6 ᠳ᠋ᠤᠭ᠋ᠠᠷ ᠰᠠᠷ᠎ᠠ ᠵᠢᠨ 25᠎ᠤ ᠡᠳᠦᠷ᠎ᠤᠨ ᠦᠳᠡ ᠵᠢᠨ ᠡᠮᠦᠨ᠎ᠡ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ ᠲᠢᠶᠠᠨᠵᠢᠨ᠎ᠳᠤ 2025 ᠣᠨ᠎ᠤ ᠵᠤᠨ᠎ᠤ ᠤᠯᠠᠷᠢᠯ᠎ᠤᠨ ᠳᠡᠯᠡᠬᠡᠢ ᠵᠢᠨ ᠠᠵᠤ ᠠᠬᠤᠢ ᠵᠢᠨ ᠶᠠᠷᠢᠯᠴᠠᠭ᠋ᠠᠨ᠎ᠤ ᠲᠠᠪᠴᠠᠩ᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ
ᠰᠢᠨᠬᠤᠸᠠ ᠬᠣᠷᠢᠶᠠᠨ᠎ᠤ ᠲᠢᠶᠠᠨᠵᠢᠨ᠎ᠤ 6 ᠳ᠋ᠤᠭ᠋ᠠᠷ ᠰᠠᠷ᠎ᠠ ᠵᠢᠨ 25᠎ᠤ ᠡᠳᠦᠷ᠎ᠤᠨ ᠴᠠᠬᠢᠯᠭ᠋ᠠᠨ ᠮᠡᠳᠡᠭᠡ 6 ᠳ᠋ᠤᠭ᠋ᠠᠷ ᠰᠠᠷ᠎ᠠ ᠵᠢᠨ 25᠎ᠤ ᠡᠳᠦᠷ᠎ᠤᠨ ᠦᠳᠡ ᠵᠢᠨ ᠡᠮᠦᠨ᠎ᠡ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ ᠲᠢᠶᠠᠨᠵᠢᠨ᠎ᠳᠤ 2025 ᠣᠨ᠎ᠤ ᠵᠤᠨ᠎ᠤ ᠤᠯᠠᠷᠢᠯ᠎ᠤᠨ ᠳᠡᠯᠡᠬᠡᠢ ᠵᠢᠨ ᠠᠵᠤ ᠠᠬᠤᠢ ᠵᠢᠨ ᠶᠠᠷᠢᠯᠴᠠᠭ᠋ᠠᠨ᠎ᠤ ᠲᠠᠪᠴᠠᠩ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠡᠺᠦ᠋ᠸᠠᠳᠣᠷ᠎ᠤᠨ ᠶᠡᠷᠦᠩᠬᠡᠢ᠌ᠯᠡᠭᠴᠢ ᠨᠣᠪᠣᠸᠠ᠂ ᠰᠢᠩᠭ᠋ᠠᠫᠤᠷ᠎ᠤᠨ ᠶᠡᠷᠦᠩᠬᠡᠢ ᠰᠠᠢ᠌ᠳ ᠬᠤᠸᠠᠩ ᠰᠢᠶᠦ᠋ᠨ ᠼᠠᠢ᠂ ᠺᠢᠷᠬᠢᠽᠰᠲ᠋ᠠᠨ᠎ᠤ ᠶᠡᠷᠦᠩᠬᠡᠢ ᠰᠠᠢ᠌ᠳ ᠺᠠᠰᠢᠮᠠᠯᠢᠶᠧᠸ᠂ ᠰᠧᠨᠧᠭ᠋ᠠᠯᠤᠨ ᠶᠡᠷᠦᠩᠬᠡᠢ ᠰᠠᠢ᠌ᠳ ᠰᠣᠩᠺᠣ᠂ ᠸᠢᠶᠧᠲᠨᠠᠮ᠎ᠤᠨ ᠶᠡᠷᠦᠩᠬᠡᠢ ᠰᠠᠢ᠌ᠳ ᠹᠠᠨ ᠮᠢᠩ ᠵᠧᠩ ᠵᠢᠴᠢ 90 ᠭᠠᠷᠤᠢ ᠤᠯᠤᠰ ᠪᠠ ᠭᠠᠵᠠᠷ ᠣᠷᠣᠨ᠎ᠠᠴᠠ ᠢᠷᠡᠭᠰᠡᠨ ᠡᠯ᠎ᠡ ᠡᠲᠡᠭᠡᠳ᠎ᠤᠨ 1700 ᠭᠠᠷᠤᠢ ᠲᠥᠯᠥᠭᠡᠯᠡᠭᠴᠢᠳ ᠣᠷᠣᠯᠴᠠᠪᠠ᠃
ᠯᠢ ᠴᠢᠶᠠᠩ ᠢᠯᠡᠷᠬᠡᠢ᠌ᠯᠡᠬᠦ᠎ᠳᠤ᠎ᠪᠠᠨ᠂ ᠣᠳᠣᠬᠠᠨ᠎ᠤ ᠣᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠲᠥᠯᠥᠪ ᠪᠠᠢ᠌ᠳᠠᠯ᠎ᠳᠤ ᠶᠠᠭ ᠭᠦᠨᠵᠡᠭᠡᠢ ᠬᠤᠪᠢᠷᠠᠯᠲᠠ ᠭᠠᠷᠴᠤ ᠪᠠᠢ᠌ᠨ᠎ᠠ᠃ ᠠᠵᠤ ᠠᠬᠤᠢ ᠠᠷᠠᠯᠵᠢᠶᠠᠨ᠎ᠤ ᠲᠣᠭᠲᠠᠯᠴᠠᠭ᠎ᠠ ᠤᠯᠠᠮ ᠵᠶ᠋ᠠᠷ ᠤᠯᠠᠨ ᠡᠰᠢᠵᠢᠬᠦ ᠲᠡᠢ᠌ᠰᠢ ᠬᠠᠨᠳᠤᠵᠤ᠂ ᠪᠦᠬᠦ ᠪᠥᠮᠪᠥᠷᠴᠡᠭ᠎ᠤᠨ ᠬᠥᠭᠵᠢᠵᠦ ᠪᠠᠢ᠌ᠭ᠎ᠠ ᠤᠯᠤᠰ᠎ᠤᠳ᠎ᠤᠨ ᠬᠦᠴᠦᠨ ᠲᠦᠷᠭᠡᠨ ᠳᠡᠭᠵᠢᠷᠡᠵᠦ ᠪᠣᠢ; ᠤᠯᠠᠮᠵᠢᠯᠠᠯᠲᠤ ᠠᠷᠠᠯᠵᠢᠶᠠᠨ᠎ᠤ ᠨᠡᠮᠡᠭᠳᠡᠯ ᠤᠳᠠᠭ᠋ᠠᠰᠢᠷᠠᠵᠤ᠂ ᠰᠢᠨ᠎ᠡ᠎ᠪᠠᠷ ᠮᠠᠨᠳᠤᠵᠤ ᠪᠠᠢ᠌ᠭ᠎ᠠ ᠠᠷᠠᠯᠵᠢᠶ᠎ᠠ ᠰᠥᠷᠭᠡᠦ ᠨᠡᠮᠡᠭᠳᠡᠯ᠎ᠲᠠᠢ ᠪᠣᠯᠪᠠ; ᠪᠦᠬᠦ ᠪᠥᠮᠪᠥᠷᠴᠡᠭ᠎ᠤᠨ ᠴᠢᠨᠠᠷᠲᠠᠢ ᠲᠣᠭᠲᠠᠴᠠ ᠳᠠᠭ᠋ᠠᠷᠢᠯᠲᠠ᠎ᠳᠤ ᠤᠴᠠᠷᠠᠵᠤ᠂ ᠣᠷᠣᠨ ᠪᠦᠰᠡ ᠵᠢᠨ ᠬᠠᠮᠵᠢᠯᠴᠠᠭ᠎ᠠ ᠡᠳᠦᠷ ᠢᠷᠡᠬᠦᠶ᠎ᠡ ᠨᠡᠮᠡᠭᠳᠡᠵᠦ ᠪᠣᠢ; ᠬᠢᠯᠢ ᠠᠯᠤᠰᠯᠠᠭᠰᠠᠨ ᠪᠡᠯᠡ ᠣᠷᠣᠭᠤᠯᠤᠯᠲᠠ ᠵᠢᠨ ᠬᠡᠯᠪᠡᠯᠵᠡᠨ ᠪᠠᠭᠤᠷᠠᠵᠤ᠂ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠬᠡᠯᠬᠢᠶ᠎ᠡ ᠵᠢᠨ ᠬᠡᠮᠬᠡᠷᠡᠬᠦ ᠲᠦᠭᠰᠢᠭᠦᠷᠢ ᠳᠡᠭᠡᠭᠰᠢᠯᠡᠵᠦ ᠪᠣᠢ᠃ ᠪᠢᠳᠡ ᠵᠥᠪ ᠵᠠᠮ ᠪᠠ ᠶᠡᠬᠡ ᠬᠠᠨᠳᠤᠰᠢ ᠵᠢ ᠲᠠᠭ᠋ᠠᠵᠤ᠂ ᠤᠶᠤᠨ ᠤᠬᠠᠭ᠋ᠠᠨ ᠭᠠᠷᠭ᠋ᠠᠬᠤ ᠪᠥᠭᠡᠳ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠣᠪᠣᠷ ᠪᠠ ᠪᠦᠲᠦᠭᠡᠯᠴᠢ ᠴᠢᠨᠠᠷᠲᠠᠢ ᠠᠵᠢᠯᠯᠠᠭ᠎ᠠ ᠠᠪᠴᠤ᠂ ᠲᠦᠭᠡᠮᠡᠯ ᠬᠦᠷᠲᠡᠭᠡᠮᠵᠢᠲᠡᠢ ᠪᠥᠭᠡᠳ ᠪᠠᠭᠲᠠᠭ᠋ᠠᠮᠵᠢᠲᠠᠢ ᠠᠵᠤ ᠠᠬᠤᠢ ᠵᠢᠨ ᠳᠡᠯᠡᠬᠡᠢ᠌ᠵᠢᠯᠲᠡ ᠵᠢ ᠡᠷᠡᠰ ᠭᠤᠢ᠌ᠪᠢᠰᠢ ᠦᠭᠡᠢ ᠪᠠᠷᠢᠮᠲᠠᠯᠠᠵᠤ᠂ ᠴᠢᠯᠦᠭᠡᠲᠦ ᠠᠷᠠᠯᠵᠢᠶ᠎ᠠ ᠪᠠ ᠤᠯᠠᠨ ᠲᠠᠯᠠᠲᠤ ᠦᠵᠡᠯ᠎ᠢ ᠬᠠᠮᠠᠭ᠋ᠠᠯᠠᠵᠤ᠂ ᠳᠡᠯᠡᠬᠡᠢ ᠵᠢᠨ ᠠᠵᠤ ᠠᠬᠤᠢ ᠵᠢᠨ ᠲᠣᠭᠲᠠᠭᠤᠨ ᠬᠥᠭᠵᠢᠯᠲᠡ ᠵᠢ ᠠᠬᠢᠭᠤᠯᠬᠤ ᠬᠡᠷᠡᠭᠲᠡᠢ᠃ ᠨᠢᠭᠡ᠎ᠳᠤ ᠡᠷᠬᠡ ᠲᠡᠭᠰᠢ ᠵᠥᠪᠳᠡᠯᠴᠡᠬᠦ᠎ᠪᠠᠷ ᠵᠥᠷᠢᠴᠡᠯ ᠵᠥᠷᠢᠯᠳᠦᠭᠡᠨ᠎ᠢ ᠰᠢᠢ᠍ᠳᠪᠦᠷᠢᠯᠡᠨ᠎ᠡ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠵᠢᠨ ᠡᠯ᠎ᠡ ᠤᠯᠤᠰ᠎ᠯᠤᠭ᠎ᠠ ᠦᠷᠭᠦᠯᠵᠢᠯᠡᠨ ᠴᠢᠷᠮᠠᠢ᠌ᠵᠤ᠂ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠵᠢᠨ ᠢᠲᠡᠭᠡᠯᠴᠡᠭᠡ ᠵᠢᠨ ᠰᠠᠭᠤᠷᠢ ᠵᠢ ᠪᠠᠲᠤᠳᠬᠠᠨ᠎ᠠ᠃ ᠬᠣᠶᠠᠷ᠎ᠲᠤ ᠬᠠᠷᠢᠯᠴᠠᠨ ᠠᠰᠢᠭ ᠬᠦᠷᠲᠡᠭᠡᠵᠦ ᠬᠠᠮᠲᠤᠷᠠᠨ ᠠᠵᠢᠯᠯᠠᠬᠤ ᠶᠠᠪᠤᠴᠠ᠎ᠳᠤ ᠬᠠᠮᠲᠤ ᠵᠢᠨ ᠠᠰᠢᠭ ᠲᠤᠰᠠ᠎ᠪᠠᠨ ᠬᠠᠮᠠᠭ᠋ᠠᠯᠠᠨ᠎ᠠ᠃ ᠳᠤᠮᠳᠠᠳᠤ ᠤᠯᠤᠰ ᠦᠷᠭᠦᠯᠵᠢᠯᠡᠨ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ᠂ BRICS᠂ ᠬᠣᠷᠢᠨ ᠤᠯᠤᠰ᠎ᠤᠨ ᠪᠦᠯᠦᠭᠯᠡᠯ ᠵᠡᠷᠭᠡ ᠤᠯᠠᠨ ᠲᠠᠯ᠎ᠠ ᠵᠢᠨ ᠬᠠᠮᠲᠤᠷᠠᠯᠴᠠᠭ᠎ᠠ᠎ᠳᠤ ᠢᠳᠡᠪᠬᠢᠲᠡᠢ ᠣᠷᠣᠯᠴᠠᠵᠤ᠂ 《ᠨᠢᠭᠡ ᠪᠦᠰᠡ ᠨᠢᠭᠡ ᠵᠠᠮ》᠎ᠢ ᠴᠢᠨᠠᠷ ᠰᠠᠢ᠌ᠲᠠᠢ ᠬᠠᠮᠲᠤ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠤᠨ᠎ᠠ᠃ ᠭᠤᠷᠪᠠ᠎ᠳᠤ ᠨᠡᠮᠡᠭᠳᠡᠯ᠎ᠤᠨ ᠬᠡᠮᠵᠢᠶ᠎ᠡ ᠵᠢ ᠥᠷᠭᠡᠳᠬᠡᠬᠦ ᠶᠠᠪᠤᠴᠠ᠎ᠳᠤ ᠬᠠᠷᠢᠯᠴᠠᠨ ᠠᠮᠵᠢᠯᠲᠠ ᠪᠦᠲᠦᠮᠵᠢ ᠣᠯᠬᠤ ᠵᠢ ᠪᠡᠶᠡᠯᠡᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ᠎ᠯᠤᠭ᠎ᠠ ᠵᠢᠨ ᠠᠵᠤ ᠦᠢ᠍ᠯᠡᠰ᠎ᠤᠨ ᠬᠠᠮᠵᠢᠯᠴᠠᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠬᠠᠮᠲᠤᠷᠠᠯᠴᠠᠭ᠎ᠠ ᠵᠢᠨ ᠲᠥᠷᠥᠯ ᠵᠦᠢ᠍ᠯ ᠵᠶ᠋ᠡᠨ ᠨᠡᠮᠡᠭᠳᠡᠭᠦᠯᠦᠨ ᠶᠡᠬᠡᠰᠬᠡᠵᠦ᠂ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠨ᠎ᠡ ᠭᠡᠵᠡᠢ᠃
ᠯᠢ ᠴᠢᠶᠠᠩ ᠢᠯᠡᠷᠬᠡᠢ᠌ᠯᠡᠬᠦ᠎ᠳᠤ᠎ᠪᠠᠨ᠂ ᠳᠤᠮᠳᠠᠳᠤ ᠤᠯᠤᠰ ᠦᠷᠭᠦᠯᠵᠢᠯᠡᠨ ᠪᠦᠬᠦ ᠪᠥᠮᠪᠥᠷᠴᠡᠭ᠎ᠤᠨ ᠵᠠᠬ᠎ᠠ ᠳᠡᠯᠭᠡᠭᠦᠷ᠎ᠲᠤ ᠢᠳᠡᠪᠬᠢᠲᠡᠢ ᠠᠭᠤᠰᠤᠨ ᠣᠷᠣᠵᠤ᠂ ᠳᠡᠯᠡᠬᠡᠢ ᠵᠢᠨ ᠠᠵᠤ ᠠᠬᠤᠢ ᠵᠢᠨ ᠬᠡᠷᠡᠭᠴᠡᠭᠡ᠎ᠳᠤ ᠳᠤᠮᠳᠠᠳᠤ ᠤᠯᠤᠰ᠎ᠤᠨ ᠠᠵᠤ ᠠᠬᠤᠢ ᠵᠢᠨ ᠬᠦᠴᠦᠨ ᠴᠢᠳᠠᠯ ᠵᠶ᠋ᠠᠨ ᠨᠡᠮᠡᠷᠢᠯᠡᠨ᠎ᠡ᠃ ᠤᠯᠠᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠠᠵᠤ ᠠᠬᠤᠢ᠎ᠨᠢ ᠳᠡᠯᠡᠬᠡᠢ ᠵᠢᠨ ᠠᠵᠤ ᠠᠬᠤᠢ ᠵᠢᠨ ᠨᠡᠮᠡᠭᠳᠡᠯ᠎ᠤᠨ ᠴᠢᠬᠤᠯᠠ ᠬᠥᠳᠡᠯᠭᠡᠭᠦᠷ ᠪᠣᠯᠵᠤ ᠪᠠᠢ᠌ᠳᠠᠭ᠎ᠤᠨ ᠤᠴᠢᠷ ᠭᠡᠪᠡᠯ ᠲᠤᠰ ᠪᠡᠶ᠎ᠡ ᠵᠢᠨ ᠲᠣᠭᠲᠠᠭᠤᠨ ᠴᠢᠨᠠᠷ ᠪᠠ ᠥᠨᠳᠥᠷ ᠥᠰᠦᠯᠲᠡ᠎ᠲᠦ ᠴᠢᠨᠠᠷᠲᠠᠢ ᠪᠠᠢ᠌ᠳᠠᠭ ᠪᠠᠢ᠌ᠬᠤ᠎ᠪᠠᠷ ᠪᠠᠷᠠᠬᠤ ᠦᠭᠡᠢ ᠪᠠᠰᠠ ᠳᠤᠮᠳᠠᠳᠤ ᠤᠯᠤᠰ᠎ᠤᠨ ᠠᠵᠤ ᠠᠬᠤᠢ ᠵᠢᠨ ᠨᠡᠭᠡᠭᠡᠯᠲᠡᠲᠤ ᠴᠢᠨᠠᠷ ᠪᠠ ᠳᠡᠯᠡᠬᠡᠢ ᠵᠢᠨ ᠠᠵᠤ ᠠᠬᠤᠢ᠎ᠯᠤᠭ᠎ᠠ ᠵᠢᠨ ᠬᠣᠯᠪᠣᠭ᠋ᠠᠯᠠᠨ ᠬᠥᠳᠡᠯᠦᠯᠴᠡᠬᠦ ᠴᠢᠨᠠᠷ ᠪᠠᠢ᠌ᠳᠠᠭ ᠪᠠᠢ᠌ᠭ᠎ᠠ ᠶᠤᠮ᠃ ᠳᠤᠮᠳᠠᠳᠤ ᠤᠯᠤᠰ᠎ᠤᠨ ᠠᠵᠤ ᠠᠬᠤᠢ ᠦᠷᠭᠦᠯᠵᠢᠯᠡᠨ ᠲᠣᠭᠲᠠᠭᠤᠨ ᠵᠶ᠋ᠠᠷ ᠨᠡᠮᠡᠭᠳᠡᠵᠦ᠂ ᠳᠡᠯᠡᠬᠡᠢ ᠵᠢᠨ ᠠᠵᠤ ᠠᠬᠤᠢ ᠵᠢᠨ ᠰᠡᠷᠭᠦᠯᠲᠡ ᠵᠢ ᠲᠦᠷᠭᠡᠳᠬᠡᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠪᠣᠯᠣᠨ᠎ᠠ᠃ ᠳᠤᠮᠳᠠᠳᠤ ᠤᠯᠤᠰ᠎ᠤᠨ ᠵᠠᠬ᠎ᠠ ᠳᠡᠯᠭᠡᠭᠦᠷ ᠦᠷᠭᠦᠯᠵᠢᠯᠡᠨ ᠪᠠᠭᠲᠠᠭ᠋ᠠᠮᠵᠢ᠎ᠪᠠᠨ ᠥᠷᠭᠡᠳᠬᠡᠨ ᠴᠢᠨᠠᠷ ᠵᠶ᠋ᠠᠨ ᠳᠡᠭᠡᠭᠰᠢᠯᠡᠭᠦᠯᠵᠦ᠂ ᠳᠡᠯᠡᠬᠡᠢ ᠵᠢᠨ ᠠᠵᠤ ᠠᠬᠤᠢ ᠠᠷᠠᠯᠵᠢᠶᠠᠨ᠎ᠤ ᠤᠷᠤᠭᠤᠳᠠᠯᠢ ᠬᠤᠪᠢᠷᠠᠭᠤᠯᠬᠤ᠎ᠳᠤ ᠨᠡᠮᠡᠭᠳᠡᠯ᠎ᠤᠨ ᠣᠷᠣᠨ ᠵᠠᠢ ᠡᠭᠦᠳᠴᠦ ᠥᠭᠭᠦᠨ᠎ᠡ᠃ ᠳᠤᠮᠳᠠᠳᠤ ᠤᠯᠤᠰ᠎ᠤᠨ ᠰᠢᠨ᠎ᠡ ᠡᠭᠦᠳᠦᠯᠲᠡ ᠦᠷᠭᠦᠯᠵᠢᠯᠡᠨ ᠰᠢᠪᠲᠤᠯᠤᠯᠲᠠ᠎ᠲᠠᠢ ᠪᠣᠯᠵᠤ᠂ ᠪᠦᠬᠦ ᠪᠥᠮᠪᠥᠷᠴᠡᠭ᠎ᠤᠨ ᠬᠥᠭᠵᠢᠯᠲᠡ᠎ᠳᠠᠬᠢ ᠬᠥᠳᠡᠯᠭᠡᠭᠴᠢ ᠬᠦᠴᠦᠨ ᠬᠦᠷᠦᠯᠴᠡᠬᠦ ᠦᠭᠡᠢ ᠪᠠᠢ᠌ᠳᠠᠯ᠎ᠠᠴᠠ᠎ᠨᠢ ᠠᠩᠭᠢᠵᠢᠷᠠᠭᠤᠯᠬᠤ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠨ᠎ᠡ ᠭᠡᠵᠡᠢ᠃
ᠯᠢ ᠴᠢᠶᠠᠩ ᠴᠢᠬᠤᠯᠠᠴᠢᠯᠠᠬᠤ᠎ᠳᠤ᠎ᠪᠠᠨ᠂ ᠲᠤᠰ ᠤᠳᠠᠭ᠎ᠠ ᠵᠢᠨ ᠶᠠᠷᠢᠯᠴᠠᠭ᠋ᠠᠨ᠎ᠤ ᠲᠠᠪᠴᠠᠩ᠎ᠳᠤ᠎ᠪᠠᠨ 《ᠰᠢᠨ᠎ᠡ ᠴᠠᠭ ᠦᠶ᠎ᠡ ᠵᠢᠨ ᠠᠵᠤ ᠠᠬᠤᠢ᠌ᠯᠠᠯᠲᠠᠨ᠎ᠤ ᠵᠣᠷᠢᠭ ᠰᠠᠨᠠᠭ᠎ᠠ》᠎ᠪᠠᠷ ᠭᠣᠣᠯ ᠰᠡᠳᠦᠪ ᠪᠣᠯᠭ᠋ᠠᠭᠰᠠᠨ᠎ᠨᠢ ᠴᠢᠬᠤᠯᠠ ᠪᠣᠳᠠᠲᠤ ᠠᠴᠢ ᠬᠣᠯᠪᠣᠭᠳᠠᠯ᠎ᠲᠠᠢ ᠶᠤᠮ᠃ ᠰᠢᠨ᠎ᠡ ᠴᠠᠭ ᠦᠶ᠎ᠡ᠎ᠳᠤ ᠠᠵᠤ ᠠᠬᠤᠢ᠌ᠯᠠᠯᠲᠠᠳᠤᠨ ᠨᠡᠩ ᠶᠡᠬᠡ ᠦᠢ᠍ᠯᠡᠳᠦᠯ ᠵᠶ᠋ᠡᠨ ᠪᠠᠳᠠᠷᠠᠭᠤᠯᠵᠤ᠂ ᠨᠡᠩ ᠶᠡᠬᠡ ᠵᠢᠳᠬᠦᠯ ᠴᠢᠷᠮᠠᠢ᠌ᠯᠭ᠎ᠠ ᠭᠠᠷᠭ᠋ᠠᠬᠤ ᠵᠢ ᠱᠠᠭ᠋ᠠᠷᠳᠠᠵᠤ ᠪᠠᠢ᠌ᠨ᠎ᠠ᠃ ᠤᠯᠠᠨ ᠵᠶ᠋ᠠᠷ ᠵᠶ᠋ᠠᠨ ᠶᠡᠬᠡ ᠶᠣᠰᠣᠨ᠎ᠤ ᠦᠢ᠍ᠯᠡᠰ᠎ᠢ ᠦᠢ᠍ᠯᠡᠳᠴᠦ᠂ ᠡᠭᠦᠳᠦᠨ ᠨᠡᠭᠡᠭᠡᠬᠦ ᠠᠵᠢᠯ᠎ᠢ ᠬᠢᠵᠦ᠂ ᠬᠠᠮᠲᠤ᠎ᠳᠤ᠎ᠪᠠᠨ ᠠᠰᠢᠭ ᠬᠦᠷᠲᠡᠬᠦ᠎ᠪᠠᠷ ᠴᠢᠷᠮᠠᠢ᠌ᠬᠤ ᠵᠢ ᠬᠦᠰᠡᠵᠦ ᠪᠠᠢ᠌ᠨ᠎ᠠ᠃ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠢ᠌ᠵᠢᠭᠰᠡᠨ ᠲᠡᠷᠢᠭᠦᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠦᠷᠭᠦᠯᠵᠢᠯᠡᠨ ᠪᠤᠢ ᠪᠣᠯᠭ᠋ᠠᠨ᠎ᠠ᠂ ᠲᠡᠭᠡᠬᠦ ᠮᠥᠷᠲᠡᠭᠡᠨ ᠡᠯ᠎ᠡ ᠤᠯᠤᠰ᠎ᠤᠨ ᠠᠵᠤ ᠠᠬᠤᠢ᠌ᠯᠠᠯ᠎ᠤᠨ ᠳᠤᠮᠳᠠᠳᠤ ᠤᠯᠤᠰ᠎ᠲᠤ ᠪᠡᠯᠡ ᠣᠷᠣᠭᠤᠯᠬᠤ᠂ ᠳᠤᠮᠳᠠᠳᠤ ᠤᠯᠤᠰ᠎ᠲᠤ ᠭᠦᠨᠵᠡᠭᠡᠢ᠌ᠷᠡᠬᠦ᠂ ᠳᠤᠮᠳᠠᠳᠤ ᠤᠯᠤᠰ᠎ᠯᠤᠭ᠎ᠠ ᠬᠠᠮᠲᠤ᠎ᠪᠠᠷ ᠬᠥᠭᠵᠢᠬᠦ᠂ ᠨᠡᠩ ᠰᠠᠢ᠌ᠨ ᠰᠠᠢ᠌ᠬᠠᠨ ᠢᠷᠡᠭᠡᠳᠦᠢ ᠵᠢ ᠬᠠᠮᠲᠤ᠎ᠪᠠᠷ ᠴᠣᠭᠴᠠᠯᠠᠬᠤ ᠵᠢ ᠦᠨᠡᠨᠴᠢ ᠠᠭᠤᠳᠠᠮᠴᠢ ᠰᠡᠳᠬᠢᠯᠭᠡ᠎ᠪᠠᠷ ᠪᠠᠶᠠᠷᠯᠠᠨ ᠤᠭᠲᠤᠵᠤ ᠪᠠᠢ᠌ᠨ᠎ᠠ ᠭᠡᠵᠡᠢ᠃
ᠴᠧᠨ ᠮᠢᠨ ᠡᠯ᠂ ᠦ᠋ ᠵᠧᠩ ᠯᠦᠩ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃