ᠬᠠᠩᠭᠠᠯᠭ᠎ᠠ᠎ᠶᠢᠨ ᠰᠢᠨ᠎ᠡ᠎ᠶᠢ ᠡᠭᠦᠳᠪᠡ —
ᠪᠦᠲᠦᠴᠡ᠎ᠶᠢ ᠰᠢᠯᠢᠳᠡᠭᠵᠢᠭᠦᠯᠦᠨ ᠴᠢᠨᠠᠷ᠎ᠢ ᠰᠠᠢᠵᠢᠷᠠᠭᠤᠯᠬᠤ ᠠᠯᠬᠤᠴᠠ ᠲᠦᠷᠭᠡᠰᠪᠡ
ᠪᠡᠭᠡᠵᠢᠩ᠎ᠦᠨ ᠴᠣᠣᠶᠠᠩ ᠲᠣᠭᠣᠷᠢᠭ᠋᠎ᠤᠨ ᠨᠢᠭᠡᠨ ᠬᠤᠳᠠᠯᠳᠤᠭᠠᠨ᠎ᠤ ᠲᠠᠯᠠᠪᠤᠷ᠎ᠤᠨ ᠳᠡᠯᠭᠡᠭᠦᠷ ᠨᠡᠭᠡᠭᠡᠭᠰᠡᠨ ᠠᠬᠤᠢ ᠲᠠᠯᠠᠪᠠᠢ᠎ᠳᠤ᠂ 20 ᠭᠠᠷᠤᠢ ᠲᠦᠷᠦᠯ ᠲᠡᠮᠳᠡᠭ᠎ᠦᠨ 26 ᠬᠡᠯᠪᠡᠷᠢ᠎ᠶᠢᠨ ᠮᠠᠰᠢᠨ ᠬᠥᠮᠥᠨ ᠦᠵᠡᠭᠴᠢᠳ᠎ᠲᠠᠢ ᠬᠥᠳᠡᠯᠦᠯᠴᠡᠵᠦ᠂ ᠰᠢᠨ᠎ᠡ ᠤᠷᠤᠰᠬᠠᠯ᠎ᠳᠤ ᠪᠡᠶᠡᠴᠢᠯᠡᠨ ᠣᠷᠣᠯᠴᠠᠬᠤ ᠨᠢ ᠬᠥᠮᠥᠰ᠎ᠦᠨ ᠪᠠᠬ᠎ᠠ᠎ᠶᠢ ᠲᠠᠲᠠᠨ ᠬᠣᠷᠣᠭᠳᠠᠭᠤᠯᠵᠤ ᠪᠠᠢᠨ᠎ᠠ᠃
ᠬᠤᠳᠠᠯᠳᠤᠭᠠᠨ᠎ᠤ ᠲᠠᠯᠠᠪᠤᠷ᠎ᠲᠤ 《ᠢᠷᠡᠭᠡᠳᠦᠢ᠎ᠶᠢᠨ ᠣᠨᠴᠠᠯᠢᠭ᠋᠎ᠢᠶᠠᠷ ᠳᠦᠭᠦᠷᠡᠩ ᠪᠠᠢᠨ᠎ᠠ》᠂ ᠡᠨᠡ ᠪᠣᠯ ᠵᠠᠬ᠎ᠠ ᠳᠡᠯᠭᠡᠭᠦᠷ᠎ᠦᠨ ᠬᠠᠩᠭᠠᠯᠭ᠎ᠠ ᠰᠢᠨ᠎ᠡ ᠲᠡᠢᠰᠢ ᠬᠥᠭᠵᠢᠵᠦ ᠪᠠᠢᠬᠤ᠎ᠶᠢᠨ ᠬᠤᠷᠢᠶᠠᠩᠭᠤᠢ ᠳᠦᠷᠰᠦ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠳ ᠬᠡᠷᠡᠭᠯᠡᠭᠡ᠎ᠶᠢᠨ ᠪᠦᠲᠦᠴᠡ᠎ᠶᠢᠨ ᠬᠤᠪᠢᠷᠠᠯᠲᠠ ᠯᠤᠭ᠎ᠠ ᠰᠠᠨᠠᠭᠠᠴᠢᠯᠠᠭ᠎ᠠ᠎ᠠᠴᠠ᠎ᠪᠠᠨ ᠵᠣᠬᠢᠴᠠᠵᠤ᠂ ᠬᠠᠩᠭᠠᠯᠭ᠎ᠠ ᠬᠡᠷᠡᠭᠴᠡᠭᠡ᠎ᠶᠢᠨ ᠲᠣᠬᠢᠷᠠᠯᠴᠠᠬᠤ ᠴᠢᠨᠠᠷ᠎ᠢ ᠬᠦᠴᠦᠯᠡᠨ ᠴᠢᠩᠭᠠᠳᠬᠠᠵᠤ᠂ ᠨᠡᠩ ᠤᠯᠠᠨ ᠶᠠᠩᠵᠤ᠎ᠶᠢᠨ ᠠᠬᠤᠢ ᠪᠠᠢᠳᠠᠯ᠎ᠢ ᠢᠳᠡᠪᠬᠢᠲᠡᠢ᠎ᠪᠡᠷ ᠨᠡᠭᠡᠭᠡᠨ ᠬᠥᠭᠵᠢᠭᠦᠯᠵᠦ᠂ ᠰᠢᠨ᠎ᠡ ᠬᠠᠩᠭᠠᠯᠭ᠎ᠠ᠎ᠪᠠᠷ ᠰᠢᠨ᠎ᠡ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠠᠵᠤ ᠠᠬᠤᠢ᠎ᠶᠢᠨ 《ᠬᠡᠮᠵᠢᠶᠡᠨ᠎ᠦ ᠳᠠᠪᠠᠭᠤᠯᠢᠭ᠋》᠎ᠢ ᠥᠷᠭᠡᠳᠬᠡᠬᠦ᠂ 《ᠴᠢᠨᠠᠷ᠎ᠤᠨ ᠳᠠᠪᠠᠭᠤᠯᠢᠭ᠋》᠎ᠢ ᠳᠡᠭᠡᠭᠰᠢᠯᠡᠭᠦᠯᠬᠦ᠎ᠶᠢ ᠠᠬᠢᠭᠤᠯᠪᠠ᠃
ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠠᠭᠤᠰᠤᠯᠴᠠᠭᠤᠯᠵᠤ᠂ ᠬᠡᠷᠡᠭᠯᠡᠭᠡ᠎ᠶᠢᠨ ᠠᠬᠤᠢ ᠪᠠᠢᠳᠠᠯ᠎ᠢ ᠨᠡᠩ ᠪᠠᠶᠠᠯᠢᠭᠵᠢᠭᠤᠯᠪᠠ᠃
《ᠲᠦᠷᠦᠭᠰᠡᠨ ᠡᠳᠦᠷ᠎ᠢ ᠴᠢᠨᠢ ᠪᠡᠯᠭᠡᠯᠡᠶ᠎ᠡ᠁》 ᠪᠡᠭᠡᠵᠢᠩ᠎ᠦᠨ ᠨᠢᠭᠡᠨ ᠬᠤᠳᠠᠯᠳᠤᠭᠠᠨ᠎ᠤ ᠲᠥᠪ᠎ᠦᠨ ᠬᠠᠯᠠᠭᠤᠨ ᠲᠣᠭᠣᠭᠠᠨ᠎ᠤ ᠳᠡᠯᠭᠡᠭᠦᠷ᠎ᠲᠦ᠂ ᠵᠠᠯᠠᠭᠤᠴᠤᠳ ᠬᠠᠯᠠᠭᠤᠨ ᠲᠣᠭᠣᠭ᠎ᠠ᠎ᠠᠴᠠ ᠠᠮᠰᠠᠬᠤ᠎ᠶᠢᠨ ᠳᠠᠭᠠᠤ ᠳᠠᠭᠤᠯᠠᠯᠳᠤᠵᠤ ᠪᠠᠢᠯ᠎ᠠ᠃ 《ᠭᠠᠷ ᠤᠲᠠᠰᠤᠨ᠎ᠠᠴᠠ ᠡᠨᠡ ᠬᠦ᠌ ᠬᠠᠯᠠᠭᠤᠨ ᠲᠣᠭᠣᠭᠠᠨ᠎ᠤ ᠳᠡᠯᠭᠡᠭᠦᠷ᠎ᠲᠦ KTV ᠨᠡᠭᠡᠭᠡᠭᠰᠡᠨ᠎ᠢ ᠣᠯᠵᠤ ᠦᠵᠡᠭᠡᠳ ᠮᠠᠰᠢ ᠰᠣᠨᠢᠷᠬᠠᠯᠲᠠᠢ ᠰᠠᠨᠠᠭᠳᠠᠵᠤ᠂ ᠲᠥᠷᠥᠭᠰᠡᠨ ᠡᠳᠦᠷ᠎ᠢᠶᠡᠨ ᠡᠨᠳᠡ ᠪᠡᠯᠭᠡᠯᠡᠬᠦ᠎ᠪᠡᠷ ᠵᠠᠬᠢᠶᠠᠯᠠᠪᠠ᠃》 ᠭᠡᠵᠦ ᠬᠡᠷᠡᠭᠯᠡᠭᠴᠢ ᠯᠢᠦ ᠢᠦᠢ ᠵᠢᠶᠧ ᠬᠡᠯᠡᠨ᠎ᠡ᠃ ᠡᠨᠡ ᠳᠡᠯᠭᠡᠭᠦᠷ ᠰᠢᠨ᠎ᠡ ᠵᠠᠭᠤᠰᠢ ᠭᠠᠷᠭᠠᠵᠤ᠂ KTV ᠵᠡᠷᠭᠡ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢ ᠣᠷᠣᠭᠤᠯᠤᠨ ᠠᠪᠴᠢᠷᠠᠵᠤ᠂ ᠬᠣᠭᠣᠯᠠ ᠢᠳᠡᠬᠦ ᠣᠷᠴᠢᠨ ᠠᠬᠤᠢ᠎ᠪᠠᠨ ᠥᠷᠭᠡᠳᠬᠡᠨ᠂ ᠬᠠᠷᠢᠯᠴᠠᠨ ᠦᠢᠯᠡᠳᠦᠯᠴᠡᠬᠦ ᠴᠢᠨᠠᠷ ᠪᠠ ᠰᠣᠨᠢᠷᠬᠠᠯᠲᠤ ᠴᠢᠨᠠᠷ᠎ᠢᠶᠠᠨ ᠨᠡᠮᠡᠭᠳᠡᠭᠦᠯᠵᠦ᠂ ᠬᠡᠷᠡᠭᠯᠡᠭᠴᠢᠳ᠎ᠦᠨ ᠨᠡᠢᠭᠡᠮ᠎ᠦᠨ ᠬᠠᠷᠢᠯᠴᠠᠭᠠᠨ᠎ᠤ ᠪᠡᠶᠡᠴᠢᠯᠡᠨ ᠣᠢᠯᠠᠭᠠᠯᠲᠠ᠎ᠶᠢ ᠳᠡᠭᠡᠭᠰᠢᠯᠡᠭᠦᠯᠪᠡ᠃
ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠢᠵᠢᠭᠯᠡᠨ ᠬᠤᠳᠠᠯᠳᠤᠬᠤ ᠦᠢᠯᠡᠰ᠎ᠦᠨ ᠰᠢᠨ᠎ᠡ᠎ᠶᠢ ᠡᠭᠦᠳᠦᠨ ᠳᠡᠭᠡᠭᠰᠢᠯᠡᠭᠦᠯᠬᠦ ᠢᠨᠵᠧᠨᠧᠷᠢᠩ᠎ᠢ ᠲᠦᠷᠭᠡᠪᠴᠢᠯᠡᠨ ᠬᠡᠷᠡᠭᠵᠢᠭᠦᠯᠵᠦ᠂ ᠨᠡᠩ ᠤᠯᠠᠨ ᠤᠯᠠᠮᠵᠢᠯᠠᠯᠲᠤ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ 《ᠬᠠᠭᠤᠴᠢᠨ᠎ᠤ ᠳᠤᠮᠳᠠ᠎ᠠᠴᠠ ᠰᠢᠨ᠎ᠡ᠎ᠶᠢ ᠡᠷᠢᠯᠬᠢᠯᠡᠬᠦ》᠎ᠳᠤ ᠬᠦᠴᠦᠨ ᠨᠡᠮᠡᠷᠢᠯᠡᠪᠡ᠃ ᠵᠠᠷᠢᠮ ᠭᠠᠵᠠᠷ᠎ᠤᠨ ᠬᠢᠨ ᠮᠦᠽᠧᠢ᠂ ᠲᠡᠯᠡᠶ ᠲᠠᠩᠭᠢᠰ᠎ᠤᠨ ᠣᠷᠳᠣᠨ᠎ᠢ ᠬᠤᠳᠠᠯᠳᠤᠭᠠᠨ᠎ᠤ ᠲᠠᠯᠠᠪᠤᠷ᠎ᠲᠤ 《ᠨᠡᠭᠦᠯᠭᠡᠨ ᠣᠷᠣᠭᠤᠯᠬᠤ》᠂ ᠶᠠᠭᠤᠮ᠎ᠠ ᠬᠤᠳᠠᠯᠳᠤᠨ ᠠᠪᠬᠤ᠂ ᠳᠡᠯᠭᠡᠨ ᠦᠵᠡᠭᠦᠯᠭᠡ ᠲᠣᠭᠣᠷᠢᠬᠤ᠂ ᠡᠴᠢᠭᠡ ᠡᠬᠡ ᠦᠷ᠎ᠡ ᠬᠡᠦᠬᠡᠳ᠎ᠦᠨ ᠵᠤᠭ᠎ᠠ ᠴᠡᠩᠭᠡᠯ ᠵᠡᠷᠭᠡ ᠬᠡᠷᠡᠭᠴᠡᠭᠡᠨᠦᠭᠦᠳᠢ 《ᠲᠥᠪᠯᠡᠷᠡᠭᠦᠯᠦᠨ》 ᠰᠢᠢᠳᠪᠦᠷᠢᠯᠡᠵᠦ ᠪᠠᠢᠨ᠎ᠠ᠃ ᠤᠯᠠᠮ᠎ᠠᠴᠠ ᠤᠯᠠᠮ ᠤᠯᠠᠨ ᠬᠤᠳᠠᠯᠳᠤᠭᠠᠨ᠎ᠤ ᠲᠠᠯᠠᠪᠠᠢ ᠬᠡᠷᠡᠭᠯᠡᠭᠴᠢᠳ᠎ᠦᠨ ᠣᠯᠠᠨ ᠲᠠᠯ᠎ᠠ᠎ᠶᠢᠨ ᠬᠡᠷᠡᠭᠴᠡᠭᠡ᠎ᠶᠢ ᠠᠭᠤᠰᠤᠯᠴᠠᠵᠤ᠂ ᠪᠣᠳᠠᠰ᠎ᠤᠨ ᠪᠤᠰᠤ ᠰᠣᠶᠣᠯ᠎ᠤᠨ ᠥᠪ᠂ ᠮᠠᠰᠢᠨ ᠬᠥᠮᠥᠨ᠂ ᠵᠣᠬᠢᠶᠠᠮᠠᠯ ᠤᠶᠤᠨ ᠵᠡᠷᠭᠡ ᠡᠯᠧᠮᠧᠨ᠋ᠲᠦᠳᠢ ᠣᠷᠣᠭᠤᠯᠤᠨ ᠠᠪᠴᠢᠷᠠᠵᠤ᠂ ᠬᠤᠳᠠᠯᠳᠤᠭ᠎ᠠ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ 《ᠲᠥᠪᠯᠡᠷᠡᠩᠭᠦᠢ》 ᠦᠢᠯᠡᠴᠢᠯᠡᠭᠡ᠎ᠶᠢ ᠪᠦᠲᠦᠭᠡᠭᠰᠡᠨ᠎ᠡᠴᠡ ᠬᠡᠷᠡᠭᠯᠡᠭᠴᠢᠳ ᠢᠯᠠᠩᠭᠤᠶ᠎ᠠ ᠵᠠᠯᠠᠭᠤᠴᠤᠳ᠎ᠤᠨ ᠨᠡᠢᠭᠡᠮ᠎ᠦᠨ ᠬᠠᠷᠢᠯᠴᠠᠭᠠᠨ᠎ᠤ ᠠᠮᠢᠳᠤᠷᠠᠯ᠎ᠤᠨ ᠰᠢᠨ᠎ᠡ 《ᠲᠥᠪᠯᠡᠷᠡᠯ᠎ᠦᠨ ᠴᠡᠭ》 ᠪᠣᠯᠤᠭᠰᠠᠨ ᠪᠠᠢᠨ᠎ᠠ᠃
ᠴᠢᠨᠠᠷᠯᠢᠭ᠋ ᠠᠮᠢᠳᠤᠷᠠᠯ᠎ᠤᠨ ᠬᠡᠷᠡᠭᠴᠡᠭᠡ ᠳᠡᠭᠡᠭᠰᠢᠯᠡᠵᠦ᠂ ᠲᠠᠰ ᠳᠡᠪᠰᠢᠭᠦᠯᠬᠦ ᠲᠥᠷᠥᠯ᠎ᠦᠨ ᠲᠠᠸᠠᠷ᠎ᠤᠨ ᠪᠣᠷᠣᠯᠠᠭᠤᠯᠤᠯᠲᠠ᠎ᠶᠢᠨ ᠨᠡᠮᠡᠭᠳᠡᠯ ᠨᠡᠯᠢᠶᠡᠳ ᠲᠦᠷᠭᠡᠨ ᠪᠣᠯᠪᠠ᠃ ᠳᠡᠭᠡᠷ᠎ᠡ ᠬᠠᠭᠠᠰ ᠵᠢᠯ᠎ᠳᠦ᠂ ᠬᠢᠵᠠᠭᠠᠷ ᠲᠣᠭ᠎ᠠ᠎ᠠᠴᠠ ᠳᠡᠭᠡᠭᠰᠢᠬᠢ ᠠᠷᠠᠯᠵᠢᠶᠠᠨ᠎ᠤ ᠨᠢᠭᠡᠴᠢ᠎ᠶᠢᠨ ᠠᠯᠲᠠ ᠮᠥᠩᠭᠥ ᠰᠤᠪᠤᠳ ᠡᠷᠳᠡᠨᠢ᠎ᠶᠢᠨ ᠲᠥᠷᠥᠯ᠂ ᠪᠡᠶ᠎ᠡ᠎ᠶᠢᠨ ᠲᠠᠮᠢᠷ ᠵᠤᠭ᠎ᠠ ᠴᠡᠩᠭᠡᠯ᠎ᠦᠨ ᠬᠡᠷᠡᠭᠰᠡᠯ᠎ᠦᠨ ᠲᠥᠷᠥᠯ᠎ᠦᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 11.3%᠂ 22.2%᠎ᠢᠶᠠᠷ ᠨᠡᠮᠡᠭᠳᠡᠵᠦ᠂ ᠨᠡᠮᠡᠭᠳᠡᠯ᠎ᠦᠨ ᠬᠤᠷᠳᠤᠴᠠ ᠨᠢ ᠬᠢᠵᠠᠭᠠᠷ ᠲᠣᠭ᠎ᠠ᠎ᠠᠴᠠ ᠳᠡᠭᠡᠭᠰᠢᠬᠢ ᠠᠷᠠᠯᠵᠢᠶᠠᠨ᠎ᠤ ᠨᠢᠭᠡᠴᠢ᠎ᠶᠢᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ᠎ᠡᠴᠡ ᠵᠠᠭᠤᠨ᠎ᠤ ᠬᠤᠪᠢ᠎ᠪᠠᠷ ᠲᠣᠰ ᠲᠣᠰ 5 ᠪᠠ 15.9 ᠲᠦᠷᠭᠡᠨ ᠪᠣᠯᠵᠠᠢ᠃
ᠪᠡᠯᠡ ᠣᠷᠣᠭᠤᠯᠤᠯᠲᠠ᠎ᠳᠤ ᠬᠦᠴᠦᠨ᠎ᠢᠶᠡᠨ ᠲᠥᠪᠯᠡᠷᠡᠭᠦᠯᠦᠭᠡᠳ ᠳᠡᠭᠡᠳᠦ ᠮᠡᠷᠭᠡᠵᠢᠯ᠎ᠦᠨ ᠠᠵᠤ ᠦᠢᠯᠡᠰ᠎ᠦᠨ ᠬᠥᠭᠵᠢᠨ ᠪᠤᠵᠠᠭᠠᠢᠷᠠᠬᠤ᠎ᠶᠢ ᠠᠬᠢᠭᠤᠯᠵᠤ᠂ ᠠᠵᠤ ᠦᠢᠯᠡᠰ᠎ᠦᠨ ᠰᠢᠯᠢᠳᠡᠭᠵᠢᠨ ᠲᠡᠰ ᠳᠡᠪᠰᠢᠭᠦᠯᠬᠦ᠎ᠶᠢ ᠠᠬᠢᠭᠤᠯᠪᠠ᠃ ᠳᠡᠭᠡᠷ᠎ᠡ ᠬᠠᠭᠠᠰ ᠵᠢᠯ᠎ᠳᠦ᠂ ᠦᠢᠯᠡᠳᠬᠦ ᠦᠢᠯᠡᠰ᠎ᠦᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ᠎ᠤ ᠬᠢ᠎ᠡᠴᠡ 7.5%᠎ᠪᠠᠷ ᠨᠡᠮᠡᠭᠳᠡᠵᠦ᠂ ᠨᠡᠮᠡᠭᠳᠡᠯ᠎ᠦᠨ ᠬᠤᠷᠳᠤᠴᠠ ᠨᠢ ᠪᠥᠬᠥ ᠪᠡᠯᠡ ᠣᠷᠣᠭᠤᠯᠤᠯᠲᠠ᠎ᠠᠴᠠ 4.7 ᠵᠠᠭᠤᠨ᠎ᠤ ᠬᠤᠪᠢ᠎ᠪᠠᠷ ᠥᠨᠳᠥᠷ ᠪᠣᠯᠵᠤ᠂ ᠪᠥᠬᠥ ᠪᠡᠯᠡ ᠣᠷᠣᠭᠤᠯᠤᠯᠲᠠ᠎ᠶᠢᠨ ᠨᠡᠮᠡᠭᠳᠡᠯ᠎ᠢ 1.8 ᠵᠠᠭᠤᠨ᠎ᠤ ᠬᠤᠪᠢ᠎ᠪᠠᠷ ᠳᠠᠶ᠋ᠢᠴᠢᠯᠠᠪᠠ; ᠳᠡᠭᠡᠳᠦ ᠮᠡᠷᠭᠡᠵᠢᠯ᠎ᠦᠨ ᠦᠢᠯᠡᠳᠬᠦ ᠦᠢᠯᠡᠰ᠎ᠦᠨ ᠪᠡᠯᠡ ᠣᠷᠣᠭᠤᠯᠤᠯᠲᠠ᠎ᠳᠤ᠂ ᠠᠭᠠᠷ ᠠᠶᠠᠯᠠᠯ᠂ ᠰᠠᠨᠰᠠᠷ᠎ᠤᠨ ᠨᠢᠰᠦᠭᠦᠷ ᠵᠢᠴᠢ ᠲᠥᠬᠦᠭᠡᠷᠦᠮᠵᠢ ᠦᠢᠯᠡᠳᠬᠦ ᠦᠢᠯᠡᠰ᠎ᠦᠨ ᠪᠡᠯᠡ ᠣᠷᠣᠭᠤᠯᠤᠯᠲᠠ 26.3% ᠪᠡᠷ ᠨᠡᠮᠡᠭᠳᠡᠵᠦ᠂ ᠺᠣᠮᠫᠢᠦ᠋ᠲᠧᠷ ᠵᠢᠴᠢ ᠠᠯᠪᠠᠯᠠᠬᠤ ᠲᠥᠬᠦᠭᠡᠷᠦᠮᠵᠢ ᠦᠢᠯᠡᠳᠬᠦ ᠦᠢᠯᠡᠰ᠎ᠦᠨ ᠪᠡᠯᠡ ᠣᠷᠣᠭᠤᠯᠤᠯᠲᠠ 21.5% ᠪᠡᠷ ᠨᠡᠮᠡᠭᠳᠡᠪᠡ᠃
ᠦᠷᠭᠦᠯᠵᠢᠯᠡᠨ ᠬᠦᠴᠦᠯᠡᠵᠦ ᠪᠣᠢ —
ᠬᠡᠲᠦ ᠶᠡᠬᠡ ᠬᠡᠪᠴᠢᠶᠡᠵᠢᠯ᠎ᠦᠨ ᠵᠠᠬ᠎ᠠ ᠳᠡᠯᠭᠡᠭᠦᠷ᠎ᠦᠨ ᠳᠠᠪᠠᠭᠤᠯᠢᠭ᠋᠎ᠢ ᠲᠠᠰᠤᠷᠠᠯᠲᠠ ᠦᠭᠡᠢ ᠪᠡᠬᠢᠵᠢᠭᠦᠯᠦᠨ ᠴᠢᠩᠭᠠᠷᠠᠭᠤᠯᠪᠠ
ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠦ᠎ᠪᠡᠨ᠂ ᠳᠡᠭᠡᠷ᠎ᠡ ᠬᠠᠭᠠᠰ ᠵᠢᠯ᠎ᠦᠨ ᠬᠡᠷᠡᠭᠯᠡᠭᠡ᠎ᠶᠢᠨ ᠵᠠᠬ᠎ᠠ ᠳᠡᠯᠭᠡᠭᠦᠷ ᠬᠥᠭᠵᠢᠶᠡᠨᠲᠡᠢ ᠬᠠᠨᠳᠤᠰᠢ ᠢᠯᠡᠷᠡᠵᠦ᠂ ᠬᠥᠭᠵᠢᠯᠲᠡ᠎ᠶᠢᠨ ᠬᠠᠨᠳᠤᠰᠢ ᠰᠠᠢᠵᠢᠷᠠᠭᠰᠠᠨ ᠨᠢ ᠳᠣᠣᠷ᠎ᠠ ᠬᠠᠭᠠᠰ ᠵᠢᠯ᠎ᠦᠨ ᠬᠡᠷᠡᠭᠯᠡᠭᠡ᠎ᠶᠢᠨ ᠬᠥᠭᠵᠢᠯᠲᠡ ᠲᠤᠯᠭᠠᠭᠤᠷᠢᠯᠠᠯ᠎ᠲᠠᠢ ᠪᠣᠯᠣᠭᠰᠠᠨ᠎ᠢ ᠬᠠᠷᠠᠭᠤᠯᠵᠤ ᠪᠠᠢᠨ᠎ᠠ᠃ ᠳᠤᠮᠳᠠᠳᠤ ᠤᠯᠤᠰ᠎ᠤᠨ ᠢᠷᠡᠭᠡᠳᠦᠢ᠎ᠶᠢᠨ ᠬᠡᠷᠡᠭᠯᠡᠭᠡ᠎ᠶᠢᠨ ᠥᠰᠦᠯᠲᠡ ᠮᠠᠰᠢ ᠰᠠᠢᠨ᠂ ᠵᠠᠬ᠎ᠠ ᠳᠡᠯᠭᠡᠭᠦᠷ᠎ᠦᠨ ᠣᠷᠣᠨ ᠵᠠᠢ ᠮᠠᠰᠢ ᠥᠷᠭᠡᠨ ᠪᠠᠢᠵᠤ᠂ ᠳᠣᠣᠷ᠎ᠠ ᠬᠠᠭᠠᠰ ᠵᠢᠯ᠎ᠦᠨ ᠬᠡᠷᠡᠭᠯᠡᠭᠡ᠎ᠳᠦ ᠢᠲᠡᠭᠡᠯ ᠳᠦᠭᠦᠷᠡᠩ ᠪᠠᠢᠨ᠎ᠠ ᠭᠡᠵᠡᠢ᠃
ᠬᠡᠷᠡᠭᠯᠡᠭᠡ᠎ᠶᠢᠨ ᠲᠡᠰ ᠲᠡᠪᠰᠢᠯᠳᠠ ᠨᠢ ᠰᠢᠨ᠎ᠡ ᠨᠡᠮᠡᠭᠳᠡᠯ ᠴᠡᠭ᠎ᠢ ᠪᠤᠢ ᠪᠣᠯᠭᠠᠪᠠ —
ᠬᠣᠩ ᠶᠦᠩ ᠬᠡᠯᠡᠬᠦ᠎ᠳᠦ᠎ᠪᠡᠨ᠂ ᠮᠠᠨ᠎ᠤ ᠤᠯᠤᠰ᠎ᠤᠨ ᠬᠥᠮᠥᠨ ᠳᠤᠮᠳᠠᠴᠢ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠶᠡᠷᠦᠩᠬᠡᠢ ᠥᠷᠲᠡᠭ ᠬᠣᠶᠠᠷ ᠵᠢᠯ ᠳᠠᠷᠠᠭᠠᠯᠠᠨ 1.3 ᠲᠦᠮᠡᠨ ᠳ᠋ᠣᠯᠯᠠᠷ᠎ᠠᠴᠠ ᠳᠡᠭᠡᠭᠰᠢ ᠬᠡᠮᠵᠢᠶᠡᠨ᠎ᠳᠦ ᠲᠣᠭᠲᠠᠪᠤᠷᠢᠵᠢᠵᠠᠢ᠂ ᠡᠨᠡ ᠬᠦ᠌ ᠱᠠᠲᠤ ᠨᠢ ᠶᠠᠭ ᠬᠡᠷᠡᠭᠯᠡᠭᠡ᠎ᠶᠢ ᠳᠡᠰ ᠳᠡᠪᠰᠢᠭᠦᠯᠬᠦ ᠵᠠᠩᠭᠢᠯᠠᠭ᠎ᠠ᠎ᠶᠢᠨ ᠴᠠᠭ ᠦᠶ᠎ᠡ ᠮᠥᠨ᠃ 《Z ᠴᠠᠭ ᠦᠶ᠎ᠡ》 ᠵᠡᠷᠭᠡ ᠵᠠᠯᠠᠭᠤ ᠬᠡᠷᠡᠭᠯᠡᠭᠴᠢᠳ ᠠᠭᠠᠵᠢᠮ᠎ᠢᠶᠠᠷ ᠬᠡᠷᠡᠭᠯᠡᠭᠡ᠎ᠶᠢᠨ ᠭᠣᠣᠯ ᠬᠦᠴᠦᠨ ᠪᠣᠯᠬᠤ᠎ᠶᠢ ᠳᠠᠭᠠᠯᠳᠤᠨ᠂ ᠳᠤᠭᠤᠢ ᠤᠨᠤᠬᠤ᠂ ᠴᠠᠰᠤᠨ᠎ᠳᠤ ᠭᠤᠯᠭᠤᠬᠤ᠂ ᠬᠡᠭᠡᠷ᠎ᠡ ᠪᠠᠭᠤᠳᠠᠯᠯᠠᠬᠤ᠂ ᠲᠣᠭᠯᠠᠯᠲᠠ ᠦᠵᠡᠬᠦ ᠵᠡᠷᠭᠡ ᠬᠡᠷᠡᠭᠯᠡᠭᠡ᠎ᠶᠢᠨ ᠡᠵᠡᠩᠨᠡᠯᠲᠡ᠎ᠶᠢᠨ ᠬᠡᠯᠪᠡᠷᠢ ᠪᠠᠢᠳᠠᠯ ᠤᠯᠠᠮ᠎ᠢᠶᠠᠷ ᠬᠥᠮᠥᠰ᠎ᠦᠨ ᠲᠠᠭᠠᠰᠢᠶᠠᠯ᠎ᠢ ᠣᠯᠵᠤ ᠪᠠᠢᠨ᠎ᠠ᠃ ᠨᠡᠩ ᠶᠡᠬᠡ ᠡᠷᠴᠢᠮ᠎ᠢᠶᠡᠷ ᠴᠢᠨᠠᠷ ᠰᠠᠢᠲᠠᠢ ᠬᠠᠩᠭᠠᠯᠭ᠎ᠠ᠎ᠶᠢᠨ ᠳᠤᠲᠠᠭᠤᠳᠠᠯ᠎ᠢ ᠨᠥᠬᠥᠪᠦᠷᠢᠯᠡᠵᠦ᠂ ᠨᠡᠩ ᠤᠯᠠᠨ ᠬᠡᠷᠡᠭᠯᠡᠭᠡ᠎ᠶᠢᠨ ᠬᠦᠷᠢᠶᠡᠨ᠎ᠳᠡᠬᠢ ᠰᠢᠨ᠎ᠡ ᠨᠡᠮᠡᠭᠳᠡᠯ ᠴᠡᠭ᠎ᠢ ᠪᠤᠢ ᠪᠣᠯᠭᠠᠬᠤ ᠬᠡᠷᠡᠭᠲᠡᠢ ᠭᠡᠵᠡᠢ᠃
ᠰᠢᠨ᠎ᠡ ᠬᠡᠷᠡᠭᠯᠡᠭᠡ ᠨᠢ ᠰᠢᠨ᠎ᠡ ᠬᠥᠳᠡᠯᠭᠡᠭᠴᠢ ᠬᠦᠴᠦᠨ᠎ᠢ ᠪᠤᠢ ᠪᠣᠯᠭᠠᠪᠠ᠃ 《ᠲᠣᠭᠯᠠᠯᠲᠠ ᠪᠤᠶᠤ ᠤᠷᠤᠯᠳᠤᠭᠠᠨ᠎ᠢ ᠲᠠᠭᠠᠵᠦ ᠵᠢᠭᠤᠯᠴᠢᠯᠠᠬᠤ》 ᠬᠠᠯᠠᠮᠰᠢᠯ ᠡᠭᠦᠰᠴᠦ᠂ 《ᠪᠢᠯᠧᠲ᠎ᠦᠨ ᠠᠵᠤ ᠠᠬᠤᠢ》 ᠬᠦᠷ ᠬᠥᠭᠵᠢᠶᠡᠨ᠎ᠲᠠᠢ ᠶᠠᠪᠤᠭᠳᠠᠵᠤ᠂ ᠡᠷᠬᠢᠨ ᠲᠣᠭᠣᠷᠢᠨ᠎ᠤ ᠬᠣᠭᠣᠯᠠ ᠤᠮᠳᠠ ᠬᠣᠨᠣᠭ ᠪᠠᠭᠤᠳᠠᠯ᠎ᠤᠨ ᠦᠢᠯᠡᠰ᠎ᠦᠨ ᠲᠦᠷᠭᠡᠨ ᠨᠡᠮᠡᠭᠳᠡᠯ᠎ᠢ ᠲᠠᠢ᠍ᠢᠴᠢᠯᠠᠵᠠᠢ᠃ 7 ᠳ᠋ᠤᠭᠠᠷ ᠰᠠᠷ᠎ᠠ᠎ᠶᠢᠨ ᠡᠬᠢᠨ᠎ᠳᠡᠬᠢ ᠭᠠᠷᠠᠭ᠎ᠤᠨ ᠰᠡᠭᠦᠯᠴᠢ᠎ᠶᠢᠨ ᠤᠷᠤᠯᠳᠤᠭᠠᠨ᠎ᠤ ᠡᠳᠦᠷᠦᠳᠢᠶᠡᠷ᠂ ᠵᠢᠶᠠᠩᠰᠤ ᠮᠤᠵᠢ᠎ᠶᠢᠨ ᠡᠯ᠎ᠡ ᠭᠠᠵᠠᠷ᠎ᠤᠨ ᠵᠣᠴᠢᠳ᠎ᠤᠨ ᠪᠠᠭᠤᠳᠠᠯ᠎ᠳᠤ ᠬᠣᠨᠣᠭᠰᠠᠨ ᠵᠣᠴᠢᠳ᠎ᠤᠨ ᠲᠣᠭ᠎ᠠ ᠢᠯᠡᠳᠲᠡ ᠨᠡᠮᠡᠭᠳᠡᠵᠦ᠂ ᠨᠠᠨᠵᠢᠩ᠂ ᠰᠢᠤᠢ᠍ᠢᠵᠸᠤ᠂ ᠬᠤᠸᠠᠢ ᠠᠨ᠂ ᠵᠧᠨᠵᠢᠶᠠᠩ᠂ ᠶᠠᠩᠵᠸᠤ ᠵᠡᠷᠭᠡ ᠬᠣᠲᠠ᠎ᠶᠢᠨ ᠥᠨᠳᠥᠷ ᠣᠳᠣᠨ ᠳᠡᠰ᠎ᠦᠨ ᠵᠣᠴᠢᠳ᠎ᠤᠨ ᠪᠠᠭᠤᠳᠠᠯ᠎ᠤᠨ ᠵᠠᠬᠢᠶᠠᠯᠠᠭ᠎ᠠ᠎ᠶᠢᠨ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ 59% ᠪᠡᠷ ᠨᠡᠮᠡᠭᠳᠡᠵᠦ᠂ ᠦᠵᠡᠮᠵᠢ᠎ᠶᠢᠨ ᠣᠷᠣᠨ᠎ᠤ ᠡᠭᠦᠳᠡᠨ ᠪᠢᠯᠧᠲ᠎ᠦᠨ ᠵᠠᠬᠢᠶᠠᠯᠠᠭ᠎ᠠ᠎ᠶᠢᠨ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ 255% ᠪᠡᠷ ᠨᠡᠮᠡᠭᠳᠡᠵᠡᠢ᠃
ᠣᠷᠣᠯᠭ᠎ᠠ᠎ᠶᠢᠨ ᠨᠡᠮᠡᠭᠳᠡᠯ ᠨᠢ ᠬᠡᠷᠡᠭᠯᠡᠭᠡ᠎ᠶᠢᠨ ᠰᠡᠯᠭᠦᠬᠦ ᠬᠦᠴᠦᠨ᠎ᠢ ᠪᠠᠲᠤᠳᠬᠠᠪᠠ —
ᠳᠡᠭᠡᠷ᠎ᠡ ᠬᠠᠭᠠᠰ ᠵᠢᠯ᠎ᠳᠦ᠂ ᠰᠠᠭᠤᠭᠠᠯᠢ ᠠᠷᠠᠳ᠎ᠤᠨ ᠣᠷᠣᠯᠭ᠎ᠠ ᠲᠣᠭᠲᠠᠭᠤᠨ᠎ᠢᠶᠠᠷ ᠨᠡᠮᠡᠭᠳᠡᠪᠡ᠄ ᠪᠥᠬᠥ ᠤᠯᠤᠰ᠎ᠤᠨ ᠰᠠᠭᠤᠭᠠᠯᠢ ᠠᠷᠠᠳ᠎ᠤᠨ ᠬᠥᠮᠥᠨ ᠳᠤᠮᠳᠠᠴᠢ ᠡᠵᠡᠮᠳᠡᠬᠦᠢᠴᠡ ᠣᠷᠣᠯᠭ᠎ᠠ 21840 ᠲᠥᠭᠥᠷᠢᠭ᠎ᠲᠦ ᠬᠦᠷᠴᠦ᠂ ᠳᠡᠭᠡᠷ᠎ᠡ ᠵᠢᠯ᠎ᠦᠨ ᠠᠳᠠᠯᠢ ᠬᠤᠭᠤᠴᠠᠭᠠᠨ᠎ᠤ ᠬᠢ᠎ᠡᠴᠡ ᠥᠩᠭᠡᠨ ᠳᠡᠭᠡᠷ᠎ᠡ᠎ᠪᠡᠨ 5.3% ᠪᠡᠷ ᠨᠡᠮᠡᠭᠳᠡᠪᠡ᠂ ᠦᠨ᠎ᠡ ᠬᠠᠩᠰᠢ᠎ᠶᠢᠨ ᠬᠦᠴᠦᠨ ᠵᠦᠢᠯ᠎ᠢ ᠭᠠᠷᠭᠠᠪᠠᠯ᠂ 5.4% ᠪᠡᠷ ᠪᠣᠳᠠᠲᠠᠢ ᠨᠡᠮᠡᠭᠳᠡᠪᠡ; ᠬᠣᠲᠠ ᠬᠥᠳᠡᠭᠡ᠎ᠪᠡᠷ ᠬᠤᠪᠢᠶᠠᠵᠤ ᠦᠵᠡᠪᠡᠯ᠂ ᠬᠥᠳᠡᠭᠡ ᠲᠣᠰᠬᠣᠨ᠎ᠤ ᠰᠠᠭᠤᠭᠠᠯᠢ ᠠᠷᠠᠳ᠎ᠤᠨ ᠣᠷᠣᠯᠭ᠎ᠠ᠎ᠶᠢᠨ ᠥᠩᠭᠡᠨ ᠳᠡᠭᠡᠷᠡᠬᠢ ᠨᠡᠮᠡᠭᠳᠡᠯ᠎ᠦᠨ ᠬᠤᠷᠳᠤᠴᠠ ᠪᠠ ᠪᠣᠳᠠᠲᠠᠢ ᠨᠡᠮᠡᠭᠳᠡᠯ᠎ᠦᠨ ᠬᠤᠷᠳᠤᠴᠠ ᠨᠢ ᠬᠣᠲᠠ ᠪᠠᠯᠭᠠᠰᠤᠨ᠎ᠤ ᠰᠠᠭᠤᠭᠠᠯᠢ ᠠᠷᠠᠳ᠎ᠤᠨ ᠬᠢ᠎ᠡᠴᠡ ᠵᠠᠭᠤᠨ᠎ᠢᠶᠠᠷ ᠬᠤᠪᠢ᠎ᠪᠠᠷ ᠲᠣᠰ ᠲᠣᠰ 1.2 ᠪᠠ 1.5 ᠲᠦᠷᠭᠡᠨ ᠪᠣᠯᠣᠭᠰᠠᠨ ᠪᠠᠢᠨ᠎ᠠ᠃ 《ᠬᠡᠷᠡᠭᠯᠡᠭᠡ᠎ᠶᠢ ᠦᠷᠭᠦᠯᠵᠢᠯᠡᠨ ᠡᠷᠡᠭᠦᠯ᠎ᠢᠶᠡᠷ ᠬᠥᠭᠵᠢᠭᠦᠯᠬᠦ᠎ᠳᠦ ᠡᠷᠬᠡᠪᠰᠢ ᠰᠠᠭᠤᠭᠠᠯᠢ ᠠᠷᠠᠳ᠎ᠤᠨ ᠣᠷᠣᠯᠭ᠎ᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠡᠷᠡᠭᠯᠡᠭᠡ᠎ᠶᠢᠨ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠠᠢᠵᠢᠷᠠᠭᠤᠯᠬᠤ ᠬᠡᠷᠡᠭᠲᠡᠢ᠃》 ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠬᠦ᠎ᠳᠦ᠎ᠪᠡᠨ᠂ ᠲᠥᠪ᠎ᠦᠨ ᠲᠥᠷᠥ᠎ᠶᠢᠨ ᠪᠣᠳᠣᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠨᠡᠢᠲᠡᠯᠡᠭᠰᠡᠨ ᠠᠷᠭ᠎ᠠ ᠬᠡᠮᠵᠢᠶ᠎ᠡ᠎ᠨᠦᠭᠦᠳ᠎ᠢ ᠴᠥᠮ ᠦᠷᠭᠦᠯᠵᠢᠯᠡᠨ ᠠᠬᠢᠭᠤᠯᠵᠤ ᠪᠠᠢᠨ᠎ᠠ᠂ ᠡᠯ᠎ᠡ ᠭᠠᠵᠠᠷ᠎ᠤᠨ ᠬᠢᠨ ᠲᠥᠪ᠎ᠦᠨ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ ᠲᠥᠷᠥ᠎ᠶᠢᠨ ᠪᠣᠳᠣᠯᠭ᠎ᠠ᠎ᠶᠢᠨ ᠱᠠᠭᠠᠷᠳᠠᠯᠭ᠎ᠠ᠎ᠶᠢ ᠤᠯᠠᠮ ᠨᠢᠭᠡ ᠠᠯᠬᠤᠮ ᠰᠠᠢᠲᠤᠷ ᠨᠠᠢᠳᠠᠪᠤᠷᠢᠵᠢᠭᠤᠯᠵᠤ᠂ ᠬᠡᠷᠡᠭᠯᠡᠭᠡ᠎ᠶᠢ ᠳᠡᠭᠡᠭᠰᠢᠯᠡᠭᠦᠯᠬᠦ ᠠᠵᠢᠯᠯᠠᠭᠠᠨ᠎ᠤ ᠲᠥᠰᠥᠯ᠎ᠦᠨ ᠪᠠᠢᠷᠢᠯᠠᠭᠤᠯᠤᠯᠲᠠ ᠶᠣᠰᠣᠭᠠᠷ᠂ ᠤᠯᠠᠮ ᠨᠢᠭᠡ ᠠᠯᠬᠤᠮ 《ᠠᠵᠢᠯ ᠣᠯᠭᠣᠯᠲᠠ᠎ᠶᠢ ᠲᠣᠭᠲᠠᠪᠤᠷᠢᠵᠢᠭᠤᠯᠵᠤ᠂ ᠣᠷᠣᠯᠭ᠎ᠠ᠎ᠶᠢᠨ ᠨᠡᠮᠡᠭᠳᠡᠯ᠎ᠢ ᠠᠬᠢᠭᠤᠯᠵᠤ》᠂ ᠬᠡᠷᠡᠭᠯᠡᠭᠡ᠎ᠶᠢᠨ ᠣᠷᠴᠢᠨ ᠨᠥᠬᠥᠴᠡᠯ᠎ᠢ ᠰᠠᠢᠵᠢᠷᠠᠭᠤᠯᠤᠨ᠂ ᠥᠨᠳᠥᠷ ᠲᠦᠪᠰᠢᠨ ᠪᠦᠬᠦᠢ ᠬᠡᠷᠡᠭᠯᠡᠭᠡ᠎ᠶᠢᠨ ᠬᠠᠩᠭᠠᠯᠭ᠎ᠠ᠎ᠶᠢ ᠨᠡᠮᠡᠭᠳᠡᠭᠦᠯᠵᠦ᠂ ᠬᠡᠷᠡᠭᠯᠡᠭᠡ᠎ᠶᠢᠨ ᠵᠠᠬ᠎ᠠ ᠳᠡᠯᠭᠡᠭᠦᠷ᠎ᠦᠨ ᠦᠷᠭᠦᠯᠵᠢᠯᠡᠨ ᠡᠷᠡᠭᠦᠯ᠎ᠢᠶᠡᠷ ᠬᠥᠭᠵᠢᠬᠦ᠎ᠶᠢ ᠠᠬᠢᠭᠤᠯᠬᠤ ᠬᠡᠷᠡᠭᠲᠡᠢ ᠭᠡᠵᠡᠢ᠃
ᠮᠠᠨ᠎ᠤ ᠤᠯᠤᠰ᠎ᠤᠨ ᠠᠵᠤ ᠠᠬᠤᠢ᠎ᠶᠢᠨ ᠤᠷᠳᠤ ᠬᠤᠭᠤᠴᠠᠭ᠎ᠠ᠎ᠪᠠᠷ ᠰᠠᠢᠵᠢᠷᠠᠬᠤ ᠦᠨᠳᠦᠰᠦᠨ ᠪᠠᠢᠳᠠᠯ ᠬᠤᠪᠢᠷᠠᠭᠰᠠᠨ ᠦᠭᠡᠢ᠂ ᠵᠠᠬ᠎ᠠ ᠳᠡᠯᠭᠡᠭᠦᠷ᠎ᠦᠨ ᠲᠠᠯᠳᠠ ᠬᠦᠴᠦᠨ ᠶᠡᠬᠡ᠂ ᠤᠶᠠᠨ ᠬᠠᠳᠠᠨ ᠴᠢᠨᠠᠷ ᠴᠢᠩᠭ᠎ᠠ᠂ ᠠᠮᠢᠵᠢᠷᠠᠯ᠎ᠤᠨ ᠬᠦᠴᠦᠨ ᠲᠡᠭᠦᠯᠳᠡᠷ ᠪᠠᠢᠬᠤ ᠣᠨᠴᠠᠯᠢᠭ᠋ ᠬᠤᠪᠢᠷᠠᠭᠰᠠᠨ ᠦᠭᠡᠢ᠃ ᠳᠣᠣᠷ᠎ᠠ ᠬᠠᠭᠠᠰ ᠵᠢᠯ᠎ᠳᠦ᠂ ᠡᠯ᠎ᠡ ᠵᠦᠢᠯ᠎ᠦᠨ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠦᠷᠭᠦᠯᠵᠢᠯᠡᠨ ᠠᠬᠢᠭᠤᠯᠬᠤ᠎ᠶᠢ ᠳᠠᠭᠠᠯᠳᠤᠨ᠂ ᠵᠠᠬ᠎ᠠ ᠳᠡᠯᠭᠡᠭᠦᠷ᠎ᠦᠨ ᠪᠦᠲᠦᠴᠡ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠵᠠᠬ᠎ᠠ ᠳᠡᠯᠭᠡᠭᠦᠷ᠎ᠦᠨ ᠲᠣᠭᠲᠠᠴᠠ᠎ᠶᠢ ᠪᠦᠷᠢᠨᠰᠢᠭᠦᠯᠬᠦ᠂ ᠵᠠᠬ᠎ᠠ ᠳᠡᠯᠭᠡᠭᠦᠷ᠎ᠦᠨ ᠤᠶᠠᠨ ᠬᠠᠳᠠᠨ ᠴᠢᠨᠠᠷ᠎ᠢ ᠳᠡᠭᠡᠭᠰᠢᠯᠡᠭᠦᠯᠬᠦ᠎ᠪᠡᠷ ᠳᠠᠮᠵᠢᠭᠤᠯᠤᠭᠠᠳ᠂ ᠪᠡᠯᠡ ᠣᠷᠣᠭᠤᠯᠤᠯᠲᠠ ᠬᠡᠷᠡᠭᠯᠡᠭᠡ᠎ᠶᠢᠨ ᠨᠡᠩ ᠶᠡᠬᠡ ᠳᠠᠯᠳᠠ ᠬᠦᠴᠦᠨ᠎ᠢ ᠲᠠᠰᠤᠷᠠᠯᠲᠠ ᠦᠭᠡᠢ ᠬᠥᠭᠵᠢᠭᠡᠵᠦ᠂ ᠬᠡᠳᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠋᠎ᠢ ᠪᠡᠬᠢᠵᠢᠭᠦᠯᠦᠨ ᠴᠢᠩᠭᠠᠳᠬᠠᠵᠤ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠨᠡᠩ ᠬᠦᠴᠦᠲᠡᠢ ᠲᠤᠯᠭᠠᠭᠤᠷᠢᠯᠠᠯ ᠬᠠᠩᠭᠠᠨ᠎ᠠ᠃