ᠲᠡᠷᠢᠭᠦᠨ ᠬᠠᠭᠤᠳᠠᠰᠤ   -   ᠡᠳᠤᠷ ᠪᠥᠷᠢ᠎ᠶᠢᠨ ᠴᠢᠬᠤᠯᠠ ᠮᠡᠳᠡᠭᠡ
ᠯᠢ ᠴᠢᠶᠠᠩ ᠺᠢᠷᠬᠢᠽᠰᠲ᠋ᠠᠠ᠎ᠤ ᠶᠡᠷᠦᠩᠬᠡᠢ ᠰᠠᠢ᠌ᠳ ᠺᠠᠰᠢᠮᠠᠯᠢᠶᠧᠸ᠎ᠲᠠᠢ ᠠᠭᠤᠯᠵᠠᠯᠲᠠ ᠬᠢᠪᠡ
ᠨᠡᠶ᠋ᠢᠲᠡᠯᠡᠭᠰᠡᠨ ᠴᠠᠭ᠄ 2025-06-25

   ᠰᠢᠨᠬᠤᠸᠠ ᠬᠣᠷᠢᠶᠠᠨ᠎ᠤ ᠲᠢᠶᠠᠨᠵᠢᠨ᠎ᠤ 6 ᠳ᠋ᠤᠭ᠋ᠠᠷ ᠰᠠᠷ᠎ᠠ ᠵᠢᠨ 24᠎ᠤ ᠡᠳᠦᠷ᠎ᠤᠨ ᠴᠠᠬᠢᠯᠭ᠋ᠠᠨ ᠮᠡᠳᠡᠭᠡ  6 ᠳ᠋ᠤᠭ᠋ᠠᠷ ᠰᠠᠷ᠎ᠠ ᠵᠢᠨ 24᠎ᠤ ᠡᠳᠦᠷ᠎ᠤᠨ ᠦᠳᠡ ᠵᠢᠨ ᠬᠣᠢ᠌ᠨ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ ᠲᠢᠶᠠᠨᠵᠢᠨ᠎ᠳᠤ ᠵᠤᠨ᠎ᠤ ᠤᠯᠠᠷᠢᠯ᠎ᠤᠨ ᠳᠡᠯᠡᠬᠡᠢ ᠵᠢᠨ ᠠᠵᠤ ᠠᠬᠤᠢ ᠵᠢᠨ ᠶᠠᠷᠢᠯᠴᠠᠭ᠋ᠠᠨ᠎ᠤ ᠲᠠᠪᠴᠠᠩ᠎ᠳᠤ ᠣᠷᠣᠯᠴᠠᠬᠤ᠎ᠪᠠᠷ ᠳᠤᠮᠳᠠᠳᠤ᠎ᠳᠤ ᠢᠷᠡᠭᠰᠡᠨ ᠺᠢᠷᠬᠢᠽᠰᠲ᠋ᠠᠨ᠎ᠤ ᠶᠡᠷᠦᠩᠬᠡᠢ ᠰᠠᠢ᠌ᠳ ᠺᠠᠰᠢᠮᠠᠯᠢᠶᠧᠸ᠎ᠲᠠᠢ ᠠᠭᠤᠯᠵᠠᠯᠲᠠ ᠬᠢᠪᠡ᠃

李强会见吉尔吉斯斯坦总理卡瑟马利耶夫.jpg


  6 ᠳ᠋ᠤᠭ᠋ᠠᠷ ᠰᠠᠷ᠎ᠠ ᠵᠢᠨ 24᠎ᠤ ᠡᠳᠦᠷ᠎ᠤᠨ ᠦᠳᠡ ᠵᠢᠨ ᠬᠣᠢ᠌ᠨ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ ᠲᠢᠶᠠᠨᠵᠢᠨ᠎ᠳᠤ ᠵᠤᠨ᠎ᠤ ᠤᠯᠠᠷᠢᠯ᠎ᠤᠨ ᠳᠡᠯᠡᠬᠡᠢ ᠵᠢᠨ ᠠᠵᠤ ᠠᠬᠤᠢ ᠵᠢᠨ ᠶᠠᠷᠢᠯᠴᠠᠭ᠋ᠠᠨ᠎ᠤ ᠲᠠᠪᠴᠠᠩ᠎ᠳᠤ ᠣᠷᠣᠯᠴᠠᠬᠤ᠎ᠪᠠᠷ ᠳᠤᠮᠳᠠᠳᠤ᠎ᠳᠤ ᠢᠷᠡᠭᠰᠡᠨ ᠺᠢᠷᠬᠢᠽᠰᠲ᠋ᠠᠨ᠎ᠤ ᠶᠡᠷᠦᠩᠬᠡᠢ ᠰᠠᠢ᠌ᠳ ᠺᠠᠰᠢᠮᠠᠯᠢᠶᠧᠸ᠎ᠲᠠᠢ ᠠᠭᠤᠯᠵᠠᠯᠲᠠ ᠬᠢᠪᠡ᠃

   ᠯᠢ ᠴᠢᠶᠠᠩ ᠢᠯᠡᠷᠬᠡᠢ᠌ᠯᠡᠬᠦ᠎ᠳᠤ᠎ᠪᠠᠨ᠂ ᠺᠢᠷᠬᠢᠽᠰᠲ᠋ᠠᠨ ᠪᠣᠯ ᠳᠤᠮᠳᠠᠳᠤ ᠤᠯᠤᠰ᠎ᠤᠨ ᠴᠢᠬᠤᠯᠠ ᠨᠥᠬᠥᠷᠰᠡᠭ ᠬᠥᠷᠰᠢ ᠮᠥᠨ᠃ ᠣᠢ᠌ᠷ᠎ᠠ ᠵᠢᠨ ᠵᠢᠯ᠎ᠤᠳ᠎ᠲᠤ᠂ ᠬᠣᠶᠠᠷ ᠤᠯᠤᠰ᠎ᠤᠨ ᠲᠡᠷᠢᠭᠦᠨ ᠨᠠᠷ᠎ᠤᠨ ᠪᠠᠢ᠌ᠯᠳᠤᠬᠤ ᠪᠣᠳᠣᠯᠭ᠎ᠠ ᠵᠢᠨ ᠳᠠᠭ᠋ᠠᠭᠤᠯᠭ᠎ᠠ ᠳᠣᠣᠷ᠎ᠠ᠂ ᠳᠤᠮᠳᠠᠳᠤ ᠪᠠ ᠺᠢᠷᠬᠢᠽᠰᠲ᠋ᠠᠨ᠎ᠤ ᠬᠠᠷᠢᠴᠠᠭ᠎ᠠ ᠶᠡᠬᠡ ᠬᠥᠭᠵᠢᠯᠲᠡ᠎ᠲᠠᠢ ᠪᠣᠯᠵᠤ᠂ ᠪᠦᠬᠦ ᠲᠠᠯ᠎ᠠ ᠵᠢᠨ ᠬᠠᠮᠲᠤᠷᠠᠯᠴᠠᠭ᠎ᠠ ᠲᠠᠰᠤᠷᠠᠯᠳᠡ ᠦᠭᠡᠢ ᠰᠢᠨ᠎ᠡ ᠳᠡᠭᠲᠡᠷ᠎ᠲᠤ ᠭᠠᠷᠪᠠ᠃ ᠳᠡᠭᠡᠷ᠎ᠡ ᠭᠠᠷᠠᠭ᠂ ᠲᠡᠷᠢᠭᠦᠯᠡᠭᠴᠢ ᠰᠢ ᠵᠢᠨ ᠫᠢᠩ ᠪᠠ ᠶᠡᠷᠦᠩᠬᠡᠢ᠌ᠯᠡᠭᠴᠢ ᠵᠠᠫᠠᠯᠥᠸ ᠠᠰᠲ᠋ᠠᠨᠠ᠎ᠳᠤ ᠠᠭᠤᠯᠵᠠᠯᠲᠠ ᠬᠢᠵᠦ᠂ ᠳᠤᠮᠳᠠᠳᠤ ᠪᠠ ᠺᠢᠷᠬᠢᠽᠰᠲ᠋ᠠᠨ᠎ᠤ ᠬᠠᠷᠢᠴᠠᠭ᠎ᠠ ᠬᠢᠭᠡᠳ ᠬᠠᠮᠲᠤᠷᠠᠯᠴᠠᠭ᠎ᠠ ᠬᠥᠭᠵᠢᠯᠲᠡ ᠵᠢ ᠠᠬᠢᠭᠤᠯᠬᠤ ᠲᠠᠯ᠎ᠠ᠎ᠳᠤ  ᠰᠢᠨ᠎ᠡ ᠴᠢᠬᠤᠯᠠ ᠬᠠᠮᠲᠤ ᠵᠢᠨ ᠲᠠᠨᠢᠯᠲᠠ᠎ᠲᠠᠢ ᠪᠣᠯᠵᠠᠢ᠃ ᠳᠤᠮᠳᠠᠳᠤ ᠵᠢᠨ ᠲᠠᠯ᠎ᠠ ᠳᠤᠷᠠᠲᠠᠶ᠎ᠠ ᠺᠢᠷᠬᠢᠽᠰᠲ᠋ᠠᠨ᠎ᠤ ᠲᠠᠯ᠎ᠠ᠎ᠯᠤᠭ᠎ᠠ ᠬᠠᠮᠲᠤ᠎ᠪᠠᠷ ᠴᠢᠷᠮᠠᠢ᠌ᠵᠤ᠂ ᠳᠤᠮᠳᠠᠳᠤ ᠪᠠ ᠺᠢᠷᠬᠢᠽᠰᠲ᠋ᠠᠨ᠎ᠤ ᠰᠢᠨ᠎ᠡ ᠴᠠᠭ ᠦᠶ᠎ᠡ᠎ᠳᠠᠬᠢ ᠪᠦᠬᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠴᠠᠭ᠋ᠠᠨ᠎ᠤ ᠠᠭᠤᠯᠤᠭᠳᠠᠬᠤᠨ ᠵᠶ᠋ᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠳᠤᠮᠳᠠᠳᠤ ᠪᠠ ᠺᠢᠷᠬᠢᠽᠰᠲ᠋ᠠᠨ᠎ᠤ ᠬᠤᠪᠢ ᠵᠠᠶᠠᠭ᠋ᠠᠨ᠎ᠤ ᠨᠡᠩ ᠨᠢᠭᠲᠠ ᠬᠠᠮᠲᠤ ᠵᠢᠨ ᠴᠣᠭᠴᠠ ᠵᠢ ᠪᠠᠢ᠌ᠭᠤᠯᠵᠤ᠂ ᠣᠳᠣᠬᠢᠴᠢᠯᠠᠯᠲᠠ ᠵᠢ ᠪᠡᠶᠡᠯᠡᠭᠦᠯᠬᠦ ᠵᠠᠮ ᠳᠡᠭᠡᠷ᠎ᠡ ᠭᠠᠷ ᠬᠣᠯᠪᠣᠨ ᠤᠷᠤᠭᠰᠢᠯᠠᠨ᠎ᠠ ᠭᠡᠵᠡᠢ᠃

   ᠯᠢ ᠴᠢᠶᠠᠩ ᠵᠢᠭ᠋ᠠᠵᠤ ᠭᠠᠷᠭ᠋ᠠᠬᠤ᠎ᠳᠤ᠎ᠪᠠᠨ᠂ ᠳᠤᠮᠳᠠᠳᠤ ᠪᠠ ᠺᠢᠷᠬᠢᠽᠰᠲ᠋ᠠᠨ ᠭᠠᠵᠠᠷ ᠵᠦᠢ ᠵᠢᠨ ᠬᠤᠪᠢ᠎ᠳᠤ ᠬᠥᠷᠰᠢᠯᠡᠵᠦ᠂ ᠠᠵᠤ ᠦᠢ᠍ᠯᠡᠰ᠎ᠤᠨ ᠲᠠᠯ᠎ᠠ᠎ᠪᠠᠷ ᠬᠠᠷᠢᠯᠴᠠᠨ ᠨᠥᠬᠥᠪᠦᠷᠢᠯᠡᠵᠦ᠂ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠣᠷᠣᠨ ᠵᠠᠢ ᠥᠷᠭᠡᠨ ᠠᠭᠤᠳᠠᠮ ᠪᠠᠢ᠌ᠨ᠎ᠠ᠃ ᠳᠤᠮᠳᠠᠳᠤ ᠵᠢᠨ ᠲᠠᠯ᠎ᠠ ᠳᠤᠷᠠᠲᠠᠶ᠎ᠠ ᠺᠢᠷᠬᠢᠽᠰᠲ᠋ᠠᠨ᠎ᠤ ᠲᠠᠯ᠎ᠠ᠎ᠯᠤᠭ᠎ᠠ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠵᠣᠯᠭ᠋ᠠᠯᠴᠠᠭ᠎ᠠ᠎ᠪᠠᠨ ᠴᠢᠩᠭ᠋ᠠᠳᠬᠠᠵᠤ᠂ ᠭᠣᠣᠯᠳᠠᠯᠭ᠎ᠠ᠎ᠳᠤ ᠠᠩᠬᠠᠷᠤᠯ ᠲᠥᠪᠯᠡᠷᠡᠭᠦᠯᠵᠦ᠂ ᠪᠣᠳᠠᠲᠤ ᠦᠷ᠎ᠡ ᠪᠦᠲᠦᠮᠵᠢ ᠵᠢ ᠲᠤᠪᠤᠢ᠍ᠢ᠍ᠯᠭ᠋ᠠᠵᠤ᠂ ᠬᠠᠮᠲᠤᠷᠠᠯᠴᠠᠭ᠋ᠠᠨ᠎ᠤ ᠬᠡᠪᠴᠢᠶ᠎ᠡ ᠪᠠ ᠦᠷ᠎ᠡ ᠠᠰᠢᠭ ᠵᠶ᠋ᠠᠨ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠬᠣᠶᠠᠷ ᠲᠠᠯ᠎ᠠ᠎ᠪᠠᠷ ᠵᠶ᠋ᠠᠨ ᠵᠠᠰᠠᠭ᠎ᠤᠨ ᠣᠷᠳᠣᠨ᠎ᠤ ᠬᠣᠭᠣᠷᠣᠨᠳᠣᠬᠢ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠋ᠠᠨ᠎ᠤ ᠵᠥᠪᠯᠡᠯ᠎ᠤᠨ ᠲᠣᠭᠲᠠᠴᠠ ᠵᠢ ᠰᠠᠢ᠌ᠲᠤᠷ ᠠᠰᠢᠭᠯᠠᠵᠤ᠂ ᠥᠨᠳᠥᠷ ᠲᠦᠪᠰᠢᠨ ᠪᠦᠬᠦᠢ ᠦᠢ᠍ᠯᠡᠴᠢᠯᠡᠭᠡᠨ᠎ᠤ ᠠᠷᠠᠯᠵᠢᠶ᠎ᠠ ᠪᠠ ᠪᠡᠯᠡ ᠣᠷᠣᠭᠤᠯᠤᠯᠲᠠ ᠵᠢᠨ ᠬᠡᠯᠡᠯᠴᠡᠭᠡᠯ᠎ᠢ ᠡᠷᠲᠡᠬᠡᠨ ᠲᠣᠬᠢᠷᠠᠯᠴᠠᠬᠤ᠎ᠪᠠᠷ ᠬᠦᠴᠦᠯᠡᠨ ᠴᠢᠷᠮᠠᠢ᠌ᠨ᠎ᠠ᠃ ᠳᠤᠮᠳᠠᠳᠤ ᠪᠠ ᠺᠢᠷᠭᠢᠽᠰᠲ᠋ᠠᠨ᠎ᠤ ᠲᠡᠮᠦᠷ ᠵᠠᠮ᠂ ᠳᠤᠮᠳᠠᠳᠤ ᠪᠠ ᠺᠢᠷᠭᠢᠽᠰᠲ᠋ᠠᠨ᠎ᠤ ᠨᠥᠬᠥᠷᠯᠡᠯ᠎ᠤᠨ ᠬᠥᠭᠥᠷᠭᠡ᠂ ᠬᠢᠯᠢ ᠵᠢᠨ ᠪᠣᠭᠣᠮᠲᠠ᠎ᠪᠠᠨ ᠥᠭᠡᠷᠡᠴᠢᠯᠡᠨ ᠰᠠᠢ᠌ᠵᠢᠷᠠᠭᠤᠯᠬᠤ ᠵᠡᠷᠭᠡ ᠬᠣᠯᠪᠣᠯᠳᠤᠨ ᠨᠡᠪᠲᠡᠷᠡᠯᠴᠡᠬᠦ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠴᠡᠪᠡᠷ ᠡᠨᠧᠷᠭᠢ᠂ ᠴᠠᠬᠢᠯᠭ᠋ᠠᠨ ᠬᠥᠳᠡᠯᠭᠡᠭᠦᠷᠲᠦ ᠲᠡᠷᠭᠡ᠂ ᠵᠣᠬᠢᠶᠠᠮᠠᠯ ᠣᠶᠣᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ᠎ᠪᠠᠷ ᠮᠠᠨᠳᠤᠵᠤ ᠪᠠᠢ᠌ᠭ᠎ᠠ ᠬᠦᠷᠢᠶᠡᠨ᠎ᠳᠠᠬᠢ ᠬᠠᠮᠲᠤᠷᠠᠯᠴᠠᠭ᠋ᠠᠨ᠎ᠤ ᠬᠢᠯᠠᠰ ᠴᠡᠭ᠎ᠤᠳ᠎ᠢ ᠡᠭᠦᠳᠦᠨ᠎ᠡ᠃ ᠳᠤᠮᠳᠠᠳᠤ ᠵᠢᠨ ᠲᠠᠯ᠎ᠠ ᠳᠤᠷᠠᠲᠠᠶ᠎ᠠ ᠺᠢᠷᠬᠢᠽᠰᠲ᠋ᠠᠨ᠎ᠤ ᠲᠠᠯ᠎ᠠ ᠵᠢᠨ ᠨᠡᠩ ᠤᠯᠠᠨ ᠴᠢᠨᠠᠷ ᠰᠠᠢ᠌ᠲᠠᠢ ᠣᠨᠴᠠᠯᠢᠭᠲᠤ ᠲᠠᠸᠠᠷ᠎ᠢ ᠣᠷᠣᠭᠤᠯᠵᠤ᠂ ᠳᠤᠮᠳᠠᠳᠤ ᠤᠯᠤᠰ᠎ᠤᠨ ᠠᠵᠤ ᠠᠬᠤᠢ᠌ᠯᠠᠯ᠎ᠤᠨ ᠺᠢᠷᠬᠢᠽᠰᠲ᠋ᠠᠨ᠎ᠳᠤ ᠬᠦᠷᠴᠦ ᠪᠡᠯᠡ ᠣᠷᠣᠭᠤᠯᠤᠨ ᠠᠵᠤ ᠦᠢ᠍ᠯᠡᠰ ᠵᠶ᠋ᠡᠨ ᠬᠥᠭᠵᠢᠭᠦᠯᠬᠦ ᠵᠢ ᠵᠣᠷᠢᠭᠵᠢᠭᠤᠯᠤᠨ᠎ᠠ᠂ ᠺᠢᠷᠬᠢᠽᠰᠲ᠋ᠠᠨ᠎ᠤ ᠲᠠᠯ᠎ᠠ᠎ᠳᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ ᠵᠶ᠋ᠡᠨ ᠦᠷᠭᠦᠯᠵᠢᠯᠡᠨ ᠰᠠᠢ᠌ᠵᠢᠷᠠᠭᠤᠯᠬᠤ ᠵᠢ ᠬᠦᠰᠡᠨᠡᠮ᠃ ᠬᠣᠶᠠᠷ ᠲᠠᠯ᠎ᠠ᠎ᠪᠠᠷ ᠵᠶ᠋ᠠᠨ ᠳᠤᠮᠳᠠᠳᠤ ᠤᠯᠤᠰ᠎ᠤᠨ ᠰᠣᠶᠣᠯ᠎ᠤᠨ ᠲᠥᠪ᠂ ᠺᠦᠩᠽᠢ ᠳᠡᠭᠡᠳᠦ ᠰᠤᠷᠭ᠋ᠠᠭᠤᠯᠢ᠂ ᠯᠦ᠍᠎ᠪᠠᠨ ᠦᠢ᠍ᠯᠡᠳᠬᠡᠯ ᠵᠡᠷᠭᠡ ᠲᠠᠪᠴᠠᠩ᠎ᠢ ᠦᠷᠭᠦᠯᠵᠢᠯᠡᠨ ᠰᠠᠢ᠌ᠲᠤᠷ ᠪᠠᠢ᠌ᠭᠤᠯᠤᠨ ᠰᠠᠢ᠌ᠲᠤᠷ ᠬᠡᠷᠡᠭᠯᠡᠵᠦ᠂ ᠬᠥᠮᠥᠰ᠎ᠤᠨ ᠶᠠᠪᠤᠯᠴᠠᠭ᠎ᠠ᠎ᠳᠤ ᠤᠯᠠᠮ ᠲᠦᠬᠦᠮ ᠦᠵᠡᠭᠦᠯᠵᠦ᠂ ᠬᠣᠶᠠᠷ ᠤᠯᠤᠰ᠎ᠤᠨ ᠨᠥᠬᠥᠷᠯᠡᠯ᠎ᠢ ᠬᠥᠮᠥᠰ᠎ᠤᠨ ᠰᠡᠳᠬᠢᠯ᠎ᠳᠤ ᠬᠠᠳᠠᠩᠰᠢᠭᠤᠯᠬᠤ ᠬᠡᠷᠡᠭᠲᠡᠢ᠃ ᠳᠤᠮᠳᠠᠳᠤ ᠵᠢᠨ ᠲᠠᠯ᠎ᠠ ᠳᠤᠷᠠᠲᠠᠶ᠎ᠠ ᠺᠢᠷᠬᠢᠽᠰᠲ᠋ᠠᠨ᠎ᠤ ᠲᠠᠯ᠎ᠠ᠎ᠯᠤᠭ᠎ᠠ ᠤᠯᠠᠨ ᠲᠠᠯ᠎ᠠ ᠵᠢᠨ ᠬᠠᠮᠵᠢᠯᠴᠠᠭ᠎ᠠ᠎ᠪᠠᠨ ᠨᠢᠭᠲᠠᠷᠠᠭᠤᠯᠵᠤ᠂ ᠳᠤᠮᠳᠠᠳᠤ ᠤᠯᠤᠰ — ᠳᠤᠮᠳᠠ ᠠᠽᠢᠶ᠎ᠠ ᠵᠢᠨ ᠲᠣᠭᠲᠠᠴᠠ ᠵᠢ ᠲᠠᠰᠤᠷᠠᠯᠲᠠ ᠦᠭᠡᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠪᠦᠳᠦᠭᠦᠪᠴᠢ ᠲᠥᠰᠥᠪ᠎ᠲᠠᠬᠢ ᠬᠠᠮᠲᠤᠷᠠᠯᠴᠠᠭ᠎ᠠ᠎ᠳᠤ᠎ᠪᠠᠨ ᠨᠡᠩ ᠤᠯᠠᠨ ᠦᠷ᠎ᠡ ᠪᠦᠲᠦᠭᠡᠯ ᠣᠯᠬᠤ ᠵᠢ ᠠᠬᠢᠭᠤᠯᠵᠤ᠂ ᠭᠠᠭᠴᠠ ᠲᠠᠯᠠᠲᠤ ᠦᠵᠡᠯ ᠬᠠᠮᠠᠭ᠋ᠠᠯᠠᠬᠤ ᠦᠵᠡᠯ᠎ᠢ ᠬᠠᠮᠲᠤ᠎ᠪᠠᠷ ᠡᠰᠡᠷᠭᠦᠴᠡᠵᠦ᠂ ᠴᠢᠯᠦᠭᠡᠲᠦ ᠠᠷᠠᠯᠵᠢᠶ᠎ᠠ ᠪᠠ ᠪᠦᠬᠦ ᠪᠥᠮᠪᠥᠷᠴᠡᠭ᠎ᠤᠨ ᠦᠢ᠍ᠯᠡᠳᠪᠦᠷᠢᠯᠡᠯ ᠬᠠᠩᠭ᠋ᠠᠯᠭ᠎ᠠ ᠵᠢᠨ ᠬᠡᠯᠬᠢᠶᠡᠨ᠎ᠤ ᠲᠣᠭᠲᠠᠭᠤᠨ᠎ᠢ ᠡᠷᠡᠰ ᠬᠠᠮᠠᠭ᠋ᠠᠯᠠᠨ᠎ᠠ ᠭᠡᠵᠡᠢ᠃

   ᠺᠠᠰᠢᠮᠠᠯᠢᠶᠧᠸ ᠢᠯᠡᠷᠬᠡᠢ᠌ᠯᠡᠬᠦ᠎ᠳᠤ᠎ᠪᠠᠨ᠂ ᠬᠣᠶᠠᠷ ᠤᠯᠤᠰ᠎ᠤᠨ ᠲᠡᠷᠢᠭᠦᠨ ᠨᠠᠷ᠎ᠤᠨ ᠪᠠᠢ᠌ᠯᠳᠤᠬᠤ ᠪᠣᠳᠣᠯᠭ᠎ᠠ ᠵᠢᠨ ᠳᠠᠭ᠋ᠠᠭᠤᠯᠭ᠎ᠠ ᠳᠣᠣᠷ᠎ᠠ᠂ ᠺᠢᠷᠬᠢᠽᠰᠲ᠋ᠠᠨ ᠪᠠ ᠳᠤᠮᠳᠠᠳᠤ ᠵᠢᠨ ᠡᠶᠡᠯᠳᠡᠭ ᠬᠥᠷᠰᠢ ᠵᠢᠨ ᠬᠠᠷᠢᠴᠠᠭ᠎ᠠ ᠲᠡᠦᠬᠡ ᠵᠢᠨ ᠬᠠᠮᠤᠭ᠎ᠤᠨ ᠰᠠᠢ᠌ᠨ ᠴᠠᠭ ᠦᠶ᠎ᠡ᠎ᠳᠤ ᠣᠷᠣᠰᠢᠵᠤ ᠪᠤᠢ᠃ ᠬᠣᠶᠠᠷ ᠲᠠᠯ᠎ᠠ ᠵᠢᠨ ᠡᠯ᠎ᠡ ᠬᠦᠷᠢᠶᠡᠨ᠎ᠳᠠᠬᠢ ᠬᠠᠮᠲᠤᠷᠠᠯᠴᠠᠭ᠎ᠠ ᠡᠯᠪᠡᠭ ᠳᠡᠯᠪᠡᠭ ᠦᠷ᠎ᠡ ᠪᠦᠲᠦᠭᠡᠯ ᠣᠯᠵᠤ᠂ ᠳᠤᠮᠳᠠᠳᠤ ᠪᠠ ᠺᠢᠷᠬᠢᠽᠰᠲ᠋ᠠᠨ ᠦᠽᠪᠧᠺᠰᠲ᠋ᠠᠨ᠎ᠤ ᠲᠡᠮᠦᠷ ᠵᠠᠮ ᠵᠡᠷᠭᠡ ᠭᠣᠣᠯᠳᠠᠯᠭ᠎ᠠ ᠪᠣᠯᠬᠤ ᠬᠠᠮᠲᠤᠷᠠᠯᠴᠠᠭ᠋ᠠᠨ᠎ᠤ ᠲᠦᠷᠦᠯ ᠵᠦᠢ᠍ᠯ ᠦᠷᠭᠦᠯᠵᠢᠯᠡᠨ ᠠᠬᠢᠵᠤ ᠪᠣᠢ᠃ ᠺᠢᠷᠬᠢᠽᠰᠲ᠋ᠠᠠ᠎ᠤ ᠲᠠᠯ᠎ᠠ ᠳᠤᠮᠳᠠᠳᠤ ᠤᠯᠤᠰ᠎ᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢ ᠠᠬᠢᠭᠤᠯᠤᠭ᠋ᠠᠳ ᠣᠯᠣᠭᠰᠠᠨ ᠢᠯᠡᠳᠲᠡ ᠠᠮᠵᠢᠯᠲᠠ ᠪᠦᠲᠦᠮᠵᠢ ᠵᠢ ᠳᠡᠭᠡᠳᠦ ᠬᠡᠮᠵᠢᠶ᠎ᠡ᠎ᠪᠠᠷ ᠰᠠᠢ᠌ᠰᠢᠶᠠᠵᠤ ᠪᠠᠢ᠌ᠨ᠎ᠠ᠂ ᠺᠢᠷᠬᠢᠽᠰᠲ᠋ᠠᠠ ᠪᠠ ᠳᠤᠮᠳᠠᠳᠤ ᠵᠢᠨ ᠰᠢᠨ᠎ᠡ ᠴᠠᠭ ᠦᠶ᠎ᠡ᠎ᠳᠠᠬᠢ ᠪᠦᠬᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠴᠠᠭ᠎ᠠ᠎ᠪᠠᠨ ᠲᠤᠢ᠌ᠯ ᠵᠶ᠋ᠠᠷ ᠨᠠᠨᠳᠢᠩᠨᠠᠨ ᠦᠵᠡᠵᠦ᠂ ᠳᠤᠮᠳᠠᠳᠤ ᠤᠯᠤᠰ᠎ᠢ ᠬᠠᠮᠤᠭ᠎ᠤᠨ ᠴᠢᠬᠤᠯᠠ ᠠᠵᠤ ᠠᠬᠤᠢ ᠠᠷᠠᠯᠵᠢᠶᠠᠨ᠎ᠤ ᠬᠠᠨᠢᠲᠠᠨ ᠵᠶ᠋ᠠᠷ ᠦᠵᠡᠵᠦ ᠪᠣᠢ᠃ ᠺᠢᠷᠬᠢᠽᠰᠲ᠋ᠠᠨ᠎ᠤ ᠲᠠᠯ᠎ᠠ ᠨᠢᠭᠡ ᠯᠡ ᠳᠤᠮᠳᠠᠳᠤ ᠤᠯᠤᠰ ᠪᠠᠢ᠌ᠬᠤ ᠵᠠᠷᠴᠢᠮ᠎ᠢ ᠬᠢᠴᠢᠶᠡᠩᠭᠦᠢ᠌ᠯᠡᠨ ᠵᠢᠷᠤᠮᠯᠠᠵᠤ᠂ ᠲᠠᠢ᠌ᠸᠠᠨ᠂ ᠰᠢᠨᠵᠢᠶᠠᠩ᠎ᠳᠤ ᠬᠣᠯᠪᠣᠭᠳᠠᠬᠤ᠂ ᠲᠥᠪᠡᠳ᠎ᠲᠤ ᠬᠣᠯᠪᠣᠭᠳᠠᠬᠤ᠂ ᠰᠢᠶᠠᠩᠭ᠋ᠠᠩ᠎ᠳᠤ ᠬᠣᠯᠪᠣᠭᠳᠠᠬᠤ ᠠᠰᠠᠭᠤᠳᠠᠯ ᠳᠡᠭᠡᠷ᠎ᠡ ᠳᠤᠮᠳᠠᠳᠤ ᠵᠢᠨ ᠲᠠᠯ᠎ᠠ ᠵᠢᠨ ᠵᠣᠭᠰᠣᠯᠲᠠ ᠵᠢ ᠡᠷᠡᠰ ᠳᠡᠮᠵᠢᠵᠦ᠂ ᠲᠠᠢ᠌ᠸᠠᠨ᠎ᠤ ᠠᠰᠠᠭᠤᠳᠠᠯ ᠵᠶ᠋ᠠᠷ ᠳᠤᠮᠳᠠᠳᠤ ᠤᠯᠤᠰ᠎ᠤᠨ ᠳᠣᠲᠣᠭ᠋ᠠᠳᠤ ᠵᠠᠰᠠᠭ᠎ᠲᠤ ᠭᠠᠷ ᠲᠦᠷᠦᠭᠦ ᠡᠯᠳᠡᠪ ᠠᠵᠢᠯᠯᠠᠭ᠋ᠠᠨ᠎ᠢ ᠡᠰᠡᠷᠭᠦᠴᠡᠵᠦ᠂ ᠶᠠᠮᠠᠷᠪᠠ ᠬᠡᠯᠪᠡᠷᠢ ᠵᠢᠨ 《ᠲᠠᠢ᠌ᠸᠠᠨ᠎ᠢ ᠲᠤᠰᠠᠭ᠋ᠠᠷ ᠲᠣᠭᠲᠠᠨᠢᠭᠤᠯᠬᠤ》 ᠵᠢ ᠡᠰᠡᠷᠭᠦᠴᠡᠨ᠎ᠡ᠃ ᠺᠢᠷᠬᠢᠽᠰᠲ᠋ᠠᠠ᠎ᠤ ᠲᠠᠯ᠎ᠠ ᠲᠡᠷᠢᠭᠦᠯᠡᠭᠴᠢ ᠰᠢ ᠵᠢᠨ ᠫᠢᠩ᠎ᠤᠨ ᠳᠤᠷᠠᠳᠤᠭᠰᠠᠨ ᠪᠦᠬᠦ ᠪᠥᠮᠪᠥᠷᠴᠡᠭ᠎ᠤᠨ ᠭᠤᠷᠪᠠᠨ ᠶᠡᠬᠡ ᠰᠠᠨᠠᠭ᠋ᠠᠴᠢᠯᠠᠭ᠎ᠠ ᠵᠢ ᠳᠡᠮᠵᠢᠵᠦ᠂ ᠳᠤᠷᠠᠲᠠᠶ᠎ᠠ ᠳᠤᠮᠳᠠᠳᠤ ᠵᠢᠨ ᠲᠠᠯ᠎ᠠ᠎ᠯᠤᠭ᠎ᠠ ᠠᠷᠠᠯᠵᠢᠶ᠎ᠠ᠂ ᠪᠡᠯᠡ ᠣᠷᠣᠭᠤᠯᠤᠯᠲᠠ᠂ ᠮᠥᠩᠭᠥᠨ ᠭᠦᠢ᠍ᠯᠭᠡᠭᠡ᠂ ᠬᠣᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ᠎ᠳᠠᠬᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠵᠦ᠂ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ᠂ ᠳᠤᠮᠳᠠᠳᠤ ᠤᠯᠤᠰ — ᠳᠤᠮᠳᠠ ᠠᠽᠢᠶ᠎ᠠ ᠵᠢᠨ ᠲᠣᠭᠲᠠᠴᠠ᠎ᠳᠤ ᠵᠣᠬᠢᠴᠠᠭᠤᠯᠤᠨ ᠬᠠᠮᠵᠢᠯᠴᠠᠬᠤ᠎ᠪᠠᠨ ᠴᠢᠩᠭ᠋ᠠᠳᠬᠠᠵᠤ᠂ ᠭᠠᠭᠴᠠ ᠲᠠᠯᠠᠲᠤ ᠦᠵᠡᠯ ᠪᠠ ᠬᠠᠮᠠᠭ᠋ᠠᠯᠠᠬᠤ ᠦᠵᠡᠯ ᠵᠢ ᠡᠰᠡᠷᠭᠦᠴᠡᠵᠦ᠂ ᠬᠣᠶᠠᠷ ᠤᠯᠤᠰ᠎ᠤᠨ ᠬᠠᠷᠢᠴᠠᠭ᠋ᠠᠨ᠎ᠤ ᠲᠠᠰᠤᠷᠠᠯᠲᠠ ᠦᠭᠡᠢ ᠨᠡᠩ ᠥᠨᠳᠥᠷ ᠲᠦᠪᠰᠢᠨ᠎ᠳᠤ ᠬᠦᠷᠬᠦ ᠵᠢ ᠠᠬᠢᠭᠤᠯᠤᠨ᠎ᠠ ᠭᠡᠵᠡᠢ᠃

   ᠴᠧᠨ ᠮᠢᠨ ᠡᠯ᠂ ᠦ᠋ ᠵᠧᠩ ᠯᠦᠩ ᠠᠭᠤᠯᠵᠠᠯᠲᠠ᠎ᠳᠤ ᠣᠷᠣᠯᠴᠠᠪᠠ᠃

ᠢᠷᠡᠯᠲᠡ᠄ ᠰᠢᠨᠬᠤᠸᠠ ᠬᠣᠷᠢᠶ᠎ᠠ