠡᠷᠡᠭᠵᠢᠭᠦᠯᠪᠡ᠃
ᠡᠳ᠋᠎ᠤᠨ ᠵᠠᠰᠠᠭ᠎ᠤᠨ ᠶᠠᠮᠤᠨ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ ᠪᠠᠢ᠌ᠭ᠋ᠠᠯᠢ ᠵᠢᠨ ᠭᠠᠮᠰᠢᠭ᠎ᠠᠴᠠ ᠠᠪᠤᠷᠠᠬᠤ 3 ᠳ᠋ᠦᠩᠰᠢᠭᠤᠷ ᠲᠥᠭᠥᠷᠢᠭ᠎ᠤᠨ ᠲᠥᠪ᠎ᠤᠨ ᠪᠡᠯᠡ ᠮᠥᠩᠭᠥ ᠵᠢ ᠶᠠᠭ᠋ᠠᠷᠠᠯᠲᠠᠢ ᠤᠷᠢᠳᠴᠢᠯᠠᠨ ᠲᠣᠬᠢᠷᠠᠭᠤᠯᠵᠤ᠂ ᠬᠤᠨᠠᠨ᠂ ᠭᠤᠸᠠᠩᠳᠦ᠋ᠩ᠂ ᠴᠦᠩᠴᠢᠩ ᠵᠡᠷᠭᠡ 7 ᠮᠤᠵᠢ (ᠬᠤᠳᠠ) ᠵᠢᠨ ᠦᠶᠡᠷ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠠᠵᠢᠯ᠎ᠢ ᠭᠣᠣᠯᠳᠠᠯᠭ᠎ᠠ᠎ᠲᠠᠢ᠎ᠪᠠᠷ ᠲᠡᠮᠵᠢᠪᠡ᠃
ᠤᠯᠤᠰ᠎ᠤᠨ ᠡᠨᠧᠷᠭᠢ ᠵᠢᠨ ᠲᠣᠪᠴᠢᠶᠠᠨ᠎ᠤ ᠨᠡᠢ᠌ᠲᠡᠯᠡᠭᠰᠡᠨ ᠳ᠋ᠠᠢ᠌ᠲ᠋ᠠ ᠵᠢᠨ ᠢᠯᠡᠷᠡᠭᠦᠯᠦᠭᠰᠡᠨ ᠵᠶ᠋ᠡᠷ᠂ ᠮᠠᠨ᠎ᠤ ᠤᠯᠤᠰ᠎ᠤᠨ ᠭᠡᠷᠡᠯᠴᠢ ᠴᠡᠨᠡᠭ ᠵᠶ᠋ᠡᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ 10 ᠳ᠋ᠦᠩᠰᠢᠭᠤᠷ ᠺᠢᠯᠣᠸᠠᠲ᠎ᠢ ᠳᠠᠪᠠᠵᠤ᠂ ᠮᠠᠨ᠎ᠤ ᠤᠯᠤᠰ᠎ᠤᠨ ᠶᠡᠷᠦᠩᠬᠡᠢ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ ᠵᠢᠨ 30%᠎ᠳᠤ ᠬᠦᠷᠴᠡᠢ᠃
ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠮᠡᠳᠡᠭᠡ ᠵᠢ ᠦᠨᠳᠦᠰᠦᠯᠡᠪᠡᠯ᠂ ᠡᠨᠡ ᠵᠢᠯ᠎ᠤᠨ 1᠎ᠠᠴᠠ 5 ᠳ᠋ᠤᠭ᠋ᠠᠷ ᠰᠠᠷ᠎ᠠ᠎ᠳᠤ ᠪᠥᠬᠥ ᠤᠯᠤᠰ᠎ᠤᠨ ᠰᠢᠭᠦᠬᠦ ᠬᠣᠷᠢᠶᠠᠨ᠎ᠤ ᠨᠢᠭᠡᠳᠦᠭᠡᠷ ᠰᠢᠭᠦᠯᠲᠡ᠎ᠳᠤ ᠰᠢᠭᠦᠨ ᠳᠠᠭᠤᠰᠬᠠᠭᠰᠠᠨ ᠬᠣᠣᠷᠲᠤ ᠡᠳ᠋᠎ᠤᠨ ᠬᠡᠷᠡᠭ ᠠᠳᠠᠯᠢ ᠬᠤᠭᠤᠴᠠᠭ᠋ᠠᠨ᠎ᠤ᠎ᠬᠢ᠎ᠠᠴᠠ ᠠᠷᠪᠠᠨ᠎ᠤ ᠭᠤᠷᠪᠠᠨ ᠬᠤᠪᠢ ᠰᠢᠬᠠᠮ ᠵᠶ᠋ᠠᠷ ᠪᠠᠭᠤᠷᠠᠪᠠ᠃ ᠣᠢ᠌ᠷ᠎ᠠ ᠵᠢᠨ ᠠᠷᠪᠠᠨ ᠵᠢᠯ᠎ᠤᠨ ᠲᠤᠷᠰᠢ᠂ ᠮᠠᠨ᠎ᠤ ᠤᠯᠤᠰ᠎ᠤᠨ ᠬᠣᠣᠷᠲᠤ ᠡᠳ᠋ ᠴᠠᠭ᠋ᠠᠵᠠᠯᠠᠬᠤ ᠪᠠᠢ᠌ᠳᠠᠯ ᠦᠷᠭᠦᠯᠵᠢᠯᠡᠨ ᠰᠠᠢ᠌ᠵᠢᠷᠠᠵᠤ ᠪᠠᠢ᠌ᠨ᠎ᠠ᠃
《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠲᠦᠷᠦᠭᠦᠦ ᠲᠦᠷᠪᠡᠨ ᠵᠢᠯ᠎ᠳᠤ᠂ ᠮᠠᠨ᠎ᠤ ᠤᠯᠤᠰ᠎ᠤᠨ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠨᠡᠢ᠍ᠢ᠍ᠳᠡ 11.6%᠎ᠪᠠᠷ ᠪᠠᠭᠤᠷᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠡᠷᠴᠢᠮ ᠦᠷᠭᠦᠯᠵᠢᠯᠡᠨ ᠴᠢᠩᠭ᠋ᠠᠷᠠᠵᠤ ᠪᠠᠢ᠌ᠨ᠎ᠠ᠃
ᠮᠠᠨ᠎ᠤ ᠤᠯᠤᠰ ᠲᠠᠪᠤᠨ ᠮᠢᠩᠭ᠋ᠠᠨ ᠵᠢᠯ᠎ᠤᠨ ᠡᠮᠦᠨ᠎ᠡ ᠨᠡᠯᠢᠶᠡᠳ ᠰᠢᠰᠲ᠋ᠧᠮ᠎ᠲᠠᠢ ᠳᠠᠬᠢᠯᠭ᠎ᠠ ᠵᠢᠨ ᠶᠣᠰᠣᠯᠠᠯ᠎ᠤᠨ ᠲᠣᠭᠲᠠᠯᠴᠠᠭ᠎ᠠ ᠪᠦᠷᠢᠯᠳᠦᠭᠰᠡᠨ᠎ᠢ ᠨᠢᠦ ᠾᠧ ᠯᠢᠶᠠᠩ ᠬᠣᠩᠱ᠌ᠠᠨ ᠰᠣᠶᠣᠯ᠎ᠤᠨ ᠪᠠᠭᠤᠷᠢ ᠵᠢᠨ ᠬᠠᠭᠤᠴᠢ ᠰᠤᠳᠤᠯᠤᠯ ᠭᠡᠷᠡᠴᠢᠯᠡᠭᠰᠡᠨ ᠪᠠᠢ᠌ᠨ᠎ᠠ᠃
ᠭᠠᠳᠠᠭ᠋ᠠᠳᠤ ᠶᠠᠪᠤᠳᠠᠯ᠎ᠤᠨ ᠶᠠᠮᠤᠨ᠎ᠤ ᠥᠭᠦᠯᠡᠭᠴᠢ ᠵᠢᠨ ᠲᠠᠨᠢᠯᠴᠠᠭᠤᠯᠤᠭᠰᠠᠨ ᠵᠶ᠋ᠠᠷ᠂ ᠳᠤᠮᠳᠠᠳᠤ ᠤᠯᠤᠰ᠎ᠤᠨ 3125 ᠢᠷᠭᠡᠳ ᠢᠷᠡᠨ᠎ᠠᠴᠠ ᠠᠮᠤᠷ ᠲᠦᠪᠰᠢᠨ ᠵᠶ᠋ᠡᠷ ᠰᠢᠯᠵᠢᠵᠦ᠂ ᠳᠤᠮᠳᠠᠳᠤ ᠤᠯᠤᠰ᠎ᠤᠨ 500 ᠭᠠᠷᠤᠢ ᠢᠷᠭᠡᠳ ᠢᠰᠷᠧᠯ᠎ᠠᠴᠠ ᠠᠮᠤᠷ ᠲᠦᠪᠰᠢᠨ ᠵᠶ᠋ᠡᠷ ᠭᠠᠷᠴᠠᠢ᠃