ᠲᠡᠷᠢᠭᠦᠨ ᠬᠠᠭᠤᠳᠠᠰᠤ   -   ᠡᠳᠤᠷ ᠪᠥᠷᠢ᠎ᠶᠢᠨ ᠴᠢᠬᠤᠯᠠ ᠮᠡᠳᠡᠭᠡ
ᠬᠠᠷᠢᠯᠴᠠᠨ ᠠᠰᠢᠭᠲᠠᠢ ᠬᠠᠮᠲᠤ᠎ᠪᠠᠷ ᠠᠰᠢᠭ᠋ ᠭᠥᠷᠳᠡᠵᠦ᠂ ᠨᠡᠭᠡᠭᠡᠯᠲᠡ ᠬᠢᠵᠦ ᠬᠠᠮᠲᠤᠷᠠᠨ ᠠᠵᠢᠯᠯᠠᠬᠤ ᠰᠢᠨ᠎ᠡ ᠬᠠᠭᠤᠳᠠᠰᠤ᠎ᠶᠢ ᠪᠢᠴᠢᠭᠯᠡᠨᠡᠮ (ᠵᠢᠯ᠎ᠦᠨ ᠳᠤᠮᠳᠠᠬᠢ ᠠᠵᠤ ᠠᠬᠤᠢ᠎ᠶᠢᠨ ᠠᠵᠢᠭ᠍ᠯᠠᠯᠲᠠ)
ᠨᠡᠶ᠋ᠢᠲᠡᠯᠡᠭᠰᠡᠨ ᠴᠠᠭ᠄ 2025-07-24

ᠡᠨᠡ ᠵᠢᠯ᠎ᠡᠴᠡ ᠨᠠᠭᠠᠰᠢ᠂ ᠭᠠᠳᠠᠭᠠᠳᠤ ᠣᠷᠴᠢᠨ ᠨᠥᠬᠥᠴᠡᠯ᠎ᠦᠨ 《ᠰᠠᠯᠬᠢ ᠰᠢᠷᠦᠭᠦᠨ ᠳᠠᠪᠠᠯᠭᠠᠨ ᠳᠣᠭᠰᠢᠨ》 ᠪᠠᠢᠭᠰᠠᠨ ᠴᠤ᠌᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢᠳᠡᠪᠬᠢᠲᠡᠢ ᠣᠪᠣᠷ ᠪᠠ ᠪᠦᠲᠦᠭᠡᠯᠴᠢ ᠠᠵᠢᠯᠯᠠᠭ᠎ᠠ᠎ᠪᠠᠷ᠎ᠢᠶᠠᠨ ᠨᠡᠭᠡᠭᠡᠯᠲᠡ ᠬᠢᠬᠦ ᠬᠥᠭᠵᠢᠯᠲᠡ ᠪᠠ ᠬᠠᠮᠲᠤᠷᠠᠯᠴᠠᠭ᠎ᠠ᠎ᠶᠢ ᠠᠬᠢᠭᠤᠯᠵᠤ᠂ ᠳᠤᠮᠳᠠᠳᠤ ᠤᠯᠤᠰ᠎ᠤᠨ ᠠᠵᠤ ᠠᠬᠤᠢ ᠦᠶᠡᠯᠡᠯ᠎ᠢ ᠲᠤᠭᠤᠯᠵᠤ᠂ ᠯᠠᠪᠳᠠᠭᠤᠨ ᠲᠣᠭᠲᠠᠭᠤᠨ᠎ᠢᠶᠠᠷ ᠤᠷᠤᠭᠰᠢᠯᠠᠵᠤ᠂ ᠳᠡᠯᠡᠬᠡᠢ᠎ᠶᠢᠨ ᠠᠵᠤ ᠠᠬᠤᠢ᠎ᠳᠤ ᠨᠡᠩ ᠤᠯᠠᠨ ᠲᠣᠭᠲᠠᠪᠤᠷᠢᠲᠤ ᠴᠢᠨᠠᠷ ᠪᠠ ᠲᠣᠭᠲᠠᠭᠠᠯᠲᠤ ᠴᠢᠨᠠᠷ᠎ᠢ ᠨᠡᠮᠡᠷᠢᠯᠡᠵᠡᠢ᠃

ᠭᠠᠳᠠᠭᠠᠳᠤ ᠠᠷᠠᠯᠵᠢᠶᠠᠨ᠎ᠤ ᠤᠶᠠᠨ ᠬᠠᠳᠠᠨ ᠴᠢᠨᠠᠷ ᠪᠠ ᠳᠠᠭᠠᠷᠢᠯᠲᠠ᠎ᠶᠢ ᠡᠰᠡᠷᠭᠦᠴᠡᠬᠦ ᠴᠢᠳᠠᠪᠤᠷᠢ ᠳᠡᠭᠡᠭᠰᠢᠯᠡᠪᠡ

20 ᠵᠢᠯ᠎ᠦᠨ ᠲᠤᠷᠰᠢ᠂ ᠵᠢᠶᠠᠩᠰᠤ᠎ᠶᠢᠨ ᠰᠦᠵᠧᠦ᠎ᠶᠢᠨ ᠯᠢᠦᠢ ᠳᠢ ᠨᠠᠢᠷᠠᠭ ᠳᠣᠯᠭᠢᠶᠠᠨ ᠳᠠᠮᠵᠢᠭᠤᠯᠭ᠎ᠠ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠨᠠᠷᠢᠯᠢᠭ᠋ ᠨᠠᠢᠷᠠᠭ ᠳᠣᠯᠭᠢᠶᠠᠨ᠎ᠤ ᠤᠳᠠᠭᠠᠰᠢᠷᠠᠭᠤᠯᠤᠭ᠍ᠴᠢ᠎ᠶᠢᠨ ᠮᠡᠷᠭᠡᠵᠢᠯ᠎ᠳᠦ ᠰᠢᠪᠲᠤᠯᠤᠯᠲᠠ᠎ᠶᠢ ᠪᠡᠶᠡᠯᠡᠭᠦᠯᠵᠦ᠂ ᠦᠢᠯᠡᠳᠬᠦᠨ᠎ᠦ ᠪᠣᠷᠣᠯᠠᠭᠤᠯᠤᠯᠲᠠ᠎ᠶᠢᠨ ᠬᠡᠮᠵᠢᠶ᠎ᠡ ᠪᠥᠬᠥ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃

ᠺᠣᠮᠫᠠᠨᠢ᠎ᠶᠢᠨ ᠳᠡᠳ᠋ ᠶᠡᠷᠦᠩᠬᠡᠢ ᠳᠠᠭᠠᠭᠠᠮᠠᠯ ᠯᠢ ᠴᠢᠶᠠᠨ ᠬᠡᠯᠡᠬᠦ᠎ᠳᠦ᠎ᠪᠡᠨ᠂ ᠵᠢᠯ ᠪᠦᠷᠢ᠎ᠶᠢᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠨᠢ ᠺᠣᠮᠫᠠᠨᠢ᠎ᠶᠢᠨ ᠡᠵᠡᠩᠨᠡᠯᠲᠡ᠎ᠶᠢᠨ ᠣᠷᠣᠯᠭ᠎ᠠ᠎ᠶᠢᠨ 10% ᠎ᠠᠴᠠ 15% ᠎ᠶᠢ ᠡᠵᠡᠯᠡᠵᠦ᠂ ᠣᠳᠣᠬᠠᠨ᠎ᠳᠤ ᠤᠯᠤᠰ᠎ᠤᠨ ᠲᠤᠰᠬᠠᠢ ᠠᠰᠢᠭ᠋᠎ᠤᠨ ᠡᠷᠬᠡ᠎ᠶᠢ 200 ᠭᠠᠷᠤᠢ ᠣᠯᠣᠭᠰᠠᠨ ᠪᠠᠢᠨ᠎ᠠ᠃ ᠣᠢᠷ᠎ᠠ᠎ᠶᠢᠨ ᠬᠣᠶᠠᠷ ᠵᠢᠯ᠎ᠳᠦ᠂ ᠺᠣᠮᠫᠠᠨᠢ ᠨᠢ ᠰᠢᠩᠭᠠᠫᠤᠷ᠂ ᠭᠧᠷᠮᠠᠨ ᠵᠡᠷᠭᠡ ᠤᠯᠤᠰ᠎ᠲᠤ ᠭᠠᠳᠠᠭᠠᠳᠤ᠎ᠳᠠᠬᠢ ᠡᠵᠡᠩᠨᠡᠯᠲᠡ᠎ᠶᠢᠨ ᠲᠠᠪᠴᠠᠩ᠎ᠢ ᠪᠠᠢᠭᠤᠯᠵᠤ᠂ ᠦᠢᠯᠡᠳᠬᠦᠨ᠎ᠦ ᠭᠠᠳᠠᠭᠠᠳᠤ᠎ᠳᠠᠬᠢ ᠵᠠᠬ᠎ᠠ ᠳᠡᠯᠭᠡᠭᠦᠷ᠎ᠦᠨ ᠡᠵᠡᠯᠡᠬᠦ ᠨᠤᠷᠮ᠎ᠠ ᠲᠠᠰᠤᠷᠠᠯᠳᠡ ᠦᠭᠡᠢ ᠳᠡᠭᠡᠭᠰᠢᠯᠡᠵᠦ ᠪᠠᠢᠨ᠎ᠠ ᠭᠡᠪᠡ᠃

ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠡᠷᠬᠡ ᠰᠡᠳᠦᠪ᠎ᠢ ᠰᠢᠢᠳᠪᠦᠷᠢᠯᠡᠬᠦ᠎ᠶᠢ ᠳᠠᠭᠠᠯᠳᠤᠨ᠂ ᠵᠢᠶᠠᠩᠰᠤ᠎ᠶᠢᠨ ᠮᠠᠰᠢᠨ ᠬᠥᠮᠥᠨ᠎ᠦ ᠠᠵᠤ ᠦᠢᠯᠡᠰ ᠦᠳᠲᠡᠷ ᠲᠦᠷᠭᠡᠨ ᠬᠥᠭᠵᠢᠵᠦ᠂ ᠪᠦᠬᠦ ᠪᠥᠮᠪᠥᠷᠴᠡᠭ᠎ᠦᠨ ᠵᠠᠬ᠎ᠠ ᠳᠡᠯᠭᠡᠭᠦᠷ᠎ᠲᠦ ᠦᠷᠭᠦᠯᠵᠢᠯᠡᠨ ᠰᠢᠨ᠎ᠡ ᠦᠢᠯᠡᠳᠬᠦᠨ ᠨᠡᠮᠡᠷᠢᠯᠡᠵᠦ ᠪᠠᠢᠨ᠎ᠠ᠃ ᠨᠠᠨᠵᠢᠩ᠎ᠤᠨ ᠪᠣᠭᠣᠮᠲᠠ᠎ᠶᠢᠨ ᠪᠦᠷᠢᠳᠬᠡᠯ᠎ᠢ ᠦᠨᠳᠦᠰᠦᠯᠡᠪᠡᠯ᠂ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ ᠵᠢᠶᠠᠩᠰᠤ ᠮᠤᠵᠢ᠎ᠶᠢᠨ ᠠᠵᠤ ᠦᠢᠯᠡᠳᠪᠦᠷᠢ᠎ᠶᠢᠨ ᠮᠠᠰᠢᠨ ᠬᠥᠮᠥᠨ᠎ᠦ ᠭᠠᠳᠠᠭᠠᠳᠤ ᠭᠠᠷᠭᠠᠯᠲᠠ᠎ᠶᠢᠨ ᠲᠣᠭ᠎ᠠ 9.6 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 101.2%᠎ᠢᠶᠠᠷ ᠨᠡᠮᠡᠭᠳᠡᠵᠡᠢ᠃

ᠡᠨᠡ ᠵᠢᠯ᠎ᠡᠴᠡ ᠨᠠᠭᠠᠰᠢ᠂ ᠳᠤᠮᠳᠠᠳᠤ ᠤᠯᠤᠰ᠎ᠤᠨ ᠭᠠᠳᠠᠭᠠᠳᠤ ᠠᠷᠠᠯᠵᠢᠶᠠᠨ᠎ᠤ ᠳᠠᠷᠤᠭᠠᠰᠤ ᠪᠠᠭ᠎ᠠ ᠪᠤᠰᠤ ᠪᠠᠢᠨ᠎ᠠ᠂ ᠭᠡᠪᠡᠴᠦ ᠣᠯᠵᠤ ᠪᠠᠢᠭ᠎ᠠ ᠠᠮᠵᠢᠯᠲᠠ ᠪᠦᠲᠦᠮᠵᠢ ᠨᠢ ᠳᠡᠯᠡᠬᠡᠢ ᠨᠡᠶ᠋ᠢᠲᠡ᠎ᠶᠢᠨ ᠠᠩᠬᠠᠷᠤᠯ᠎ᠢ ᠲᠠᠲᠠᠪᠠ᠄ ᠳᠡᠭᠡᠷ᠎ᠡ ᠬᠠᠭᠠᠰ ᠵᠢᠯ᠎ᠳᠦ᠂ ᠮᠠᠨ᠎ᠤ ᠤᠯᠤᠰ᠎ᠤᠨ ᠭᠠᠳᠠᠭᠠᠳᠤ ᠭᠠᠷᠭᠠᠯᠲᠠ 13 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 7.2% ᠵᠢᠡᠷ ᠨᠡᠮᠡᠭᠳᠡᠵᠡᠢ᠃ 

7.2% ᠎ᠤᠨ ᠨᠡᠮᠡᠭᠳᠡᠯ᠎ᠦᠨ ᠬᠤᠷᠳᠤᠴᠠ ᠨᠢ ᠭᠠᠳᠠᠭᠠᠳᠤ ᠠᠷᠠᠯᠵᠢᠶᠠᠨ᠎ᠤ ᠤᠶᠠᠨ ᠬᠠᠳᠠᠨ ᠴᠢᠨᠠᠷ ᠪᠠ ᠳᠠᠭᠠᠷᠢᠯᠲᠠ᠎ᠶᠢ ᠡᠰᠡᠷᠭᠦᠴᠡᠬᠦ ᠴᠢᠳᠠᠪᠤᠷᠢ᠎ᠶᠢᠨ ᠳᠡᠭᠡᠭᠰᠢᠯᠡᠯᠲᠡ᠎ᠶᠢ ᠭᠡᠷᠡᠴᠢᠯᠡᠪᠡ᠃ ᠪᠤᠳᠤᠯᠢᠶᠠᠨᠲᠠᠢ᠂ ᠪᠡᠷᠬᠡ ᠬᠠᠲᠠᠭᠤ ᠭᠠᠳᠠᠭᠠᠳᠤ ᠣᠷᠴᠢᠨ ᠨᠥᠬᠥᠴᠡᠯ᠎ᠠᠴᠠ ᠡᠮᠢᠶᠡᠯ ᠦᠭᠡᠢ᠂ ᠪᠢᠳᠡᠨ᠎ᠳᠦ ᠡᠯ᠎ᠡ ᠵᠦᠢᠯ᠎ᠦᠨ ᠠᠶᠤᠯ ᠲᠦᠭᠰᠢᠭᠦᠷᠢ ᠥᠷᠢᠰᠦᠯᠳᠦᠭᠡᠨ᠎ᠢ ᠠᠷᠭᠠᠴᠠᠭᠠᠬᠤ ᠢᠲᠡᠭᠡᠯ ᠵᠣᠷᠢᠭ᠋᠂ ᠬᠦᠴᠦ ᠴᠢᠳᠠᠪᠤᠷᠢ ᠪᠤᠢ᠃

ᠢᠲᠡᠭᠡᠯ ᠵᠣᠷᠢᠭ᠋ ᠨᠢ ᠣᠯᠠᠨ ᠡᠰᠢᠲᠦ ᠪᠥᠭᠡᠳ ᠲᠣᠭᠲᠠᠭᠤᠨ 《ᠨᠠᠢᠵᠠ᠎ᠶᠢᠨ ᠲᠣᠭᠣᠷᠢᠭ᠋》᠎ᠠᠴᠠ ᠢᠷᠡᠯᠲᠡᠢ᠃

ᠳᠡᠭᠡᠷ᠎ᠡ ᠬᠠᠭᠠᠰ ᠵᠢᠯ᠎ᠳᠦ᠂ ᠮᠠᠨ᠎ᠤ ᠤᠯᠤᠰ 190 ᠭᠠᠷᠤᠢ ᠤᠯᠤᠰ ᠪᠠ ᠭᠠᠵᠠᠷ ᠣᠷᠣᠨ᠎ᠳᠠᠬᠢ ᠭᠠᠳᠠᠭᠠᠳᠤ ᠣᠷᠣᠭᠤᠯᠤᠯᠲᠠ ᠭᠠᠷᠭᠠᠯᠲᠠ᠎ᠳᠤ ᠨᠡᠮᠡᠭᠳᠡᠯ ᠲᠡᠢ ᠪᠣᠯᠵᠤ᠂ ᠠᠷᠠᠯᠵᠢᠶᠠᠨ᠎ᠤ ᠬᠡᠪᠴᠢᠶᠡᠵᠢᠯ 500 ᠳ᠋ᠦᠩᠰᠢᠭᠤᠷ ᠲᠥᠭᠥᠷᠢᠭ᠎ᠢ ᠳᠠᠪᠠᠭᠰᠠᠨ ᠬᠠᠨᠢᠲᠠᠨ᠎ᠤ ᠲᠣᠭ᠎ᠠ 61 ᠪᠣᠯᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 5 ᠨᠡᠮᠡᠭᠳᠡᠵᠡᠢ᠃ ᠤᠯᠠᠮᠵᠢᠯᠠᠯᠳᠤ ᠪᠠ ᠰᠢᠨ᠎ᠡ᠎ᠪᠡᠷ ᠮᠠᠨᠳᠤᠵᠤ ᠪᠠᠢᠭ᠎ᠠ ᠵᠠᠬ᠎ᠠ ᠳᠡᠯᠭᠡᠭᠦᠷ ᠵᠡᠷᠭᠡ᠎ᠪᠡᠷ ᠨᠡᠮᠡᠭᠳᠡᠪᠡ᠃ ᠳᠡᠭᠡᠷ᠎ᠡ ᠬᠠᠭᠠᠰ ᠵᠢᠯ᠎ᠳᠦ᠂ ᠡᠸᠦ᠋ᠷᠦᠫᠡ᠎ᠶᠢᠨ ᠬᠣᠯᠪᠣᠭ᠎ᠠ᠂ ᠶᠠᠫᠤᠨ᠂ ᠠᠩᠭ᠌ᠯᠢ ᠵᠡᠷᠭᠡ ᠤᠯᠠᠮᠵᠢᠯᠠᠯᠲᠤ ᠵᠠᠬ᠎ᠠ ᠳᠡᠯᠭᠡᠭᠦᠷ᠎ᠲᠡᠬᠢ ᠮᠠᠨ᠎ᠤ ᠤᠯᠤᠰ᠎ᠤᠨ ᠭᠠᠳᠠᠭᠠᠳᠤ ᠭᠠᠷᠭᠠᠯᠲᠠ ᠲᠣᠭᠲᠠᠭᠤᠨ᠎ᠢᠶᠠᠷ ᠨᠡᠮᠡᠭᠳᠡᠵᠦ᠂ ᠵᠡᠭᠦᠨ ᠡᠮᠦᠨᠡᠲᠦ ᠠᠽᠢᠶ᠎ᠠ᠎ᠶᠢᠨ ᠤᠯᠤᠰ᠎ᠤᠳ᠎ᠤᠨ ᠬᠣᠯᠪᠣᠭ᠎ᠠ᠂ ᠳᠤᠮᠳᠠᠳᠤ ᠠᠽᠢᠶ᠎ᠠ᠂ ᠠᠹᠷᠢᠺᠠ ᠲᠢᠪ ᠵᠡᠷᠭᠡ ᠰᠢᠨ᠎ᠡ᠎ᠪᠡᠷ ᠮᠠᠨᠳᠤᠵᠤ ᠪᠠᠢᠭ᠎ᠠ ᠵᠠᠬ᠎ᠠ ᠳᠡᠯᠭᠡᠭᠦᠷ᠎ᠲᠡᠬᠢ ᠭᠠᠳᠠᠭᠠᠳᠤ ᠭᠠᠷᠭᠠᠯᠲᠠ᠎ᠶᠢᠨ ᠨᠡᠮᠡᠭᠳᠡᠯ᠎ᠦᠨ ᠬᠤᠷᠳᠤᠴᠠ ᠴᠥᠮ ᠬᠣᠶᠠᠷ ᠣᠷᠣᠨᠲᠤ ᠲᠣᠭ᠎ᠠ᠎ᠳᠤ ᠬᠦᠷᠴᠡᠢ᠃ ᠬᠠᠮᠤᠭ᠎ᠤᠨ ᠰᠢᠨ᠎ᠡ ᠨᠢᠭᠡ ᠬᠤᠭᠤᠴᠠᠭᠠᠨ᠎ᠤ ᠳᠤᠮᠳᠠᠳᠤ ᠤᠯᠤᠰ᠎ᠤᠨ ᠪᠣᠭᠣᠮᠲᠠ᠎ᠶᠢᠨ ᠠᠷᠠᠯᠵᠢᠶᠠᠨ᠎ᠤ ᠬᠥᠭᠵᠢᠯᠲᠡ᠎ᠶᠢᠨ ᠪᠠᠢᠳᠠᠯ᠎ᠤᠨ ᠪᠠᠢᠴᠠᠭᠠᠯᠲᠠ᠎ᠶᠢᠨ ᠳ᠋ᠦᠩ᠎ᠡᠴᠡ ᠦᠵᠡᠪᠡᠯ᠂ ᠭᠠᠳᠠᠭᠠᠳᠤ ᠭᠠᠷᠭᠠᠯᠲᠠ᠎ᠶᠢᠨ ᠠᠵᠤ ᠠᠬᠤᠢᠯᠠᠯ ᠪᠠ ᠭᠠᠳᠠᠭᠠᠳᠤ ᠣᠷᠤᠭᠤᠯᠤᠯᠲᠠ᠎ᠶᠢᠨ ᠠᠵᠤ ᠠᠬᠤᠢᠯᠠᠯ᠎ᠤᠨ ᠢᠲᠡᠭᠡᠯ ᠴᠥᠮ ᠬᠣᠶᠠᠷ ᠰᠠᠷ᠎ᠠ ᠳᠠᠷᠠᠭᠠᠯᠠᠨ ᠨᠡᠮᠡᠭᠳᠡᠪᠡ᠃

ᠭᠠᠳᠠᠭᠠᠳᠤ᠎ᠶᠢᠨ ᠪᠡᠯᠡ ᠣᠷᠣᠭᠤᠯᠤᠯᠲᠠ᠎ᠶᠢ 《ᠲᠣᠭᠲᠠᠪᠤᠷᠢᠵᠢᠭᠤᠯᠵᠤ ᠴᠢᠨᠠᠷᠵᠢᠭᠤᠯᠬᠤ》᠎ᠪᠠᠨ ᠠᠬᠢᠭᠤᠯᠪᠠ

7 ᠳ᠋ᠤᠭᠠᠷ ᠰᠠᠷ᠎ᠠ᠎ᠶᠢᠨ 20᠎ᠤ ᠡᠳᠦᠷ᠂ ᠭᠤᠷᠪᠠᠳᠤᠭᠠᠷ ᠬᠤᠭᠤᠴᠠᠭᠠᠨ᠎ᠤ ᠬᠡᠯᠬᠢᠶᠡᠨ᠎ᠦ ᠦᠵᠡᠰᠬᠦᠯᠡᠩ᠎ᠦᠨ ᠴᠤᠭᠯᠠᠭᠠᠨ ᠲᠡᠭᠦᠰᠦᠭᠰᠡᠨ ᠲᠡᠷᠡ ᠡᠳᠦᠷ᠎ᠲᠦ᠂ ᠲᠥᠩ ᠶᠥᠩ ᠴᠠᠬᠢᠯᠭᠠᠨ᠎ᠤ ᠡᠮᠴᠢᠯᠡᠭᠡ᠂ ᠰᠢᠮᠧᠨᠰ᠂ ᠺᠠᠩ ᠨᠢᠩ ᠺᠣᠮᠫᠠᠨᠢ᠂ ᠵᠦ᠍ ᠶᠧᠦ ᠡᠯᠧᠺᠲ᠋ᠷᠣᠨ ᠮᠠᠲ᠋ᠧᠷᠢᠶᠠᠯ ᠵᠡᠷᠭᠡ ᠡᠷᠦᠬᠡ ᠳᠤᠮᠳᠠᠳᠤ ᠭᠠᠳᠠᠭᠠᠳᠤ᠎ᠶᠢᠨ 120 ᠠᠵᠤ ᠠᠬᠤᠢᠯᠠᠯ ᠪᠠ ᠪᠠᠢᠭᠤᠯᠤᠮᠵᠢ᠎ᠶᠢᠨ ᠬᠢᠨ ᠳᠥᠷᠪᠡᠳᠦᠭᠡᠷ ᠬᠤᠭᠤᠴᠠᠭᠠᠨ᠎ᠤ ᠬᠡᠯᠬᠢᠶᠡᠨ᠎ᠦ ᠦᠵᠡᠰᠬᠦᠯᠡᠩ᠎ᠦᠨ ᠴᠤᠭᠯᠠᠭᠠᠨ᠎ᠳᠤ ᠣᠷᠣᠯᠴᠠᠬᠤ ᠰᠠᠨᠠᠮᠵᠢ᠎ᠳᠤ ᠭᠠᠷ᠎ᠤᠨ ᠥᠰᠥᠭ ᠵᠢᠷᠤᠪᠠ᠃ ᠴᠥᠭᠡᠨ ᠪᠤᠰᠤ ᠭᠠᠳᠠᠭᠠᠳᠤ ᠪᠡᠯᠡ᠎ᠶᠢᠨ ᠠᠵᠤ ᠠᠬᠤᠢᠯᠠᠯ᠎ᠤᠨ ᠬᠠᠷᠢᠭᠤᠴᠠᠯᠭᠠᠲᠠᠨ ᠢᠯᠡᠷᠬᠡᠢᠯᠡᠬᠦ᠎ᠳᠦ᠎ᠪᠡᠨ᠂ ᠳᠤᠮᠳᠠᠳᠤ ᠤᠯᠤᠰ᠎ᠲᠤ ᠪᠡᠯᠡ ᠣᠷᠣᠭᠤᠯᠬᠤ ᠪᠣᠯ ᠳᠠᠷᠤᠢ ᠢᠷᠡᠭᠡᠳᠦᠢ᠎ᠳᠦ ᠪᠡᠯᠡ ᠣᠷᠣᠭᠤᠯᠵᠤ ᠪᠠᠢᠭ᠎ᠠ ᠶᠠᠪᠤᠳᠠᠯ ᠮᠥᠨ᠂ ᠳᠤᠮᠳᠠᠳᠤ ᠤᠯᠤᠰ ᠯᠤᠭ᠎ᠠ ᠬᠠᠮᠲᠤ ᠤᠷᠤᠭᠰᠢᠯᠠᠪᠠᠯ ᠳᠠᠷᠤᠢ ᠢᠷᠡᠭᠡᠳᠦᠢ ᠯᠦ᠍ᠭᠡ ᠬᠠᠮᠲᠤ ᠤᠷᠤᠭᠰᠢᠯᠠᠵᠤ ᠪᠠᠢᠭ᠎ᠠ ᠶᠠᠪᠤᠳᠠᠯ ᠮᠥᠨ ᠭᠡᠪᠡ᠃

ᠪᠡᠯᠡ ᠣᠷᠣᠭᠤᠯᠤᠯᠲᠠ᠎ᠶᠢᠨ ᠰᠣᠩᠭᠣᠯᠲᠠ᠎ᠠᠴᠠ ᠦᠵᠡᠪᠡᠯ᠂ ᠳᠤᠮᠳᠠᠳᠤ ᠤᠯᠤᠰ ᠪᠣᠯ ᠤᠯᠤᠰ ᠠᠯᠤᠰᠯᠠᠭᠰᠠᠨ ᠪᠡᠯᠡ ᠣᠷᠣᠭᠤᠯᠤᠯᠲᠠ᠎ᠶᠢᠨ 《ᠬᠦᠰᠡᠯᠡᠩ᠎ᠲᠠᠢ᠂ ᠠᠮᠤᠷ ᠲᠦᠪᠰᠢᠨ᠂ ᠵᠢᠳᠬᠦᠯ ᠴᠢᠷᠮᠠᠢᠯᠭ᠎ᠠ᠎ᠲᠠᠢ》 ᠵᠣᠷᠢᠯᠲᠠ᠎ᠶᠢᠨ ᠭᠠᠵᠠᠷ ᠮᠥᠨ᠃

6 ᠳ᠋ᠤᠭᠠᠷ ᠰᠠᠷ᠎ᠠ᠎ᠶᠢᠨ ᠡᠴᠦᠰ ᠪᠣᠯᠲᠠᠯ᠎ᠠ᠂ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠮᠠᠨ᠎ᠤ ᠤᠯᠤᠰ᠎ᠤᠨ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠨᠡᠶ᠋ᠢᠲᠡ 7087.3 ᠳ᠋ᠦᠩᠰᠢᠭᠤᠷ ᠳ᠋ᠣᠯᠯᠠᠷ᠎ᠲᠤ ᠬᠦᠷᠴᠦ᠂ ᠬᠤᠳᠠᠯᠳᠤᠭᠠᠨ᠎ᠤ ᠶᠠᠪᠤᠳᠠᠯ᠎ᠤᠨ ᠬᠥᠭᠵᠢᠯᠲᠡ᠎ᠶᠢᠨ ᠲᠥᠯᠦᠪᠵᠢᠭᠦᠯᠭᠡ᠎ᠳᠦ ᠳᠤᠷᠠᠳᠤᠭᠰᠠᠨ 7000 ᠳ᠋ᠦᠩᠰᠢᠭᠤᠷ ᠳ᠋ᠣᠯᠯᠠᠷ᠎ᠤᠨ ᠪᠡᠯᠡ ᠣᠷᠣᠭᠤᠯᠬᠤ ᠬᠠᠷᠠᠯᠲᠠ᠎ᠶᠢ 6 ᠰᠠᠷ᠎ᠠ ᠤᠷᠢᠳᠴᠢᠯᠠᠨ ᠪᠡᠶᠡᠯᠡᠭᠦᠯᠪᠡ; ᠡᠭᠦᠨ᠎ᠦ ᠵᠡᠷᠭᠡ᠎ᠳᠦ᠂ ᠭᠠᠳᠠᠭᠠᠳᠤ ᠪᠡᠯᠡ᠎ᠶᠢᠨ ᠠᠵᠤ ᠠᠬᠤᠢᠯᠠᠯ᠎ᠢ ᠨᠡᠶ᠋ᠢᠲᠡ 22.9 ᠲᠦᠮᠡ ᠰᠢᠨ᠎ᠡ᠎ᠪᠡᠷ ᠪᠠᠢᠭᠤᠯᠵᠤ᠂ 《ᠠᠷᠪᠠᠨ ᠭᠤᠷᠪᠠᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠬᠢ᠎ᠡᠴᠡ 2.5 ᠲᠦᠮᠡ ᠨᠡᠮᠡᠭᠳᠡᠵᠡᠢ᠃

ᠪᠡᠯᠡ ᠣᠷᠣᠭᠤᠯᠵᠤ ᠠᠪᠴᠢᠷᠠᠬᠤ ᠪᠦᠲᠦᠴᠡ᠎ᠡᠴᠡ ᠦᠵᠡᠪᠡᠯ᠂ ᠳᠤᠮᠳᠠᠳᠤ ᠤᠯᠤᠰ ᠪᠣᠯ 《ᠳᠡᠯᠡᠬᠡᠢ᠎ᠶᠢᠨ ᠦᠢᠯᠡᠳᠪᠦᠷᠢ》 ᠪᠣᠯᠬᠤ᠎ᠪᠠᠷ ᠪᠠᠷᠠᠬᠤ ᠦᠭᠡᠢ᠂ ᠨᠡᠩ ᠴᠤ᠌ 《ᠳᠡᠯᠡᠬᠡᠢ᠎ᠶᠢᠨ ᠵᠠᠬ᠎ᠠ ᠳᠡᠯᠭᠡᠭᠦᠷ》᠂ 《ᠰᠢᠨ᠎ᠡ ᠡᠭᠦᠳᠦᠯᠲᠡ᠎ᠶᠢᠨ ᠲᠥᠪ》 ᠪᠣᠯᠣᠨ᠎ᠠ᠃

ᠳᠡᠭᠡᠷ᠎ᠡ ᠬᠠᠭᠠᠰ ᠵᠢᠯ᠎ᠳᠦ᠂ ᠬᠢᠮᠢ᠎ᠶᠢᠨ ᠡᠮ᠎ᠦᠨ ᠵᠦᠢᠯ᠎ᠦᠨ ᠦᠢᠯᠡᠳᠬᠦ ᠦᠢᠯᠡᠰ᠂ ᠠᠭᠠᠷ ᠠᠶᠠᠯᠠᠯ ᠰᠠᠨᠰᠠᠷ᠎ᠤᠨ ᠨᠢᠰᠦᠭᠦᠷ ᠵᠢᠴᠢ ᠲᠥᠬᠦᠭᠡᠷᠦᠮᠵᠢ ᠦᠢᠯᠡᠳᠬᠦ ᠦᠢᠯᠡᠰ᠂ ᠡᠮᠴᠢᠯᠡᠭᠡᠨ᠎ᠦ ᠬᠡᠮᠵᠢᠭᠦᠷᠯᠢᠭ ᠲᠥᠬᠦᠭᠡᠷᠦᠮᠵᠢ ᠵᠢᠴᠢ ᠪᠠᠭᠠᠵᠢ ᠬᠡᠷᠡᠭᠰᠡᠯ ᠦᠢᠯᠡᠳᠬᠦ ᠦᠢᠯᠡᠰ᠎ᠦᠨ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 53%᠂ 36.2%᠂ 17.7% ᠪᠡᠷ ᠨᠡᠮᠡᠭᠳᠡᠪᠡ᠃ ᠤᠯᠠᠮ᠎ᠠᠴᠠ ᠤᠯᠠᠮ ᠤᠯᠠᠨ ᠤᠯᠤᠰ ᠠᠯᠤᠰᠯᠠᠭᠰᠠᠨ ᠺᠣᠮᠫᠠᠨᠢ᠎ᠨᠤᠭᠤᠳ ᠳᠤᠮᠳᠠᠳᠤ ᠤᠯᠤᠰ᠎ᠲᠤ ᠭᠠᠵᠠᠷ ᠣᠷᠣᠨ᠎ᠤ ᠶᠡᠷᠦᠩᠬᠡᠢ ᠬᠡᠯᠲᠡᠰ ᠪᠠ ᠪᠦᠬᠦ ᠪᠥᠮᠪᠥᠷᠴᠡᠭ᠎ᠦᠨ ᠰᠤᠳᠤᠯᠤᠨ ᠨᠡᠭᠡᠭᠡᠬᠦ ᠲᠥᠪ᠎ᠢ ᠪᠠᠢᠭᠤᠯᠤᠭᠰᠠᠨ ᠪᠠᠢᠨ᠎ᠠ᠃

ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠬᠡᠯᠪᠡᠷᠢ᠎ᠶᠢᠨ ᠠᠵᠤ ᠠᠬᠤᠢ᠎ᠶᠢᠨ ᠰᠢᠨ᠎ᠡ ᠪᠠᠢᠭᠤᠯᠤᠯ᠎ᠢ ᠪᠠᠢᠭᠤᠯᠪᠠ

6 ᠳ᠋ᠤᠭᠠᠷ ᠰᠠᠷ᠎ᠠ ᠪᠣᠯᠲᠠᠯ᠎ᠠ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢ ᠨᠡᠢ᠍ᠢᠳᠡ 11 ᠲᠦᠮᠡ ᠭᠠᠷᠤᠢ ᠴᠤᠪᠤᠭ᠎ᠠ ᠠᠶᠠᠯᠠᠭᠤᠯᠵᠤ᠂ ᠳᠤᠮᠳᠠᠳᠤ ᠤᠯᠤᠰ᠎ᠤᠨ 128 ᠬᠤᠳᠠ ᠪᠠ ᠡᠸᠦ᠋ᠷᠦᠫᠡ ᠲᠢᠪ᠎ᠦᠨ 229 ᠬᠤᠳᠠ᠎ᠶᠢ ᠬᠣᠯᠪᠣᠵᠤ᠂ ᠠᠵᠤ ᠠᠬᠤᠢ ᠠᠷᠠᠯᠵᠢᠶᠠᠨ᠎ᠤ ᠬᠠᠷᠢᠯᠴᠠᠭᠠᠨ᠎ᠤ ᠬᠣᠯᠪᠣᠭᠠᠰᠤ᠎ᠶᠢ ᠪᠦᠲᠦᠭᠡᠵᠡᠢ᠃

ᠳᠡᠭᠡᠷ᠎ᠡ ᠬᠠᠭᠠᠰ ᠵᠢᠯ᠎ᠳᠦ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠢᠭᠤᠯᠬᠤ ᠤᠯᠤᠰ᠎ᠢᠶᠠᠷ ᠬᠢ ᠮᠠᠨ᠎ᠤ ᠤᠯᠤᠰ᠎ᠤᠨ ᠭᠠᠳᠠᠭᠠᠳᠤ ᠣᠷᠣᠭᠤᠯᠤᠯᠲᠠ ᠭᠠᠷᠭᠠᠯᠲᠠ 11.29 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 4.7% ᠎ᠪᠠᠷ ᠨᠡᠮᠡᠭᠳᠡᠨ᠂ ᠭᠠᠳᠠᠭᠠᠳᠤ ᠣᠷᠣᠭᠤᠯᠤᠯᠲᠠ ᠭᠠᠷᠭᠠᠯᠲᠠ᠎ᠶᠢᠨ ᠶᠡᠷᠦᠩᠬᠡᠢ ᠥᠷᠲᠡᠭ᠎ᠦᠨ 51.8% ᠎ᠶᠢ ᠡᠵᠡᠯᠡᠵᠦ᠂ ᠮᠠᠨ᠎ᠤ ᠤᠯᠤᠰ ᠪᠠ ᠬᠠᠮᠲᠤ᠎ᠪᠠᠷ ᠪᠠᠢᠭᠤᠯᠬᠤ ᠤᠯᠤᠰ ᠯᠤᠭ᠎ᠠ᠎ᠶᠢᠨ ᠬᠣᠣᠰ ᠴᠢᠭᠯᠡᠯ᠎ᠦᠨ ᠪᠡᠯᠡ ᠣᠷᠣᠭᠤᠯᠤᠯᠲᠠ᠎ᠶᠢᠨ ᠬᠡᠪᠴᠢᠶᠡᠵᠢᠯ 2400 ᠳ᠋ᠦᠩᠰᠢᠭᠤᠷ ᠳ᠋ᠣᠯᠯᠠᠷ᠎ᠢ ᠳᠠᠪᠠᠵᠤ᠂ ᠠᠷᠠᠯᠵᠢᠶ᠎ᠠ ᠪᠡᠯᠡ ᠣᠷᠣᠭᠤᠯᠤᠯᠲᠠ ᠲᠠᠰᠤᠷᠠᠯᠲᠠ ᠦᠭᠡᠢ ᠭᠦᠨᠵᠡᠭᠡᠢᠷᠡᠵᠦ᠂ ᠦᠢᠯᠡᠳᠪᠦᠷᠢᠯᠡᠯ ᠪᠠ ᠬᠠᠩᠭᠠᠯᠭ᠎ᠠ᠎ᠶᠢᠨ ᠬᠡᠯᠬᠢᠶᠡᠨ᠎ᠦ ᠬᠠᠷᠢᠯᠴᠠᠭ᠎ᠠ ᠨᠠᠩ ᠨᠢᠭᠲᠠᠷᠠᠪᠠ᠃

ᠪᠦᠬᠦ ᠪᠥᠮᠪᠥᠷᠴᠡᠭ᠎ᠲᠦ ᠬᠠᠨᠳᠤᠭᠤᠯᠤᠭᠰᠠᠨ ᠥᠨᠳᠥᠷ ᠪᠠᠷᠢᠮᠵᠢᠶ᠎ᠠ ᠲᠠᠢ ᠴᠢᠯᠦᠭᠡᠲᠦ ᠠᠷᠠᠯᠵᠢᠶᠠᠨ᠎ᠤ ᠣᠷᠣᠨ᠎ᠤ ᠲᠣᠣᠷ᠎ᠢ ᠥᠷᠭᠡᠳᠬᠡᠵᠦ᠂ ᠤᠯᠠᠨ ᠲᠠᠯᠠᠲᠤ ᠬᠣᠶᠠᠷ ᠲᠠᠯᠠᠲᠤ ᠪᠠ ᠣᠷᠣᠨ ᠪᠦᠰᠡ᠎ᠶᠢᠨ ᠠᠵᠤ ᠠᠬᠤᠢ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠪᠡ᠃

ᠣᠲᠣ᠌ ᠪᠣᠯᠲᠠᠯ᠎ᠠ᠂ ᠮᠠᠨ᠎ᠤ ᠤᠯᠤᠰ ᠨᠢᠭᠡᠨᠲᠡ 30 ᠤᠯᠤᠰ ᠪᠠ ᠭᠠᠵᠠᠷ ᠣᠷᠣᠨ ᠯᠤᠭ᠎ᠠ ᠴᠢᠯᠦᠭᠡᠲᠦ ᠠᠷᠠᠯᠵᠢᠶᠠᠨ᠎ᠤ 23 ᠬᠡᠯᠡᠯᠴᠡᠭᠡᠷ᠎ᠲᠦ ᠭᠠᠷ᠎ᠤᠨ ᠥᠰᠥᠭ ᠵᠢᠷᠤᠵᠤ᠂ ᠴᠢᠯᠦᠭᠡᠲᠦ ᠠᠷᠠᠯᠵᠢᠶᠠᠨ᠎ᠤ ᠬᠠᠨᠢᠲᠠᠨ ᠲᠠᠪᠤᠨ ᠶᠡᠬᠡ ᠲᠢᠪ᠎ᠲᠦ ᠲᠦᠭᠡᠵᠦ᠂ ᠴᠢᠯᠦᠭᠡᠲᠦ ᠠᠷᠠᠯᠵᠢᠶᠠᠨ᠎ᠤ ᠲᠣᠣᠷ ᠲᠠᠰᠤᠷᠠᠯᠲᠠ ᠦᠭᠡᠢ ᠥᠷᠭᠡᠵᠢᠨ ᠭᠦᠨᠵᠡᠭᠡᠢᠷᠡᠵᠦ ᠪᠠᠢᠨ᠎ᠠ᠃ ᠦᠢᠯᠡᠴᠢᠯᠡᠭᠡᠨ᠎ᠦ ᠠᠷᠠᠯᠵᠢᠶ᠎ᠠ᠂ ᠪᠡᠯᠡ ᠣᠷᠣᠭᠤᠯᠤᠯᠲᠠ᠎ᠶᠢᠨ ᠨᠠᠵᠠᠭᠠᠢ ᠲᠠᠯ᠎ᠠ᠎ᠶᠢᠨ ᠨᠠᠷᠢᠨ ᠳᠠᠨᠭᠰᠠ ᠵᠢᠴᠢ ᠪᠠᠷᠢᠮᠵᠢᠶᠠᠲᠤ ᠬᠠᠮᠲᠤᠷᠠᠯᠴᠠᠭ᠎ᠠ᠂ ᠳ᠋ᠢᠭᠢᠲ ᠠᠵᠤ ᠠᠬᠤᠢ ᠵᠡᠷᠭᠡ ᠰᠢᠨ᠎ᠡ ᠠᠭᠤᠯᠭ᠎ᠠ᠎ᠨᠤᠭᠤᠳ ᠨᠢ ᠮᠠᠨ᠎ᠤ ᠤᠯᠤᠰ᠎ᠤᠨ ᠰᠢᠨ᠎ᠡ᠎ᠪᠡᠷ ᠭᠠᠷ᠎ᠤᠨ ᠦᠰᠦᠭ ᠵᠢᠷᠤᠬᠤ ᠴᠢᠯᠦᠭᠡᠲᠦ ᠠᠷᠠᠯᠵᠢᠶᠠᠨ᠎ᠤ ᠬᠡᠯᠡᠯᠴᠡᠭᠡᠷ᠎ᠦᠨ 《ᠪᠠᠷᠢᠮᠵᠢᠶ᠎ᠠ》 ᠪᠣᠯᠤᠭᠰᠠᠨ ᠪᠠᠢᠨ᠎ᠠ᠃ 

ᠨᠢᠳᠤᠨᠤᠨ᠎ᠤ 12 ᠳ᠋ᠤᠭᠠᠷ ᠰᠠᠷ᠎ᠠ᠎ᠶᠢᠨ 1᠎ᠦ ᠡᠳᠦᠷ᠎ᠡᠴᠡ ᠡᠬᠢᠯᠡᠨ᠂ ᠮᠠᠨ᠎ᠤ ᠤᠯᠤᠰ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠢᠭᠤᠯᠤᠭᠰᠠᠨ ᠬᠠᠮᠤᠭ᠎ᠤᠨ ᠬᠥᠭᠵᠢᠭᠡᠳᠦᠢ ᠪᠣᠢ ᠪᠦᠬᠦᠢ ᠤᠯᠤᠰ᠎ᠲᠤ 100% ᠎ᠶᠢᠨ ᠭᠠᠢᠯᠢ᠎ᠶᠢᠨ ᠲᠥᠷᠥᠯ᠎ᠦᠨ ᠦᠢᠯᠡᠳᠬᠦᠨ᠎ᠳᠦ ᠨᠢ ᠪᠣᠭᠣᠮᠲᠠ᠎ᠶᠢᠨ ᠭᠠᠢᠯᠢ ᠲᠤᠰᠢᠶᠠᠬᠤ ᠦᠭᠡᠢ ᠬᠠᠷᠠᠭᠠᠯᠵᠠᠯ ᠬᠦᠷᠲᠡᠭᠡᠪᠡ᠃ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ᠂ ᠮᠠᠨ᠎ᠤ ᠤᠯᠤᠰ ᠳᠡᠭᠡᠷ᠎ᠡ ᠳᠤᠷᠠᠳᠤᠭᠰᠠᠨ ᠤᠯᠤᠰ᠎ᠤᠳ᠎ᠠᠴᠠ ᠣᠷᠣᠭᠤᠯᠤᠭᠰᠠᠨ ᠭᠠᠳᠠᠭᠠᠳᠤ ᠣᠷᠣᠭᠤᠯᠤᠯᠲᠠ᠎ᠳᠤ᠎ᠪᠠᠨ ᠬᠣᠶᠠᠷ ᠣᠷᠣᠨᠲᠤ ᠲᠣᠭ᠎ᠠ᠎ᠶᠢᠨ ᠨᠡᠮᠡᠭᠳᠡᠯ᠎ᠢ ᠪᠡᠶᠡᠯᠡᠭᠦᠯᠪᠡ᠃

ᠣᠳᠣᠬᠠᠨ᠎ᠤ ᠳᠡᠯᠡᠬᠡᠢ ᠶᠢᠷᠲᠢᠨᠴᠦ᠎ᠳᠦ ᠨᠡᠭᠡᠭᠡᠯᠲᠡ ᠬᠢᠬᠦ ᠪᠣᠯ ᠳᠡᠯᠡᠬᠡᠢ᠎ᠶᠢᠨ ᠴᠡᠴᠡᠭᠯᠡᠯ ᠬᠥᠭᠵᠢᠯ᠎ᠦᠨ ᠵᠠᠢᠯᠠᠰᠢ ᠦᠭᠡᠢ ᠶᠠᠪᠤᠬᠤ ᠵᠠᠮ ᠮᠥᠨ᠂ ᠠᠵᠤ ᠠᠬᠤᠢ᠎ᠶᠢᠨ ᠳᠡᠯᠡᠬᠡᠢᠴᠢᠯᠡᠯᠲᠡ ᠪᠣᠯ ᠪᠤᠴᠠᠰᠢ ᠦᠭᠡᠢ ᠴᠠᠭ ᠦᠶ᠎ᠡ᠎ᠶᠢᠨ ᠤᠷᠤᠰᠬᠠᠯ ᠮᠥᠨ᠃ 《ᠰᠥᠷᠬᠦ ᠰᠠᠯᠬᠢᠨ》᠂ 《ᠪᠤᠴᠠᠯᠲᠠ ᠳᠠᠪᠠᠯᠭᠠᠨ》 ᠡᠴᠡ ᠡᠮᠢᠶᠡᠯ ᠦᠭᠡᠢ ᠪᠠᠢᠵᠤ᠂ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢᠨ ᠰᠠᠨᠠᠭᠠᠴᠢᠯᠠᠭᠠᠲᠤ ᠡᠷᠬᠡ᠎ᠪᠡᠷ ᠠᠵᠤ ᠠᠬᠤᠢ᠎ᠶᠢᠨ ᠬᠥᠭᠵᠢᠯᠲᠡ᠎ᠶᠢᠨ ᠰᠠᠨᠠᠭᠠᠴᠢᠯᠠᠭᠠᠲᠤ ᠡᠷᠬᠡ᠎ᠶᠢ ᠣᠯᠵᠤ᠂ ᠤᠯᠠᠨ ᠤᠯᠤᠰ᠎ᠤᠨ ᠥᠷᠢᠰᠦᠯᠳᠦᠭᠡᠨ᠎ᠦ ᠰᠠᠨᠠᠭᠠᠴᠢᠯᠠᠭᠠᠲᠤ ᠡᠷᠬᠡ᠎ᠶᠢ ᠣᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠰᠢᠨ᠎ᠡ ᠠᠮᠵᠢᠯᠲᠠ᠎ᠪᠠᠷ ᠳᠡᠯᠡᠬᠡᠢ᠎ᠶᠢᠨ ᠬᠥᠭᠵᠢᠯᠲᠡ᠎ᠳᠦ ᠰᠢᠨ᠎ᠡ ᠠᠵᠠ ᠲᠣᠬᠢᠶᠠᠯ ᠬᠠᠩᠭᠠᠬᠤ ᠪᠣᠯᠣᠨ᠎ᠠ᠃ 

ᠢᠷᠡᠯᠲᠡ᠄ ᠠᠷᠠᠳ᠎ᠤᠨ ᠡᠳᠦᠷ᠎ᠦᠨ ᠰᠣᠨᠢᠨ