ᠰᠢᠨᠬᠤᠸᠠ ᠬᠣᠷᠢᠶᠠᠨ᠎ᠤ ᠪᠡᠭᠡᠵᠢᠩ᠎ᠤᠨ 6 ᠳ᠋ᠤᠭ᠋ᠠᠷ ᠰᠠᠷ᠎ᠠ ᠵᠢᠨ 24᠎ᠤ ᠡᠳᠦᠷ᠎ᠤᠨ ᠴᠠᠬᠢᠯᠭ᠋ᠠᠨ ᠮᠡᠳᠡᠭᠡ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 6 ᠳ᠋ᠤᠭ᠋ᠠᠷ ᠰᠠᠷ᠎ᠠ ᠵᠢᠨ 24᠎ᠤ ᠦᠳᠡ ᠵᠢᠨ ᠡᠮᠦᠨ᠎ᠡ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠵᠤᠨ᠎ᠤ ᠤᠯᠠᠷᠢᠯ᠎ᠤᠨ ᠳᠡᠯᠡᠬᠡᠢ ᠵᠢᠨ ᠠᠵᠤ ᠠᠬᠤᠢ ᠵᠢᠨ ᠶᠠᠷᠢᠯᠴᠠᠭ᠋ᠠᠨ᠎ᠤ ᠲᠠᠪᠴᠠᠩ᠎ᠳᠤ ᠣᠷᠣᠯᠴᠠᠬᠤ᠎ᠪᠠᠷ ᠳᠤᠮᠳᠠᠳᠤ᠎ᠳᠤ ᠢᠷᠡᠭᠰᠡᠨ ᠡᠺᠦ᠋ᠸᠠᠳᠣᠷ᠎ᠤᠨ ᠶᠡᠷᠦᠩᠬᠡᠢ᠌ᠯᠡᠭᠴᠢ ᠨᠣᠪᠣᠸᠠᠲᠠᠢ ᠠᠭᠤᠯᠵᠠᠯᠲᠠ ᠬᠢᠪᠡ᠃
ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 6 ᠳ᠋ᠤᠭ᠋ᠠᠷ ᠰᠠᠷ᠎ᠠ ᠵᠢᠨ 24᠎ᠤ ᠡᠳᠦᠷ᠎ᠤᠨ ᠦᠳᠡ ᠵᠢᠨ ᠡᠮᠦᠨ᠎ᠡ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠵᠤᠨ᠎ᠤ ᠤᠯᠠᠷᠢᠯ᠎ᠤᠨ ᠳᠡᠯᠡᠬᠡᠢ ᠵᠢᠨ ᠠᠵᠤ ᠠᠬᠤᠢ ᠵᠢᠨ ᠶᠠᠷᠢᠯᠴᠠᠭ᠋ᠠᠨ᠎ᠤ ᠲᠠᠪᠴᠠᠩ᠎ᠳᠤ ᠣᠷᠣᠯᠴᠠᠬᠤ᠎ᠪᠠᠷ ᠳᠤᠮᠳᠠᠳᠤ᠎ᠳᠤ ᠢᠷᠡᠭᠰᠡᠨ ᠡᠺᠦ᠋ᠸᠠᠳᠣᠷ᠎ᠤᠨ ᠶᠡᠷᠦᠩᠬᠡᠢ᠌ᠯᠡᠭᠴᠢ ᠨᠣᠪᠣᠸᠠᠲᠠᠢ ᠠᠭᠤᠯᠵᠠᠯᠲᠠ ᠬᠢᠪᠡ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ
ᠯᠢ ᠴᠢᠶᠠᠩ ᠢᠯᠡᠷᠬᠡᠢ᠌ᠯᠡᠬᠦ᠎ᠳᠤ᠎ᠪᠠᠨ᠂ ᠳᠤᠮᠳᠠᠳᠤ ᠪᠠ ᠡᠺᠦ᠋ᠸᠠᠳᠣᠷ ᠬᠣᠭᠣᠷᠣᠨᠳᠤ ᠮᠠᠰᠢ ᠬᠤᠯᠠ ᠵᠢᠨ ᠵᠠᠢ ᠪᠠᠢ᠌ᠪᠠᠴᠤ ᠬᠣᠶᠠᠷ ᠤᠯᠤᠰ᠎ᠤᠨ ᠠᠷᠠᠳ ᠲᠦᠮᠡᠨ᠎ᠤ ᠨᠥᠬᠥᠷᠯᠡᠯ ᠥᠨᠢ ᠤᠳᠠᠭ᠋ᠠᠨ ᠲᠡᠦᠬᠡ᠎ᠲᠠᠢ ᠶᠤᠮ᠃ ᠬᠠᠷᠢᠯᠴᠠᠭ᠎ᠠ ᠪᠠᠢ᠌ᠭᠤᠯᠤᠭᠳᠠᠭᠰᠠᠨ 45 ᠵᠢᠯ᠎ᠤᠨ ᠲᠤᠷᠰᠢ᠂ ᠳᠤᠮᠳᠠᠳᠤ ᠡᠺᠦ᠋ᠸᠠᠳᠣᠷ᠎ᠤᠨ ᠬᠠᠷᠢᠯᠴᠠᠭ᠎ᠠ ᠢᠮᠠᠭᠲᠠ ᠰᠠᠢ᠌ᠨ ᠰᠠᠢ᠌ᠬᠠᠨ ᠬᠥᠭᠵᠢᠯᠲᠡ ᠵᠢᠨ ᠬᠠᠨᠳᠤᠰᠢ᠎ᠪᠠᠨ ᠪᠠᠲᠤᠯᠠᠵᠤ᠂ ᠤᠯᠤᠰ ᠲᠦᠷᠦ ᠵᠢᠨ ᠢᠲᠡᠭᠡᠯᠴᠡᠭᠡ ᠡᠳᠦᠷ ᠢᠷᠡᠬᠦᠶ᠎ᠡ ᠪᠡᠬᠢᠵᠢᠵᠦ᠂ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠡᠯᠪᠡᠭ ᠳᠡᠯᠪᠡᠭ ᠦᠷ᠎ᠡ ᠪᠦᠲᠦᠭᠡᠯ ᠣᠯᠵᠤ᠂ ᠳᠤᠮᠳᠠᠳᠤ ᠪᠠ ᠡᠺᠦ᠋ᠸᠠᠳᠣᠷ᠎ᠤᠨ ᠨᠥᠬᠥᠷᠯᠡᠯ᠎ᠨᠢ ᠬᠥᠮᠥᠰ᠎ᠤᠨ ᠰᠡᠳᠬᠢᠯ᠎ᠳᠤ ᠨᠡᠩ ᠭᠦᠨ ᠰᠠᠭᠤᠭᠳᠠᠪᠠ᠃ ᠳᠤᠮᠳᠠᠳᠤ ᠵᠢᠨ ᠲᠠᠯ᠎ᠠ ᠳᠤᠮᠳᠠᠳᠤ ᠪᠠ ᠡᠺᠦ᠋ᠸᠠᠳᠣᠷ᠎ᠤᠨ ᠬᠠᠷᠢᠯᠴᠠᠭ᠎ᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠨ᠎ᠠ᠃ ᠲᠡᠷᠢᠭᠦᠯᠡᠭᠴᠢ ᠰᠢ ᠵᠢᠨ ᠫᠢᠩ ᠶᠡᠷᠦᠩᠬᠡᠢ᠌ᠯᠡᠭᠴᠢ ᠠᠪᠤᠭ᠋ᠠᠢ᠎ᠲᠠᠢ ᠠᠭᠤᠯᠵᠠᠯᠲᠠ ᠬᠢᠵᠦ᠂ ᠬᠣᠶᠠᠷ ᠤᠯᠤᠰ᠎ᠤᠨ ᠬᠠᠷᠢᠯᠴᠠᠭ᠋ᠠᠨ᠎ᠤ ᠴᠢᠨᠠᠭᠰᠢᠳᠠ ᠵᠢᠨ ᠬᠥᠭᠵᠢᠯᠲᠡ᠎ᠳᠤ ᠰᠢᠨ᠎ᠡ ᠲᠥᠯᠥᠪᠯᠡᠭᠡ ᠵᠢᠷᠤᠭᠯᠠᠬᠤ ᠪᠣᠯᠣᠨ᠎ᠠ᠃ ᠳᠤᠮᠳᠠᠳᠤ ᠵᠢᠨ ᠲᠠᠯ᠎ᠠ ᠳᠤᠷᠠᠲᠠᠶ᠎ᠠ ᠡᠺᠦ᠋ᠸᠠᠳᠣᠷ᠎ᠤᠨ ᠲᠠᠯ᠎ᠠ᠎ᠯᠤᠭ᠎ᠠ ᠤᠯᠠᠮᠵᠢᠯᠠᠯᠲᠤ ᠨᠥᠬᠥᠷᠯᠡᠯ ᠵᠶ᠋ᠡᠨ ᠦᠷᠭᠦᠯᠵᠢᠯᠡᠭᠦᠯᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠎ᠪᠠᠨ ᠥᠷᠭᠡᠳᠬᠡᠵᠦ᠂ ᠳᠤᠮᠳᠠᠳᠤ ᠪᠠ ᠡᠺᠦ᠋ᠸᠠᠳᠣᠷ᠎ᠤᠨ ᠪᠦᠬᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠋ᠠᠨ᠎ᠤ ᠲᠠᠰᠤᠷᠠᠯᠳᠡ ᠦᠭᠡᠢ ᠭᠦᠨᠵᠡᠭᠡᠢ᠌ᠷᠡᠨ ᠪᠣᠳᠠᠲᠠᠢ᠌ᠵᠢᠬᠤ ᠵᠢ ᠠᠬᠢᠭᠤᠯᠵᠤ᠂ ᠲᠤᠰ ᠲᠤᠰ᠎ᠤᠨ ᠵᠶ᠋ᠠᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠎ᠳᠤ ᠨᠡᠩ ᠤᠯᠠᠨ ᠬᠥᠳᠡᠯᠭᠡᠭᠴᠢ ᠬᠦᠴᠦᠨ ᠨᠡᠮᠡᠷᠢᠯᠡᠨ᠎ᠡ ᠭᠡᠵᠡᠢ᠃
ᠯᠢ ᠴᠢᠶᠠᠩ ᠵᠢᠭ᠋ᠠᠵᠤ ᠭᠠᠷᠭ᠋ᠠᠬᠤ᠎ᠳᠤ᠎ᠪᠠᠨ᠂ ᠳᠤᠮᠳᠠᠳᠤ ᠪᠠ ᠡᠺᠦ᠋ᠸᠠᠳᠣᠷ ᠪᠣᠯ ᠴᠥᠮ ᠬᠥᠭᠵᠢᠵᠦ ᠪᠠᠢ᠌ᠭ᠎ᠠ ᠤᠯᠤᠰ ᠮᠥᠨ᠂ ᠴᠥᠮ ᠠᠵᠤ ᠠᠬᠤᠢ ᠵᠢ ᠬᠥᠭᠵᠢᠭᠦᠯᠬᠦ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ ᠵᠢ ᠴᠢᠬᠤᠯᠠ ᠡᠭᠦᠷᠭᠡ᠎ᠪᠠᠨ ᠪᠣᠯᠭ᠋ᠠᠵᠤ ᠪᠠᠢ᠌ᠨ᠎ᠠ᠃ ᠳᠤᠮᠳᠠᠳᠤ ᠵᠢᠨ ᠲᠠᠯ᠎ᠠ ᠳᠤᠷᠠᠲᠠᠶ᠎ᠠ ᠡᠺᠦ᠋ᠸᠠᠳᠣᠷ᠎ᠤᠨ ᠲᠠᠯ᠎ᠠ᠎ᠯᠤᠭ᠎ᠠ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠵᠣᠯᠭ᠋ᠠᠯᠴᠠᠭ᠎ᠠ᠎ᠪᠠᠨ ᠴᠢᠩᠭ᠋ᠠᠳᠬᠠᠵᠤ᠂ 《ᠨᠢᠭᠡ ᠪᠦᠰᠡ ᠨᠢᠭᠡ ᠵᠠᠮ》᠎ᠤᠨ ᠬᠠᠮᠲᠤᠷᠠᠯᠴᠠᠭ᠎ᠠ᠎ᠪᠠᠨ ᠴᠢᠩᠭ᠋ᠠᠷᠠᠭᠤᠯᠵᠤ᠂ ᠬᠣᠶᠠᠷ ᠲᠠᠯ᠎ᠠ ᠵᠢᠨ ᠠᠷᠠᠯᠵᠢᠶᠠᠨ᠎ᠤ ᠬᠡᠪᠴᠢᠶ᠎ᠡ᠎ᠪᠠᠨ ᠥᠷᠭᠡᠳᠬᠡᠵᠦ᠂ ᠴᠡᠪᠡᠷ ᠡᠨᠧᠷᠭᠢ᠂ ᠰᠠᠭᠤᠷᠢ ᠪᠡᠯᠡᠳᠬᠡᠮᠵᠢ᠂ ᠮᠥᠩᠭᠥᠨ ᠭᠦᠢ᠍ᠯᠭᠡᠭᠡ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠦᠨ᠎ᠡ᠃ ᠡᠺᠦ᠋ᠸᠠᠳᠣᠷ᠎ᠤᠨ ᠲᠠᠯ᠎ᠠ ᠵᠢᠨ ᠨᠡᠩ ᠤᠯᠠᠨ ᠰᠢᠯᠢᠳᠡᠭ ᠪᠦᠲᠦᠭᠡᠭᠳᠡᠬᠦᠨ ᠳᠤᠮᠳᠠᠳᠤ ᠤᠯᠤᠰ᠎ᠲᠤ ᠣᠷᠣᠵᠤ ᠢᠷᠡᠬᠦ ᠵᠢ ᠳᠤᠮᠳᠠᠳᠤ ᠵᠢᠨ ᠲᠠᠯ᠎ᠠ ᠳᠤᠷᠠᠲᠠᠶ᠎ᠠ ᠬᠠᠷᠠᠵᠤ᠂ ᠣᠯᠠᠨ ᠤᠯᠤᠰ᠎ᠤᠨ ᠭᠠᠳᠠᠭ᠋ᠠᠳᠤ ᠣᠷᠤᠭᠤᠯᠤᠯᠲᠠ ᠵᠢᠨ ᠦᠵᠡᠰᠬᠦᠯᠡᠩ ᠵᠡᠷᠭᠡ ᠲᠠᠨᠢᠯᠴᠠᠭᠤᠯᠬᠤ ᠲᠠᠪᠴᠠᠩ᠎ᠢ ᠡᠺᠦ᠋ᠸᠠᠳᠣᠷ᠎ᠤᠨ ᠲᠠᠯ᠎ᠠ ᠰᠠᠢ᠌ᠲᠤᠷ ᠠᠰᠢᠭᠯᠠᠬᠤ ᠵᠢ ᠪᠠᠶᠠᠷᠯᠠᠨ ᠤᠭᠲᠤᠵᠤ ᠪᠠᠢ᠌ᠨ᠎ᠠ᠃ ᠬᠣᠶᠠᠷ ᠲᠠᠯ᠎ᠠ᠎ᠪᠠᠷ ᠵᠶ᠋ᠠᠨ ᠰᠤᠷᠭ᠋ᠠᠨ ᠬᠥᠮᠦᠵᠢᠯ᠂ ᠰᠣᠶᠣᠯ᠂ ᠵᠠᠯᠠᠭᠤᠴᠤᠳ ᠵᠡᠷᠭᠡ ᠬᠦᠷᠢᠶᠡᠨ᠎ᠳᠠᠬᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠬᠥᠮᠥᠰ᠎ᠤᠨ ᠶᠠᠪᠤᠯᠴᠠᠭ᠎ᠠ᠎ᠳᠤ ᠲᠦᠬᠦᠮ ᠦᠵᠡᠭᠦᠯᠵᠦ᠂ ᠬᠣᠶᠠᠷ ᠤᠯᠤᠰ᠎ᠤᠨ ᠬᠠᠷᠢᠯᠴᠠᠭ᠋ᠠᠨ᠎ᠤ ᠠᠷᠠᠳ᠎ᠤᠨ ᠰᠠᠨᠠᠭ᠋ᠠᠨ᠎ᠤ ᠰᠠᠭᠤᠷᠢ ᠵᠢ ᠪᠡᠬᠢᠵᠢᠭᠦᠯᠬᠦ ᠬᠡᠷᠡᠭᠲᠡᠢ᠃ ᠳᠤᠮᠳᠠᠳᠤ ᠵᠢᠨ ᠲᠠᠯ᠎ᠠ ᠳᠤᠷᠠᠲᠠᠶ᠎ᠠ ᠡᠺᠦ᠋ᠸᠠᠳᠣᠷ ᠵᠡᠷᠭᠡ ᠯᠠᠲ᠋ᠢᠨ ᠠᠮᠧᠷᠢᠺᠠ ᠲᠢᠪ ᠪᠠ ᠺᠠᠷᠢᠪᠪᠢ ᠵᠢᠨ ᠤᠯᠤᠰ᠎ᠤᠳ᠎ᠯᠤᠭ᠎ᠠ ᠬᠠᠮᠲᠤ᠎ᠪᠠᠷ᠂ ᠳᠤᠮᠳᠠᠳᠤ ᠪᠠ ᠯᠠᠲ᠋ᠢᠨ ᠠᠮᠧᠷᠢᠺᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ 《ᠲᠠᠪᠤᠨ ᠶᠡᠬᠡ ᠢᠨᠵᠧᠨᠧᠷᠢᠩ》᠎ᠢ ᠪᠠᠶ᠋ᠢᠭᠤᠯᠬᠤ᠎ᠪᠠᠷ ᠠᠵᠠ ᠲᠣᠬᠢᠶᠠᠯ ᠪᠣᠯᠭ᠋ᠠᠵᠤ᠂ ᠣᠳᠣᠬᠢᠴᠢᠯᠠᠯᠲᠠ ᠵᠢ ᠪᠡᠶᠡᠯᠡᠭᠦᠯᠬᠦ ᠵᠠᠮ ᠳᠡᠭᠡᠷ᠎ᠡ ᠭᠠᠷ ᠬᠣᠯᠪᠣᠨ ᠤᠷᠤᠭᠰᠢᠯᠠᠨ᠎ᠠ᠃ ᠳᠤᠮᠳᠠᠳᠤ ᠵᠢᠨ ᠲᠠᠯ᠎ᠠ ᠪᠠᠰᠠ ᠳᠤᠷᠠᠲᠠᠶ᠎ᠠ ᠡᠺᠦ᠋ᠸᠠᠳᠣᠷ᠎ᠤᠨ ᠲᠠᠯ᠎ᠠ᠎ᠯᠤᠭ᠎ᠠ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠡᠷᠭᠡ ᠤᠯᠠᠨ ᠲᠠᠯ᠎ᠠ ᠵᠢᠨ ᠲᠣᠭᠲᠠᠴᠠ ᠵᠢᠨ ᠣᠯᠣᠯᠴᠠᠭ᠎ᠠ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠵᠢᠩᠬᠢᠨᠢ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠵᠦ᠂ ᠳᠡᠯᠡᠬᠡᠢ ᠵᠢᠨ ᠡᠩᠬᠡ ᠲᠠᠢ᠌ᠪᠤᠩ ᠪᠠ ᠬᠥᠭᠵᠢᠯᠲᠡ ᠵᠢ ᠬᠠᠮᠠᠭ᠋ᠠᠯᠠᠬᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃
ᠨᠣᠪᠣᠸᠠ ᠢᠯᠡᠷᠬᠡᠢ᠌ᠯᠡᠬᠦ᠎ᠳᠤ᠎ᠪᠠᠨ᠂ ᠳᠤᠮᠳᠠᠳᠤ ᠤᠯᠤᠰ ᠪᠣᠯ ᠡᠺᠦ᠋ᠸᠠᠳᠣᠷ᠎ᠤᠨ ᠠᠷᠠᠯᠵᠢᠶᠠᠨ᠎ᠤ ᠬᠣᠶᠠᠳᠤᠭ᠋ᠠᠷ ᠲᠣᠮᠣ ᠬᠠᠨᠢᠲᠠᠨ ᠪᠠᠢ᠌ᠵᠤ᠂ ᠬᠣᠶᠠᠷ ᠲᠠᠯ᠎ᠠ ᠵᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠡᠯᠪᠡᠭ ᠳᠡᠯᠪᠡᠭ ᠦᠷ᠎ᠡ ᠪᠦᠲᠦᠭᠡᠯ ᠣᠯᠵᠤ᠂ ᠡᠺᠦ᠋ᠸᠠᠳᠣᠷ᠎ᠤᠨ ᠠᠷᠠᠳ ᠲᠦᠮᠡᠨ᠎ᠤ ᠪᠤᠶᠠᠨ ᠵᠢᠷᠭ᠋ᠠᠯ᠎ᠢ ᠬᠦᠴᠦᠲᠡᠢ ᠨᠡᠮᠡᠭᠳᠡᠭᠦᠯᠵᠡᠢ᠃ ᠡᠺᠦ᠋ᠸᠠᠳᠣᠷ᠎ᠤᠨ ᠲᠠᠯ᠎ᠠ ᠡᠺᠦ᠋ᠸᠠᠳᠣᠷ ᠪᠠ ᠳᠤᠮᠳᠠᠳᠤ ᠵᠢᠨ ᠪᠦᠬᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠳᠤᠷᠠᠲᠠᠶ᠎ᠠ ᠬᠠᠷᠢᠯᠴᠠᠨ ᠬᠦᠨᠳᠦᠳᠬᠡᠬᠦ᠂ ᠨᠡᠭᠡᠭᠡᠯᠲᠡ ᠬᠢᠵᠦ ᠪᠣᠳᠠᠲᠠᠢ ᠵᠢ ᠡᠷᠬᠢᠮᠯᠡᠬᠦ ᠵᠣᠷᠢᠭ ᠰᠠᠨᠠᠭ᠎ᠠ ᠵᠢ ᠢᠮᠠᠭᠲᠠ ᠪᠠᠷᠢᠮᠲᠠᠯᠠᠵᠤ᠂ ᠳᠤᠮᠳᠠᠳᠤ ᠵᠢᠨ ᠲᠠᠯ᠎ᠠ᠎ᠯᠤᠭ᠎ᠠ ᠡᠯ᠎ᠡ ᠬᠦᠷᠢᠶᠡᠨ᠎ᠳᠤ ᠶᠠᠷᠢᠯᠴᠠᠭ᠎ᠠ ᠥᠷᠨᠢᠭᠦᠯᠵᠦ᠂ ᠬᠣᠶᠠᠷ ᠤᠯᠤᠰ᠎ᠤᠨ ᠨᠥᠬᠥᠷᠯᠡᠯ᠎ᠢ ᠭᠦᠨᠵᠡᠭᠡᠢ᠌ᠷᠡᠭᠦᠯᠵᠦ᠂ ᠬᠠᠮᠲᠤᠷᠠᠯᠴᠠᠭ᠋ᠠᠨ᠎ᠤ ᠲᠥᠯᠦᠪᠵᠢᠭᠦᠯᠭᠡ᠎ᠪᠠᠨ ᠴᠢᠩᠭ᠋ᠠᠳᠬᠠᠵᠤ᠂ ᠠᠷᠠᠯᠵᠢᠶ᠎ᠠ᠂ ᠮᠥᠩᠭᠥᠨ ᠭᠦᠢ᠍ᠯᠭᠡᠭᠡ᠂ ᠬᠥᠳᠡᠭᠡ ᠠᠵᠤ ᠠᠬᠤᠢ᠂ ᠴᠡᠪᠡᠷ ᠡᠨᠧᠷᠭᠢ᠂ ᠰᠠᠭᠤᠷᠢ ᠪᠦᠲᠦᠭᠡᠨ ᠪᠠᠢ᠌ᠭᠤᠯᠤᠯᠲᠠ᠂ ᠰᠤᠷᠭ᠋ᠠᠨ ᠬᠥᠮᠦᠵᠢᠯ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠠᠬᠢᠭᠤᠯᠵᠤ᠂ ᠬᠥᠮᠥᠨ ᠰᠣᠶᠣᠯ᠎ᠤᠨ ᠰᠣᠯᠢᠯᠴᠠᠭ᠎ᠠ᠎ᠪᠠᠨ ᠨᠢᠭᠲᠠᠷᠠᠭᠤᠯᠵᠤ᠂ ᠭᠠᠷ ᠬᠣᠯᠪᠣᠨ ᠬᠠᠮᠲᠤ ᠵᠢᠨ ᠥᠷᠢᠰᠦᠯᠳᠦᠭᠡᠨ᠎ᠢ ᠠᠷᠭ᠋ᠠᠴᠠᠭ᠋ᠠᠨ᠎ᠠ ᠭᠡᠵᠡᠢ᠃
ᠦ᠋ ᠵᠧᠩ ᠯᠦᠩ ᠠᠭᠤᠯᠵᠠᠯᠲᠠ᠎ᠳᠤ ᠣᠷᠣᠯᠴᠠᠪᠠ᠃