ᠱᠢᠨᠬᠤᠸᠠ ᠬᠣᠷᠢᠶᠠᠨ᠎ᠤ ᠪᠡᠭᠡᠵᠢᠩ᠎ᠦᠨ 7 ᠳ᠋ᠤᠭᠠᠷ ᠰᠠᠷ᠎ᠠ᠎ᠶᠢᠨ 22 ᠤᠨ ᠡᠳᠦᠷ᠎ᠦᠨ ᠴᠠᠬᠢᠯᠭᠠᠨ ᠮᠡᠳᠡᠭᠡ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠴᠢᠶᠠᠩ ᠲᠦᠷᠦᠭᠦᠬᠡᠨ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠵᠠᠷᠯᠢᠭ᠋᠎ᠲᠤ ᠭᠠᠷᠤᠨ ᠥᠰᠥᠭ ᠵᠢᠷᠤᠵᠤ᠂ 《ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠳᠦᠷᠢᠮ》 (ᠳᠣᠷᠣᠭ᠍ᠰᠢ 《ᠳᠦᠷᠢᠮ》 ᠭᠡᠵᠦ ᠲᠣᠪᠴᠢᠯᠠᠪᠠ)᠎ᠢ ᠨᠡᠢᠲᠡᠯᠡᠪᠡ᠂ 2025 ᠣᠨ᠎ᠤ 9 ᠳ᠋ᠦ᠍ᠭᠡᠷ ᠰᠠᠷ᠎ᠠ᠎ᠶᠢᠨ 15 ᠤ ᠡᠳᠦᠷ ᠡᠴᠡ ᠡᠬᠢᠯᠡᠵᠦ ᠬᠡᠷᠡᠭᠵᠢᠭᠦᠯᠦᠨ᠎ᠡ᠃
《ᠳᠦᠷᠢᠮ》 ᠨᠢ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠶᠢ ᠲᠦᠷᠭᠡᠳᠬᠡᠬᠦ ᠬᠡᠷᠡᠭᠴᠡᠭᠡ᠎ᠳᠦ ᠵᠣᠬᠢᠴᠠᠭᠤᠯᠬᠤ᠎ᠶᠢᠨ ᠲᠥᠯᠥᠭᠡ ᠶᠤᠮ᠃ 《ᠳᠦᠷᠢᠮ》᠎ᠳᠦ ᠨᠡᠶ᠋ᠢᠲᠡ 28 ᠵᠦᠢᠯ ᠪᠠᠢᠵᠤ᠂ ᠭᠣᠣᠯᠳᠠᠭᠤ ᠳᠣᠣᠷᠠᠬᠢ ᠠᠭᠤᠯᠭ᠎ᠠ᠎ᠨᠤᠭᠤᠳ᠎ᠢ ᠲᠣᠭᠲᠠᠭᠠᠵᠠᠢ᠃
ᠨᠢᠭᠡ᠎ᠳᠦ᠂ ᠬᠥᠭᠵᠢᠯᠲᠡ᠎ᠶᠢᠨ ᠤᠳᠤᠷᠢᠳᠤᠮᠵᠢ᠎ᠶᠢ ᠲᠣᠳᠣᠷᠬᠠᠢᠯᠠᠪᠠ᠃ ᠬᠥᠳᠡᠭᠡ ᠲᠣᠰᠬᠣᠨ᠎ᠤ ᠵᠠᠰᠠᠮᠠᠯ ᠵᠠᠮ᠎ᠢ ᠬᠥᠭᠵᠢᠭᠦᠯᠬᠦ᠎ᠳᠦ ᠨᠠᠮ ᠪᠠ ᠤᠯᠤᠰ᠎ᠤᠨ ᠱᠤᠭᠤᠮ ᠴᠢᠭᠯᠡᠯᠲᠡ ᠲᠥᠷᠥ᠎ᠶᠢᠨ ᠪᠣᠳᠣᠯᠭ᠎ᠠ᠂ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠲᠤᠭᠤᠰᠢᠯᠠᠭᠤᠯᠵᠤ᠂ ᠰᠢᠨ᠎ᠡ ᠮᠠᠶᠢᠭ᠋᠎ᠤᠨ ᠬᠣᠲᠠ ᠪᠠᠯᠭᠠᠰᠤᠵᠢᠯᠲᠠ ᠪᠠ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠨᠢᠭᠡᠳᠦᠯᠲᠡᠢ ᠲᠥᠯᠥᠪᠯᠡᠬᠦ ᠬᠣᠯᠪᠣᠭᠳᠠᠯ ᠪᠦᠬᠦᠢ ᠱᠠᠭᠠᠷᠳᠠᠯᠭ᠎ᠠ ᠯᠤᠭ᠎ᠠ ᠵᠣᠬᠢᠴᠠᠭᠤᠯᠵᠤ᠂ ᠵᠠᠰᠠᠭ᠎ᠤᠨ ᠣᠷᠳᠣᠨ᠎ᠢᠶᠠᠷ ᠭᠣᠣᠯᠯᠠᠭᠤᠯᠬᠤ᠂ ᠨᠢᠭᠡᠳᠦᠯᠲᠡᠢ ᠲᠥᠯᠥᠪᠵᠢᠭᠦᠯᠬᠦ᠂ ᠲᠤᠬᠠᠢ᠎ᠶᠢᠨ ᠭᠠᠵᠠᠷ ᠣᠷᠣᠨ᠎ᠤ ᠪᠠᠢᠳᠠᠯ᠎ᠳᠦ ᠨᠢ ᠲᠣᠬᠢᠷᠠᠭᠤᠯᠬᠤ᠎ᠶᠢ ᠪᠠᠷᠢᠮᠲᠠᠯᠠᠵᠤ᠂ ᠪᠦᠲᠦᠭᠡᠨ ᠪᠠᠶ᠋ᠢᠭᠤᠯᠬᠤ᠂ ᠬᠠᠮᠢᠶᠠᠷᠬᠤ᠂ ᠠᠷᠠᠴᠢᠯᠠᠬᠤ᠂ ᠡᠵᠡᠩᠨᠡᠬᠦ᠎ᠶᠢ ᠵᠡᠷᠭᠡ᠎ᠪᠡᠷ ᠴᠢᠬᠤᠯᠠᠴᠢᠯᠠᠬᠤ᠎ᠶᠢ ᠪᠠᠷᠢᠮᠲᠠᠯᠠᠵᠤ᠂ ᠪᠥᠬᠥ ᠴᠠᠷᠠᠭ᠎ᠠ᠎ᠶᠢ ᠬᠠᠮᠤᠷᠬᠤ᠂ ᠨᠡᠢᠳᠡᠮ ᠬᠠᠷᠠᠭᠠᠯᠵᠠᠵᠤ ᠬᠠᠮᠲᠤ᠎ᠪᠠᠷ ᠡᠳ᠋ᠯᠡᠬᠦ᠂ ᠠᠮᠤᠷ ᠲᠦᠪᠰᠢᠨ ᠪᠥᠭᠡᠳ ᠲᠣᠬᠢᠷᠠᠮᠵᠢᠲᠠᠢ᠂ ᠳᠥᠭᠥᠮ ᠳᠥᠲᠡ ᠥᠨᠳᠥᠷ ᠪᠦᠲᠦᠮᠵᠢᠲᠡᠶ ᠬᠥᠳᠡᠭᠡ ᠲᠣᠰᠬᠣᠨ᠎ᠤ ᠵᠠᠮ ᠬᠠᠷᠢᠯᠴᠠᠭᠠᠨ᠎ᠤ ᠰᠠᠭᠤᠷᠢ ᠪᠡᠯᠡᠳᠬᠡᠮᠵᠢ᠎ᠶᠢᠨ ᠲᠣᠣᠷ᠎ᠢ ᠠᠯᠬᠤᠮ ᠠᠯᠬᠤᠮ᠎ᠢᠶᠠᠷ ᠲᠡᠭᠦᠯᠳᠡᠷᠵᠢᠭᠦᠯᠦᠨ᠎ᠡ ᠭᠡᠵᠦ ᠲᠣᠭᠲᠠᠭᠠᠪᠠ᠃
ᠬᠣᠶᠠᠷ᠎ᠲᠤ᠂ ᠬᠠᠷᠢᠭᠤᠴᠠᠯᠭ᠎ᠠ᠎ᠶᠢᠨ ᠭᠣᠣᠯ ᠴᠣᠭᠴᠠ᠎ᠶᠢ ᠪᠣᠳᠠᠲᠠᠢᠵᠢᠭᠤᠯᠪᠠ᠃ ᠰᠢᠶᠠᠨ᠎ᠤ ᠱᠠᠲᠤᠨ᠎ᠤ ᠵᠠᠰᠠᠭ᠎ᠤᠨ ᠣᠷᠳᠣᠨ ᠨᠢ ᠲᠤᠰ ᠵᠠᠰᠠᠭ ᠵᠠᠬᠢᠷᠭᠠᠨ᠎ᠤ ᠣᠷᠣᠨ᠎ᠤ ᠳᠣᠲᠣᠷᠠᠬᠢ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠥᠭᠵᠢᠯᠲᠡ᠎ᠳᠦ ᠭᠣᠣᠯ ᠴᠣᠭᠴᠠ᠎ᠶᠢᠨ ᠬᠠᠷᠢᠭᠤᠴᠠᠯᠭ᠎ᠠ ᠡᠭᠦᠷᠭᠡᠯᠡᠵᠦ᠂ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠲᠣᠭᠣᠷᠢᠭ᠋ ᠪᠠᠢᠭᠤᠯᠤᠭᠰᠠᠨ ᠬᠤᠳᠠ᠎ᠶᠢᠨ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠵᠠᠰᠠᠭ᠎ᠤᠨ ᠣᠷᠳᠣᠨ ᠵᠢᠴᠢ ᠲᠡᠭᠦᠨ᠎ᠦ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠵᠢᠭᠠᠨ ᠵᠢᠯᠤᠭᠣᠳᠴᠤ ᠬᠢᠨᠠᠯᠲᠠ ᠲᠠᠯᠪᠢᠬᠤ᠎ᠪᠠᠨ ᠴᠢᠩᠭᠠᠳᠬᠠᠬᠤ᠎ᠶᠢ ᠲᠣᠳᠣᠷᠬᠠᠢᠯᠠᠪᠠ᠃
ᠭᠤᠷᠪᠠ᠎ᠳᠤ᠂ ᠵᠠᠮ᠎ᠤᠨ ᠲᠣᠣᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ ᠨᠢ ᠵᠠᠮ᠎ᠤᠨ ᠲᠣᠣᠷ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠎ᠪᠡᠷ ᠭᠣᠣᠯᠳᠠᠯᠭ᠎ᠠ ᠪᠣᠯᠭᠠᠵᠤ᠂ ᠤᠯᠤᠰ᠎ᠤᠨ ᠵᠠᠮ᠂ ᠮᠤᠵᠢ᠎ᠶᠢᠨ ᠵᠠᠮ᠎ᠤᠨ ᠪᠦᠲᠦᠭᠡᠨ ᠪᠠᠢᠭᠤᠯᠤᠯᠲᠠ ᠯᠤᠭ᠎ᠠ ᠵᠣᠯᠭᠠᠭᠤᠯᠤᠨ ᠵᠣᠬᠢᠴᠠᠭᠤᠯᠵᠤ᠂ ᠬᠣᠲᠠ ᠬᠥᠳᠡᠭᠡ᠎ᠶᠢᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠨᠢᠭᠡ ᠴᠣᠭᠴᠠᠵᠢᠯᠲᠠ᠎ᠶᠢ ᠠᠬᠢᠭᠤᠯᠤᠨ᠎ᠠ; ᠰᠢᠨ᠎ᠡ᠎ᠪᠡᠷ ᠪᠠᠢᠭᠤᠯᠤᠭᠰᠠᠨ ᠬᠥᠳᠡᠭᠡ ᠲᠣᠰᠬᠣᠨ᠎ᠤ ᠵᠠᠰᠠᠮᠠᠯ ᠵᠠᠮ ᠨᠢ ᠵᠠᠰᠠᠮᠠᠯ ᠵᠠᠮ᠎ᠤᠨ ᠮᠡᠷᠭᠡᠵᠢᠯ᠎ᠦᠨ ᠵᠡᠷᠭᠡ ᠳᠡᠰ᠎ᠤᠨ ᠱᠠᠭᠠᠷᠳᠠᠯᠭ᠎ᠠ᠎ᠳᠤ ᠨᠡᠢᠴᠡᠭᠰᠡᠨ ᠪᠠᠢᠬᠤ ᠬᠡᠷᠡᠭᠲᠡᠢ᠂ ᠬᠠᠮᠤᠭ᠎ᠤᠨ ᠳᠣᠣᠷ᠎ᠠ ᠮᠡᠷᠭᠡᠵᠢᠯ᠎ᠦᠨ ᠵᠡᠷᠭᠡ ᠳᠡᠰ᠎ᠤᠨ ᠱᠠᠭᠠᠷᠳᠠᠯᠭ᠎ᠠ᠎ᠳᠤ ᠦᠯᠦ ᠨᠡᠢᠴᠡᠬᠦ ᠣᠳᠣ᠌ ᠪᠠᠢᠭ᠎ᠠ᠎ᠶᠢ ᠨᠢ ᠳᠡᠰ ᠳᠡᠪᠰᠢᠭᠦᠯᠵᠦ ᠥᠭᠡᠷᠡᠴᠢᠯᠡᠨ ᠰᠠᠢᠵᠢᠷᠠᠭᠤᠯᠤᠨ᠎ᠠ ᠭᠡᠵᠦ ᠲᠣᠳᠣᠷᠬᠠᠢᠯᠠᠪᠠ᠃
ᠳᠥᠷᠪᠡ᠎ᠳᠦ᠂ ᠬᠠᠮᠢᠶᠠᠷᠴᠤ ᠠᠷᠠᠴᠢᠯᠠᠬᠤ᠎ᠶᠢ ᠴᠢᠩᠭᠠᠳᠬᠠᠨ᠎ᠠ᠃ ᠲᠣᠰᠬᠣᠨ᠎ᠤ ᠵᠠᠮ᠎ᠤᠨ ᠪᠠᠷᠢᠯᠭ᠎ᠠ᠎ᠶᠢᠨ ᠡᠵᠡᠮᠳᠡᠯ᠎ᠦᠨ ᠣᠷᠣᠨ᠎ᠢ ᠵᠠᠭᠠᠭᠯᠠᠨ ᠲᠣᠭᠲᠠᠭᠠᠬᠤ ᠪᠠ ᠬᠠᠮᠢᠶᠠᠷᠬᠤ᠂ ᠬᠡᠮᠵᠢᠶ᠎ᠡ᠎ᠡᠴᠡ ᠬᠡᠲᠦᠷᠡᠲᠡᠯ᠎ᠡ ᠲᠡᠭᠡᠭᠡᠪᠦᠷᠢᠯᠡᠬᠦ᠎ᠶᠢ ᠵᠠᠰᠠᠬᠤ᠂ ᠬᠦᠨᠳᠦ ᠬᠡᠯᠪᠡᠷᠢ᠎ᠶᠢᠨ ᠠᠴᠢᠶᠠᠨ᠎ᠤ ᠮᠠᠰᠢᠨ ᠲᠡᠷᠭᠡ᠎ᠶᠢ ᠨᠡᠪᠲᠡᠷᠡᠭᠦᠯᠬᠦ᠂ ᠵᠠᠮ᠎ᠤᠨ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ ᠵᠡᠷᠭᠡ ᠱᠠᠭᠠᠷᠳᠠᠯᠭ᠎ᠠ᠎ᠶᠢ ᠲᠣᠳᠣᠷᠬᠠᠢᠯᠠᠪᠠ; ᠬᠥᠳᠡᠭᠡ ᠲᠣᠰᠬᠣᠨ᠎ᠤ ᠵᠠᠰᠠᠮᠠᠯ ᠵᠡᠮ᠎ᠢ ᠬᠠᠮᠢᠶᠠᠷᠴᠤ ᠠᠷᠠᠴᠢᠯᠠᠬᠤ ᠬᠠᠷᠢᠭᠤᠴᠠᠯᠭ᠎ᠠ᠎ᠶᠢᠨ ᠳᠦᠷᠢᠮ᠎ᠢ ᠪᠠᠢᠭᠤᠯᠤᠨ ᠪᠦᠷᠢᠨᠰᠢᠭᠦᠯᠵᠦ᠂ ᠬᠥᠳᠡᠭᠡ ᠲᠣᠰᠬᠣᠨ᠎ᠤ ᠵᠠᠰᠠᠮᠠᠯ ᠵᠡᠮ᠎ᠢ ᠠᠷᠠᠴᠢᠯᠠᠬᠤ ᠠᠵᠢᠯ᠎ᠢ ᠵᠣᠬᠢᠶᠠᠨ ᠪᠠᠢᠭᠤᠯᠵᠤ ᠬᠡᠷᠡᠭᠵᠢᠭᠦᠯᠬᠦ ᠭᠣᠣᠯ ᠴᠣᠭᠴᠠ᠎ᠶᠢ ᠲᠣᠳᠣᠷᠬᠠᠢᠯᠠᠵᠤ᠂ ᠬᠥᠳᠡᠭᠡ ᠲᠣᠰᠬᠣᠨ᠎ᠤ ᠵᠠᠰᠠᠮᠠᠯ ᠵᠡᠮ᠎ᠢ ᠠᠷᠠᠴᠢᠯᠠᠬᠤ᠎ᠳᠤ ᠵᠠᠰᠠᠮᠠᠯ ᠵᠡᠮ᠎ᠢ ᠠᠷᠠᠴᠢᠯᠠᠬᠤ ᠲᠤᠰᠬᠠᠢ ᠠᠵᠢᠯ᠎ᠤᠨ ᠨᠢᠭᠡᠴᠢ᠎ᠶᠢᠨ ᠣᠷᠣᠯᠴᠠᠬᠤ᠎ᠶᠢ ᠵᠣᠷᠢᠭᠵᠢᠭᠤᠯᠵᠤ ᠬᠥᠲᠥᠯᠥᠨ ᠵᠢᠯᠣᠭᠣᠳᠤᠨ᠎ᠠ ᠭᠡᠵᠦ ᠲᠣᠭᠲᠠᠭᠠᠵᠠᠢ᠃
ᠲᠠᠪᠤ᠎ᠳᠤ᠂ ᠠᠮᠤᠷ ᠲᠦᠪᠰᠢᠨ᠎ᠦ ᠪᠠᠲᠤᠯᠠᠭ᠎ᠠ᠎ᠶᠢ ᠴᠢᠩᠭᠠᠳᠬᠠᠨ᠎ᠠ᠃ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠡᠳᠦᠷ ᠲᠤᠲᠤᠮ᠎ᠤᠨ ᠲᠣᠭᠣᠷᠢᠨ ᠪᠠᠢᠴᠠᠭᠠᠯᠲᠠ ᠪᠠ ᠠᠮᠤᠷ ᠲᠦᠪᠰᠢᠨ᠎ᠦ ᠬᠡᠮ ᠰᠣᠭᠣᠭ᠎ᠢ ᠨᠢ ᠪᠠᠢᠴᠠᠭᠠᠨ ᠵᠠᠰᠠᠬᠤ ᠠᠵᠢᠯ᠎ᠢ ᠥᠷᠨᠢᠭᠦᠯᠵᠦ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠪᠠᠴᠢᠮ ᠪᠠᠢᠳᠠᠯ᠎ᠢ ᠠᠷᠭᠠᠴᠠᠭᠠᠬᠤ ᠪᠠᠲᠤᠯᠠᠭ᠎ᠠ ᠪᠠ ᠭᠠᠮᠰᠢᠭ᠋᠎ᠢ ᠰᠡᠷᠭᠡᠢᠯᠡᠨ ᠭᠠᠮᠰᠢᠭ᠋᠎ᠢ ᠡᠰᠡᠷᠭᠦᠴᠡᠬᠦ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠬᠠᠤᠯᠢ ᠴᠠᠭᠠᠵᠠ ᠬᠠᠤᠯᠢ ᠲᠣᠭᠲᠠᠭᠠᠯ ᠪᠠ ᠵᠠᠮ᠎ᠢᠶᠠᠨ ᠬᠠᠢᠷᠠᠯᠠᠵᠤ ᠵᠠᠮ᠎ᠢᠶᠠᠨ ᠬᠠᠮᠠᠭᠠᠯᠠᠬᠤ ᠤᠬᠠᠭᠤᠯᠭ᠎ᠠ ᠬᠥᠮᠦᠵᠢᠯ᠎ᠢ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃
ᠵᠢᠷᠭᠤᠭ᠎ᠠ᠎ᠳᠤ᠂ ᠠᠭᠤᠰᠤᠯᠴᠠᠨ ᠬᠥᠭᠵᠢᠬᠦ᠎ᠶᠢ ᠠᠬᠢᠭᠤᠯᠤᠨ᠎ᠠ᠃ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ ᠠᠷᠭ᠎ᠠ ᠬᠡᠮᠵᠢᠶ᠎ᠡ ᠠᠪᠴᠤ ᠪᠠᠢᠭᠠᠳ ᠬᠥᠳᠡᠭᠡ ᠲᠣᠰᠬᠣᠨ᠎ᠤ ᠵᠠᠰᠠᠮᠠᠯ ᠵᠠᠮ ᠬᠢᠭᠡᠳ ᠵᠠᠮ ᠳᠠᠭᠠᠤ᠎ᠶᠢᠨ ᠢᠵᠢ ᠪᠦᠷᠢᠳᠦᠭᠦᠯᠬᠦ ᠪᠡᠯᠡᠳᠬᠡᠮᠵᠢ᠂ ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠂ ᠵᠢᠭᠤᠯᠴᠢᠯᠠᠯ᠎ᠤᠨ ᠦᠵᠡᠮᠵᠢ᠎ᠶᠢᠨ ᠣᠷᠣᠨ ᠵᠡᠷᠭᠡ᠎ᠶᠢᠨ ᠨᠢᠭᠡ ᠴᠣᠭᠴᠠᠵᠢᠭᠤᠯᠬᠤ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠬᠥᠳᠡᠭᠡ ᠲᠣᠰᠬᠣᠨ᠎ᠤ ᠠᠶᠠᠨᠴᠢᠳ᠎ᠤᠨ ᠵᠦᠭᠡᠭᠡᠪᠦᠷᠢ᠂ ᠪᠠᠷᠠᠭᠠᠨ᠎ᠤ ᠲᠡᠭᠡᠭᠡᠪᠦᠷᠢ ᠪᠠᠷᠠᠭᠠᠨ᠎ᠤ ᠭᠦᠢᠯᠭᠡᠭᠡ᠂ ᠰᠢᠤᠳᠠᠨ ᠲᠦᠷᠭᠡᠨ ᠬᠦᠷᠭᠡᠯᠲᠡ᠎ᠶᠢᠨ ᠠᠭᠤᠰᠤᠯᠴᠠᠭᠰᠠᠨ ᠬᠥᠭᠵᠢᠯᠲᠡ᠎ᠶᠢ ᠠᠬᠢᠭᠤᠯᠵᠤ᠂ ᠬᠤᠳᠠ ᠬᠥᠳᠡᠭᠡ᠎ᠶᠢᠨ ᠠᠵᠤ ᠠᠬᠤᠢ᠎ᠶᠢᠨ ᠣᠷᠴᠢᠯ᠎ᠢ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠦᠢᠯᠡᠴᠢᠯᠡᠭᠡ᠎ᠪᠡᠷ ᠰᠠᠭᠠᠳ ᠦᠭᠡᠢ ᠨᠡᠪᠲᠡᠷᠡᠭᠦᠯᠬᠦ ᠴᠢᠳᠠᠪᠤᠷᠢ᠎ᠶᠢ ᠳᠡᠭᠡᠭᠰᠢᠯᠡᠭᠦᠯᠦᠨ᠎ᠡ ᠭᠡᠵᠦ ᠲᠣᠭᠲᠠᠭᠠᠪᠠ᠃