6 ᠳ᠋ᠤᠭ᠋ᠠᠷ ᠰᠠᠷ᠎ᠠ ᠵᠢᠨ 25᠎ᠤ ᠡᠳᠦᠷ᠎ᠤᠨ ᠦᠳᠡ ᠵᠢᠨ ᠬᠣᠢ᠌ᠨ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ ᠲᠢᠶᠠᠨᠵᠢᠨ᠎ᠳᠤ 2025 ᠣᠨ᠎ᠤ ᠵᠤᠨ᠎ᠤ ᠤᠯᠠᠷᠢᠯ᠎ᠤᠨ ᠳᠡᠯᠡᠬᠡᠢ ᠵᠢᠨ ᠠᠵᠤ ᠠᠬᠤᠢ ᠵᠢᠨ ᠶᠠᠷᠢᠯᠴᠠᠭ᠋ᠠᠨ᠎ᠤ ᠲᠠᠪᠴᠠᠩ᠎ᠤᠨ ᠦᠢ᠍ᠯᠡᠳᠪᠦᠷᠢ ᠬᠤᠳᠠᠯᠳᠤᠭ᠋ᠠᠨ᠎ᠤ ᠡᠲᠡᠭᠡᠳ᠎ᠤᠨ ᠲᠥᠯᠥᠭᠡᠯᠡᠭᠴᠢᠳ᠎ᠤᠨ ᠰᠠᠭᠤᠳᠠᠯ᠎ᠤᠨ ᠬᠤᠷᠠᠯ᠎ᠳᠤ ᠣᠷᠣᠯᠴᠠᠪᠠ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠸᠠᠩ ᠶᠧ ᠰᠡᠭᠦᠳᠡᠷᠯᠡᠪᠡ
ᠰᠢᠨᠬᠤᠸᠠ ᠬᠣᠷᠢᠶᠠᠨ᠎ᠤ ᠲᠢᠶᠠᠨᠵᠢᠨ᠎ᠤ 6 ᠳ᠋ᠤᠭ᠋ᠠᠷ ᠰᠠᠷ᠎ᠠ ᠵᠢᠨ 25᠎ᠤ ᠡᠳᠦᠷ᠎ᠤᠨ ᠴᠠᠬᠢᠯᠭ᠋ᠠᠨ ᠮᠡᠳᠡᠭᠡ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 6 ᠳ᠋ᠤᠭ᠋ᠠᠷ ᠰᠠᠷ᠎ᠠ ᠵᠢᠨ 25᠎ᠤ ᠡᠳᠦᠷ᠎ᠤᠨ ᠦᠳᠡ ᠵᠢᠨ ᠬᠣᠢ᠌ᠨ᠎ᠠ ᠲᠢᠶᠠᠨᠵᠢᠨ᠎ᠳᠤ 2025 ᠣᠨ᠎ᠤ ᠵᠤᠨ᠎ᠤ ᠤᠯᠠᠷᠢᠯ᠎ᠤᠨ ᠳᠡᠯᠡᠬᠡᠢ ᠵᠢᠨ ᠠᠵᠤ ᠠᠬᠤᠢ ᠵᠢᠨ ᠶᠠᠷᠢᠯᠴᠠᠭ᠋ᠠᠨ᠎ᠤ ᠲᠠᠪᠴᠠᠩ᠎ᠤᠨ ᠦᠢ᠍ᠯᠡᠳᠪᠦᠷᠢ ᠬᠤᠳᠠᠯᠳᠤᠭ᠋ᠠᠨ᠎ᠤ ᠡᠲᠡᠭᠡᠳ᠎ᠤᠨ ᠲᠥᠯᠥᠭᠡᠯᠡᠭᠴᠢᠳ᠎ᠤᠨ ᠰᠠᠭᠤᠳᠠᠯ᠎ᠤᠨ ᠬᠤᠷᠠᠯ᠎ᠳᠤ ᠣᠷᠣᠯᠴᠠᠪᠠ᠃
ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ᠎ᠤᠨ ᠶᠠᠷᠢᠶ᠎ᠠ ᠵᠢ ᠰᠣᠨᠣᠰᠤᠭᠰᠠᠨ᠎ᠤ ᠳᠠᠷᠠᠭ᠎ᠠ᠂ ᠯᠢ ᠴᠢᠶᠠᠩ ᠵᠢᠭ᠋ᠠᠵᠤ ᠭᠠᠷᠭ᠋ᠠᠬᠤ᠎ᠳᠤ᠎ᠪᠠᠨ᠂ ᠣᠳᠣᠬᠠᠨ᠎ᠤ ᠳᠡᠯᠡᠬᠡᠢ ᠵᠢᠨ ᠪᠠᠢ᠌ᠳᠠᠯ᠎ᠳᠤ ᠶᠠᠭ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ ᠭᠠᠷᠴᠤ᠂ ᠡᠯ᠎ᠡ ᠤᠯᠤᠰ᠎ᠤᠨ ᠠᠵᠤ ᠠᠬᠤᠢ ᠵᠢᠨ ᠬᠥᠭᠵᠢᠯᠲᠡ᠎ᠳᠤ ᠮᠠᠰᠢ ᠬᠠᠲᠠᠭᠤ ᠰᠢᠯᠭ᠋ᠠᠯᠲᠠ ᠤᠴᠠᠷᠠᠭᠤᠯᠵᠤ ᠪᠠᠢ᠌ᠨ᠎ᠠ᠃ ᠳᠤᠮᠳᠠᠳᠤ ᠤᠯᠤᠰ᠎ᠤᠨ ᠠᠵᠤ ᠠᠬᠤᠢ ᠵᠢᠨ ᠲᠣᠭᠲᠠᠭᠤᠨ ᠨᠡᠮᠡᠭᠳᠡᠯ ᠵᠶ᠋ᠡᠨ ᠪᠠᠲᠤᠯᠠᠵᠤ ᠪᠠᠢ᠌ᠭ᠎ᠠ᠎ᠨᠢ ᠲᠣᠭᠲᠠᠭᠤᠨ᠎ᠤ ᠳᠤᠮᠳᠠ ᠰᠠᠢ᠌ᠵᠢᠷᠠᠬᠤ ᠦᠨᠳᠦᠰᠦᠨ ᠲᠠᠯ᠎ᠠ ᠪᠠ ᠢᠳᠡᠪᠬᠢᠲᠡᠢ᠎ᠪᠠᠷ ᠠᠵᠢᠯᠯᠠᠭᠤᠯᠤᠭᠰᠠᠨ ᠬᠣᠷᠸ᠎ᠠ ᠲᠦᠷᠦ ᠵᠢᠨ ᠪᠣᠳᠣᠯᠭ᠎ᠠ᠎ᠳᠤ ᠪᠠᠢ᠌ᠬᠤ᠎ᠪᠠᠷ ᠪᠠᠷᠠᠬᠤ ᠦᠭᠡᠢ ᠪᠠᠰᠠ ᠵᠠᠬ᠎ᠠ ᠳᠡᠯᠭᠡᠭᠦᠷ᠎ᠤᠨ ᠬᠦᠴᠦᠨ᠎ᠢ᠂ ᠠᠵᠤ ᠠᠬᠤᠢ᠌ᠯᠠᠯ᠎ᠤᠨ ᠬᠦᠴᠦᠨ᠎ᠢ ᠪᠠᠳᠠᠷᠠᠭᠤᠯᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭᠰᠠᠨ᠎ᠳᠤ ᠪᠣᠢ᠂ ᠡᠭᠦᠨ᠎ᠤ ᠳᠣᠲᠣᠷ᠎ᠠ ᠥᠷᠭᠡᠨ ᠤᠯᠠᠨ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠤᠮ᠃ ᠡᠭᠦᠨ᠎ᠤ ᠬᠠᠮᠲᠤ᠂ ᠳᠤᠮᠳᠠᠳᠤ ᠤᠯᠤᠰ ᠪᠠᠰᠠ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ ᠬᠥᠭᠵᠢᠯᠲᠡ᠎ᠳᠤ ᠥᠷᠭᠡᠨ ᠠᠭᠤᠳᠠᠮ ᠣᠷᠣᠨ ᠵᠠᠢ ᠬᠠᠩᠭ᠋ᠠᠪᠠ᠃
ᠯᠢ ᠴᠢᠶᠠᠩ ᠢᠯᠡᠷᠬᠡᠢ᠌ᠯᠡᠬᠦ᠎ᠳᠤ᠎ᠪᠠᠨ᠂ ᠬᠤᠪᠢᠷᠠᠯᠲᠠ ᠶᠡᠬᠡᠲᠡᠢ ᠮᠥᠷᠲᠡᠭᠡᠨ ᠡᠮᠬᠢ ᠵᠠᠮᠪᠠᠷᠠᠭ᠎ᠠ᠎ᠨᠢ ᠰᠣᠯᠪᠢᠴᠠᠭᠰᠠᠨ ᠳᠡᠯᠡᠬᠡᠢ ᠶᠢᠷᠲᠢᠨᠴᠦ᠎ᠳᠤ ᠬᠠᠨᠳᠤᠬᠤ᠎ᠳᠤ᠎ᠪᠠᠨ ᠴᠠᠭ᠎ᠤᠨ ᠪᠠᠢ᠌ᠳᠠᠯ᠎ᠢ ᠳᠠᠭ᠋ᠠᠵᠤ᠂ ᠢᠳᠡᠪᠬᠢᠲᠡᠢ ᠪᠥᠭᠡᠳ ᠪᠦᠲᠦᠮᠵᠢᠲᠡᠶ ᠠᠵᠢᠯᠯᠠᠭ᠎ᠠ᠎ᠪᠠᠷ ᠵᠶ᠋ᠠᠨ ᠡᠯ᠎ᠡ ᠵᠦᠢ᠍ᠯ᠎ᠤᠨ ᠲᠣᠭᠲᠠᠭ᠋ᠠᠯᠲᠤ ᠪᠤᠰᠤ ᠴᠢᠨᠠᠷ ᠪᠠ ᠠᠶᠤᠯ ᠲᠦᠭᠰᠢᠭᠦᠷᠢ ᠵᠢᠨ ᠬᠠᠲᠠᠭᠤ ᠰᠢᠯᠭ᠋ᠠᠯᠲᠠ ᠵᠢ ᠠᠷᠭ᠋ᠠᠴᠠᠭ᠋ᠠᠵᠤ᠂ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠪᠣᠶ ᠪᠣᠯᠭ᠋ᠠᠵᠤ᠂ ᠠᠵᠤ ᠠᠬᠤᠢ᠌ᠯᠠᠯ᠎ᠤᠨ ᠬᠥᠭᠵᠢᠯᠲᠡ ᠵᠢ ᠠᠬᠢᠭᠤᠯᠬᠤ ᠬᠡᠷᠡᠭᠲᠡᠢ᠃ ᠨᠢᠭᠡ᠎ᠳᠤ᠂ ᠪᠦᠬᠦ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶᠡᠨ᠎ᠤ ᠪᠠᠢ᠌ᠷᠢᠰᠢᠯ᠎ᠳᠤ ᠭᠦᠨᠵᠡᠭᠡᠢ ᠲᠣᠬᠢᠷᠠᠭᠤᠯᠤᠯᠲᠠ ᠬᠢᠭᠰᠡᠨ ᠠᠬᠤᠢ ᠪᠠᠢ᠌ᠳᠠᠯ ᠳᠣᠣᠷ᠎ᠠ᠂ ᠠᠵᠤ ᠦᠢ᠍ᠯᠡᠰ᠎ᠢ ᠢᠵᠢ ᠪᠦᠷᠢᠳᠦᠭᠦᠯᠬᠦ ᠵᠢᠨ ᠴᠢᠨᠠᠷ ᠴᠢᠨᠰᠠᠭ᠎ᠠ ᠦᠷ᠎ᠡ ᠪᠦᠲᠦᠮᠵᠢ᠎ᠨᠢ ᠨᠡᠩ ᠴᠢᠬᠤᠯᠠ ᠪᠠᠢ᠌ᠷᠢ ᠵᠢ ᠡᠵᠡᠯᠡᠳᠡᠭ ᠶᠤᠮ᠃ ᠳᠤᠮᠳᠠᠳᠤ ᠤᠯᠤᠰ᠎ᠨᠢ ᠠᠵᠤ ᠦᠢ᠍ᠯᠡᠰ᠎ᠢ ᠢᠵᠢ ᠪᠦᠷᠢᠳᠦᠭᠦᠯᠬᠦ ᠮᠠᠰᠢ ᠴᠢᠩᠭ᠎ᠠ ᠴᠢᠳᠠᠪᠤᠷᠢ᠎ᠲᠠᠢ ᠪᠠᠢ᠌ᠵᠤ᠂ ᠠᠵᠤ ᠦᠢ᠍ᠯᠡᠰ᠎ᠤᠨ ᠬᠡᠯᠬᠢᠶ᠎ᠡ ᠪᠠ ᠬᠠᠩᠭ᠋ᠠᠯᠭ᠎ᠠ ᠵᠢᠨ ᠬᠡᠯᠬᠢᠶ᠎ᠡ ᠦᠷᠭᠦᠯᠵᠢᠯᠡᠨ ᠰᠢᠯᠢᠳᠡᠭᠵᠢᠵᠦ᠂ ᠴᠢᠨᠠᠷ ᠴᠢᠨᠰᠠᠭ᠎ᠠ᠂ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠵᠦ ᠪᠠᠢ᠌ᠨ᠎ᠠ᠃ ᠤᠯᠤᠰ ᠠᠯᠤᠰᠯᠠᠭᠰᠠᠨ ᠠᠵᠤ ᠠᠬᠤᠢ᠌ᠯᠠᠯ᠎ᠤᠨ ᠨᠡᠷᠡᠳᠤ ᠲᠡᠮᠳᠡᠭ᠂ ᠠᠷᠭ᠎ᠠ ᠵᠠᠮ᠂ ᠮᠡᠷᠭᠡᠵᠢᠯ ᠵᠡᠷᠭᠡ ᠳᠠᠪᠠᠭᠤᠯᠢᠭ᠎ᠢ ᠳᠤᠮᠳᠠᠳᠤ ᠤᠯᠤᠰ᠎ᠤᠨ ᠠᠵᠤ ᠦᠢ᠍ᠯᠡᠰ᠎ᠢ ᠢᠵᠢ ᠪᠦᠷᠢᠳᠦᠭᠦᠯᠬᠦ ᠳᠠᠪᠠᠭᠤᠯᠢᠭᠯᠤᠭᠠ ᠤᠶᠠᠯᠳᠤᠭᠤᠯᠪᠠᠯ᠂ ᠨᠡᠩ ᠤᠯᠠᠨ ᠴᠢᠨᠠᠷ ᠰᠠᠢ᠌ᠲᠠᠢ ᠦᠢ᠍ᠯᠡᠳᠬᠦᠨ ᠪᠠ ᠦᠢ᠍ᠯᠡᠴᠢᠯᠡᠭᠡ ᠵᠢ ᠪᠣᠢ ᠪᠣᠯᠭ᠋ᠠᠵᠤ ᠴᠢᠳᠠᠨ᠎ᠠ᠂ ᠠᠵᠤ ᠠᠬᠤᠢ᠌ᠯᠠᠯ᠎ᠤᠨ ᠪᠦᠬᠦ ᠪᠥᠮᠪᠥᠷᠴᠡᠭ᠎ᠤᠨ ᠥᠷᠢᠰᠦᠯᠳᠦᠬᠦ ᠬᠦᠴᠦᠨ᠎ᠢ ᠴᠦ᠍ ᠨᠡᠮᠡᠭᠳᠡᠭᠦᠯᠵᠦ ᠴᠢᠳᠠᠨ᠎ᠠ᠃ ᠬᠣᠶᠠᠷ᠎ᠲᠤ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ᠎ᠤᠨ ᠲᠦᠷᠭᠡᠨ ᠬᠤᠪᠢᠰᠤᠯᠲᠠ ᠵᠢᠨ ᠠᠬᠤᠢ ᠪᠠᠢ᠌ᠳᠠᠯ ᠳᠣᠣᠷ᠎ᠠ᠂ ᠰᠢᠨ᠎ᠡ ᠮᠡᠷᠭᠡᠵᠢᠯ᠎ᠤᠨ ᠠᠵᠤ ᠦᠢ᠍ᠯᠡᠰᠵᠢᠯᠲᠡ ᠵᠢᠨ ᠬᠤᠷᠳᠤᠴᠠ ᠪᠠ ᠦᠶ᠎ᠡ ᠰᠣᠯᠢᠭᠳᠠᠨ ᠲᠡᠰ ᠳᠡᠪᠰᠢᠬᠦ ᠴᠢᠳᠠᠪᠤᠷᠢ᠎ᠲᠠᠢ ᠪᠠᠢ᠌ᠬᠤ᠎ᠨᠢ ᠨᠡᠩ ᠴᠢᠬᠤᠯᠠ ᠪᠠᠢ᠌ᠳᠠᠭ᠃ ᠳᠤᠮᠳᠠᠳᠤ ᠤᠯᠤᠰ᠎ᠤᠨ ᠡᠯ᠎ᠡ ᠵᠦᠢ᠍ᠯ᠎ᠤᠨ ᠦᠢ᠍ᠯᠡᠳᠬᠦᠨ ᠪᠠ ᠦᠢ᠍ᠯᠡᠴᠢᠯᠡᠭᠡᠨ᠎ᠤ ᠬᠡᠷᠡᠭᠯᠡᠭᠴᠢᠳ᠎ᠤᠨ ᠰᠠᠭᠤᠷᠢ ᠲᠣᠭ᠎ᠠ ᠶᠡᠬᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠪᠠ ᠠᠵᠤ ᠦᠢ᠍ᠯᠡᠰ᠎ᠤᠨ ᠰᠢᠨ᠎ᠡ ᠡᠭᠦᠳᠦᠯᠲᠡ᠎ᠨᠢ ᠥᠨᠳᠥᠷ ᠪᠦᠲᠦᠮᠵᠢᠲᠡᠢ᠎ᠪᠠᠷ ᠬᠠᠷᠢᠯᠴᠠᠨ ᠬᠥᠳᠡᠯᠦᠯᠴᠡᠵᠦ᠂ ᠡᠯ᠎ᠡ ᠤᠯᠤᠰ᠎ᠤᠨ ᠠᠵᠤ ᠠᠬᠤᠢ᠌ᠯᠠᠯ ᠳᠤᠮᠳᠠᠳᠤ ᠤᠯᠤᠰ᠎ᠲᠤ ᠢᠷᠡᠵᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠎ᠠ ᠥᠷᠨᠢᠭᠦᠯᠬᠦ ᠪᠠ ᠬᠠᠮᠵᠢᠯᠴᠠᠨ ᠰᠢᠨ᠎ᠡ ᠵᠢ ᠡᠭᠦᠳᠬᠦ᠎ᠨᠢ ᠥᠷᠭᠡᠨ ᠠᠭᠤᠳᠠᠮ ᠣᠷᠣᠨ ᠵᠠᠢ ᠪᠠ ᠴᠢᠬᠤᠯᠠ ᠶᠡᠬᠡ ᠠᠵᠠ ᠲᠣᠬᠢᠶᠠᠯ᠎ᠲᠠᠢ ᠶᠤᠮ᠃ ᠭᠤᠷᠪᠠ᠎ᠳᠤ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠋ᠠᠨ᠎ᠤ ᠲᠣᠭᠲᠠᠭ᠋ᠠᠯᠲᠤ ᠪᠤᠰᠤ ᠬᠦᠴᠦᠨ ᠵᠦᠢ᠍ᠯ ᠨᠡᠮᠡᠭᠳᠡᠵᠦ ᠪᠠᠢ᠌ᠭ᠎ᠠ ᠠᠬᠤᠢ ᠪᠠᠢ᠌ᠳᠠᠯ᠎ᠤᠨ ᠳᠣᠣᠷ᠎ᠠ᠂ ᠠᠵᠤ ᠠᠬᠤᠢ᠌ᠯᠠᠯ᠎ᠤᠨ ᠬᠥᠭᠵᠢᠯᠲᠡ ᠵᠢᠨ ᠣᠷᠴᠢᠨ ᠨᠥᠬᠥᠴᠡᠯ᠎ᠤᠨ ᠲᠣᠭᠲᠠᠪᠤᠷᠢᠲᠤ ᠴᠢᠨᠠᠷ᠎ᠨᠢ ᠨᠡᠩ ᠴᠢᠬᠤᠯᠠ ᠪᠠᠢ᠌ᠳᠠᠭ᠃ ᠣᠳᠣᠬᠠᠨ᠎ᠳᠤ ᠬᠠᠮᠠᠭ᠋ᠠᠯᠠᠬᠤ ᠦᠵᠡᠯ᠂ ᠭᠠᠭᠴᠠ ᠲᠠᠯᠠᠲᠤ ᠦᠵᠡᠯ᠂ ᠰᠥᠷᠭᠡᠦ ᠳᠡᠯᠡᠬᠡᠢ᠌ᠵᠢᠯᠲᠡ ᠵᠢᠨ ᠪᠠᠢ᠌ᠳᠠᠯ ᠭᠠᠵᠠᠷ ᠠᠪᠬᠤ ᠬᠠᠨᠳᠤᠰᠢ ᠨᠡᠮᠡᠭᠳᠡᠵᠦ᠂ ᠠᠵᠤ ᠠᠬᠤᠢ᠌ᠯᠠᠯ᠎ᠤᠨ ᠬᠥᠭᠵᠢᠯᠲᠡ᠎ᠳᠤ ᠮᠠᠰᠢ ᠶᠡᠬᠡ ᠬᠦᠴᠢᠷᠳᠡᠯ ᠤᠴᠠᠷᠠᠭᠤᠯᠵᠤ ᠪᠠᠢ᠌ᠨ᠎ᠠ᠃ ᠡᠨᠡ ᠬᠦ᠌ ᠬᠤᠪᠢᠷᠠᠯᠲᠠ ᠵᠢᠨ ᠳᠤᠮᠳᠠ᠂ ᠳᠤᠮᠳᠠᠳᠤ ᠤᠯᠤᠰ᠎ᠤᠨ ᠠᠵᠤ ᠠᠬᠤᠢ ᠭᠠᠳᠠᠭ᠋ᠠᠳᠤ ᠵᠢᠨ ᠳᠠᠭ᠋ᠠᠷᠢᠯᠲᠠ ᠵᠢ ᠡᠰᠡᠷᠭᠦᠴᠡᠨ ᠬᠣᠷᠢᠭᠯᠠᠬᠤ᠂ ᠥᠪᠡᠷ᠎ᠤᠨ ᠠᠯᠬᠤᠭ᠎ᠠ᠎ᠪᠠᠨ ᠲᠣᠬᠢᠷᠠᠭᠤᠯᠤᠨ ᠡᠵᠡᠮᠳᠡᠬᠦ ᠵᠢ ᠪᠠᠲᠤᠯᠠᠵᠤ ᠴᠢᠳᠠᠬᠤ ᠲᠣᠭᠲᠠᠪᠤᠷᠢᠲᠤ ᠴᠢᠨᠠᠷ ᠢᠯᠡᠷᠡᠪᠡ᠂ ᠡᠨᠡ ᠬᠦ᠌ ᠲᠣᠭᠲᠠᠪᠤᠷᠢᠲᠤ ᠴᠢᠨᠠᠷ᠎ᠨᠢ ᠪᠠᠰᠠ ᠳᠤᠮᠳᠠᠳᠤ ᠤᠯᠤᠰ᠎ᠤᠨ ᠭᠤᠢ᠌ᠪᠢᠰᠢ ᠦᠭᠡᠢ ᠭᠠᠳᠠᠭ᠋ᠠᠳᠤ ᠨᠡᠭᠡᠭᠡᠯᠲᠡ᠎ᠪᠠᠷ ᠢᠯᠡᠷᠡᠵᠦ᠂ ᠤᠯᠤᠰ ᠠᠯᠤᠰᠯᠠᠭᠰᠠᠨ ᠠᠵᠤ ᠠᠬᠤᠢ᠌ᠯᠠᠯ᠎ᠢ ᠳᠤᠮᠳᠠᠳᠤ ᠤᠯᠤᠰ᠎ᠲᠤ ᠨᠡᠩ ᠶᠡᠬᠡ ᠵᠢᠳᠬᠦᠯ ᠴᠢᠷᠮᠠᠢ᠌ᠯᠭ᠎ᠠ᠂ ᠨᠡᠩ ᠰᠠᠢ᠌ᠨ ᠬᠥᠭᠵᠢᠯᠲᠡ᠎ᠲᠠᠢ ᠪᠣᠯᠭ᠋ᠠᠵᠤ ᠪᠠᠢ᠌ᠬᠤ ᠳᠡᠭᠡᠷ᠎ᠡ ᠢᠯᠡᠷᠡᠵᠦ ᠪᠠᠢ᠌ᠨ᠎ᠠ ᠭᠡᠵᠡᠢ᠃
ᠯᠢ ᠴᠢᠶᠠᠩ ᠢᠯᠡᠷᠬᠡᠢ᠌ᠯᠡᠬᠦ᠎ᠳᠤ᠎ᠪᠠᠨ᠂ ᠡᠯ᠎ᠡ ᠤᠯᠤᠰ᠎ᠤᠨ ᠠᠵᠤ ᠠᠬᠤᠢ᠌ᠯᠠᠯ᠎ᠤᠳ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠲᠤ ᠨᠠᠩ ᠣᠯᠠᠨ ᠴᠢᠨᠠᠷ ᠰᠠᠢ᠌ᠲᠠᠢ ᠦᠢ᠍ᠯᠡᠳᠬᠦᠨ ᠪᠠ ᠦᠢ᠍ᠯᠡᠴᠢᠯᠡᠭᠡ ᠬᠠᠩᠭ᠋ᠠᠵᠤ᠂ ᠳᠤᠮᠳᠠᠳᠤ ᠤᠯᠤᠰ᠎ᠤᠨ ᠠᠵᠤ ᠠᠬᠤᠢ᠌ᠯᠠᠯ᠎ᠯᠤᠭ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠦᠢ᠍ᠯᠡᠰ᠎ᠤᠨ ᠬᠠᠮᠲᠤᠷᠠᠯᠴᠠᠭ᠎ᠠ᠎ᠪᠠᠨ ᠴᠢᠩᠭ᠋ᠠᠳᠬᠠᠨ᠂ ᠬᠠᠩᠭ᠋ᠠᠯᠭ᠎ᠠ ᠬᠡᠷᠡᠭᠴᠡᠭᠡ ᠵᠢ ᠲᠣᠬᠢᠷᠠᠭᠤᠯᠬᠤ᠂ ᠬᠠᠷᠢᠯᠴᠠᠨ ᠠᠰᠢᠭ ᠣᠯᠭᠣᠵᠤ ᠬᠠᠮᠲᠤ᠎ᠪᠠᠷ ᠢᠯᠠᠬᠤ ᠵᠢ ᠨᠠᠩ ᠰᠠᠢ᠌ᠲᠤᠷ ᠪᠡᠶᠡᠯᠡᠭᠦᠯᠵᠦ᠂ ᠮᠡᠷᠭᠡᠵᠢᠯ᠎ᠤᠨ ᠳᠠᠪᠰᠢᠯᠲᠠ ᠪᠠ ᠠᠵᠤ ᠦᠢ᠍ᠯᠡᠰ᠎ᠤᠨ ᠥᠷᠢᠰᠦᠯᠳᠦᠬᠦ ᠬᠦᠴᠦᠨ᠎ᠤ ᠳᠡᠭᠡᠭᠰᠢᠯᠡᠯᠲᠡ ᠵᠢ ᠬᠠᠮᠲᠤ᠎ᠪᠠᠷ ᠠᠬᠢᠭᠤᠯᠬᠤ ᠵᠢ ᠬᠦᠰᠡᠵᠦ ᠪᠠᠢ᠌ᠨ᠎ᠠ᠃ ᠳᠤᠮᠳᠠᠳᠤ ᠤᠯᠤᠰ ᠥᠩᠭᠡᠷᠡᠭᠰᠡᠨ᠎ᠲᠠᠢ᠎ᠪᠠᠨ ᠠᠳᠠᠯᠢ᠎ᠪᠠᠷ ᠡᠯ᠎ᠡ ᠤᠯᠤᠰ᠎ᠤᠨ ᠠᠵᠤ ᠠᠬᠤᠢ᠌ᠯᠠᠯ ᠳᠤᠮᠳᠠᠳᠤ ᠤᠯᠤᠰ᠎ᠲᠤ ᠢᠷᠡᠵᠦ ᠪᠡᠯᠡ ᠣᠷᠣᠭᠤᠯᠤᠨ ᠦᠢ᠍ᠯᠡᠰ ᠪᠣᠰᠬᠠᠬᠤ ᠵᠢ ᠪᠠᠶᠠᠷᠯᠠᠨ ᠤᠭᠲᠤᠵᠤ᠂ ᠤᠯᠠᠨ ᠵᠶ᠋ᠠᠷ ᠵᠶ᠋ᠠᠨ ᠡᠨᠳᠡ ᠬᠦᠰᠡᠯ ᠵᠶ᠋ᠡᠨ ᠪᠡᠶᠡᠯᠡᠭᠦᠯᠦᠨ᠂ ᠠᠮᠵᠢᠯᠲᠠ ᠣᠯᠵᠤ᠂ ᠳᠤᠮᠳᠠᠳᠤ ᠤᠯᠤᠰ᠎ᠤᠨ ᠠᠵᠤ ᠠᠬᠤᠢ᠎ᠳᠤ ᠬᠠᠨᠢᠯᠠᠨ ᠲᠣᠭᠲᠠᠭᠤᠨ ᠵᠶ᠋ᠠᠷ ᠤᠷᠤᠭᠰᠢᠯᠠᠭᠤᠯᠬᠤ ᠵᠢ ᠬᠦᠰᠡᠵᠦ ᠪᠠᠢ᠌ᠨ᠎ᠠ ᠭᠡᠵᠡᠢ᠃
ᠴᠧᠨ ᠮᠢᠨ ᠡᠯ᠂ ᠦ᠋ ᠵᠧᠩ ᠯᠦᠩ ᠶᠠᠷᠢᠯᠴᠠᠬᠤ ᠬᠤᠷᠠᠯ᠎ᠳᠤ ᠣᠷᠣᠯᠴᠠᠪᠠ᠃