ᠲᠡᠷᠢᠭᠦᠨ ᠬᠠᠭᠤᠳᠠᠰᠤ   -   ᠡᠳᠤᠷ ᠪᠥᠷᠢ᠎ᠶᠢᠨ ᠴᠢᠬᠤᠯᠠ ᠮᠡᠳᠡᠭᠡ
ᠠᠷᠠᠳ᠎ᠤᠨ ᠬᠣᠲᠠ᠎ᠶᠢᠨ ᠣᠨᠣᠯᠵᠢᠬᠤᠨ᠎ᠢ ᠦᠢᠯᠡᠳᠦᠯᠭᠡᠵᠢᠭᠦᠯᠵᠦ᠂ ᠣᠳᠣᠬᠢᠴᠢᠯᠠᠭᠰᠠᠨ ᠠᠷᠠᠳ᠎ᠤᠨ ᠬᠣᠲᠠ᠎ᠶᠢ ᠪᠦᠲᠦᠭᠡᠨ ᠪᠠᠢᠭᠤᠯᠤᠶ᠎ᠠ  ᠲᠥᠪ᠎ᠦᠨ ᠬᠣᠲᠠ᠎ᠶᠢᠨ ᠠᠵᠢᠯ᠎ᠤᠨ ᠬᠤᠷᠠᠯᠳᠤᠭᠠᠨ᠎ᠤ ᠵᠣᠷᠢᠭ᠋ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ
ᠨᠡᠶ᠋ᠢᠲᠡᠯᠡᠭᠰᠡᠨ ᠴᠠᠭ᠄ 2025-07-17

7 ᠳ᠋ᠤᠭᠠᠷ ᠰᠠᠷ᠎ᠠ᠎ᠶᠢᠨ 14᠎ᠤ ᠡᠳᠦᠷ᠎ᠡᠴᠡ 15᠎ᠤ ᠡᠳᠦᠷ ᠪᠣᠯᠲᠠᠯ᠎ᠠ᠂ ᠲᠥᠪ᠎ᠦᠨ ᠬᠣᠲᠠ᠎ᠶᠢᠨ ᠠᠵᠢᠯ᠎ᠤᠨ ᠬᠤᠷᠠᠯᠳᠤᠭᠠᠨ ᠪᠡᠭᠡᠵᠢᠩ᠎ᠳᠦ ᠬᠤᠷᠠᠯᠳᠤᠪᠠ᠃ ᠡᠨᠡ ᠪᠣᠯ 10 ᠵᠢᠯ ᠠᠯᠣᠰᠯᠠᠭᠠᠳ ᠨᠠᠮ᠎ᠤᠨ ᠲᠥᠪ ᠬᠣᠷᠢᠶᠠᠨ᠎ᠤ ᠳᠠᠬᠢᠨᠲᠠ ᠬᠤᠷᠠᠯᠳᠤᠭᠤᠯᠤᠭᠰᠠᠨ ᠬᠣᠲᠠ᠎ᠶᠢᠨ ᠠᠵᠢᠯ᠎ᠤᠨ ᠬᠤᠷᠠᠯᠳᠤᠭᠠᠨ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ ᠲᠣᠰ ᠬᠤᠷᠠᠯᠳᠤᠭᠠᠨ᠎ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠬᠣᠲᠠ᠎ᠶᠢᠨ ᠠᠵᠢᠯ᠎ᠢ ᠰᠠᠢᠲᠤᠷ ᠬᠢᠬᠦ᠎ᠶ᠋ᠢᠨ ᠴᠢᠬᠤᠯᠠ ᠶᠡᠬᠡ ᠣᠨᠣᠯ ᠪᠠ ᠦᠢᠯᠡᠳᠦᠯᠭᠡ᠎ᠶᠢᠨ ᠠᠰᠠᠭᠤᠳᠠᠯ᠎ᠢ ᠰᠢᠨᠵᠢᠯᠡᠬᠦ ᠤᠬᠠᠭᠠᠨᠴᠢ᠎ᠪᠠᠷ ᠬᠠᠷᠢᠭᠣᠯᠵᠤ᠂ ᠣᠳᠣᠬᠢᠴᠢᠯᠠᠭᠰᠠᠨ ᠠᠷᠠᠳ᠎ᠤᠨ ᠬᠣᠲᠠ᠎ᠶᠢ ᠪᠦᠲᠦᠭᠡᠨ ᠪᠠᠶ᠋ᠢᠭᠤᠯᠬᠤ ᠰᠢᠨ᠎ᠡ ᠵᠢᠷᠤᠭ ᠲᠥᠰᠥᠪ᠎ᠢ ᠵᠢᠷᠤᠭᠯᠠᠵᠠᠢ᠃ 

ᠲᠣᠰ ᠤᠳᠠᠭᠠᠨ᠎ᠤ ᠬᠤᠷᠠᠯᠳᠤᠭᠠᠨ ᠨᠢ ᠪᠥᠬᠥ ᠲᠠᠯ᠎ᠠ᠎ᠶᠢᠨ ᠪᠠ ᠪᠠᠢᠯᠳᠤᠬᠤ ᠪᠣᠳᠣᠯᠭ᠎ᠠ᠎ᠶᠢᠨ ᠥᠨᠳᠥᠷᠴᠡ᠎ᠡᠴᠡ ᠣᠳᠣᠬᠢᠴᠢᠯᠠᠭᠰᠠᠨ ᠠᠷᠠᠳ᠎ᠤᠨ ᠬᠣᠲᠠ᠎ᠶᠢ ᠪᠦᠲᠦᠭᠡᠨ ᠪᠠᠶ᠋ᠢᠭᠤᠯᠬᠤ ᠬᠠᠷᠠᠯᠲᠠ᠎ᠶᠢ ᠠᠩᠬ᠎ᠠ ᠤᠳᠠᠭ᠎ᠠ ᠳᠣᠷᠠᠳᠴᠤ᠌᠂ 《ᠰᠢᠨ᠎ᠡ᠎ᠶᠢ ᠡᠭᠦᠳᠬᠦ᠂ ᠰᠠᠭᠤᠷᠢᠰᠢᠬᠤ᠎ᠳᠤ ᠲᠣᠬᠢᠷᠠᠮᠵᠢᠲᠠᠢ᠂ ᠦᠵᠡᠰᠬᠦᠯᠡᠩᠲᠦ ᠰᠠᠢᠬᠠᠨ᠂ ᠤᠶᠠᠨ ᠬᠠᠲᠠᠨ᠂ ᠪᠣᠯᠪᠠᠰᠤᠨ᠂ ᠣᠶᠤᠨ ᠤᠬᠠᠭᠠᠨ》 ᠵᠡᠷᠭᠡ 6 ᠲᠠᠯ᠎ᠠ᠎ᠶᠢᠨ ᠠᠭᠤᠯᠤᠭᠳᠠᠬᠤᠨ᠎ᠢ ᠲᠣᠳᠣᠷᠬᠠᠢᠯᠠᠭᠰᠠᠨ ᠪᠠᠢᠨ᠎ᠠ᠃ ᠪᠠᠢᠷᠢᠯᠠᠭᠤᠯᠤᠭᠰᠠᠨ 7 ᠲᠠᠯ᠎ᠠ᠎ᠶᠢᠨ ᠭᠣᠣᠯᠳᠠᠯᠭ᠎ᠠ ᠪᠣᠯᠬᠤ ᠡᠭᠦᠷᠭᠡ ᠨᠢ ᠡᠨᠡ ᠬᠦ᠌ ᠬᠠᠷᠠᠯᠲᠠ᠎ᠶᠢᠨ ᠪᠠᠢᠷᠢ ᠲᠣᠭᠲᠠᠭᠠᠯᠲᠠ ᠯᠣᠭ᠎ᠠ ᠨᠢᠭ᠍ᠲᠠ ᠤᠶᠠᠯᠳᠤᠭᠤᠯᠵᠤ᠂ ᠤᠯᠠᠨ ᠲᠦᠮᠡᠨ᠎ᠦ ᠬᠠᠮᠤᠭ᠎ᠤᠨ ᠠᠩᠬᠠᠷᠴᠤ ᠪᠠᠢᠭ᠎ᠠ᠂ ᠬᠠᠮᠤᠭ᠎ᠤᠨ ᠬᠦᠰᠡᠨ ᠡᠷᠡᠮᠡᠯᠵᠡᠵᠦ ᠪᠠᠢᠭ᠎ᠠ ᠠᠰᠠᠭᠤᠳᠠᠯ᠎ᠤᠳ᠎ᠢ ᠠᠳᠬᠤᠵᠤ᠂ ᠪᠢᠳᠡᠨ᠎ᠦ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠬᠤᠳᠠ᠎ᠶᠢᠨ ᠣᠳᠣᠬᠢᠴᠢᠯᠠᠯᠲᠠ᠎ᠶᠢᠨ ᠰᠢᠨ᠎ᠡ ᠵᠠᠮ᠎ᠢ ᠨᠡᠭᠡᠭᠡᠬᠦ᠎ᠳᠦ ᠴᠢᠬᠤᠯᠠ ᠲᠠᠨᠢᠯᠲᠠ᠎ᠶᠢᠨ ᠤᠨᠤᠯ ᠪᠠ ᠠᠷᠭ᠎ᠠ᠎ᠶᠢᠨ ᠤᠨᠤᠯ ᠬᠠᠩᠭᠠᠵᠠᠢ᠃ 

《ᠬᠤᠳᠠ᠎ᠶᠢᠨ ᠭᠣᠣᠯᠳᠠᠯᠭ᠎ᠠ ᠨᠢ ᠬᠥᠮᠥᠨ ᠪᠣᠯᠣᠨ᠎ᠠ》᠂ 《ᠬᠤᠳᠠ ᠪᠣᠯ ᠠᠷᠠᠳ᠎ᠤᠨ ᠬᠤᠳᠠ᠂ ᠠᠷᠠᠳ᠎ᠤᠨ ᠬᠤᠳᠠ ᠨᠢ ᠠᠷᠠᠳ᠎ᠤᠨ ᠲᠥᠯᠥᠭᠡ》᠂ 《ᠬᠣᠲᠠ᠎ᠶᠢᠨ ᠠᠮᠢᠳᠤᠷᠠᠯ᠎ᠤᠨ ᠴᠢᠨᠠᠷ ᠴᠢᠨᠰᠠᠭ᠎ᠠ ᠰᠠᠢᠨ ᠪᠠᠢᠬᠤ᠎ᠪᠠᠷ ᠪᠠᠷᠠᠬᠤ ᠦᠭᠡᠢ᠂ ᠮᠠᠰᠢ ᠪᠦᠯᠢᠶᠡᠨ ᠳᠤᠯᠠᠭᠠᠨ ᠳᠣᠲᠣᠨᠣᠰᠤᠭ ᠪᠠᠢᠨ᠎ᠠ》 ᠁ ᠶᠡᠷᠦᠩᠬᠡᠢ ᠱᠦᠵᠢ ᠰᠢ ᠵᠢᠨ ᠫᠢᠩ ᠬᠤᠳᠠ᠎ᠶᠢᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠨᠦᠭᠦᠳ ᠨᠢ ᠪᠢᠳᠡᠨ᠎ᠢ ᠵᠢᠭᠠᠨ ᠵᠢᠯᠣᠭᠣᠳᠴᠤ ᠪᠠᠢᠭᠠᠳ ᠠᠷᠠᠳ᠎ᠤᠨ ᠬᠤᠳᠠ᠎ᠶᠢᠨ ᠦᠨᠳᠦᠰᠦᠨ ᠰᠢᠨᠵᠢ ᠴᠢᠨᠠᠷ ᠪᠠ ᠦᠷᠳᠡᠭ᠎ᠦᠨ ᠬᠥᠭᠡᠭᠡᠴᠡᠯᠳᠦᠯ᠎ᠢ ᠪᠠᠲᠤ ᠡᠵᠡᠮᠰᠢᠭᠦᠯᠵᠦ᠂ ᠰᠦᠷ ᠳᠠᠯᠠᠢᠴᠠᠲᠠᠢ ᠠᠤᠭ᠎ᠠ ᠬᠦᠴᠦᠨ᠎ᠢ ᠨᠢᠭ᠍ᠲᠠᠷᠠᠭᠤᠯᠵᠤ᠂ ᠬᠤᠳᠠ᠎ᠶᠢᠨ ᠬᠥᠭᠵᠢᠯᠲᠡ ᠲᠡᠦᠬᠡᠲᠦ ᠴᠢᠨᠠᠷᠲᠠᠢ ᠠᠮᠵᠢᠯᠲᠠ ᠣᠯᠬᠤ᠎ᠶᠢ ᠠᠬᠢᠭᠤᠯᠤᠭᠰᠠᠨ ᠪᠠᠢᠨ᠎ᠠ᠃

ᠳ᠋ᠠᠢᠲ᠋ᠠ᠎ᠶ᠋ᠢᠨ ᠢᠯᠡᠷᠡᠭᠦᠯᠦᠭᠰᠡᠨ᠎ᠢᠶᠡᠷ᠂ ᠮᠠᠨ᠎ᠤ ᠤᠯᠤᠰ᠎ᠤᠨ ᠪᠠᠢᠩᠭᠤ ᠰᠠᠭᠤᠭ᠎ᠠ ᠬᠥᠮᠥᠨ ᠠᠮᠠ᠎ᠶᠢᠨ ᠬᠣᠲᠠ ᠪᠠᠯᠭᠠᠰᠤᠵᠢᠯᠲᠠ᠎ᠶᠢᠨ ᠨᠣᠷᠮ᠎ᠠ 2012 ᠣᠨ᠎ᠳᠤ 53.1% ᠪᠠᠢᠭᠰᠠᠨ᠎ᠠᠴᠠ᠎ᠪᠠᠨ 2024 ᠣᠨ᠎ᠳᠤ 67% ᠪᠣᠯᠲᠠᠯ᠎ᠠ ᠳᠡᠭᠡᠭᠰᠢᠯᠡᠪᠡ; 2013 ᠣᠨ᠎ᠠᠴᠠ 2024 ᠣᠨ ᠪᠣᠯᠲᠠᠯ᠎ᠠ᠂ ᠮᠠᠨ᠎ᠤ ᠤᠯᠤᠰ᠎ᠤᠨ ᠬᠤᠳᠠ ᠪᠠᠯᠭᠠᠰᠤᠨ᠎ᠤ ᠨᠡᠢ᠍ᠢᠳᠡ 1.5 ᠳ᠋ᠦᠩᠰᠢᠭᠤᠷ ᠭᠠᠷᠤᠢ ᠬᠥᠮᠥᠨ᠎ᠳᠦ ᠰᠢᠨ᠎ᠡ᠎ᠪᠡᠷ ᠠᠵᠢᠯ ᠣᠯᠭᠣᠵᠠᠢ; 2024 ᠣᠨ᠎ᠳᠤ᠂ 27 ᠬᠤᠳᠠ᠎ᠶᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ 1 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠠᠢ᠃ ᠰᠢᠨ᠎ᠡ ᠴᠠᠭ ᠦᠶ᠎ᠡ᠎ᠳᠦ ᠣᠷᠣᠭᠰᠠᠨ᠎ᠠᠴᠠ ᠨᠠᠭᠠᠰᠢ᠂ ᠮᠠᠨ᠎ᠤ ᠤᠯᠤᠰ᠎ᠤᠨ ᠬᠤᠳᠠ᠎ᠶᠢᠨ ᠬᠥᠭᠵᠢᠯᠲᠡ ᠰᠢᠨ᠎ᠡ ᠮᠠᠶᠢᠭ᠋᠎ᠤᠨ ᠬᠤᠳᠠ ᠪᠠᠯᠭᠠᠰᠤᠵᠢᠯᠲᠠ᠎ᠶᠢᠨ ᠬᠢᠷᠢ ᠲᠦᠪᠰᠢᠨ ᠪᠠ ᠬᠤᠳᠠ᠎ᠶᠢᠨ ᠬᠥᠭᠵᠢᠯᠲᠡ᠎ᠶᠢᠨ ᠴᠢᠳᠠᠪᠤᠷᠢ᠎ᠶᠢᠨ ᠲᠡᠰ᠂ ᠰᠠᠭᠣᠷᠢᠱᠢᠬᠣ ᠪᠠ ᠠᠵᠢᠯᠯᠠᠬᠤ᠎ᠳᠤ ᠲᠣᠬᠢᠷᠠᠮᠵᠢᠲᠠᠢ ᠵᠡᠷᠭᠡ 5 ᠲᠠᠯ᠎ᠠ᠎ᠪᠠᠷ ᠶᠡᠬᠡ ᠬᠡᠮᠵᠢᠶᠡᠨ᠎ᠦ ᠳᠡᠭᠡᠭᠰᠢᠯᠡᠯᠲᠡ ᠲᠡᠢ ᠪᠣᠯᠪᠠ᠃ ᠬᠣᠲᠠ ᠪᠠᠯᠭᠠᠰᠤᠵᠢᠯᠲᠠ᠎ᠶᠢᠨ ᠨᠣᠷᠮ᠎ᠠ᠎ᠶ᠋ᠢ ᠲᠣᠭᠲᠠᠭᠤᠨ᠎ᠢᠶᠠᠷ ᠳᠡᠭᠡᠭ᠌ᠰᠢᠯᠡᠭᠦᠯᠬᠦ᠌᠎ᠡᠴᠡ 《ᠬᠣᠲᠠᠵᠢᠯ᠎ᠤᠨ ᠭᠡᠮ》᠎ᠢ ᠪᠦᠲᠦᠮᠵᠢᠲᠡᠶ ᠰᠢᠢᠳᠪᠦᠷᠢᠯᠡᠬᠦ᠂ ᠰᠣᠬᠣᠷ ᠪᠠᠯᠠᠢ᠎ᠪᠠᠷ 《ᠶᠡᠬᠡ᠎ᠪᠡᠷ ᠳᠡᠯᠭᠡᠵᠦ》 ᠪᠠᠢᠭ᠎ᠠ ᠵᠡᠷᠭᠡ ᠠᠰᠠᠭᠤᠳᠠᠯ᠎ᠤᠳ᠎ᠢ ᠰᠢᠢᠳᠪᠦᠷᠢᠯᠡᠬᠦ ᠬᠦᠷᠲᠡᠯ᠎ᠡ᠂ ᠲᠠᠬᠢᠭᠠᠳ ᠬᠤᠳᠠ᠎ᠶᠢᠨ ᠰᠠᠭᠤᠷᠢ ᠪᠡᠯᠡᠳᠬᠡᠮᠵᠢ᠎ᠶᠢ ᠲᠡᠰ ᠳᠡᠪᠰᠢᠭᠦᠯᠦᠨ ᠲᠡᠭᠦᠯᠳᠡᠷᠵᠢᠭᠦᠯᠬᠦ᠂ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠴᠢᠳᠠᠪᠬᠢ᠎ᠶᠢ ᠠᠯᠬᠤᠮ ᠠᠯᠬᠤᠮ᠎ᠢᠶᠠᠷ ᠲᠡᠭᠦᠯᠳᠡᠷᠵᠢᠭᠦᠯᠬᠦ ᠬᠦᠷᠲᠡᠯ᠎ᠡ ᠁ ᠠᠷᠠᠳ᠎ᠤᠨ ᠬᠤᠳᠠ᠎ᠶᠢᠨ ᠣᠨᠤᠯᠵᠢᠬᠤᠨ᠎ᠢ ᠢᠮᠠᠭᠲᠠ ᠦᠢᠯᠡᠳᠦᠯᠭᠡᠵᠢᠭᠦᠯᠦᠭᠰᠡᠨ᠎ᠡᠴᠡ ᠬᠤᠳᠠ ᠨᠢ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠂ ᠰᠣᠶᠣᠯ᠎ᠤᠨ ᠤᠯᠠᠮᠵᠢᠯᠠᠯ᠂ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠳᠦ ᠴᠢᠬᠤᠯᠠ ᠦᠢᠯᠡᠳᠦᠯ᠎ᠢᠶᠠᠨ ᠪᠠᠳᠠᠷᠠᠭᠤᠯᠵᠤ᠂ ᠳᠣᠮᠳᠠᠳᠣ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠬᠦᠴᠦᠲᠡᠢ ᠲᠤᠯᠭᠠᠭᠤᠷᠢᠯᠠᠯ ᠪᠠ ᠬᠦᠴᠦᠷᠬᠡᠭ ᠶᠡᠬᠡ ᠬᠥᠳᠡᠯᠭᠡᠭᠦᠷ ᠬᠠᠩᠭᠠᠭᠰᠠᠨ ᠪᠠᠢᠨ᠎ᠠ᠃

ᠴᠢᠨᠠᠷ ᠰᠠᠢᠲᠠᠢ ᠬᠥᠭᠵᠢᠯᠲᠡ᠎ᠪᠡᠷ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠪᠦᠬᠦ ᠲᠠᠯ᠎ᠠ᠎ᠪᠠᠷ ᠠᠬᠢᠭᠤᠯᠬᠤ᠎ᠳᠤ᠂ ᠬᠤᠳᠠ᠎ᠶᠢᠨ ᠬᠥᠭᠵᠢᠯᠲᠡ᠎ᠳᠦ ᠨᠡᠩ ᠥᠨᠳᠥᠷ ᠰᠢᠨ᠎ᠡ ᠱᠠᠭᠠᠷᠳᠠᠯᠭ᠎ᠠ ᠲᠠᠯᠪᠢᠭ᠍ᠰᠠᠨ᠎ᠢ ᠡᠷᠬᠡᠪᠰᠢ ᠭᠦᠨᠵᠡᠭᠡᠢ ᠲᠠᠨᠢᠬᠤ ᠬᠡᠷᠡᠭᠲᠡᠢ᠃ ᠳᠡᠯᠡᠬᠡᠢ᠎ᠶᠢᠨ ᠲᠡᠦᠬᠡᠨ ᠳᠡᠭᠡᠷᠡᠬᠢ ᠬᠡᠪᠴᠢᠶᠡᠵᠢᠯ᠎ᠢᠶᠡᠷ ᠬᠠᠮᠤᠭ᠎ᠤᠨ ᠶᠡᠬᠡ᠂ ᠬᠤᠷᠳᠤᠴᠠ᠎ᠪᠠᠷ ᠬᠠᠮᠤᠭ᠎ᠤᠨ ᠲᠦᠷᠭᠡᠨ ᠬᠤᠳᠠ ᠪᠠᠯᠭᠠᠰᠤᠵᠢᠯᠲᠠ᠎ᠶᠢᠨ ᠠᠬᠢᠴᠠ᠎ᠶᠢ ᠥᠩᠭᠡᠷᠡᠭᠡᠭᠡᠳ᠂ ᠮᠠᠨ᠎ᠤ ᠤᠯᠤᠰ᠎ᠤᠨ ᠬᠤᠳᠠ᠎ᠶᠢᠨ ᠬᠥᠭᠵᠢᠯᠲᠡ ᠲᠡᠦᠬᠡ᠎ᠶᠢᠨ ᠰᠢᠨ᠎ᠡ ᠣᠷᠣᠨ ᠪᠠᠢᠷᠢ᠎ᠳᠤ ᠣᠷᠣᠭᠰᠠᠨ ᠪᠠᠢᠨ᠎ᠠ᠃ 《ᠮᠠᠨ᠎ᠤ ᠤᠯᠤᠰ᠎ᠤᠨ ᠬᠣᠲᠠ ᠪᠠᠯᠭᠠᠰᠤᠵᠢᠯᠲᠠ ᠶᠠᠭ ᠲᠦᠷᠭᠡᠨ ᠨᠡᠮᠡᠭᠳᠡᠯ᠎ᠦᠨ ᠬᠤᠭᠤᠴᠠᠭᠠᠨ᠎ᠠᠴᠠ ᠲᠣᠭᠲᠠᠭᠤᠨ ᠬᠥᠭᠵᠢᠯᠲᠡ᠎ᠶᠢᠨ ᠬᠤᠭᠤᠴᠠᠭ᠎ᠠ ᠲᠡᠢᠰᠢ ᠰᠢᠯᠵᠢᠵᠦ᠂ ᠬᠣᠲᠠ᠎ᠶᠢᠨ ᠬᠥᠭᠵᠢᠯᠲᠡ ᠶᠠᠭ ᠶᠡᠬᠡ ᠬᠡᠪᠴᠢᠶᠡᠵᠢᠯ᠎ᠢᠶᠡᠷ ᠨᠡᠮᠡᠭᠳᠡᠨ ᠥᠷᠭᠡᠵᠢᠬᠦ᠌ ᠱᠠᠲᠤᠨ᠎ᠠᠴᠠ ᠬᠠᠳᠠᠭᠠᠯᠠᠮᠵᠢ ᠲᠠᠢ ᠪᠥᠭᠡᠳ ᠴᠢᠨᠠᠷ ᠴᠢᠨᠰᠠᠭ᠎ᠠ᠎ᠪᠠᠨ ᠳᠡᠭᠡᠭᠰᠢᠯᠡᠭᠦᠯᠦᠨ ᠦᠷ᠎ᠡ ᠪᠦᠲᠦᠮᠵᠢ᠎ᠪᠡᠨ ᠨᠡᠮᠡᠭᠳᠡᠭᠦᠯᠬᠦ᠎ᠪᠡᠷ ᠭᠣᠣᠯ ᠪᠣᠯᠭᠠᠬᠤ ᠱᠠᠲᠤᠨ᠎ᠳᠤ ᠰᠢᠯᠵᠢᠵᠦ ᠪᠠᠢᠨ᠎ᠠ᠃》 ᠡᠨᠡ ᠬᠦ᠌ ᠴᠢᠬᠤᠯᠠ ᠨᠤᠲᠠᠯᠠᠯᠲᠠ ᠪᠣᠯ ᠡᠨᠡ ᠤᠳᠠᠭ᠎ᠠ᠎ᠶᠢᠨ ᠬᠤᠷᠠᠯᠳᠤᠭᠠᠨ᠎ᠢᠶᠠᠷ ᠮᠠᠨ᠎ᠤ ᠤᠯᠤᠰ᠎ᠤᠨ ᠬᠤᠳᠠ᠎ᠶᠢᠨ ᠬᠥᠭᠵᠢᠯᠲᠡ᠎ᠶᠢᠨ ᠵᠢᠮ᠎ᠡ ᠶᠣᠰᠣ᠌᠎ᠶᠢ ᠭᠦᠨᠵᠡᠭᠡᠢ ᠡᠵᠡᠮᠰᠢᠵᠦ ᠪᠠᠢᠭᠠᠳ ᠭᠠᠷᠭᠠᠭᠰᠠᠨ ᠴᠢᠬᠤᠯᠠ ᠶᠡᠬᠡ ᠮᠠᠭᠠᠳᠯᠠᠯ ᠪᠣᠯᠣᠨ᠎ᠠ᠃ ᠣᠳᠣᠬᠢᠴᠢᠯᠠᠭᠰᠠᠨ ᠠᠷᠠᠳ᠎ᠤᠨ ᠬᠤᠳᠠ᠎ᠶᠢ ᠪᠦᠲᠦᠭᠡᠨ ᠪᠠᠶ᠋ᠢᠭᠤᠯᠬᠤ᠎ᠳᠤ ᠡᠷᠬᠡᠪᠰᠢ ᠡᠨᠡ ᠬᠦ᠌ ᠲᠡᠦᠬᠡᠨ ᠣᠷᠣᠨ ᠪᠠᠢᠷᠢ᠎ᠶᠢ ᠭᠦᠨᠵᠡᠭᠡᠢ ᠡᠵᠡᠮᠳᠡᠵᠦ᠂ ᠡᠨᠡ ᠬᠦ᠌ ᠴᠢᠬᠤᠯᠠ ᠶᠡᠬᠡ ᠬᠤᠪᠢᠷᠠᠯᠲᠠ᠎ᠳᠤ ᠰᠠᠨᠠᠭᠠᠴᠢᠯᠠᠭ᠎ᠠ᠎ᠠᠴᠠ᠎ᠪᠠᠨ ᠵᠣᠬᠢᠴᠠᠬᠤ ᠬᠡᠷᠡᠭᠲᠡᠢ᠃

6 ᠲᠠᠯ᠎ᠠ᠎ᠶᠢᠨ ᠠᠭᠤᠯᠤᠭ᠍ᠳᠠᠬᠣᠨ᠎ᠠᠴᠠ ᠦᠵᠡᠪᠡᠯ᠂ 《ᠰᠢᠨ᠎ᠡ᠎ᠶᠢ ᠡᠭᠦᠳᠬᠦ᠂ ᠰᠠᠭᠤᠷᠢᠰᠢᠬᠤ᠎ᠳᠤ ᠲᠣᠬᠢᠷᠠᠮᠵᠢᠲᠠᠢ᠂ ᠦᠵᠡᠰᠬᠦᠯᠡᠩᠲᠦ ᠰᠠᠢᠬᠠᠨ᠂ ᠤᠶᠠᠨ ᠬᠠᠲᠠᠨ᠂ ᠪᠣᠯᠪᠠᠰᠤᠨ᠂ ᠣᠶᠤᠨ ᠤᠬᠠᠭᠠᠨ》 ᠨᠢ ᠬᠣᠲᠠ᠎ᠶᠢᠨ ᠪᠦᠲᠦᠭᠡᠨ ᠪᠠᠢᠭᠤᠯᠤᠯᠲᠠ ᠬᠥᠭᠵᠢᠯᠲᠡ᠎ᠶᠢᠨ ᠲᠠᠯ᠎ᠠ ᠪᠦᠬᠦᠨ᠎ᠢ ᠬᠠᠮᠤᠷᠴᠤ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠠᠴᠢᠶᠠᠯᠠᠵᠤ ᠪᠠᠢᠭ᠎ᠠ ᠶᠤᠮ᠃ ᠰᠠᠭᠤᠷᠢᠰᠢᠬᠤ᠎ᠳᠤ ᠲᠣᠬᠢᠷᠠᠮᠵᠢᠲᠠᠢ᠎ᠪᠠᠷ ᠵᠢᠱ᠌ᠢᠶᠡᠯᠡᠬᠦ᠎ᠳᠦ᠂ ᠡᠨᠡ ᠨᠢ ᠠᠷᠠᠳ᠎ᠤᠨ ᠬᠣᠲᠠ᠎ᠶᠢᠨ ᠣᠨᠤᠯᠵᠢᠬᠤᠨ᠎ᠢ ᠦᠢᠯᠡᠳᠦᠯᠭᠡᠵᠢᠭᠦᠯᠬᠦ᠎ᠶᠢᠨ ᠦᠨᠳᠦᠰᠦᠨ ᠱᠠᠭᠠᠷᠳᠠᠯᠭ᠎ᠠ ᠮᠥᠨ᠃ ᠴᠢᠨᠠᠷ ᠰᠠᠢᠲᠠᠢ ᠣᠯᠠᠨ ᠨᠡᠶ᠋ᠢᠲᠡ᠎ᠶᠢᠨ ᠦᠢᠯᠡᠴᠢᠯᠡᠭᠡ ᠬᠠᠩᠭᠠᠵᠤ ᠴᠢᠳᠠᠬᠤ ᠡᠰᠡᠬᠦ ᠪᠣᠯ ᠬᠣᠲᠠ᠎ᠶᠢᠨ ᠰᠠᠭᠤᠷᠢᠰᠢᠬᠤ᠎ᠶᠢᠨ ᠳᠣᠬᠢᠷᠠᠮᠵᠢ᠎ᠶ᠋ᠢᠨ ᠬᠡᠮᠵᠢᠶ᠎ᠡ᠎ᠶᠢ ᠬᠡᠮᠵᠢᠬᠦ ᠴᠢᠬᠤᠯᠠ ᠨᠢᠭᠡᠨ ᠵᠢᠭᠠᠯᠲᠠ ᠲᠣᠭ᠎ᠠ ᠮᠥᠨ᠃

ᠰᠢᠨ᠎ᠡ ᠴᠠᠭ ᠦᠶ᠎ᠡ᠎ᠳᠦ ᠣᠷᠣᠭᠰᠠᠨ᠎ᠠᠴᠠ ᠨᠠᠭᠠᠰᠢ᠂ ᠪᠢᠳᠡ ᠳᠡᠯᠡᠬᠡᠢ ᠳᠡᠭᠡᠷᠡᠬᠢ ᠬᠡᠪᠴᠢᠶᠡᠵᠢᠯ᠎ᠢᠶᠠᠷ ᠬᠠᠮᠤᠭ᠎ᠤᠨ ᠶᠡᠬᠡ ᠬᠤᠳᠠ᠎ᠶᠢᠨ ᠣᠷᠣᠨ ᠰᠠᠭᠤᠴᠠ᠎ᠶᠢᠨ ᠪᠠᠲᠤᠯᠠᠭ᠎ᠠ᠎ᠶᠢᠨ ᠲᠣᠭᠲᠠᠯᠴᠠᠭ᠎ᠠ᠎ᠶᠢ ᠪᠠᠢᠭᠤᠯᠵᠤ᠂ ᠨᠡᠢᠲᠡ 6800 ᠭᠠᠷᠣᠢ ᠲᠦᠮᠡᠨ ᠢᠵᠢ᠎ᠶ᠋ᠢᠨ ᠪᠠᠲᠤᠯᠠᠭ᠎ᠠ᠎ᠶᠢᠨ ᠴᠢᠨᠠᠷᠲᠠᠢ ᠡᠯ᠎ᠡ ᠲᠦᠷᠦᠯ᠎ᠦᠨ ᠣᠷᠣᠨ ᠰᠠᠭᠤᠴᠠ᠎ᠶᠢ ᠴᠤᠭᠯᠠᠭᠤᠯᠬᠤ ᠠᠵᠢᠯ ᠪᠠ ᠲᠦᠬᠦᠮ ᠪᠦᠲᠦᠴᠡᠲᠦ ᠣᠷᠣᠨ ᠰᠠᠭᠤᠴᠠ᠎ᠶᠢ ᠥᠭᠡᠷᠡᠴᠢᠯᠡᠭᠡᠳ ᠲᠥᠪᠬᠢᠨᠡᠭᠦᠯᠬᠦ ᠣᠷᠣᠨ ᠰᠠᠭᠤᠴᠠ ᠪᠣᠯᠭᠠᠬᠤ ᠠᠵᠢᠯ᠎ᠢ ᠡᠬᠢᠯᠡᠭᠦᠯᠦᠨ ᠪᠦᠲᠦᠭᠡᠨ ᠪᠠᠢᠭᠤᠯᠵᠤ᠂ 1.7 ᠳ᠋ᠦᠩᠰᠢᠭᠤᠷ ᠬᠥᠮᠥᠨ᠎ᠦ ᠣᠷᠣᠨ ᠰᠠᠭᠤᠴᠠ᠎ᠶᠢᠨ ᠠᠰᠠᠭᠤᠳᠠᠯ᠎ᠢ ᠪᠦᠲᠦᠮᠵᠢᠲᠡᠢ ᠰᠢᠢᠳᠪᠦᠷᠢᠯᠡᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠪᠥᠬᠥ ᠤᠯᠤᠰ᠎ᠤᠨ ᠰᠤᠪᠢᠯᠠᠯᠲᠠ᠎ᠶᠢᠨ ᠬᠡᠯᠪᠡᠷᠢ᠎ᠶᠢᠨ ᠨᠠᠰᠤᠵᠢᠯ᠎ᠤᠨ ᠠᠰᠠᠷᠠᠮᠵᠢ᠎ᠶᠢᠨ ᠣᠷᠣᠨ ᠲᠣᠭ᠎ᠠ᠎ᠶ᠋ᠢᠨ ᠡᠵᠡᠯᠡᠬᠦ ᠬᠠᠷᠢᠴᠠᠯ 64.6% ᠪᠣᠯᠲᠠᠯ᠎ᠠ ᠳᠡᠭᠡᠭᠰᠢᠯᠡᠵᠦ᠂ 300 ᠭᠠᠷᠤᠢ ᠲᠤᠰᠬᠠᠢ ᠣᠷᠣᠨ᠎ᠤ ᠲᠠᠰ᠎ᠤᠨ ᠬᠣᠲᠠ ᠪᠠ ᠬᠥᠮᠥᠨ ᠠᠮᠠ ᠣᠯᠠᠨᠲᠠᠢ ᠰᠢᠶᠠᠨ᠎ᠳᠤ ᠨᠠᠢᠳᠠᠨ ᠰᠠᠭᠠᠲᠠᠭᠤᠯᠬᠤ ᠶᠡᠷᠦᠩᠬᠡᠢᠯᠡᠭᠰᠡᠨ ᠦᠢᠯᠡᠴᠢᠯᠡᠭᠡᠨ᠎ᠦ ᠲᠥᠪ᠎ᠢ ᠪᠠᠢᠭᠤᠯᠪᠠ᠃ ᠡᠳᠡᠭᠡᠷ ᠦᠨᠡᠨ ᠪᠣᠳᠠᠲᠠᠢ ᠬᠥᠭᠵᠢᠯᠲᠡ᠎ᠶᠢᠨ ᠦᠷ᠎ᠡ ᠪᠦᠲᠦᠭᠡᠯ᠎ᠦᠳ ᠨᠢ ᠬᠤᠳᠠ᠎ᠶᠢᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠪᠦᠲᠦᠮᠵᠢᠲᠡᠢ ᠳᠡᠭᠡᠭᠰᠢᠯᠡᠭᠦᠯᠵᠦ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭᠳᠡᠭᠦᠯᠵᠡᠢ᠃ ᠢᠷᠡᠭᠡᠳᠦᠢ᠎ᠳᠦ ᠬᠠᠨᠳᠤᠬᠤ᠎ᠳᠤ᠂ ᠬᠥᠮᠥᠨ ᠠᠮᠠ᠂ ᠠᠵᠤ ᠦᠢᠯᠡᠰ᠂ ᠬᠣᠲᠠ ᠪᠠᠯᠭᠠᠰᠤ᠂ ᠵᠠᠮ ᠬᠠᠷᠢᠯᠴᠠᠭ᠎ᠠ᠎ᠶᠢ ᠨᠢᠭᠡ ᠴᠣᠭᠴᠠᠵᠢᠭᠤᠯᠤᠨ ᠲᠥᠯᠥᠪᠵᠢᠭᠦᠯᠬᠦ᠎ᠶᠢ ᠪᠠᠷᠢᠮᠲᠠᠯᠠᠵᠤ᠂ ᠭᠡᠷ ᠪᠠᠢᠰᠢᠩ ᠭᠠᠵᠠᠷ ᠬᠥᠷᠥᠩᠭᠡ᠎ᠶᠢᠨ ᠬᠥᠭᠵᠢᠯᠲᠡ᠎ᠶᠢᠨ ᠰᠢᠨ᠎ᠡ ᠬᠡᠪ ᠵᠠᠭᠪᠤᠷ᠎ᠢ ᠲᠦᠷᠭᠡᠪᠴᠢᠯᠡᠨ ᠪᠠᠢᠭᠤᠯᠵᠤ᠂ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠢᠷᠢ ᠲᠦᠪᠰᠢᠨ᠎ᠢ ᠳᠡᠭᠡᠭᠰᠢᠯᠡᠭᠦᠯᠵᠦ᠂ ᠰᠠᠭᠤᠷᠢᠰᠢᠬᠤ᠎ᠳᠤ ᠲᠣᠬᠢᠷᠠᠮᠵᠢᠲᠠᠢ ᠲᠠᠭᠠᠯᠠᠮᠵᠢᠲᠠᠢ ᠪᠥᠭᠡᠳ ᠳᠥᠭᠥᠮ ᠳᠥᠲᠡ ᠬᠤᠳᠠ᠎ᠶᠢ ᠬᠦᠴᠦᠯᠡᠨ ᠪᠠᠢᠭᠤᠯᠪᠠᠯ᠂ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠎ᠤᠳ᠎ᠢ ᠠᠷᠠᠳ ᠲᠦᠮᠡᠨ᠎ᠳᠦ ᠨᠡᠩ ᠤᠯᠠᠨ᠎ᠢᠶᠠᠷ᠂ ᠨᠡᠩ ᠭᠣᠣᠯᠴᠢ᠎ᠪᠠᠷ ᠡᠳ᠋ᠯᠡᠭᠦᠯᠬᠦ ᠨᠢ ᠯᠠᠪᠲᠠᠢ ᠶᠤᠮ᠃ 

ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠪᠣᠯ ᠤᠷᠢᠳ ᠡᠮᠦᠨ᠎ᠡ ᠪᠠᠢᠭ᠎ᠠ ᠦᠭᠡᠢ ᠡᠭᠦᠳᠦᠯᠲᠡ᠎ᠶᠢᠨ ᠴᠢᠨᠠᠷᠲᠠᠢ ᠦᠢᠯᠡᠰ ᠮᠥᠨ᠂ ᠬᠤᠳᠠ᠎ᠶᠢᠨ ᠠᠵᠢᠯ᠎ᠢ ᠰᠠᠢᠲᠤᠷ ᠬᠢᠬᠦ ᠨᠢ ᠲᠤᠢᠯ᠎ᠤᠨ ᠴᠢᠬᠤᠯᠠ ᠪᠥᠭᠡᠳ ᠬᠠᠷᠢᠭᠤᠴᠠᠯᠭ᠎ᠠ ᠬᠦᠨᠳᠦ ᠶᠡᠬᠡ ᠶᠤᠮ᠃ ᠪᠢᠳᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ᠎ᠶᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠠ ᠲᠥᠪ᠎ᠦᠨ ᠬᠤᠳᠠ᠎ᠶᠢᠨ ᠠᠵᠢᠯ᠎ᠤᠨ ᠬᠤᠷᠠᠯᠳᠤᠭᠠᠨ᠎ᠤ ᠪᠠᠢᠷᠢᠯᠠᠭᠤᠯᠤᠯᠲᠠ᠎ᠳᠦ ᠨᠢᠭᠡᠳᠬᠡᠵᠦ᠂ ᠡᠭᠦᠷᠭᠡᠲᠦ ᠰᠡᠳᠬᠢᠯᠭᠡ᠎ᠪᠡᠨ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠵᠥᠪ ᠣᠨᠣᠪᠴᠢᠲᠠᠢ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠬᠤᠳᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠣᠳᠣᠬᠢᠴᠢᠯᠠᠭᠰᠠᠨ ᠠᠷᠠᠳ᠎ᠤᠨ ᠬᠤᠳᠠ᠎ᠶᠢ ᠪᠦᠲᠦᠭᠡᠨ ᠪᠠᠶ᠋ᠢᠭᠤᠯᠬᠤ᠎ᠳᠤ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠵᠠᠭᠠᠶ᠎ᠠ᠃

ᠢᠷᠡᠯᠲᠡ᠄ ᠠᠷᠠᠳ᠎ᠤᠨ ᠡᠳᠦᠷ᠎ᠦᠨ ᠰᠣᠨᠢᠨ