《ᠲᠥᠷᠥ᠎ᠶᠢ ᠲᠡᠭᠰᠢᠯᠡᠨ ᠲᠦᠰᠢᠮᠡᠳᠢ ᠴᠡᠭᠴᠡᠯᠡᠬᠦ᠎ᠶᠢ ᠦᠨᠡᠨ ᠰᠡᠳᠬᠢᠯ᠎ᠢᠶᠡᠷ ᠬᠦᠰᠡᠪᠡᠰᠦ᠂ ᠪᠤᠯᠠᠩᠭᠢᠷᠢ ᠦᠯᠳᠡᠨ ᠲᠤᠩᠭᠠᠯᠠᠭ᠎ᠢ ᠪᠠᠳᠠᠷᠠᠭᠤᠯᠬᠤ᠎ᠪᠠᠷ ᠲᠡᠷᠢᠭᠦᠨ ᠵᠣᠷᠢᠯᠭ᠎ᠠ ᠪᠣᠯᠭᠠᠭᠲᠤᠨ》 ᠰᠢ ᠵᠢᠨ ᠫᠢᠩ ᠨᠦᠬᠦᠷ 《ᡁᠢ ᠵᠢᠶᠠᠩ᠎ᠤᠨ ᠰᠢᠨ᠎ᠡ ᠦᠭᠡ》᠎ᠳᠤ ᠴᠢᠩ ᠤᠯᠤᠰ᠎ᠤᠨ ᠦᠶ᠎ᠡ᠎ᠶᠢᠨ ᠪᠣᠳᠣᠯᠭᠠᠲᠠᠨ ᠬᠦ ᠶᠠᠨ ᠦ᠋᠎ᠶᠢᠨ ᠦᠭᠡᠨ᠎ᠡᠴᠡ ᠵᠠᠰᠠᠭ᠎ᠤᠨ ᠠᠵᠢᠯ᠎ᠤᠨ ᠲᠤᠬᠠᠢ ᠣᠢᠯᠠᠭᠠᠯᠲᠠ᠎ᠪᠠᠨ ᠡᠰᠢᠯᠡᠵᠦ ᠥᠩᠭᠡᠷᠡᠵᠡᠢ᠃
ᠵᠠᠰᠠᠭ ᠬᠡᠮᠡᠭᠴᠢ ᠲᠥᠪ ᠪᠣᠯᠭᠠᠬᠤ ᠠᠨ᠎ᠤ ᠪᠣᠯᠠᠢ᠃ ᠬᠦᠴᠦᠷᠬᠡᠭ ᠲᠠᠢᠰᠣᠨᠢᠶᠠᠨ ᠪᠠᠢᠯᠳᠤᠨ ᠢᠯᠠᠭᠰᠠᠳ ᠯᠠᠪᠲᠠᠶ᠎ᠠ ᠥᠪᠡᠷ᠎ᠢ᠎ᠪᠡᠨ ᠤᠷᠢᠳ᠎ᠢᠶᠠᠷ ᠢᠯᠠᠵᠤ ᠴᠢᠳᠠᠨ᠎ᠠ᠃ ᠠᠰᠢᠭ᠋ ᠲᠤᠰᠠ ᠤᠯᠠᠨ ᠡᠰᠢᠵᠢᠵᠦ᠂ ᠦᠵᠡᠯ ᠰᠠᠨᠠᠭᠠᠨ᠎ᠤ ᠤᠷᠤᠰᠬᠠᠯ ᠳᠣᠯᠭᠢᠰᠴᠤ ᠪᠠᠢᠭ᠎ᠠ ᠥᠨᠥᠳᠥᠷ᠂ ᠵᠠᠷᠢᠮ ᠬᠥᠮᠥᠨ ᠶᠠᠪᠣᠭ᠍ᠰᠠᠭᠠᠷ ᠪᠠᠢᠵᠤ ᠶᠠᠭᠤᠨ᠎ᠤ ᠲᠥᠯᠥᠭᠡ ᠮᠣᠷᠳᠠᠭ᠍ᠰᠠᠨ᠎ᠢᠶᠠᠨ ᠤᠮᠠᠷᠲᠠᠵᠤ᠂ ᠡᠳᠦᠷ᠎ᠦᠨ ᠤᠳᠠᠭᠠᠨ᠎ᠳᠤ ᠵᠠᠷᠢᠮ ᠬᠥᠮᠥᠨ᠎ᠦ ᠲᠡᠮᠡᠴᠡᠯ᠎ᠦᠨ ᠵᠣᠷᠢᠭ᠋ ᠨᠢ ᠮᠣᠬᠣᠵᠤ᠂ ᠥᠭᠶᠥᠭᠡ ᠬᠣᠮᠣᠷᠭ᠎ᠠ᠎ᠶᠢᠨ ᠡᠮᠦᠨ᠎ᠡ ᠵᠠᠷᠢᠮ ᠬᠥᠮᠥᠨ᠎ᠦ ᠢᠲᠡᠭᠡᠯ ᠵᠣᠷᠢᠭ᠋ ᠨᠢ ᠰᠤᠯᠠᠷᠠᠵᠤ ᠪᠠᠢᠳᠠᠭ᠂ ᠵᠦᠢᠯ ᠵᠦᠢᠯ᠎ᠦᠨ ᠲᠥᠪ ᠪᠤᠰᠤ ᠰᠤᠷᠲᠠᠯ ᠪᠠ ᠢᠯᠵᠢᠷᠡᠯ᠎ᠦᠨ ᠠᠰᠠᠭᠤᠳᠠᠯ᠎ᠤᠨ ᠦᠨᠳᠦᠰᠦ ᠰᠤᠷᠪᠤᠯᠵᠢ ᠨᠢ ᠴᠥᠮ ᠨᠠᠮᠴᠢ ᠴᠢᠨᠠᠷ᠎ᠠᠴᠠ ᠲᠡᠷᠰᠯᠡᠭᠰᠡᠨ᠎ᠳᠦ ᠣᠷᠣᠰᠢᠨ᠎ᠠ᠃ 《ᠰᠤᠷᠲᠠᠯ᠎ᠤᠨ ᠠᠰᠠᠭᠤᠳᠠᠯ ᠪᠣᠯ ᠮᠥᠨ ᠴᠢᠨᠠᠷ ᠳᠡᠭᠡᠷ᠎ᠡ᠎ᠪᠡᠨ ᠨᠠᠮᠴᠢ ᠴᠢᠨᠠᠷ᠎ᠤᠨ ᠠᠰᠠᠭᠤᠳᠠᠯ ᠮᠥᠨ᠃》 ᠨᠠᠮᠴᠢ ᠴᠢᠨᠠᠷ ᠪᠠᠲᠤ ᠴᠢᠩᠭ᠎ᠠ ᠪᠠᠢᠪᠠᠯ ᠰᠠᠶᠢ ᠠᠰᠠᠭᠤᠳᠠᠯ᠎ᠢ ᠵᠥᠪ᠎ᠢᠶᠡᠷ ᠲᠠᠨᠢᠬᠤ᠎ᠳᠤ ᠰᠡᠷᠭᠡᠭ ᠪᠠᠢᠬᠤ ᠪᠠ ᠥᠪᠡᠷ᠎ᠦᠨ ᠪᠡᠶ᠎ᠡ᠎ᠳᠦ᠎ᠪᠡᠨ ᠬᠤᠪᠢᠰᠬᠠᠯ ᠬᠢᠬᠦ ᠰᠥᠰᠥ ᠵᠣᠷᠢᠭ᠋᠎ᠢᠶᠠᠨ ᠬᠠᠳᠠᠭᠠᠯᠠᠵᠤ ᠴᠢᠳᠠᠨ᠎ᠠ᠂ ᠰᠠᠶᠢ ᠨᠡᠩ ᠡᠷᠡᠰ ᠪᠠᠲᠤ ᠪᠥᠭᠡᠳ ᠤᠬᠠᠮᠰᠠᠷ᠎ᠠᠴᠠ᠎ᠪᠠᠨ ᠰᠤᠷᠲᠠᠯ᠎ᠢᠶᠠᠨ ᠰᠠᠢᠵᠢᠷᠠᠭᠤᠯᠵᠤ ᠴᠢᠳᠠᠨ᠎ᠠ᠃ ᠨᠠᠮ᠎ᠤᠨ ᠭᠡᠰᠢᠭᠦᠳ᠂ ᠺᠠᠳ᠋ᠷᠴᠤᠳ ᠡᠷᠬᠡᠪᠰᠢ 《ᠲᠥᠪ ᠶᠣᠰᠣ᠌᠎ᠶᠢ ᠲᠡᠷᠢᠭᠦᠨ᠎ᠳᠦ ᠲᠠᠯᠪᠢᠵᠤ》᠂ ᠨᠢᠭᠡᠳᠦᠭᠡᠷ ᠪᠡᠶ᠎ᠡ ᠬᠡᠮ ᠪᠣᠯ ᠡᠪ ᠬᠠᠮᠲᠤ ᠨᠠᠮ᠎ᠤᠨ ᠭᠡᠰᠢᠭᠦᠨ ᠮᠥᠨ᠂ ᠨᠢᠭᠡᠳᠦᠭᠡᠷ ᠲᠤᠰᠢᠶᠠᠯ ᠬᠠᠷᠢᠭᠤᠴᠠᠯᠭ᠎ᠠ ᠪᠣᠯ ᠨᠠᠮ᠎ᠤᠨ ᠲᠥᠯᠥᠭᠡ ᠠᠵᠢᠯᠯᠠᠬᠤ ᠶᠠᠪᠤᠳᠠᠯ ᠮᠥᠨ ᠭᠡᠳᠡᠭ᠎ᠢ ᠪᠠᠲᠤ ᠴᠡᠭᠡᠵᠢᠯᠡᠵᠦ᠂ 《ᠦᠵᠡᠯ ᠰᠠᠨᠠᠭᠠᠨ᠎ᠤ ᠲᠣᠭᠣᠰᠣ᠌》᠎ᠪᠠᠨ ᠦᠷᠭᠦᠯᠵᠢ ᠭᠦᠪᠢᠵᠦ᠂ ᠢᠮᠠᠭᠲᠠ 《ᠰᠡᠷᠡᠮᠵᠢ᠎ᠶᠢᠨ ᠬᠣᠩᠬᠣ᠌》᠎ᠶᠢ ᠴᠣᠬᠢᠵᠤ᠂ ᠪᠤᠯᠠᠩᠭᠢᠷᠢ ᠦᠯᠳᠡᠨ ᠲᠤᠩᠭᠠᠯᠠᠭ᠎ᠢ ᠪᠠᠳᠠᠷᠠᠭᠤᠯᠤᠨ᠂ ᠦᠨᠳᠦᠰᠦ᠎ᠶᠢ ᠨᠢ ᠪᠡᠬᠢᠵᠢᠭᠦᠯᠦᠨ ᠰᠠᠭᠤᠷᠢ᠎ᠶᠢ ᠪᠠᠲᠤᠳᠬᠠᠵᠤ᠂ ᠡᠪ ᠬᠠᠮᠲᠤᠴᠤᠳ᠎ᠤᠨ ᠤᠶᠤᠨ ᠰᠠᠨᠠᠭᠠᠨ᠎ᠤ ᠦᠨᠳᠦᠷ ᠲᠦᠪᠱᠢᠨ᠎ᠢ ᠰᠠᠢᠲᠤᠷ ᠰᠠᠬᠢᠬᠤ ᠬᠡᠷᠡᠭᠲᠡᠢ᠃
ᠪᠤᠯᠠᠩᠭᠢᠷᠢ ᠦᠯᠳᠡᠨ ᠲᠤᠩᠭᠠᠯᠠᠭ᠎ᠢ ᠪᠠᠳᠠᠷᠠᠭᠤᠯᠬᠤ ᠨᠢ ᠲᠡᠢᠮᠦ ᠬᠢᠯᠪᠡᠷ ᠪᠢᠰᠢ ᠶᠤᠮ᠃ ᠮᠠᠤ ᠽᠧ ᠳ᠋ᠦᠩ ᠨᠥᠬᠥᠷ᠄《ᠥᠪᠡᠷ᠎ᠦᠨ ᠰᠢᠭᠦᠮᠵᠢᠯᠡᠯ᠎ᠢ ᠨᠠᠷᠢᠨ ᠬᠢᠨᠠᠮᠠᠭᠠᠢ ᠬᠢᠭᠰᠡᠨ ᠡᠰᠡᠬᠦ ᠨᠢ ᠪᠠᠰᠠ ᠴᠤ᠌ ᠮᠠᠨ᠎ᠤ ᠨᠠᠮ ᠨᠢ ᠪᠤᠰᠤᠳ ᠲᠦᠷᠦ᠍᠎ᠶᠢᠨ ᠨᠠᠮ᠎ᠠᠴᠠ ᠢᠯᠭᠠᠭ᠍ᠳᠠᠬᠤ᠎ᠶ᠋ᠢᠨ ᠢᠯᠡᠷᠬᠡᠢ ᠰᠢᠨᠵᠢ ᠲᠡᠮᠳᠡᠭ᠎ᠦᠨ ᠨᠢᠭᠡ ᠮᠥᠨ》 ᠭᠡᠵᠦ ᠬᠡᠯᠡᠭᠰᠡᠨ ᠪᠢᠯᠡ᠃ ᠣᠳᠣᠬᠠᠨ᠎ᠳᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠲᠤᠰᠬᠠᠢ ᠰᠡᠳᠦᠪᠲᠦ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠤᠷᠠᠯ ᠶᠠᠭ ᠬᠤᠷᠠᠯᠳᠤᠵᠤ ᠪᠠᠢᠨ᠎ᠠ᠂ ᠭᠡᠬᠦ᠌᠎ᠳᠦ ᠵᠠᠷᠢᠮ ᠨᠠᠮ᠎ᠤᠨ ᠡᠭᠦᠷ ᠨᠢ ᠠᠰᠠᠭᠤᠳᠠᠯ᠎ᠢᠶᠠᠨ ᠪᠠᠢᠴᠠᠭᠠᠨ ᠳᠡᠯᠭᠡᠬᠦ᠎ᠳᠦ ᠬᠡᠷᠡᠭ ᠨᠢ ᠮᠡᠳᠡᠭᠳᠡᠪᠡᠴᠦ ᠬᠦᠮᠦᠨ ᠨᠢ ᠮᠡᠳᠡᠭᠳᠡᠬᠦ ᠦᠭᠡᠢ᠂ ᠨᠢᠭᠤᠵᠤ ᠳᠠᠯᠳᠠᠯᠠᠨ᠂ 《ᠮᠠᠩᠨᠠᠢ ᠨᠢᠭᠤᠷ᠎ᠢᠶᠠᠨ ᠫᠢᠫᠠ᠎ᠪᠠᠷ ᠬᠠᠯᠬᠠᠯᠠᠵᠤ ᠮᠡᠬᠡᠢᠷᠡᠨ ᠰᠠᠭᠤᠬᠤᠢ ᠮᠡᠲᠦ》; ᠵᠠᠷᠢᠮ ᠨᠢ 《ᠡᠷᠬᠡᠲᠡᠨ》 ᠳᠦᠷᠢ ᠭᠠᠷᠭᠠᠬᠤ᠎ᠠᠴᠠ ᠪᠢᠰᠢ 《ᠪᠠᠢᠯᠳᠤᠭ᠍ᠴᠢ》 ᠪᠣᠯᠵᠤ ᠠᠵᠢᠯᠯᠠᠬᠤ ᠳᠤᠷ᠎ᠠ ᠦᠭᠡᠢ᠂ ᠬᠠᠶᠠᠨ᠎ᠳᠤ ᠨᠢ ᠬᠠᠷᠠᠵᠤ ᠵᠣᠭ᠍ᠰᠣᠨ᠂ ᠪᠤᠰᠤᠳ᠎ᠤᠨ ᠪᠤᠷᠤᠭᠤ᠎ᠶᠢ ᠢᠯᠡᠴᠢᠯᠡᠬᠦ᠎ᠡᠴᠡ ᠪᠢᠰᠢ ᠥᠪᠡᠷ᠎ᠢ᠎ᠪᠡᠨ ᠰᠢᠭᠦᠮᠵᠢᠯᠡᠬᠦ ᠦᠭᠡᠢ ᠪᠠᠢᠳᠠᠭ; ᠵᠠᠷᠢᠮ ᠨᠢ ᠵᠣᠬᠢᠶᠠᠨ ᠪᠠᠢᠭᠤᠯᠤᠯᠲᠠ᠎ᠳᠤ ᠰᠠᠨᠠᠯ᠎ᠢᠶᠠᠨ ᠢᠯᠡᠳᠬᠡᠬᠦ ᠦᠭᠡᠢ ᠦᠯᠡᠳᠡᠭᠡᠵᠦ᠂ ᠪᠦᠷᠢᠨ ᠬᠡᠯᠡᠬᠦ ᠦᠭᠡᠢ᠂ ᠦᠨᠡᠨ᠎ᠢᠶᠡᠨ ᠬᠡᠯᠡᠬᠦ ᠦᠭᠡᠢ᠂ ᠬᠡᠯᠡᠬᠦ ᠳᠤᠷ᠎ᠠ ᠦᠭᠡᠢ ᠪᠠᠢᠨ᠎ᠠ᠃ 《ᠠᠭᠤᠯᠠ᠎ᠶᠢᠨ ᠳᠡᠭᠡᠷᠡᠮ᠎ᠢ ᠳᠠᠷᠤᠬᠤ᠎ᠳᠤ ᠠᠮᠠᠷ᠂ ᠰᠡᠳᠬᠢᠯ᠎ᠦᠨ ᠳᠡᠭᠡᠷᠡᠮ᠎ᠢ ᠳᠠᠷᠤᠬᠤ᠎ᠳᠤ ᠬᠦᠴᠢᠷ》᠂ ᠪᠤᠯᠠᠩᠭᠢᠷᠢ ᠦᠯᠳᠡᠨ ᠲᠤᠩᠭᠠᠯᠠᠭ᠎ᠢ ᠪᠠᠳᠠᠷᠠᠭᠤᠯᠬᠤ᠎ᠳᠤ ᠡᠷᠬᠡᠪᠰᠢ ᠡᠩ ᠲᠡᠷᠢᠭᠦᠨ᠎ᠳᠦ ᠥᠪᠡᠷ᠎ᠦᠨ ᠪᠡᠶ᠎ᠡ᠎ᠡᠴᠡ᠎ᠪᠡᠨ ᠡᠬᠢᠯᠡᠨ ᠬᠢᠵᠦ᠂ ᠥᠪᠡᠷ᠎ᠦᠨ ᠪᠡᠶ᠎ᠡ᠎ᠳᠦ᠎ᠪᠡᠨ ᠬᠤᠪᠢᠰᠬᠠᠯ ᠬᠢᠬᠦ ᠬᠤᠷᠴᠠ ᠵᠡᠪᠰᠡᠭ᠎ᠢ ᠰᠠᠢᠲᠤᠷ ᠬᠡᠷᠡᠭᠯᠡᠵᠦ᠂ 《ᠨᠢᠭᠤᠷ ᠤᠯᠠᠢᠯᠭᠠᠨ ᠬᠥᠯᠥᠰᠦ ᠭᠠᠷᠭᠠᠬᠤ》᠎ᠪᠠᠷ ᠤᠯᠤᠰ ᠲᠦᠷᠦ᠎ᠶᠢᠨ ᠠᠮᠢ ᠠᠬᠤᠢ᠎ᠶᠢᠨ ᠴᠡᠪᠡᠷᠰᠢᠭᠦᠯᠦᠭᠴᠢ ᠪᠣᠯᠭᠠᠬᠤ ᠬᠡᠷᠡᠭᠲᠡᠢ᠃
ᠪᠤᠯᠠᠩᠭᠢᠷᠢ ᠦᠯᠳᠡᠨ ᠲᠤᠩᠭᠠᠯᠠᠭ᠎ᠢ ᠪᠠᠳᠠᠷᠠᠭᠤᠯᠬᠤ᠎ᠳᠤ ᠪᠣᠳᠠᠲᠤ ᠠᠵᠢᠯ᠎ᠠᠴᠠ ᠡᠬᠢᠯᠡᠨ ᠬᠢᠬᠦ ᠬᠡᠷᠡᠭᠲᠡᠢ᠃ ᠨᠠᠷᠢᠨ ᠪᠤᠳᠤᠯᠢᠶᠠᠨᠲᠠᠢ ᠪᠠᠢᠳᠠᠯ᠂ ᠬᠦᠨᠳᠦ ᠨᠦᠰᠡᠷ ᠡᠭᠦᠷᠭᠡ᠎ᠶᠢᠨ ᠡᠮᠦᠨ᠎ᠡ᠂ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠴᠣᠬᠢᠯᠭ᠎ᠠ ᠪᠠ ᠱᠠᠭᠠᠷᠳᠠᠯᠭ᠎ᠠ᠎ᠶᠢ ᠳᠠᠭᠠᠬᠤ ᠬᠡᠷᠡᠭᠲᠡᠢ᠂ ᠬᠠᠷᠢᠨ ᠰᠡᠯᠡᠭᠦᠴᠡᠨ ᠠᠯᠬᠤᠯᠠᠬᠤ ᠪᠢᠰᠢ᠂ ᠵᠠᠪᠠᠯ ᠬᠠᠲᠠᠭᠤᠵᠢᠨ ᠪᠤᠯᠪᠠᠰᠤᠷᠠᠵᠤ᠂ ᠬᠠᠲᠠᠨ ᠵᠣᠷᠢᠭ᠋ ᠲᠠᠢ ᠪᠣᠯᠵᠤ ᠬᠤᠪᠢᠯᠤᠨ ᠥᠭᠡᠷᠡᠴᠢᠯᠡᠭᠳᠡᠬᠦ ᠶᠠᠪᠤᠴᠠ᠎ᠶᠢ ᠥᠩᠭᠡᠷᠡᠭᠡᠬᠦ ᠶᠠᠪᠤᠳᠠᠯ ᠪᠣᠯᠣᠨ᠎ᠠ᠃ ᠨᠠᠮ᠎ᠤᠨ ᠭᠡᠰᠢᠭᠦᠳ᠂ ᠺᠠᠳ᠋ᠷᠴᠤᠳ ᠡᠷᠬᠡᠪᠰᠢ ᠥᠪᠡᠷ᠎ᠦᠨ ᠪᠡᠶ᠎ᠡ᠂ ᠬᠠᠷᠢᠭᠤᠴᠠᠯᠭ᠎ᠠ᠂ ᠠᠵᠢᠯ᠎ᠢᠶᠠᠨ ᠦᠷᠭᠦᠯᠵᠢ ᠰᠡᠳᠬᠢᠨ ᠪᠣᠳᠣᠯᠬᠢᠯᠠᠵᠤ᠂ ᠤᠯᠤᠰ᠎ᠤᠨ ᠲᠥᠷᠥ᠎ᠶᠢᠨ ᠪᠣᠳᠣᠯᠭ᠎ᠠ᠎ᠶᠢ ᠭᠦᠨᠵᠡᠭᠡᠢ ᠰᠤᠳᠤᠯᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠨᠢᠭ᠍ᠲᠠ ᠤᠶᠠᠯᠳᠤᠭᠤᠯᠤᠭᠰᠠᠨ ᠡᠰᠡᠬᠦ᠎ᠪᠡᠨ ᠦᠵᠡᠬᠦ ᠬᠡᠷᠡᠭᠲᠡᠢ; ᠬᠤᠷᠠᠯ ᠬᠢᠬᠦ ᠪᠢᠴᠢᠭ ᠮᠠᠲ᠋ᠧᠷᠢᠶᠠᠯ ᠶᠠᠪᠤᠭᠤᠯᠬᠤ᠎ᠶᠢᠨ 《ᠰᠡᠭᠦᠯᠴᠢ ᠶ᠋ᠢᠨ ᠬᠠᠭᠠᠰ ᠠᠵᠢᠯ》᠎ᠢ ᠰᠠᠢᠲᠤᠷ ᠬᠢᠵᠦ᠂100% ᠪᠠᠷ ᠣᠶᠤᠨ ᠴᠢᠳᠠᠯ᠎ᠢᠶᠠᠨ ᠰᠢᠪᠬᠠᠵᠤ ᠪᠠᠢᠭᠠᠳ ᠨᠠᠢᠳᠠᠪᠤᠷᠢᠵᠢᠭᠤᠯᠤᠯᠲᠠ᠎ᠶᠢ ᠠᠬᠢᠭᠤᠯᠤᠭᠰᠠᠨ ᠡᠰᠡᠬᠦ᠎ᠪᠡᠨ ᠦᠵᠡᠬᠦ ᠬᠡᠷᠡᠭᠲᠡᠢ᠃ 《ᠪᠤᠯᠤᠩ᠎ᠳᠤ᠎ᠪᠠᠨ ᠰᠠᠭᠤᠵᠤ ᠪᠣᠳᠣᠭᠰᠠᠨᠢᠶᠠᠷᠢᠶᠠᠨ ᠦᠢᠯᠡᠳᠦᠭᠰᠡᠨ》 ᠶᠤᠮ ᠦᠦ᠂ ᠡᠰᠡᠬᠦᠯ᠎ᠡ ᠲᠡᠷᠢᠭᠦᠨ᠎ᠦ ᠭᠠᠵᠠᠷ ᠣᠷᠣᠨ᠎ᠤ ᠲᠤᠷᠰᠢᠯᠭ᠎ᠠ ᠪᠠ ᠠᠷᠭ᠎ᠠ ᠬᠢᠳᠡᠯ᠎ᠢ ᠰᠠᠨᠠᠭᠠᠴᠢᠯᠠᠭ᠎ᠠ᠎ᠠᠴᠠ᠎ᠪᠠᠨ ᠰᠤᠷᠤᠯᠴᠠᠵᠤ᠂ 《ᠲᠡᠷᠢᠭᠦᠨ᠎ᠳᠦ ᠣᠷᠣᠬᠤ᠎ᠪᠠᠷ ᠴᠢᠷᠮᠠᠢᠵᠤ》 《ᠭᠤᠷᠪᠠ᠎ᠳᠤ ᠦᠢᠯᠡᠴᠢᠯᠡᠬᠦ》 ᠬᠢᠷᠢ ᠲᠦᠪᠰᠢᠨ᠎ᠢᠶᠡᠨ ᠳᠡᠭᠡᠭᠰᠢᠯᠡᠭᠦᠯᠵᠦ᠂ ᠥᠪᠡᠷ᠎ᠦᠨ ᠪᠡᠶ᠎ᠡ᠎ᠳᠦ᠎ᠪᠡᠨ ᠲᠤᠢᠯᠪᠤᠷᠢᠲᠠᠢ ᠬᠤᠪᠢᠰᠬᠠᠯ ᠬᠢᠬᠦ ᠵᠣᠷᠢᠭ᠋ ᠰᠠᠨᠠᠭ᠎ᠠ᠎ᠪᠠᠷ ᠰᠤᠷᠲᠠᠯ᠎ᠤᠨ ᠪᠠᠢᠭᠤᠯᠤᠯᠲᠠ᠎ᠶᠢ ᠭᠦᠨᠵᠡᠭᠡᠢᠷᠡᠭᠦᠯᠦᠭᠰᠡᠨ ᠶᠤᠮ ᠦᠦ ᠭᠡᠳᠡᠭ᠎ᠢᠶᠡᠨ ᠦᠵᠡᠬᠦ ᠬᠡᠷᠡᠭᠲᠡᠢ᠃
ᠪᠤᠯᠠᠩᠭᠢᠷᠢ ᠦᠯᠳᠡᠨ ᠲᠤᠩᠭᠠᠯᠠᠭ᠎ᠢ ᠪᠠᠳᠠᠷᠠᠭᠤᠯᠬᠤ᠎ᠳᠤ ᠪᠠᠰᠠ ᠲᠡᠮᠡᠴᠡᠯ᠎ᠦᠨ ᠵᠣᠷᠢᠭ᠋ ᠰᠠᠨᠠᠭ᠎ᠠ᠎ᠪᠠᠨ ᠴᠢᠩᠭᠠᠳᠬᠠᠬᠤ ᠬᠡᠷᠡᠭᠲᠡᠢ᠃ ᠳᠡᠭᠡᠷ᠎ᠡ ᠵᠠᠭᠤᠨ᠎ᠤ ᠶᠡᠷᠡᠭᠡᠳ ᠣᠨ᠎ᠳᠤ᠂ ᠰᠢ ᠵᠢᠨ ᠫᠢᠩ ᠨᠥᠬᠥᠷ ᠨᠢᠩᠳᠧ ᠲᠤᠰᠬᠠᠢ ᠭᠠᠵᠠᠷ ᠣᠷᠣᠨ᠎ᠤ ᠨᠠᠮ᠎ᠤᠨ ᠬᠣᠷᠢᠶᠠᠨ᠎ᠤ ᠱᠦᠵᠢ᠎ᠶᠢᠨ ᠲᠤᠰᠢᠶᠠᠯ᠎ᠢ ᠬᠠᠷᠢᠭᠤᠴᠠᠵᠤ ᠪᠠᠢᠬᠤ᠎ᠳᠦ᠎ᠪᠡᠨ᠂ ᠵᠠᠷᠢᠮ ᠺᠠᠳ᠋ᠷ ᠬᠤᠪᠢ᠎ᠶᠢᠨ ᠭᠡᠷ ᠪᠠᠢᠰᠢᠩ ᠪᠠᠢᠬᠤ ᠠᠲᠠᠯ᠎ᠠ᠎ᠪᠠᠨ ᠠᠯᠪᠠᠨ᠎ᠤ ᠭᠡᠷ ᠪᠠᠢᠰᠢᠩ᠎ᠢ ᠡᠵᠡᠯᠡᠵᠦ ᠰᠠᠭᠤᠭᠰᠠᠨ ᠦᠵᠡᠭᠳᠡᠯᠳᠦ ᠴᠢᠭᠯᠡᠭᠦᠯᠦᠭᠡᠳ᠂ ᠠᠯᠪᠠᠨ᠎ᠤ ᠭᠡᠷ ᠪᠠᠢᠰᠢᠩ᠎ᠢ ᠪᠤᠴᠠᠭᠠᠬᠤ ᠠᠵᠢᠯ᠎ᠢ ᠬᠦᠴᠦᠲᠡᠢ ᠠᠬᠢᠭᠤᠯᠪᠠ᠂ 《ᠭᠤᠷᠪᠠᠨ ᠵᠠᠭᠤᠨ ᠲᠦᠮᠡ ᠰᠢᠬᠠᠮ ᠬᠥᠮᠥᠨ᠎ᠢ ᠭᠣᠮᠣᠳᠠᠭᠠᠬᠤ ᠶᠤᠮ ᠦᠦ᠂ ᠡᠰᠡᠬᠦᠯ᠎ᠡ ᠡᠨᠡ ᠬᠦ᠌ ᠬᠣᠶᠠᠷ ᠭᠤᠷᠪᠠᠨ ᠮᠢᠩᠭᠠᠨ ᠬᠥᠮᠥᠨ᠎ᠢ ᠭᠣᠮᠣᠳᠠᠭᠠᠬᠤ ᠶᠤᠮ ᠦᠦ》 ᠭᠡᠬᠦ ᠠᠰᠠᠭᠤᠳᠠᠯ᠎ᠳᠤ᠂ ᠲᠡᠷᠡ 《ᠬᠣᠶᠠᠷ ᠭᠤᠷᠪᠠᠨ ᠮᠢᠩᠭᠠᠨ ᠬᠥᠮᠥᠨ᠎ᠢ ᠭᠣᠮᠣᠳᠠᠭᠠᠬᠤ ᠨᠢ ᠵᠥᠪ》 ᠭᠡᠵᠦ ᠬᠦᠴᠦᠲᠡᠢ ᠬᠠᠷᠢᠭᠤᠯᠵᠠᠢ᠃ ᠨᠠᠮ᠎ᠤᠨ ᠭᠡᠰᠢᠭᠦᠳ᠂ ᠺᠠᠳ᠋ᠷᠴᠤᠳ ᠤᠬᠠᠮᠰᠠᠷ᠎ᠠᠴᠠ᠎ᠪᠠᠨ ᠪᠠᠷᠢᠮᠵᠢᠶ᠎ᠠ᠎ᠳᠤ ᠵᠣᠬᠢᠴᠠᠭᠤᠯᠤᠨ ᠨᠢᠭᠡᠳᠦᠯᠲᠡᠢ ᠪᠠᠢᠵᠤ᠂ 《ᠴᠠᠬᠢᠷᠮ᠎ᠠ᠎ᠶᠢᠨ ᠠᠩᠬᠢᠯᠤᠮ᠎ᠠ᠎ᠶᠢ ᠦᠨᠦᠷᠲᠡᠨ ᠪᠣᠬᠢᠷ ᠠᠭᠠᠷ᠎ᠠᠴᠠ ᠵᠠᠢᠳᠠᠮᠤᠢ》᠃ 《ᠪᠠᠭ᠎ᠠ ᠬᠡᠷᠡᠭ ᠪᠠᠭ᠎ᠠ ᠶᠠᠪᠤᠳᠠᠯ᠎ᠤᠨ ᠣᠨᠣᠯ》᠂ 《ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠣᠨᠴᠠᠭᠠᠶ ᠪᠠᠢᠳᠠᠯ᠎ᠤᠨ ᠣᠨᠣᠯ》᠂ 《ᠥᠨᠳᠥᠷᠯᠢᠭ ᠬᠦᠢᠲᠡᠨ ᠭᠠᠵᠠᠷ ᠣᠷᠣᠨ᠎ᠤ ᠣᠨᠴᠠᠭᠠᠶ ᠪᠠᠢᠳᠠᠯ᠎ᠤᠨ ᠣᠨᠣᠯ》 ᠵᠡᠷᠭᠡ ᠪᠤᠷᠤᠭᠤ ᠦᠵᠡᠯ ᠰᠠᠨᠠᠭ᠎ᠠ ᠲᠠᠨᠢᠯᠲᠠ ᠯᠤᠭ᠎ᠠ ᠥᠴᠥᠬᠡᠨ ᠴᠦ᠍ ᠨᠠᠢᠷ ᠲᠠᠯᠪᠢᠬᠤ ᠦᠭᠡᠢ᠎ᠪᠡᠷ ᠲᠡᠮᠡᠴᠡᠯ ᠬᠢᠵᠦ᠂ ᠯᠠᠪᠳᠠᠭᠤᠨ ᠲᠣᠭᠲᠠᠭᠤᠨ ᠰᠡᠳᠬᠢᠬᠦᠢ᠎ᠶᠢᠨ ᠬᠡᠪᠰᠢᠭᠰᠡᠨ ᠬᠠᠨᠳᠤᠰᠢ ᠪᠠ ᠠᠵᠢᠯ᠎ᠤᠨ ᠪᠠᠢᠳᠠᠯ ᠯᠤᠭ᠎ᠠ ᠲᠡᠮᠡᠴᠡᠯ ᠬᠢᠵᠦ᠂ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠦᠵᠡᠭᠳᠡᠯ ᠯᠦ᠍ᠭᠡ ᠲᠡᠮᠡᠴᠡᠯ ᠬᠢᠵᠦ᠂ ᠨᠠᠷᠢᠯᠢᠭ᠋ ᠬᠢᠬᠦ ᠦᠭᠡᠢ ᠬᠢᠨᠠᠮᠠᠭᠠᠢ ᠬᠢᠬᠦ ᠦᠭᠡᠢ ᠠᠵᠢᠯ᠎ᠤᠨ ᠰᠤᠷᠲᠠᠯ ᠯᠤᠭ᠎ᠠ ᠲᠡᠮᠡᠴᠡᠯ ᠬᠢᠵᠦ᠂ ᠹᠷᠣᠨᠲ ᠨᠢᠭᠡ ᠪᠦᠷᠢ᠂ ᠭᠣᠭᠴᠣᠭ᠎ᠠ ᠨᠢᠭᠡ ᠪᠦᠷᠢ᠎ᠳᠡᠬᠢ ᠥᠪᠡᠷ᠎ᠦᠨ ᠪᠡᠶ᠎ᠡ᠎ᠳᠦ᠎ᠪᠡᠨ ᠬᠤᠪᠢᠰᠬᠠᠯ ᠬᠢᠬᠦ᠎ᠶᠢ ᠪᠣᠳᠠᠲᠠᠢ ᠮᠦᠷᠲᠡᠭᠡᠨ ᠭᠦᠨᠵᠡᠭᠡᠢ ᠠᠳᠬᠤᠵᠤ᠂ ᠲᠥᠪ ᠣᠪᠣᠷ ᠴᠢᠬᠡᠴᠢ ᠰᠤᠷᠲᠠᠯ ᠬᠢᠭᠡᠳ ᠪᠣᠳᠠᠲᠠᠢ ᠠᠵᠢᠯᠯᠠᠨ ᠪᠣᠳᠠᠲᠠᠢ ᠠᠮᠵᠢᠯᠲᠠ ᠪᠦᠲᠦᠮᠵᠢ᠎ᠪᠡᠷ᠎ᠢᠶᠡᠨ 《ᠨᠢᠭᠡ ᠭᠣᠣᠯ ᠰᠢᠵᠢᠮ᠎ᠢ ᠲᠤᠭᠤᠱᠢᠯᠠᠭᠤᠯᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠰᠢᠨ᠎ᠡ ᠵᠠᠮ᠎ᠢᠶᠠᠷ ᠵᠠᠮᠨᠠᠵᠤ ᠳᠤᠮᠳᠠ ᠲᠦᠪᠰᠢᠨ᠎ᠳᠦ ᠳᠠᠪᠰᠢᠬᠤ》᠎ᠳᠤ ᠭᠦᠢᠴᠡᠳ ᠢᠳᠡᠪᠬᠢ ᠬᠦᠴᠦᠨ ᠨᠡᠮᠡᠷᠢᠯᠡᠬᠦ ᠬᠡᠷᠡᠭᠲᠡᠢ᠃