ᠲᠡᠷᠢᠭᠦᠨ ᠬᠠᠭᠤᠳᠠᠰᠤ   -   ᠡᠳᠤᠷ ᠪᠥᠷᠢ᠎ᠶᠢᠨ ᠴᠢᠬᠤᠯᠠ ᠮᠡᠳᠡᠭᠡ
ᠶᠠᠫᠤᠨ᠎ᠢ ᠡᠰᠡᠷᠭᠦᠴᠡᠭᠰᠡᠨ ᠳᠤᠮᠳᠠᠳᠤ ᠤᠯᠤᠰ᠎ᠤᠨ ᠠᠷᠠᠳ ᠲᠦᠮᠡᠨ᠎ᠤ ᠳᠠᠶ᠋ᠢᠨ ᠬᠢᠭᠡᠳ ᠹᠠᠱ᠌ᠢᠰ᠎ᠢ ᠡᠰᠡᠷᠭᠦᠴᠡᠭᠰᠡᠨ ᠳᠡᠯᠡᠬᠡᠢ ᠵᠢᠨ ᠳᠠᠶ᠋ᠢᠨ ᠢᠯᠠᠯᠲᠠ ᠣᠯᠣᠭᠰᠠᠨ 80 ᠵᠢᠯ᠎ᠤᠨ ᠣᠶ ᠵᠢ ᠳᠤᠷᠠᠰᠬᠠᠬᠤ ᠠᠷᠪᠠᠨ ᠵᠦᠢ᠍ᠯ᠎ᠤᠨ ᠠᠵᠢᠯᠯᠠᠭ᠋ᠠᠨ᠎ᠤ ᠲᠣᠬᠢᠷᠠᠭᠤᠯᠤᠯᠲᠠ
ᠨᠡᠶ᠋ᠢᠲᠡᠯᠡᠭᠰᠡᠨ ᠴᠠᠭ᠄ 2025-06-25


   ᠨᠢᠭᠡ 

  9 ᠳ᠋ᠦ᠍ᠭᠡᠷ ᠰᠠᠷ᠎ᠠ ᠵᠢᠨ 3᠎ᠤ ᠡᠳᠦᠷ᠎ᠤᠨ ᠦᠳᠡ ᠵᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ᠂ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠨᠡᠷ᠎ᠡ᠎ᠪᠠᠷ ᠪᠡᠭᠡᠵᠢᠩ᠎ᠤᠨ ᠲᠢᠶᠠᠨ ᠠᠨ ᠮᠧᠨ ᠠᠭᠤᠳᠠᠮ ᠲᠠᠯᠠᠪᠠᠢ᠎ᠳᠤ ᠶᠠᠫᠤᠨ᠎ᠢ ᠡᠰᠡᠷᠭᠦᠴᠡᠭᠰᠡᠨ ᠳᠤᠮᠳᠠᠳᠤ ᠤᠯᠤᠰ᠎ᠤᠨ ᠠᠷᠠᠳ ᠲᠦᠮᠡᠨ᠎ᠤ ᠳᠠᠢ᠍ᠢ᠍ᠨ ᠬᠢᠭᠡᠳ ᠹᠠᠱ᠌ᠢᠰ᠎ᠢ ᠡᠰᠡᠷᠭᠦᠴᠡᠭᠰᠡᠨ ᠳᠡᠯᠡᠬᠡᠢ ᠵᠢᠨ ᠳᠠᠢ᠍ᠢ᠍ᠨ ᠢᠯᠠᠯᠲᠠ ᠣᠯᠣᠭᠰᠠᠨ 80 ᠵᠢᠯ᠎ᠤᠨ ᠣᠢ ᠵᠢ ᠳᠤᠷᠠᠰᠬᠠᠬᠤ ᠶᠡᠬᠡ ᠬᠤᠷᠠᠯ ᠬᠤᠷᠠᠯᠳᠤᠭᠤᠯᠤᠨ᠎ᠠ᠂ ᠡᠭᠦᠨ᠎ᠳᠤ ᠴᠡᠷᠢᠭ ᠠᠩᠭᠢ ᠵᠢ ᠰᠢᠯᠭ᠋ᠠᠨ ᠦᠵᠡᠬᠦ ᠶᠣᠰᠣᠯᠠᠯ ᠪᠠᠭᠲᠠᠨ᠎ᠠ᠃ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠬᠤ ᠪᠣᠯᠣᠨ᠎ᠠ᠃ 9 ᠳ᠋ᠦ᠍ᠭᠡᠷ ᠰᠠᠷ᠎ᠠ ᠵᠢᠨ 3᠎ᠤ ᠦᠳᠡ᠎ᠳᠤ᠂ ᠪᠡᠭᠡᠵᠢᠩ᠎ᠳᠤ ᠳᠠᠶ᠋ᠢᠯᠠᠯᠭ᠎ᠠ ᠬᠢᠵᠦ᠂ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠨ᠎ᠠ᠃ 9 ᠳ᠋ᠦ᠍ᠭᠡᠷ ᠰᠠᠷ᠎ᠠ ᠵᠢᠨ 3᠎ᠤ ᠣᠷᠣᠢ᠂ ᠪᠡᠭᠡᠵᠢᠩ᠎ᠳᠤ ᠤᠷᠠᠨ ᠰᠠᠢ᠌ᠬᠠᠨ᠎ᠤ ᠦᠳᠡᠰᠢᠯᠡᠭᠡ ᠡᠷᠬᠢᠯᠡᠵᠦ᠂ ᠨᠠᠮ ᠪᠠ ᠲᠥᠷᠥ ᠵᠢᠨ ᠤᠳᠤᠷᠢᠳᠬᠤ ᠬᠥᠮᠥᠰ ᠣᠷᠣᠯᠴᠠᠬᠤ ᠪᠣᠯᠣᠨ᠎ᠠ᠃ 

   ᠬᠣᠶᠠᠷ 

   ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠨᠡᠷ᠎ᠡ᠎ᠪᠠᠷ᠂ ᠶᠠᠫᠤᠨ᠎ᠢ ᠡᠰᠡᠷᠭᠦᠴᠡᠭᠰᠡᠨ ᠳᠠᠶ᠋ᠢᠨ᠎ᠳᠤ ᠣᠷᠣᠯᠴᠠᠭᠰᠠᠨ ᠡᠷᠡᠭᠦᠯ ᠲᠡᠩᠬᠡᠯᠡᠭᠦᠨ ᠪᠠᠢ᠌ᠭ᠎ᠠ ᠠᠬᠠᠮᠠᠳ ᠪᠠᠢ᠌ᠯᠳᠤᠭᠴᠢᠳ᠂ ᠠᠬᠠᠮᠠᠳ ᠨᠥᠬᠥᠳ᠂ ᠶᠠᠫᠤᠨ᠎ᠢ ᠡᠰᠡᠷᠭᠦᠴᠡᠭᠰᠡᠨ ᠳᠠᠶ᠋ᠢᠨ᠎ᠳᠤ ᠣᠷᠣᠯᠴᠠᠭᠰᠠᠨ ᠵᠠᠩᠵᠤᠨ ᠪᠤᠶᠤ ᠲᠡᠳᠡᠭᠡᠷ ᠨᠥᠭᠴᠢᠭᠰᠡᠳ᠎ᠤᠨ ᠭᠡᠷ ᠪᠦᠯᠢ ᠵᠢᠨ᠎ᠬᠢᠨ᠎ᠳᠤ 《ᠶᠠᠫᠤᠨ᠎ᠢ ᠡᠰᠡᠷᠭᠦᠴᠡᠭᠰᠡᠨ ᠳᠤᠮᠳᠠᠳᠤ ᠤᠯᠤᠰ᠎ᠤᠨ ᠠᠷᠠᠳ ᠲᠦᠮᠡᠨ᠎ᠤ ᠳᠠᠶ᠋ᠢᠨ ᠢᠯᠠᠯᠲᠠ ᠣᠯᠣᠭᠰᠠᠨ 80 ᠵᠢᠯ᠎ᠤᠨ ᠣᠶ》 ᠵᠢᠨ ᠳᠤᠷᠠᠰᠬᠠᠯ᠎ᠤᠨ ᠲᠡᠮᠳᠡᠭ ᠣᠯᠭᠣᠨ᠎ᠠ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠤᠯᠤᠰ᠎ᠤᠨ ᠳᠣᠲᠣᠭ᠋ᠠᠳᠤ᠎ᠳᠠᠬᠢ ᠶᠠᠫᠤᠨ᠎ᠢ ᠡᠰᠡᠷᠭᠦᠴᠡᠭᠰᠡᠨ ᠳᠠᠶ᠋ᠢᠨ᠎ᠳᠤ ᠣᠷᠣᠯᠴᠠᠭᠰᠠᠨ ᠡᠷᠡᠭᠦᠯ ᠲᠡᠩᠬᠡᠯᠡᠭᠦᠨ ᠪᠠᠢ᠌ᠭ᠎ᠠ ᠠᠬᠠᠮᠠᠳ ᠪᠠᠢ᠌ᠯᠳᠤᠭᠴᠢᠳ᠂ ᠠᠬᠠᠮᠠᠳ ᠨᠥᠬᠥᠳ᠂ ᠶᠠᠫᠤᠨ᠎ᠢ ᠡᠰᠡᠷᠭᠦᠴᠡᠭᠰᠡᠨ ᠲᠠᠢ᠍ᠢ᠍ᠨ᠎ᠳᠤ ᠣᠷᠣᠯᠴᠠᠭᠰᠠᠨ ᠵᠠᠩᠵᠤᠨ ᠪᠤᠶᠤ ᠲᠡᠳᠡᠭᠡᠷ ᠨᠥᠭᠴᠢᠭᠰᠡᠳ᠎ᠤᠨ ᠭᠡᠷ ᠪᠦᠯᠢ ᠵᠢᠨ᠎ᠬᠢᠨ᠂ ᠶᠠᠫᠤᠨ᠎ᠢ ᠡᠰᠡᠷᠭᠦᠴᠡᠭᠰᠡᠨ ᠲᠠᠢ᠍ᠢ᠍ᠨ᠎ᠳᠤ ᠦᠷᠡᠭᠳᠡᠭᠰᠡᠨ ᠪᠠᠭ᠋ᠠᠲᠤᠷᠴᠤᠳ᠎ᠤᠨ ᠲᠦᠷᠦᠯ ᠰᠠᠳᠤᠨ᠎ᠢ ᠲᠣᠬᠣᠨᠢᠭᠤᠯᠬᠤ ᠠᠵᠢᠯᠯᠠᠭ᠎ᠠ ᠵᠣᠬᠢᠶᠠᠨ ᠪᠠᠢ᠌ᠭᠤᠯᠵᠤ ᠥᠷᠨᠢᠭᠦᠯᠦᠨ᠎ᠡ᠃ 

   ᠭᠤᠷᠪᠠ 

  7 ᠳ᠋ᠤᠭ᠋ᠠᠷ ᠰᠠᠷ᠎ᠠ ᠵᠢᠨ 7᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠨᠡᠷ᠎ᠡ᠎ᠪᠠᠷ᠂ ᠶᠠᠫᠤᠨ᠎ᠢ ᠡᠰᠡᠷᠭᠦᠴᠡᠭᠰᠡᠨ ᠳᠤᠮᠳᠠᠳᠤ ᠤᠯᠤᠰ᠎ᠤᠨ ᠠᠷᠠᠳ ᠲᠦᠮᠡᠨ᠎ᠤ ᠳᠠᠶ᠋ᠢᠨ᠎ᠤ ᠳᠤᠷᠠᠰᠬᠠᠯ᠎ᠤᠨ ᠣᠷᠳᠣᠨ᠎ᠳᠤ ᠶᠠᠫᠤᠨ᠎ᠢ ᠡᠰᠡᠷᠭᠦᠴᠡᠭᠰᠡᠨ ᠪᠥᠬᠥ ᠦᠨᠳᠦᠰᠦᠲᠡᠨ᠎ᠤ ᠳᠠᠶ᠋ᠢᠨ ᠡᠭᠦᠰᠦᠭᠰᠡᠨ 88 ᠵᠢᠯ᠎ᠤᠨ ᠣᠶ ᠵᠢ ᠳᠤᠷᠠᠰᠬᠠᠬᠤ ᠶᠣᠰᠣᠯᠠᠯ ᠶᠠᠪᠤᠭᠳᠠᠭᠤᠯᠬᠤ ᠵᠢᠨ ᠬᠠᠮᠲᠤ᠂ 《ᠦᠨᠳᠦᠰᠦᠲᠡᠨ᠎ᠤ ᠴᠢᠯᠦᠭᠡᠯᠡᠯᠲᠡ ᠪᠠ ᠳᠡᠯᠡᠬᠡᠢ ᠵᠢᠨ ᠡᠩᠬᠡ ᠲᠠᠢ᠌ᠪᠤᠩ᠎ᠤᠨ ᠲᠥᠯᠥᠭᠡ — ᠶᠠᠫᠤᠨ᠎ᠢ ᠡᠰᠡᠷᠭᠦᠴᠡᠭᠰᠡᠨ ᠳᠤᠮᠳᠠᠳᠤ ᠤᠯᠤᠰ᠎ᠤᠨ ᠠᠷᠠᠳ ᠲᠦᠮᠡᠨ᠎ᠤ ᠳᠠᠶ᠋ᠢᠨ ᠬᠢᠭᠡᠳ ᠹᠠᠱ᠌ᠢᠰ᠎ᠢ ᠡᠰᠡᠷᠭᠦᠴᠡᠭᠰᠡᠨ ᠳᠡᠯᠡᠬᠡᠢ ᠵᠢᠨ ᠳᠠᠶ᠋ᠢᠨ ᠢᠯᠠᠯᠲᠠ ᠣᠯᠣᠭᠰᠠᠨ 80 ᠵᠢᠯ᠎ᠤᠨ ᠣᠢ ᠵᠢ ᠳᠤᠷᠠᠰᠬᠠᠶ᠎ᠠ》 ᠭᠣᠣᠯ ᠰᠡᠳᠦᠪᠲᠦ ᠦᠵᠡᠭᠦᠯᠭᠡ ᠵᠢᠨ ᠡᠬᠢᠯᠡᠯᠲᠡ ᠵᠢᠨ ᠶᠣᠰᠣᠯᠠᠯ᠎ᠢ ᠶᠠᠪᠤᠭᠳᠠᠭᠤᠯᠤᠨ᠎ᠠ᠃ 

   ᠳᠥᠷᠪᠡ 

  9 ᠳ᠋ᠦ᠍ᠭᠡᠷ ᠰᠠᠷ᠎ᠠ ᠵᠢᠨ 3᠎ᠤ ᠡᠳᠦᠷ᠎ᠤᠨ ᠤᠷᠢᠳ ᠬᠣᠵᠢᠳ ᠵᠶ᠋ᠠᠷ᠂ ᠶᠠᠫᠤᠨ᠎ᠢ ᠡᠰᠡᠷᠭᠦᠴᠡᠭᠰᠡᠨ ᠳᠤᠮᠳᠠᠳᠤ ᠤᠯᠤᠰ᠎ᠤᠨ ᠠᠷᠠᠳ ᠲᠦᠮᠡᠨ᠎ᠤ ᠳᠠᠢ᠍ᠢ᠍ᠨ ᠬᠢᠭᠡᠳ ᠹᠠᠱ᠌ᠢᠰ᠎ᠢ ᠡᠰᠡᠷᠭᠦᠴᠡᠭᠰᠡᠨ ᠳᠡᠯᠡᠬᠡᠢ ᠵᠢᠨ ᠳᠠᠢ᠍ᠢ᠍ᠨ ᠢᠯᠠᠯᠲᠠ ᠣᠯᠣᠭᠰᠠᠨ 80 ᠵᠢᠯ᠎ᠤᠨ ᠤᠢ ᠵᠢ ᠳᠤᠷᠠᠰᠬᠠᠬᠤ ᠵᠢᠨ ᠲᠣᠭᠣᠷᠢᠨ᠎ᠳᠤ᠂ ᠰᠢᠶᠠᠩᠭ᠋ᠠᠩ ᠣᠣᠮᠧᠨ ᠲᠠᠢ᠌ᠸᠠᠨ᠎ᠤ ᠠᠬ᠎ᠠ ᠳᠡᠭᠦᠦ ᠨᠠᠷ᠂ ᠭᠠᠳᠠᠭ᠋ᠠᠳᠤ᠎ᠳᠠᠬᠢ ᠬᠣᠯᠪᠣᠭᠳᠠᠯ ᠪᠦᠬᠦᠢ ᠬᠥᠮᠥᠰ᠎ᠤᠨ ᠰᠠᠭᠤᠳᠠᠯ᠎ᠤᠨ ᠬᠤᠷᠠᠯ ᠬᠤᠷᠠᠯᠳᠤᠭᠤᠯᠵᠤ᠂ ᠤᠯᠠᠨ ᠤᠯᠤᠰ᠎ᠤᠨ ᠡᠷᠳᠡᠮ ᠰᠢᠨᠵᠢᠯᠡᠭᠡᠨ᠎ᠤ ᠰᠤᠳᠤᠯᠤᠨ ᠶᠠᠷᠢᠯᠴᠠᠬᠤ ᠬᠤᠷᠠᠯ ᠬᠢᠨ᠎ᠡ᠃ 

   ᠲᠠᠪᠤ 

  9 ᠳ᠋ᠦ᠍ᠭᠡᠷ ᠰᠠᠷ᠎ᠠ ᠵᠢᠨ 18᠎ᠤ ᠡᠳᠦᠷ᠂ ᠯᠢᠶᠣᠤᠨᠢᠩ ᠮᠤᠵᠢ ᠵᠢᠨ ᠨᠠᠮ᠎ᠤᠨ ᠬᠣᠷᠢᠶ᠎ᠠ᠂ ᠮᠤᠵᠢ ᠵᠢᠨ ᠵᠠᠰᠠᠭ᠎ᠤᠨ ᠣᠷᠳᠣᠨ᠎ᠤ ᠨᠡᠷ᠎ᠡ᠎ᠪᠠᠷ ᠱᠧᠨᠶᠠᠩ ᠬᠣᠲᠠ ᠵᠢᠨ 《ᠶᠢᠰᠦᠨ ᠰᠠᠷ᠎ᠠ ᠵᠢᠨ ᠠᠷᠪᠠᠨ ᠨᠠᠢ᠍ᠮᠠᠨ》᠎ᠤ ᠲᠡᠦᠬᠡ ᠵᠢᠨ ᠮᠦᠽᠧᠢ᠎ᠳᠤ 《ᠶᠢᠰᠦᠨ ᠰᠠᠷ᠎ᠠ ᠵᠢᠨ ᠠᠷᠪᠠᠨ ᠨᠠᠢ᠍ᠮᠠᠨ》᠎ᠢ ᠥᠯᠥ ᠮᠠᠷᠲᠠᠬᠤ ᠬᠣᠩᠬ᠎ᠠ ᠳᠡᠯᠡᠳᠴᠦ ᠳᠣᠬᠢᠶ᠎ᠠ ᠳᠤᠤᠭ᠋ᠠᠷᠭ᠋ᠠᠬᠤ ᠶᠣᠰᠣᠯᠠᠯ ᠶᠠᠪᠤᠭᠳᠠᠭᠤᠯᠤᠨ᠎ᠠ᠃ 

   ᠵᠢᠷᠭᠤᠭ᠎ᠠ 

  10 ᠳ᠋ᠤᠭ᠋ᠠᠷ ᠰᠠᠷ᠎ᠠ ᠵᠢᠨ 25᠎ᠤ ᠡᠳᠦᠷ᠎ᠤᠨ ᠤᠷᠢᠳ ᠬᠣᠵᠢᠳ ᠵᠶ᠋ᠠᠷ᠂ ᠲᠠᠢ᠌ᠸᠠᠨ᠎ᠢ ᠡᠭᠡᠭᠦᠯᠦᠨ ᠠᠪᠴᠢᠷᠠᠭᠰᠠᠨ 80 ᠵᠢᠯ᠎ᠤᠨ ᠤᠢ ᠵᠢ ᠳᠤᠷᠠᠰᠬᠠᠬᠤ ᠶᠡᠬᠡ ᠬᠤᠷᠠᠯ ᠬᠤᠷᠠᠯᠳᠤᠭᠤᠯᠤᠨ᠎ᠠ᠃ ᠭᠠᠳᠠᠭ᠋ᠠᠳᠤ᠎ᠳᠠᠬᠢ ᠬᠠᠷᠢᠶᠠᠲᠤ ᠨᠠᠷ ᠲᠤᠬᠠᠢ ᠵᠢᠨ ᠭᠠᠵᠠᠷ᠎ᠲᠤ᠎ᠪᠠᠨ ᠬᠠᠮᠢᠶ᠎ᠠ ᠪᠦᠬᠦᠢ ᠳᠤᠷᠠᠰᠬᠠᠯ᠎ᠤᠨ ᠠᠵᠢᠯᠯᠠᠭ᠎ᠠ ᠵᠣᠬᠢᠶᠠᠨ ᠪᠠᠶ᠋ᠢᠭᠤᠯᠬᠤ ᠵᠢ ᠳᠡᠮᠵᠢᠨ᠎ᠡ᠃ 

   ᠲᠤᠯᠤᠭ᠎ᠠ 

  12 ᠳ᠋ᠤᠭ᠋ᠠᠷ ᠰᠠᠷ᠎ᠠ ᠵᠢᠨ 13᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠨᠡᠷ᠎ᠡ᠎ᠪᠠᠷ ᠨᠠᠨᠵᠢᠩ ᠬᠣᠲᠠ᠎ᠳᠠᠬᠢ ᠳᠤᠮᠳᠠᠳᠤ ᠤᠯᠤᠰ᠎ᠢ ᠲᠦᠷᠢᠮᠡᠬᠡᠢ᠌ᠯᠡᠭᠰᠡᠨ ᠶᠠᠫᠤᠨ ᠴᠡᠷᠢᠭ᠎ᠤᠨ ᠨᠠᠨᠵᠢᠩ᠎ᠤᠨ ᠶᠡᠬᠡ ᠬᠢᠳᠤᠯᠭ᠎ᠠ ᠬᠢᠬᠦ᠎ᠳᠤ ᠦᠷᠡᠭᠳᠡᠭᠰᠡᠨ ᠠᠬ᠎ᠠ ᠳᠡᠭᠦᠦ ᠨᠠᠷ᠎ᠤᠨ ᠳᠤᠷᠠᠰᠬᠠᠯ᠎ᠤᠨ ᠣᠷᠳᠣᠨ᠎ᠳᠤ ᠨᠠᠨᠵᠢᠩ᠎ᠤᠨ ᠶᠡᠬᠡ ᠬᠢᠲᠤᠯᠭ᠎ᠠ᠎ᠳᠤ ᠬᠣᠣᠷᠯᠠᠭᠳᠠᠭᠰᠠᠳ᠎ᠢ ᠭᠠᠰᠢᠭᠤᠳᠠᠬᠤ ᠤᠯᠤᠰ᠎ᠤᠨ ᠨᠡᠢ᠌ᠲᠡ ᠵᠢᠨ ᠳᠠᠬᠢᠯᠭ᠎ᠠ ᠵᠢᠨ ᠶᠣᠰᠣᠯᠠᠯ ᠶᠠᠪᠤᠭᠳᠠᠭᠤᠯᠤᠨ᠎ᠠ᠃ 

   ᠨᠠᠢ᠍ᠮᠠ 

   ᠳᠥᠷᠪᠡᠳᠦᠭᠡᠷ ᠪᠦᠯᠦᠭ ᠪᠣᠯᠬᠤ ᠶᠠᠫᠤᠨ᠎ᠢ ᠡᠰᠡᠷᠭᠦᠴᠡᠭᠰᠡᠨ ᠲᠠᠢ᠍ᠢ᠍ᠨ᠎ᠤ ᠤᠯᠤᠰ᠎ᠤᠨ ᠲᠡᠰ᠎ᠤᠨ ᠳᠤᠷᠠᠰᠬᠠᠯ᠎ᠤᠨ ᠪᠡᠯᠡᠳᠬᠡᠮᠵᠢ᠂ ᠪᠠᠭᠤᠷᠢ ᠵᠢᠨ ᠨᠡᠷᠡᠰ᠎ᠤᠨ ᠵᠢᠭᠰᠠᠭ᠋ᠠᠯᠲᠠ ᠪᠠ ᠶᠠᠫᠤᠨ᠎ᠢ ᠡᠰᠡᠷᠭᠦᠴᠡᠭᠰᠡᠨ ᠳᠠᠢ᠌ᠨ᠎ᠳᠤ ᠦᠷᠡᠭᠳᠡᠭᠰᠡᠨ ᠨᠡᠷᠡᠲᠦ ᠪᠠᠭ᠋ᠠᠲᠤᠷᠴᠤᠳ᠂ ᠪᠠᠭ᠋ᠠᠲᠤᠷᠴᠤᠳ᠎ᠤᠨ ᠨᠡᠷᠡᠰ᠎ᠤᠨ ᠵᠢᠭᠰᠠᠭ᠋ᠠᠯᠲᠠ ᠵᠢ ᠨᠡᠢ᠌ᠲᠡᠯᠡᠨ᠎ᠡ᠃ ᠶᠠᠫᠤᠨ᠎ᠢ ᠡᠰᠡᠷᠭᠦᠴᠡᠭᠰᠡᠨ ᠲᠠᠢ᠍ᠢ᠍ᠨ᠎ᠤ ᠳᠤᠷᠠᠰᠬᠠᠯ᠎ᠤᠨ ᠪᠡᠯᠡᠳᠬᠡᠮᠵᠢ ᠪᠠ ᠶᠠᠫᠤᠨ᠎ᠢ ᠡᠰᠡᠷᠭᠦᠴᠡᠭᠰᠡᠨ ᠲᠠᠢ᠍ᠢ᠍ᠨ᠎ᠤ ᠪᠠᠭᠤᠷᠢ᠂ ᠦᠯᠡᠳᠡᠭᠳᠡᠯ᠎ᠢ ᠰᠡᠯᠪᠢᠨ ᠵᠠᠰᠠᠵᠤ ᠬᠠᠮᠠᠭ᠋ᠠᠯᠠᠵᠤ᠂ ᠶᠠᠫᠤᠨ᠎ᠢ ᠡᠰᠡᠷᠭᠦᠴᠡᠭᠰᠡᠨ ᠲᠠᠢ᠍ᠢ᠍ᠨ᠎ᠤ ᠨᠢᠭᠡ ᠪᠦᠯᠦᠭ ᠭᠣᠣᠯ ᠰᠡᠳᠦᠪᠲᠦ ᠳᠡᠯᠭᠡᠨ ᠦᠵᠡᠭᠦᠯᠭᠡ ᠵᠢᠨ ᠰᠣᠳᠣᠨ ᠪᠦᠲᠦᠭᠡᠯ᠎ᠢ ᠲᠠᠨᠢᠯᠴᠠᠭᠤᠯᠤᠨ᠎ᠠ᠃ 

   ᠶᠢᠰᠦ 

   ᠶᠠᠫᠤᠨ᠎ᠢ ᠡᠰᠡᠷᠭᠦᠴᠡᠭᠰᠡᠨ ᠳᠤᠮᠳᠠᠳᠤ ᠤᠯᠤᠰ᠎ᠤᠨ ᠠᠷᠠᠳ ᠲᠦᠮᠡᠨ᠎ᠤ ᠳᠠᠢ᠍ᠢ᠍ᠨ ᠬᠢᠭᠡᠳ ᠹᠠᠱ᠌ᠢᠰ᠎ᠢ ᠡᠰᠡᠷᠭᠦᠴᠡᠭᠰᠡᠨ ᠳᠡᠯᠡᠬᠡᠢ ᠵᠢᠨ ᠳᠠᠢ᠍ᠢ᠍ᠨ ᠢᠯᠠᠯᠲᠠ ᠣᠯᠣᠭᠰᠠᠨ 80 ᠵᠢᠯ᠎ᠤᠨ ᠤᠢ ᠵᠢ ᠳᠤᠷᠠᠰᠬᠠᠬᠤ ᠵᠢᠨ ᠲᠣᠭᠣᠷᠢᠨ᠎ᠳᠤ᠂ ᠨᠢᠭᠡ ᠪᠦᠯᠦᠭ ᠤᠳᠬ᠎ᠠ ᠤᠷᠠᠯᠢᠭ᠎ᠤᠨ ᠪᠦᠲᠦᠭᠡᠯ ᠪᠠ ᠭᠣᠣᠯ ᠰᠡᠳᠦᠪᠲᠦ ᠬᠡᠪᠯᠡᠭᠳᠡᠬᠦᠨ᠎ᠢ ᠵᠣᠬᠢᠶᠠᠨ ᠪᠦᠲᠦᠭᠡᠨ᠎ᠡ; ᠡᠷᠳᠡᠮ ᠰᠢᠨᠵᠢᠯᠡᠭᠡᠨ᠎ᠤ ᠰᠤᠳᠤᠯᠭ᠋ᠠᠨ᠎ᠢ ᠴᠢᠩᠭ᠋ᠠᠳᠬᠠᠵᠤ᠂ ᠨᠢᠭᠡ ᠪᠦᠯᠦᠭ ᠭᠣᠣᠯᠳᠠᠯᠭ᠎ᠠ ᠪᠣᠯᠬᠤ ᠰᠡᠳᠦᠪ᠎ᠢ ᠲᠣᠭᠲᠠᠭ᠋ᠠᠨ᠎ᠠ᠃ ᠡᠭᠦᠨ᠎ᠠᠴᠠ ᠭᠠᠳᠠᠨ᠎ᠠ ᠪᠠᠰᠠ ᠳᠤᠷᠠᠰᠬᠠᠯ᠎ᠤᠨ ᠵᠣᠭᠣᠰ ᠪᠠ ᠳᠤᠷᠠᠰᠬᠠᠯ᠎ᠤᠨ ᠰᠢᠤᠳᠠᠨ ᠲᠡᠮᠳᠡᠭ ᠲᠠᠷᠬᠠᠭ᠋ᠠᠬᠤ ᠪᠣᠯᠣᠨ᠎ᠠ᠃ 

   ᠠᠷᠪᠠ 

   ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠣᠯᠠᠨ ᠲᠦᠮᠡᠨᠴᠢ ᠴᠢᠨᠠᠷᠲᠠᠢ ᠳᠤᠷᠠᠰᠬᠠᠬᠤ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠦᠷᠨᠢᠭᠦᠯᠦᠨ᠎ᠡ᠃ ᠰᠢᠶᠠᠩᠭ᠋ᠠᠩ᠂ ᠣᠣᠮᠧᠨ ᠴᠦ᠍ ᠳᠤᠷᠠᠰᠬᠠᠯ᠎ᠤᠨ ᠰᠢᠷᠢᠰ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠬᠦ ᠪᠣᠯᠣᠨ᠎ᠠ᠃ 


ᠢᠷᠡᠯᠲᠡ᠄ ᠰᠢᠨᠬᠤᠸᠠ ᠬᠣᠷᠢᠶ᠎ᠠ