ᠲᠡᠷᠢᠭᠦᠨ ᠬᠠᠭᠤᠳᠠᠰᠤ   -   ᠡᠳᠤᠷ ᠪᠥᠷᠢ᠎ᠶᠢᠨ ᠴᠢᠬᠤᠯᠠ ᠮᠡᠳᠡᠭᠡ
《ᠲᠠᠯ᠎ᠠ ᠵᠠᠰᠠᠵᠤ ᠰᠠᠨᠠᠭᠤᠯᠤᠨ ᠵᠠᠬᠢᠬᠤ》 ᠲᠠᠯ᠎ᠠ᠎ᠪᠠᠷ᠎ᠬᠢ ᠰᠠᠬᠢᠯᠭ᠎ᠠ ᠪᠠᠲᠤ᠎ᠶ᠋ᠢᠨ ᠤᠯᠠᠭ᠋ᠠᠨ ᠱᠤᠭᠤᠮ᠎ᠢ ᠲᠣᠭᠲᠠᠭ᠋ᠠᠵᠠᠢ
ᠨᠡᠶ᠋ᠢᠲᠡᠯᠡᠭᠰᠡᠨ ᠴᠠᠭ᠄ 2025-07-24

《ᠲᠠᠯ᠎ᠠ ᠵᠠᠰᠠᠵᠤ ᠰᠠᠨᠠᠭᠤᠯᠤᠨ ᠵᠠᠬᠢᠬᠤ》 ᠲᠠᠯ᠎ᠠ᠎ᠪᠠᠷ᠎ᠬᠢ ᠰᠠᠬᠢᠯᠭ᠎ᠠ ᠪᠠᠲᠤ᠎ᠶ᠋ᠢᠨ ᠤᠯᠠᠭ᠋ᠠᠨ ᠱᠤᠭᠤᠮ᠎ᠢ ᠲᠣᠭᠲᠠᠭ᠋ᠠᠵᠠᠢ 

ᠰᠠᠬᠢᠯᠭ᠎ᠠ ᠪᠠᠲᠤ᠎ᠶ᠋ᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠠᠵᠢᠯ᠎ᠤᠨ ᠳᠤᠮᠳᠠ᠂ ᠬᠡᠷᠡᠭ᠎ᠤᠨ ᠪᠠᠢ᠌ᠳᠠᠯ᠎ᠢ ᠰᠤᠷᠠᠭᠯᠠᠬᠤ᠂ ᠲᠠᠯ᠎ᠠ ᠵᠠᠰᠠᠵᠤ ᠰᠠᠨᠠᠭᠤᠯᠤᠨ ᠵᠠᠬᠢᠬᠤ ᠵᠡᠷᠭᠡ ᠦᠢ᠍ᠯᠡ ᠠᠵᠢᠯᠯᠠᠭ᠎ᠠ ᠪᠣᠯ ᠰᠠᠬᠢᠯᠭ᠎ᠠ ᠪᠠᠲᠤ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠪᠣᠯᠬᠣᠷ ᠡᠷᠬᠡᠪᠰᠢ ᠲᠥᠪ ᠴᠢᠩᠭ᠎ᠠ᠎ᠪᠠᠷ ᠴᠡᠭᠴᠡᠯᠡᠨ ᠵᠠᠰᠠᠬᠤ ᠬᠡᠷᠡᠭᠲᠡᠢ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠰᠢᠢ᠍ᠳᠭᠡᠯ ᠥᠭᠬᠦ ᠳᠦᠷᠢᠮ》 ᠵᠡᠷᠭᠡ ᠬᠣᠯᠪᠣᠭᠳᠠᠯ ᠪᠦᠬᠦᠢ ᠲᠣᠭᠲᠠᠭ᠋ᠠᠯ ᠪᠣᠯ᠂ ᠰᠠᠬᠢᠯᠭ᠎ᠠ ᠪᠠᠲᠤ᠎ᠶ᠋ᠢ ᠬᠡᠷᠡᠭᠵᠢᠭᠦᠯᠦᠭᠴᠢ᠂ ᠬᠡᠷᠡᠭ᠎ᠲᠤ ᠬᠣᠯᠪᠣᠭᠳᠠᠭᠰᠠᠨ ᠬᠥᠮᠥᠰ ᠵᠢᠴᠢ ᠬᠠᠮᠢᠶ᠎ᠠ ᠪᠦᠬᠦᠢ ᠬᠥᠮᠥᠰ᠎ᠤᠨ ᠦᠢ᠍ᠯᠡ ᠠᠵᠢᠯᠯᠠᠭ᠎ᠠ᠎ᠶ᠋ᠢ ᠵᠢᠷᠤᠮᠵᠢᠭᠤᠯᠬᠤ᠎ᠪᠠᠷ ᠲᠣᠭᠲᠠᠭ᠋ᠠᠭᠰᠠᠨ ᠰᠠᠬᠢᠯᠭ᠎ᠠ ᠪᠠᠲᠤ᠎ᠶ᠋ᠢᠨ ᠲᠣᠳᠣᠷᠬᠠᠢ ᠤᠯᠠᠭ᠋ᠠᠨ ᠱᠤᠭᠤᠮ ᠪᠣᠯᠣᠨ᠎ᠠ᠃ 

ᠳᠣᠣᠷᠠᠬᠢ ᠤᠯᠠᠭ᠋ᠠᠨ ᠱᠤᠭᠤᠮ᠎ᠢ ᠬᠠᠯᠳᠠᠵᠤ ᠪᠣᠯᠬᠤ ᠦᠭᠡᠢ 

ᠮᠢᠨᠤ ᠬᠦᠦ XXX ᠲᠣᠪᠴᠢᠶᠠᠨ᠎ᠳᠤ ᠠᠵᠢᠯᠯᠠᠳᠠᠭ᠂ ᠥᠴᠥᠭᠡᠳᠦᠷ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠳᠤ ᠪᠠᠢ᠌ᠴᠠᠭ᠋ᠠᠭᠳᠠᠵᠠᠢ᠂ ᠶᠠᠮᠠᠷ ᠪᠤᠷᠤᠭᠤ ᠶᠠᠪᠤᠳᠠᠯ ᠬᠢᠭᠰᠡᠨ᠎ᠢ ᠮᠡᠳᠡᠬᠦ ᠦᠭᠡᠢ ᠪᠠᠢ᠌ᠨ᠎ᠠ᠂ ᠴᠢ ᠰᠢᠶᠠᠨ᠎ᠤ ᠨᠠᠮ᠎ᠤᠨ ᠬᠣᠷᠢᠶᠠᠨ᠎ᠤ ᠠᠯᠪᠠᠨ ᠭᠡᠷ᠎ᠲᠤ ᠠᠵᠢᠯᠯᠠᠵᠤ ᠪᠠᠢ᠌ᠭ᠎ᠠ ᠶᠤᠮ ᠴᠢᠨᠢ ᠠᠨᠢᠶ᠎ᠠ᠎ᠳᠤ᠎ᠪᠠᠨ ᠬᠠᠪᠰᠤᠷᠴᠤ ᠰᠤᠷᠠᠭᠯᠠᠭ᠋ᠠᠳ ᠥᠭᠭᠦᠨ᠎ᠡ ᠦᠦ? ᠲᠡᠳᠡ ᠯᠠᠪᠲᠠᠢ ᠴᠢᠮ᠎ᠠ᠎ᠳᠤ ᠨᠢᠭᠤᠷ ᠬᠠᠢ᠌ᠷᠠᠯᠠᠬᠤ ᠪᠠᠢ᠌ᠯᠭᠦᠢ᠃ 

ᠵᠠᠩ ᠠᠨᠢᠶ᠎ᠠ ᠡ᠂ ᠬᠡᠷᠡᠭ᠎ᠤᠨ ᠪᠠᠢ᠌ᠳᠠᠯ᠎ᠲᠠᠢ ᠬᠣᠯᠪᠣᠭᠳᠠᠬᠤ ᠠᠭᠤᠯᠭ᠎ᠠ᠎ᠶ᠋ᠢ ᠪᠢ ᠰᠤᠷᠠᠭᠯᠠᠵᠤ ᠪᠣᠯᠬᠤ ᠦᠭᠡᠢ ᠰᠢᠦ᠂ ᠡᠰᠡ ᠲᠡᠭᠡᠪᠡᠯ ᠪᠢ ᠥᠪᠡᠷ᠎ᠢᠶᠠᠨ ᠰᠠᠬᠢᠯᠭ᠎ᠠ ᠪᠠᠲᠤ᠎ᠠᠴᠠ ᠵᠦᠷᠢᠴᠡᠴᠢᠬᠡᠨ᠎ᠡ᠂ ᠲᠠ ᠣᠢ᠌ᠯᠠᠭ᠋ᠠᠬᠤ ᠪᠣᠯᠪᠠᠤ᠃ 

ᠶᠠᠭ ᠰᠢᠢ᠍ᠳᠪᠦᠷᠢᠯᠡᠵᠦ ᠪᠠᠢ᠌ᠭ᠎ᠠ᠂ ᠬᠠᠷᠠᠬᠠᠨ ᠢᠯᠡ ᠨᠡᠢ᠌ᠲᠡᠯᠡᠭᠦᠢ ᠵᠠᠬᠢᠳᠠᠯ ᠰᠣᠷᠪᠣᠯᠵᠢᠯᠠᠯ᠎ᠢᠶᠡᠷ ᠢᠯᠡᠴᠢᠯᠡᠨ ᠮᠡᠳᠡᠭᠦᠯᠦᠭᠰᠡᠨ ᠠᠭᠤᠯᠭ᠎ᠠ᠂ ᠰᠦᠪᠡᠭᠴᠢ᠎ᠪᠠᠷ ᠰᠢᠢ᠍ᠳᠪᠦᠷᠢᠯᠡᠬᠦ ᠠᠷᠭ᠎ᠠ ᠮᠠᠶᠢᠭ᠂ ᠲᠣᠭᠣᠷᠢᠨ ᠪᠠᠢ᠌ᠴᠠᠭ᠋ᠠᠵᠤ ᠲᠣᠭᠣᠷᠢᠨ ᠴᠠᠭᠳᠠᠬᠤ ᠵᠦᠢ᠍ᠯᠡᠰ ᠵᠢᠴᠢ ᠰᠦᠪᠡᠭᠴᠢ᠎ᠪᠠᠷ ᠰᠢᠢ᠍ᠳᠪᠦᠷᠢᠯᠡᠬᠦ ᠡᠯ᠎ᠡ ᠭᠣᠭᠴᠣᠭ᠋ᠠᠨ᠎ᠳᠠᠬᠢ ᠨᠢᠭᠤᠴᠠ᠎ᠶ᠋ᠢ ᠬᠠᠮᠠᠭ᠋ᠠᠯᠠᠬᠤ ᠴᠢᠬᠤᠯᠠᠲᠠᠢ ᠠᠭᠤᠯᠭ᠎ᠠ ᠵᠡᠷᠭᠡ᠎ᠶ᠋ᠢ ᠰᠤᠷᠠᠭᠯᠠᠵᠤ᠂ ᠠᠰᠠᠭᠤᠵᠤ ᠪᠣᠯᠬᠤ ᠦᠭᠡᠢ᠃ 

 

ᠲᠠ ᠡᠨᠡ ᠬᠦ᠌ ᠬᠡᠷᠡᠭ᠎ᠢ ᠰᠢᠢ᠍ᠳᠪᠦᠷᠢᠯᠡᠭᠡᠳ ᠵᠦᠳᠡᠷᠡᠯ᠎ᠡ᠂ ᠬᠣᠵᠢᠮ ᠢᠯᠡᠭᠦᠬᠡᠨ ᠬᠠᠷᠠᠭ᠋ᠠᠯᠵᠠᠭ᠋ᠠᠷᠠᠢ᠃ 

ᠨᠢᠭᠡ ᠤᠳᠠᠭ᠎ᠠ ᠴᠤᠭᠯᠠᠬᠤ᠎ᠨᠢ ᠠᠮᠠᠷ ᠦᠭᠡᠢ᠂ ᠢᠩᠭᠢᠵᠤ ᠶᠠᠭ᠋ᠠᠷᠠᠭ᠋ᠠᠳ ᠶᠠᠭ᠋ᠠᠬᠢᠬᠤ ᠪᠤᠢ? ᠸᠠᠩ ᠳᠠᠭᠠᠭᠠᠮᠠᠯ ᠪᠢᠳᠡ ᠬᠣᠶᠠᠷ᠎ᠤᠨ ᠰᠠᠢ᠌ᠨ ᠪᠠᠢ᠌ᠳᠠᠭ᠎ᠢ ᠰᠣᠨᠣᠰᠤᠭ᠋ᠠᠳ ᠵᠠᠪᠠᠯ ᠴᠢᠮ᠎ᠠ᠎ᠲᠠᠢ ᠲᠠᠨᠢᠯᠴᠠᠨ᠎ᠠ ᠭᠡᠵᠦ ᠪᠠᠢ᠌ᠨ᠎ᠠ ᠰᠢᠦ! 

ᠡᠢ᠌ᠮᠦ ᠪᠠᠢ᠌ᠭᠰᠠᠨ᠎ᠢ ᠡᠷᠲᠡ ᠮᠡᠳᠡᠭᠰᠡᠨ ᠶᠤᠮ ᠪᠣᠯ ᠪᠢ ᠴᠦ᠍ ᠢᠷᠡᠬᠦ ᠦᠭᠡᠢ ᠪᠠᠢ᠌ᠪᠠᠯ ᠵᠣᠬᠢᠨ᠎ᠠ᠃ ᠬᠡᠷᠡᠭ ᠰᠢᠢ᠍ᠳᠪᠦᠷᠢᠯᠡᠬᠦ ᠬᠤᠭᠤᠴᠠᠭ᠋ᠠᠨ᠎ᠳᠤ ᠬᠠᠮᠢᠶ᠎ᠠ ᠪᠦᠬᠦᠢ ᠬᠥᠮᠥᠰ᠎ᠲᠠᠢ ᠳᠠᠯᠳᠠᠭᠤᠷ ᠬᠠᠷᠢᠯᠴᠠᠵᠤ ᠪᠣᠯᠬᠤ ᠦᠭᠡᠢ ᠭᠡᠰᠡᠨ ᠲᠣᠳᠣᠷᠬᠠᠢ ᠲᠣᠭᠲᠠᠭ᠋ᠠᠯ᠎ᠲᠠᠢ᠂ ᠬᠡᠷᠡᠭ᠎ᠢ ᠪᠢᠳᠡ ᠬᠠᠤᠯᠢ ᠶᠣᠰᠣᠭ᠋ᠠᠷ ᠲᠥᠪ ᠭᠣᠣᠯᠴᠢ᠎ᠪᠠᠷ ᠰᠢᠢ᠍ᠳᠪᠦᠷᠢᠯᠡᠨ᠎ᠡ᠃ 

ᠬᠢᠨᠠᠯᠲᠠ ᠲᠠᠯᠪᠢᠵᠤ ᠪᠠᠢ᠌ᠴᠠᠭ᠋ᠠᠬᠤ᠂ ᠬᠢᠨᠠᠨ ᠪᠠᠢ᠌ᠴᠠᠭ᠋ᠠᠵᠤ ᠪᠠᠢ᠌ᠴᠠᠭ᠋ᠠᠯᠲᠠ ᠬᠢᠬᠦ᠂ ᠬᠡᠷᠡᠭ᠎ᠢ ᠰᠢᠭᠦᠬᠦ ᠵᠡᠷᠭᠡ ᠠᠵᠢᠯ᠎ᠢ ᠬᠢᠵᠦ ᠪᠠᠢ᠌ᠭ᠎ᠠ ᠬᠥᠮᠥᠰ᠎ᠲᠠᠢ ᠠᠭᠤᠯᠵᠠᠭᠤᠯᠬᠤ᠎ᠪᠠᠷ ᠲᠣᠬᠢᠷᠠᠭᠤᠯᠵᠤ᠂ ᠲᠠᠨᠢᠯᠴᠠᠭᠤᠯᠵᠤ᠂ ᠬᠠᠪᠰᠤᠷᠴᠤ ᠪᠣᠯᠬᠤ ᠦᠭᠡᠢ᠂ ᠡᠰᠡᠬᠦᠯ᠎ᠡ ᠮᠠᠲ᠋ᠧᠷᠢᠶᠠᠯ᠂ ᠮᠡᠳᠡᠭᠡ ᠵᠠᠩᠭᠢ᠎ᠶ᠋ᠢ ᠳᠤᠷ᠎ᠠ᠎ᠪᠠᠷ᠎ᠢᠶᠠᠨ ᠳᠠᠮᠵᠢᠭᠤᠯᠤᠨ ᠬᠦᠷᠭᠡᠵᠦ ᠪᠣᠯᠬᠤ ᠦᠭᠡᠢ᠃ 

 

ᠨᠠᠢ᠌ᠵᠠ ᠡ᠂ ᠰᠣᠨᠤᠰᠬᠤᠯᠠᠷ ᠴᠢ ᠣᠷᠴᠢᠮ᠎ᠳᠤ ᠨᠢᠭᠡ ᠬᠡᠷᠡᠭ᠎ᠢ ᠰᠢᠢ᠍ᠳᠪᠦᠷᠢᠯᠡᠬᠦ ᠠᠵᠢᠯ᠎ᠳᠤ ᠣᠷᠣᠯᠴᠠᠵᠤ ᠪᠠᠢ᠌ᠨ᠎ᠠ ᠭᠡᠨ᠎ᠡ ᠦᠦ᠂ ᠬᠡᠷᠡᠭ᠎ᠲᠤ ᠬᠣᠯᠪᠣᠭᠳᠠᠭᠰᠠᠨ ᠬᠥᠮᠥᠨ ᠪᠣᠯ ᠮᠢᠨᠤ ᠰᠠᠳᠤᠨ ᠪᠣᠯᠣᠨ᠎ᠠ᠂ ᠲᠠᠨᠤᠰ ᠲᠡᠭᠦᠨ᠎ᠤ ᠶᠠᠮᠠᠷ ᠬᠡᠷᠡᠭ ᠤᠴᠢᠷ ᠬᠢᠭᠰᠡᠨ᠎ᠢ᠎ᠨᠢ ᠪᠠᠢ᠌ᠴᠠᠭ᠋ᠠᠵᠤ ᠣᠯᠣᠭᠰᠠᠨ ᠦᠦ? ᠨᠠᠳᠠ᠎ᠳᠤ ᠨᠢᠭᠤᠷ ᠲᠠᠯ᠎ᠠ ᠬᠠᠶᠠᠵᠤ ᠶᠡᠬᠡ ᠬᠡᠷᠡᠭ᠎ᠲᠤ ᠬᠣᠯᠪᠣᠭᠳᠠᠭᠰᠠᠨ ᠪᠣᠯ ᠲᠡᠭᠦᠨ᠎ᠢ᠎ᠨᠢ ᠪᠠᠭ᠋ᠠᠰᠬᠠᠵᠤ ᠪᠣᠯᠬᠤ ᠦᠦ? 

ᠠᠯᠢᠪᠠ ᠶᠠᠪᠤᠳᠠᠯ᠎ᠢ ᠴᠥᠮ ᠲᠣᠭᠲᠠᠭ᠋ᠠᠯ ᠶᠣᠰᠣᠭ᠋ᠠᠷ ᠬᠢᠬᠦ ᠬᠡᠷᠡᠭᠲᠡᠢ᠃ 

ᠲᠠᠯ᠎ᠠ ᠵᠠᠰᠠᠵᠤ᠂ ᠵᠣᠭᠣᠰ ᠮᠥᠩᠭᠥ ᠡᠳ᠋ ᠪᠣᠳᠠᠰ ᠬᠦᠷᠭᠡᠬᠦ ᠵᠡᠷᠭᠡ᠎ᠪᠠᠷ ᠬᠢᠨᠠᠨ ᠪᠠᠢ᠌ᠴᠠᠭ᠋ᠠᠭᠳᠠᠵᠤ ᠪᠠᠢ᠌ᠭ᠎ᠠ ᠬᠥᠮᠥᠨ᠎ᠳᠤ ᠣᠨᠴᠠᠭ᠋ᠠᠶ ᠬᠠᠷᠠᠭ᠋ᠠᠯᠵᠠᠯ ᠦᠵᠡᠭᠦᠯᠬᠦ ᠪᠤᠶᠤ ᠬᠠᠷᠢᠭᠤᠴᠠᠯᠭ᠎ᠠ᠎ᠠᠴᠠ ᠮᠣᠯᠲᠣᠷᠠᠭᠤᠯᠬᠤ᠂ ᠬᠠᠷᠢᠭᠤᠴᠠᠯᠭ᠎ᠠ ᠵᠢ᠎ᠨᠢ ᠬᠥᠩᠭᠡᠷᠡᠭᠦᠯᠬᠦ᠎ᠪᠠᠷ ᠭᠤᠶᠤᠴᠢᠯᠠᠵᠤ ᠪᠣᠯᠬᠤ ᠦᠭᠡᠢ᠃ 

 

ᠲᠣᠪᠴᠢᠶᠠᠨ ᠳᠠᠷᠤᠭ᠎ᠠ ᠡ᠂ ᠪᠢ ᠣᠷᠣᠢ᠎ᠶ᠋ᠢᠨ ᠬᠣᠭᠣᠯᠠᠨ᠎ᠳᠤ ᠵᠢᠭ᠋ᠠᠬᠠᠨ ᠠᠷᠢᠬᠢ ᠤᠤᠭᠤᠴᠢᠬᠠᠪᠠ᠂ ᠵᠠᠮ ᠳᠡᠭᠡᠷ᠎ᠡ XX ᠰᠠᠯᠪᠤᠷᠢ ᠠᠩᠭᠢ᠎ᠶ᠋ᠢᠨ᠎ᠬᠢᠨ ᠠᠷᠢᠬᠢ ᠤᠤᠭᠤᠭᠰᠠᠨ᠎ᠤ ᠳᠠᠷᠠᠭ᠎ᠠ ᠲᠡᠷᠭᠡ ᠵᠢᠯᠣᠭᠣᠳᠤᠭᠰᠠᠨ᠎ᠢ ᠪᠠᠢ᠌ᠴᠠᠭ᠋ᠠᠵᠤ ᠪᠠᠢ᠌ᠬᠤ᠎ᠲᠠᠢ ᠲᠠᠭ᠋ᠠᠷᠠᠯᠳᠤᠵᠠᠢ᠂ ᠲᠠ ᠡᠪᠯᠡᠭᠦᠯᠦᠭᠡᠳ ᠥᠭᠭᠦᠨ᠎ᠡ ᠦᠦ ᠁ 

ᠠᠷᠢᠬᠢ ᠤᠤᠭᠤᠭᠰᠠᠨ᠎ᠤ ᠳᠠᠷᠠᠭ᠎ᠠ ᠲᠡᠷᠭᠡ ᠵᠢᠯᠣᠭᠣᠳᠬᠤ᠎ᠨᠢ ᠠᠶᠤᠯ᠎ᠲᠠᠢ ᠮᠥᠷᠲᠡᠭᠡᠨ ᠰᠠᠬᠢᠯᠭ᠎ᠠ ᠪᠠᠲᠤ᠎ᠶ᠋ᠢ ᠵᠦᠷᠢᠴᠡᠭᠰᠡᠨ ᠬᠡᠷᠡᠭ᠂ ᠴᠢ ᠥᠪᠡᠷ᠎ᠤᠨ ᠦᠢ᠍ᠯᠡ ᠠᠵᠢᠯᠯᠠᠭ᠎ᠠ᠎ᠳᠤ᠎ᠪᠠᠨ ᠬᠠᠷᠢᠭᠤᠴᠠᠬᠤ ᠬᠡᠷᠡᠭᠲᠡᠢ᠃ ᠣᠳᠣ᠎ᠪᠡᠷ᠎ᠢᠶᠡᠨ ᠲᠡᠷᠭᠡ᠎ᠪᠠᠨ ᠵᠠᠮ᠎ᠤᠨ ᠬᠠᠵᠠᠭᠤ᠎ᠳᠤ ᠵᠣᠭᠰᠣᠭ᠋ᠠᠵᠤ᠂ ᠵᠠᠮ ᠬᠠᠷᠢᠯᠴᠠᠭ᠋ᠠᠨ᠎ᠤ ᠴᠠᠭᠳᠠᠭ᠎ᠠ᠎ᠶ᠋ᠢᠨ ᠪᠠᠢ᠌ᠴᠠᠭ᠋ᠠᠯᠲᠠ᠎ᠶ᠋ᠢ ᠬᠦᠯᠢᠶᠡᠭᠡᠷᠡᠢ᠃ 

ᠵᠠᠬᠢᠳᠠᠯ᠎ᠢᠶᠡᠷ ᠠᠰᠠᠭᠤᠨ ᠪᠠᠢ᠌ᠴᠠᠭ᠋ᠠᠭᠳᠠᠭᠴᠢ᠂ ᠬᠢᠨᠠᠨ ᠪᠠᠢ᠌ᠴᠠᠭ᠋ᠠᠭᠳᠠᠵᠤ ᠪᠠᠢ᠌ᠭ᠎ᠠ ᠬᠥᠮᠥᠨ᠂ ᠬᠡᠷᠡᠭ᠎ᠲᠤ ᠬᠣᠯᠪᠣᠭᠳᠠᠭᠰᠠᠨ ᠬᠥᠮᠥᠨ ᠵᠢᠴᠢ ᠲᠡᠭᠦᠨ᠎ᠲᠠᠢ ᠣᠨᠴᠠ ᠬᠠᠷᠢᠴᠠᠭ᠎ᠠ᠎ᠲᠠᠢ ᠬᠥᠮᠥᠨ᠎ᠳᠤ ᠬᠡᠷᠡᠭ᠎ᠤᠨ ᠪᠠᠢ᠌ᠳᠠᠯ᠎ᠢ᠎ᠨᠢ ᠵᠠᠳᠠᠯᠵᠤ᠂ ᠠᠷᠭ᠎ᠠ ᠤᠬᠠᠭ᠋ᠠᠨ ᠭᠠᠷᠭ᠋ᠠᠨ ᠥᠭᠴᠦ᠂ ᠬᠢᠨᠠᠯᠲᠠ ᠲᠠᠯᠪᠢᠵᠤ ᠪᠠᠢ᠌ᠴᠠᠭ᠋ᠠᠬᠤ᠂ ᠬᠢᠨᠠᠨ ᠪᠠᠢ᠌ᠴᠠᠭ᠋ᠠᠵᠤ ᠪᠠᠢ᠌ᠴᠠᠭ᠋ᠠᠯᠲᠠ ᠬᠢᠬᠦ᠎ᠠᠴᠠ᠎ᠨᠢ ᠬᠠᠪᠰᠤᠷᠤᠨ ᠵᠠᠢ᠌ᠯᠠᠭᠤᠯᠬᠤ ᠪᠤᠶᠤ ᠡᠰᠡᠷᠭᠦᠴᠡᠯᠳᠦᠵᠦ ᠪᠣᠯᠬᠤ ᠦᠭᠡᠢ᠃ 

 

ᠸᠠᠩ ᠪᠠᠢ᠌ᠴᠠᠭ᠋ᠠᠬᠤ ᠳᠠᠷᠤᠭ᠎ᠠ ᠡ᠂ ᠡᠨᠡ ᠬᠡᠷᠡᠭ᠎ᠤᠨ ᠠᠬᠢᠴᠠ ᠣᠳᠣ ᠶᠠᠮᠠᠷ ᠪᠣᠯᠵᠤ ᠪᠠᠢ᠌ᠨ᠎ᠠ? ᠮᠢᠨᠤ ᠬᠡᠯᠡᠭᠰᠡᠨ ᠰᠠᠨᠠᠯ᠎ᠢᠶᠡᠷ ᠰᠢᠢ᠍ᠳᠪᠦᠷᠢᠯᠡᠭᠡᠷᠡᠢ᠃ 

ᠰᠠᠬᠢᠯᠭ᠎ᠠ ᠪᠠᠲᠤ᠎ᠶ᠋ᠢᠨ ᠲᠣᠭᠲᠠᠭ᠋ᠠᠯ᠎ᠢ ᠦᠨᠳᠦᠰᠦᠯᠡᠪᠡᠯ᠂ ᠡᠨᠡ ᠬᠦ᠌ ᠬᠡᠷᠡᠭ᠎ᠢ ᠬᠤᠷᠠᠯ ᠳᠡᠭᠡᠷ᠎ᠡ ᠶᠠᠷᠢᠯᠴᠠᠵᠤ ᠪᠣᠯᠬᠤ ᠦᠭᠡᠢ᠂ ᠪᠢᠳᠡ ᠡᠷᠬᠡᠪᠰᠢ ᠬᠠᠤᠯᠢ ᠲᠣᠭᠲᠠᠭ᠋ᠠᠯ ᠶᠣᠰᠣᠭ᠋ᠠᠷ ᠭᠦᠢ᠍ᠴᠡᠳᠭᠡᠬᠦ ᠬᠡᠷᠡᠭᠲᠡᠢ᠃ 

ᠡᠷᠬᠡ ᠲᠤᠰᠢᠶᠠᠯ ᠪᠤᠶᠤ ᠲᠤᠰᠢᠶᠠᠯ᠎ᠤᠨ ᠲᠠᠯ᠎ᠠ᠎ᠪᠠᠷ᠎ᠬᠢ ᠨᠥᠯᠥᠭᠡ᠎ᠪᠠᠨ ᠠᠰᠢᠭᠯᠠᠨ᠂ ᠬᠠᠷᠢᠭᠤ ᠮᠡᠳᠡᠭᠦᠯᠦᠯᠲᠡ ᠰᠣᠨᠣᠰᠬᠤ᠂ ᠵᠣᠬᠢᠴᠠᠭᠤᠯᠬᠤ ᠬᠤᠷᠠᠯ ᠬᠤᠷᠠᠯᠳᠤᠭᠤᠯᠬᠤ᠂ ᠪᠢᠴᠢᠭ ᠮᠠᠲ᠋ᠧᠷᠢᠶᠠᠯ ᠶᠠᠪᠤᠭᠤᠯᠬᠤ᠂ ᠤᠲᠠᠰᠤᠳᠠᠬᠤ ᠵᠡᠷᠭᠡ ᠬᠡᠯᠪᠡᠷᠢ᠎ᠪᠠᠷ ᠲᠣᠭᠲᠠᠭ᠋ᠠᠯ᠎ᠠᠴᠠ ᠵᠥᠷᠢᠴᠡᠨ ᠬᠡᠷᠡᠭ ᠤᠴᠢᠷ᠎ᠢ᠎ᠨᠢ ᠠᠰᠠᠭᠤᠵᠤ᠂ ᠰᠢᠢ᠍ᠳᠪᠦᠷᠢᠯᠡᠬᠦ᠎ᠳᠤ᠎ᠨᠢ ᠭᠠᠷ ᠲᠦᠷᠦᠵᠤ᠂ ᠬᠡᠪ᠎ᠤᠨ ᠠᠵᠢᠯ᠎ᠢ ᠬᠠᠷᠰᠢᠯᠠᠵᠤ ᠪᠣᠯᠬᠤ ᠦᠭᠡᠢ᠃ 

ᠰᠠᠬᠢᠯᠭ᠎ᠠ ᠪᠠᠲᠤ᠎ᠶ᠋ᠢᠨ ᠲᠣᠭᠲᠠᠭ᠋ᠠᠯ 

《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠰᠢᠢ᠍ᠳᠭᠡᠯ ᠥᠭᠬᠦ ᠳᠦᠷᠢᠮ》᠎ᠤᠨ ᠵᠠᠭᠤ ᠳᠥᠴᠢᠨ ᠬᠣᠶᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠪᠡᠯ᠄ 《ᠬᠣᠯᠪᠣᠭᠳᠠᠯ ᠪᠦᠬᠦᠢ ᠲᠣᠭᠲᠠᠭ᠋ᠠᠯ᠎ᠠᠴᠠ ᠵᠥᠷᠢᠴᠡᠨ ᠬᠠᠤᠯᠢ ᠪᠠᠷᠢᠬᠤ ᠠᠵᠢᠯᠯᠠᠭ᠎ᠠ᠂ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠠᠵᠢᠯᠯᠠᠭ᠎ᠠ᠎ᠶ᠋ᠢ ᠬᠠᠷᠰᠢᠯᠠᠬᠤ ᠪᠠ ᠲᠡᠭᠦᠨ᠎ᠳᠤ ᠭᠠᠷ ᠳᠦᠷᠦᠬᠦ᠂ ᠬᠣᠯᠪᠣᠭᠳᠠᠯ ᠪᠦᠬᠦᠢ ᠭᠠᠵᠠᠷ ᠣᠷᠣᠨ ᠪᠤᠶᠤ ᠰᠠᠯᠠᠭ᠎ᠠ ᠮᠥᠴᠢᠷ᠎ᠠᠴᠠ ᠬᠡᠷᠡᠭ᠎ᠤᠨ ᠪᠠᠢ᠌ᠳᠠᠯ᠎ᠢ᠎ᠨᠢ ᠰᠤᠷᠠᠭᠯᠠᠬᠤ᠂ ᠲᠠᠯ᠎ᠠ ᠵᠠᠰᠠᠬᠤ᠂ ᠰᠠᠨᠠᠭᠤᠯᠵᠤ ᠵᠠᠬᠢᠬᠤ᠂ ᠡᠰᠡᠬᠦᠯ᠎ᠡ ᠪᠤᠰᠤᠳ ᠠᠷᠭ᠎ᠠ ᠮᠠᠶᠢᠭ᠎ᠢᠶᠡᠷ ᠬᠠᠤᠯᠢ ᠪᠠᠷᠢᠬᠤ ᠠᠵᠢᠯᠯᠠᠭ᠎ᠠ᠂ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠠᠵᠢᠯᠯᠠᠭ᠎ᠠ᠎ᠳᠤ ᠨᠥᠯᠥᠭᠡ ᠦᠵᠡᠭᠦᠯᠦᠭᠡᠳ᠂ ᠦᠢ᠍ᠯᠡ ᠪᠠᠢ᠌ᠳᠠᠯ᠎ᠨᠢ ᠨᠡᠯᠢᠶᠡᠳ ᠬᠥᠩᠭᠡᠨ ᠪᠠᠢ᠌ᠪᠠᠯ᠂ ᠴᠢᠩᠭ᠎ᠠ ᠳᠣᠩᠭᠣᠳᠬᠤ ᠰᠢᠢ᠍ᠳᠭᠡᠯ ᠥᠭᠭᠦᠨ᠎ᠡ; ᠦᠢ᠍ᠯᠡ ᠪᠠᠢ᠌ᠳᠠᠯ᠎ᠨᠢ ᠨᠡᠯᠢᠶᠡᠳ ᠬᠦᠨᠳᠦ ᠪᠠᠢ᠌ᠪᠠᠯ᠂ ᠨᠠᠮ᠎ᠤᠨ ᠳᠣᠲᠣᠷᠠᠬᠢ ᠲᠤᠰᠢᠶᠠᠯ᠎ᠠᠴᠠ᠎ᠨᠢ ᠤᠭᠴᠠᠷᠠᠭᠤᠯᠬᠤ ᠪᠤᠶᠤ ᠨᠠᠮ᠎ᠳᠤ ᠪᠠᠢ᠌ᠯᠭ᠋ᠠᠵᠤ ᠬᠢᠨᠠᠨ ᠦᠵᠡᠬᠦ ᠰᠢᠢ᠍ᠳᠭᠡᠯ ᠥᠭᠭᠦᠨ᠎ᠡ; ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ᠂ ᠨᠠᠮ᠎ᠠᠴᠠ ᠬᠥᠭᠡᠭᠡᠬᠦ ᠰᠢᠢ᠍ᠳᠭᠡᠯ ᠥᠭᠭᠦᠨ᠎ᠡ》᠃

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ