ᠲᠡᠷᠢᠭᠦᠨ ᠬᠠᠭᠤᠳᠠᠰᠤ   -   ᠡᠳᠤᠷ ᠪᠥᠷᠢ᠎ᠶᠢᠨ ᠴᠢᠬᠤᠯᠠ ᠮᠡᠳᠡᠭᠡ
ᠯᠢ ᠴᠢᠶᠠᠩ 2025 ᠳᠡᠯᠡᠬᠡᠢ᠎ᠶᠢᠨ ᠵᠣᠬᠢᠶᠠᠮᠠᠯ ᠣᠶᠤᠯᠢᠭ᠋᠎ᠤᠨ ᠶᠡᠬᠡ ᠬᠤᠷᠠᠯ ᠬᠢᠭᠡᠳ ᠵᠣᠬᠢᠶᠠᠮᠠᠯ ᠣᠶᠤᠯᠢᠭ᠋᠎ᠤᠨ ᠪᠦᠬᠦ ᠪᠥᠮᠪᠥᠷᠴᠡᠭ᠎ᠦᠨ ᠵᠠᠰᠠᠯᠲᠠ᠎ᠶᠢᠨ ᠳᠡᠭᠡᠳᠦ ᠳᠡᠰ᠎ᠤᠨ ᠬᠤᠷᠠᠯᠳᠤᠭᠠᠨ᠎ᠤ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭᠰᠠᠨ ᠪᠥᠭᠡᠳ ᠪᠠᠶᠠᠷ᠎ᠤᠨ ᠦᠭᠡ ᠬᠡᠯᠡᠪᠡ
ᠨᠡᠶ᠋ᠢᠲᠡᠯᠡᠭᠰᠡᠨ ᠴᠠᠭ᠄ 2025-07-28

ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠴᠢᠶᠠᠩ 7 ᠳ᠋ᠤᠭᠠᠷ ᠰᠠᠷ᠎ᠠ᠎ᠶᠢᠨ 26 ᠎ᠤ ᠡᠳᠦᠷ ᠱᠠᠩᠬᠠᠢ᠎ᠳᠤ ᠪᠣᠯᠣᠭᠰᠠᠨ 2025 ᠳᠡᠯᠡᠬᠡᠢ᠎ᠶᠢᠨ ᠵᠣᠬᠢᠶᠠᠮᠠᠯ ᠣᠶᠤᠯᠢᠭ᠋᠎ᠤᠨ ᠶᠡᠬᠡ ᠬᠤᠷᠠᠯ ᠬᠢᠭᠡᠳ ᠵᠣᠬᠢᠶᠠᠮᠠᠯ ᠣᠶᠤᠯᠢᠭ᠋᠎ᠤᠨ ᠪᠦᠬᠦ ᠪᠥᠮᠪᠥᠷᠴᠡᠭ᠎ᠦᠨ ᠵᠠᠰᠠᠯᠲᠠ᠎ᠶᠢᠨ ᠳᠡᠭᠡᠳᠦ ᠲᠡᠰ᠎ᠤᠨ ᠬᠤᠷᠠᠯᠳᠤᠭᠠᠨ᠎ᠤ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭᠰᠠᠨ ᠪᠥᠭᠡᠳ ᠪᠠᠶᠠᠷ᠎ᠤᠨ ᠦᠭᠡ ᠬᠡᠯᠡᠪᠡ᠃

7 ᠳ᠋ᠤᠭᠠᠷ ᠰᠠᠷ᠎ᠠ᠎ᠶᠢᠨ 26 ᠎ᠤ ᠡᠳᠦᠷ᠂ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠴᠢᠶᠠᠩ ᠱᠠᠩᠬᠠᠢ᠎ᠳᠤ ᠪᠣᠯᠣᠭᠰᠠᠨ 2025 ᠣᠨ᠎ᠤ ᠳᠡᠯᠡᠬᠡᠢ᠎ᠶᠢᠨ ᠵᠣᠬᠢᠶᠠᠮᠠᠯ ᠣᠶᠤᠯᠢᠭ᠋᠎ᠤᠨ ᠶᠡᠬᠡ ᠬᠤᠷᠠᠯ ᠬᠢᠭᠡᠳ ᠵᠣᠬᠢᠶᠠᠮᠠᠯ ᠣᠶᠤᠯᠢᠭ᠋᠎ᠤᠨ ᠪᠦᠬᠦ ᠪᠥᠮᠪᠥᠷᠴᠡᠭ᠎ᠦᠨ ᠵᠠᠰᠠᠯᠲᠠ᠎ᠶᠢᠨ ᠳᠡᠭᠡᠳᠦ ᠲᠡᠰ᠎ᠤᠨ ᠬᠤᠷᠠᠯᠳᠤᠭᠠᠨ᠎ᠤ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠰᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠸᠠᠩ ᠶᠧ ᠰᠡᠭᠦᠳᠡᠷᠯᠡᠪᠡ

ᠯᠢ ᠴᠢᠶᠠᠩ ᠢᠯᠡᠷᠬᠡᠢᠯᠡᠬᠦ᠎ᠳᠦ᠎ᠪᠡᠨ᠂ ᠲᠡᠷᠢᠭᠦᠯᠡᠭᠴᠢ ᠰᠢ ᠵᠢᠨ ᠫᠢᠩ ᠡᠨᠡ ᠵᠢᠯ᠎ᠦᠨ 4 ᠳ᠋ᠦ᠍ᠭᠡᠷ ᠰᠠᠷ᠎ᠠ᠎ᠳᠤ ᠱᠠᠩᠬᠠᠢ᠎ᠳᠤ ᠰᠢᠨᠵᠢᠯᠡᠨ ᠪᠠᠢᠴᠠᠭᠠᠯᠲᠠ ᠬᠢᠬᠦ᠎ᠳᠦ᠎ᠪᠡᠨ ᠴᠢᠬᠤᠯᠠᠴᠢᠯᠠᠭᠰᠠᠨ᠎ᠢᠶᠠᠷ᠂ ᠵᠣᠬᠢᠶᠠᠮᠠᠯ ᠣᠶᠤᠯᠢᠭ᠋᠎ᠤᠨ ᠮᠡᠷᠭᠡᠵᠢᠯ᠎ᠦᠨ ᠣᠷᠤᠯᠠᠭᠤᠯᠤᠯᠲᠠ ᠲᠦᠷᠭᠡᠰᠴᠦ᠂ ᠶᠠᠭ ᠳᠡᠯᠪᠡᠷᠡᠯᠲᠡ ᠮᠠᠶᠢᠭ᠋᠎ᠤᠨ ᠬᠥᠭᠵᠢᠯᠲᠡ᠎ᠶᠢ ᠤᠭᠲᠤᠨ ᠠᠪᠴᠢᠷᠠᠯ᠎ᠠ; ᠲᠦᠷᠦ᠎ᠶᠢᠨ ᠪᠣᠳᠣᠯᠭ᠎ᠠ᠎ᠶᠢᠨ ᠳᠡᠮᠵᠢᠯᠭᠡ ᠪᠠ ᠴᠢᠳᠠᠪᠤᠷᠢᠲᠠᠨ᠎ᠢ ᠬᠥᠮᠥᠵᠢᠭᠦᠯᠬᠦ᠎ᠪᠡᠨ ᠴᠢᠩᠭᠠᠳᠬᠠᠵᠤ᠂ ᠨᠡᠩ ᠤᠯᠠᠨ ᠠᠮᠤᠷ ᠲᠦᠪᠰᠢᠨ ᠪᠥᠭᠡᠳ ᠨᠠᠢᠳᠠᠪᠤᠷᠢᠲᠠᠢ ᠪᠠᠢᠬᠤ ᠴᠢᠨᠠᠷ ᠰᠠᠢᠲᠠᠢ ᠦᠢᠯᠡᠳᠬᠦᠨ᠎ᠢ ᠴᠢᠷᠮᠠᠢᠨ ᠨᠡᠭᠡᠭᠡᠬᠦ ᠬᠡᠷᠡᠭᠲᠡᠢ ᠭᠡᠵᠡᠢ᠃ ᠣᠳᠣᠬᠠᠨ᠎ᠳᠤ᠂ ᠪᠦᠬᠦ ᠪᠥᠮᠪᠥᠷᠴᠡᠭ᠎ᠲᠡᠬᠢ ᠣᠶᠤᠨᠴᠢᠯᠠᠯᠲᠠ᠎ᠶᠢᠨ ᠤᠷᠤᠰᠬᠠᠯ ᠰᠢᠷᠦᠭᠦᠰᠴᠦ᠂ ᠵᠣᠬᠢᠶᠠᠮᠠᠯ ᠣᠶᠤᠯᠢᠭ᠋᠎ᠤᠨ ᠬᠦᠷᠢᠶᠡᠨ᠎ᠳᠡᠬᠢ ᠰᠢᠨ᠎ᠡ ᠡᠭᠦᠳᠦᠯᠲᠡ ᠨᠢ ᠪᠦᠯᠦᠭ ᠴᠣᠭᠴᠠ᠎ᠶᠢᠨ ᠴᠢᠨᠠᠷᠲᠠᠢ᠎ᠪᠠᠷ ᠰᠢᠪᠲᠤᠯᠬᠤ ᠬᠠᠨᠳᠤᠰᠢ᠎ᠲᠠᠢ ᠪᠣᠯᠵᠤ᠂ ᠬᠡᠯᠡᠨ᠎ᠦ ᠲᠣᠮᠣ᠌ ᠵᠠᠭᠪᠤᠷ᠂ ᠤᠯᠠᠨ ᠲᠥᠯᠥᠪᠲᠦ ᠲᠣᠮᠣ᠌ ᠵᠠᠭᠪᠤᠷ ᠪᠠ ᠪᠣᠳᠠ ᠣᠶᠤᠯᠢᠭ᠋ ᠵᠡᠷᠭᠡ ᠬᠦᠷᠢᠶᠡᠨ᠎ᠳᠦ ᠡᠳᠦᠷ ᠢᠷᠡᠬᠦᠶ᠎ᠡ ᠰᠢᠨᠡᠳᠴᠦ᠂ ᠵᠣᠬᠢᠶᠠᠮᠠᠯ ᠣᠶᠤᠯᠢᠭ᠋᠎ᠤᠨ ᠨᠡᠩ ᠥᠨᠳᠥᠷ ᠪᠦᠲᠦᠮᠵᠢᠲᠡᠢ᠂ ᠤᠶᠤᠨ ᠴᠢᠳᠠᠪᠤᠷᠢ᠎ᠪᠠᠨ ᠬᠦᠴᠦᠯᠡᠬᠦ ᠲᠡᠢᠰᠢ᠎ᠶᠢᠨ ᠲᠦᠷᠭᠡᠨ ᠬᠥᠭᠵᠢᠯᠲᠡ᠎ᠶᠢ ᠠᠬᠢᠭᠤᠯᠵᠤ ᠪᠠᠢᠨ᠎ᠠ᠃ ᠵᠣᠬᠢᠶᠠᠮᠠᠯ ᠣᠶᠤᠯᠢᠭ᠋ ᠪᠠ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠤᠨ ᠣᠨᠴᠠᠯᠢᠭ᠋ ᠨᠡᠩ ᠲᠣᠳᠣᠷᠠᠵᠤ᠂ ᠵᠠᠭᠤ ᠮᠢᠩᠭᠠᠨ ᠠᠵᠢᠯ ᠦᠢᠯᠡᠰ᠎ᠦᠨ ᠴᠢᠳᠠᠪᠤᠷᠢ᠎ᠶᠢ ᠡᠷᠴᠢᠮᠯᠡᠵᠦ᠂ ᠲᠦᠭ ᠲᠦᠮᠡᠨ ᠠᠢᠯ ᠡᠷᠦᠬᠡ᠎ᠳᠦ ᠬᠦᠷᠴᠦ ᠡᠬᠢᠯᠡᠭᠡᠳ᠂ ᠠᠵᠤ ᠠᠬᠤᠢ᠎ᠶᠢᠨ ᠨᠡᠮᠡᠭᠳᠡᠯ᠎ᠦᠨ ᠰᠢᠨ᠎ᠡ ᠬᠥᠳᠡᠯᠭᠡᠭᠦᠷ ᠪᠣᠯᠵᠤ᠂ ᠨᠡᠢᠭᠡᠮ᠎ᠦᠨ ᠠᠮᠢᠳᠤᠷᠠᠯ᠎ᠤᠨ ᠡᠯ᠎ᠡ ᠲᠠᠯ᠎ᠠ᠎ᠳᠤ ᠨᠡᠪᠳᠡᠷᠡᠵᠦ ᠪᠠᠢᠨ᠎ᠠ᠃ ᠡᠭᠦᠨ᠎ᠦ ᠬᠠᠮᠲᠤ ᠵᠣᠬᠢᠶᠠᠮᠠᠯ ᠣᠶᠤᠯᠢᠭ᠋᠎ᠤᠨ ᠠᠪᠴᠢᠷᠠᠭᠰᠠᠨ ᠠᠶᠤᠯ ᠲᠦᠭᠰᠢᠭᠦᠷᠢ ᠥᠷᠢᠰᠦᠯᠳᠦᠭᠡᠨ ᠨᠢ ᠬᠥᠮᠥᠰ᠎ᠦᠨ ᠠᠩᠬᠠᠷᠤᠯ᠎ᠢ ᠥᠷᠭᠡᠨ᠎ᠢᠶᠡᠷ ᠲᠠᠲᠠᠵᠤ᠂ ᠬᠥᠭᠵᠢᠯᠲᠡ ᠪᠠ ᠠᠮᠤᠷ ᠲᠦᠪᠰᠢᠨ᠎ᠦ ᠬᠣᠭᠣᠷᠣᠨᠳᠣᠬᠢ ᠲᠡᠩᠴᠡᠭᠦᠷᠢ᠎ᠶᠢ ᠬᠡᠷᠬᠢᠨ ᠣᠯᠬᠤ᠎ᠳᠤ ᠬᠠᠮᠲᠤ᠎ᠶᠢᠨ ᠲᠠᠨᠢᠯᠲᠠ᠎ᠪᠠᠨ ᠤᠯᠠᠮ ᠨᠢᠭᠡ ᠠᠯᠬᠤᠮ ᠨᠢᠭ᠍ᠲᠠᠷᠠᠭᠤᠯᠬᠤ ᠴᠢᠬᠤᠯᠠᠲᠠᠢ ᠪᠠᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢ ᠬᠡᠷᠬᠢᠨ ᠬᠤᠪᠢᠰᠤᠭᠰᠠᠨ ᠴᠤ᠌ ᠴᠥᠮ ᠬᠥᠮᠥᠨ ᠲᠥᠷᠥᠯᠬᠢᠲᠡᠨ᠎ᠳᠦ ᠠᠰᠢᠭ᠍ᠯᠠᠭᠳᠠᠵᠤ᠂ ᠬᠥᠮᠥᠨ ᠲᠥᠷᠥᠯᠬᠢᠲᠡᠨ᠎ᠳᠦ ᠡᠵᠡᠮᠰᠢᠭᠳᠡᠵᠦ᠂ ᠰᠠᠢᠵᠢᠷᠠᠬᠤ ᠪᠥᠭᠡᠳ ᠲᠦᠭᠡᠮᠡᠯ ᠠᠰᠢᠭᠲᠠᠢ ᠴᠢᠭᠯᠡᠯ᠎ᠢᠶᠡᠷ ᠬᠥᠭᠵᠢᠬᠦ ᠯᠡ ᠶᠣᠰᠣᠲᠠᠢ ᠶᠤᠮ᠃ ᠵᠣᠬᠢᠶᠠᠮᠠᠯ ᠣᠶᠤᠯᠢᠭ᠋ ᠨᠢ ᠪᠠᠰᠠ ᠬᠥᠮᠥᠨ ᠲᠥᠷᠥᠯᠬᠢᠲᠡᠨ᠎ᠳᠦ ᠪᠤᠶᠠᠨ ᠦᠢᠯᠡᠳᠬᠦ ᠤᠯᠠᠨ ᠤᠯᠤᠰ᠎ᠤᠨ ᠤᠯᠠᠨ ᠨᠡᠶ᠋ᠢᠲᠡ᠎ᠶᠢᠨ ᠦᠢᠯᠡᠳᠬᠦᠨ ᠪᠣᠯᠬᠤ ᠶᠣᠰᠣᠲᠠᠢ ᠭᠡᠪᠡ᠃

ᠵᠣᠬᠢᠶᠠᠮᠠᠯ ᠣᠶᠤᠯᠢᠭ᠋᠎ᠤᠨ ᠣᠯᠠᠨ ᠨᠡᠶ᠋ᠢᠲᠡ᠎ᠶᠢᠨ ᠦᠢᠯᠡᠳᠬᠦᠨ᠎ᠦ ᠰᠢᠨᠵᠢ ᠴᠢᠨᠠᠷ᠎ᠢ ᠬᠡᠷᠬᠢᠨ ᠡᠵᠡᠮᠳᠡᠬᠦ᠂ ᠵᠣᠬᠢᠶᠠᠮᠠᠯ ᠣᠶᠤᠯᠢᠭ᠋᠎ᠤᠨ ᠬᠥᠭᠵᠢᠯᠲᠡ ᠪᠠ ᠵᠠᠰᠠᠯᠲᠠ᠎ᠶᠢ ᠬᠡᠷᠬᠢᠨ ᠠᠬᠢᠭᠤᠯᠬᠤ᠎ᠶᠢᠨ ᠲᠣᠭᠣᠷᠢᠨ᠎ᠳᠤ ᠯᠢ ᠴᠢᠶᠠᠩ ᠭᠤᠷᠪᠠᠨ ᠰᠠᠨᠠᠭᠤᠯᠭ᠎ᠠ ᠳᠤᠷᠠᠳᠪᠠ᠃ ᠨᠢᠭᠡ᠎ᠳᠦ᠂ ᠲᠦᠭᠡᠮᠡᠯ ᠠᠰᠢᠭ ᠬᠦᠷᠲᠡᠭᠡᠬᠦ ᠪᠠ ᠲᠦᠭᠡᠮᠡᠯ ᠬᠠᠷᠠᠭᠠᠯᠵᠠᠯ ᠦᠵᠡᠭᠦᠯᠬᠦ᠎ᠶᠢ ᠨᠡᠩ ᠴᠢᠬᠤᠯᠠᠴᠢᠯᠠᠵᠤ᠂ ᠵᠣᠬᠢᠶᠠᠮᠠᠯ ᠣᠶᠤᠯᠢᠭ᠋᠎ᠤᠨ ᠬᠥᠭᠵᠢᠯᠲᠡ᠎ᠳᠦ ᠣᠯᠣᠭᠰᠠᠨ ᠦᠷ᠎ᠡ ᠪᠦᠲᠦᠭᠡᠯ᠎ᠢ ᠭᠦᠢᠴᠡᠳ ᠰᠠᠢᠲᠤᠷ ᠠᠰᠢᠭ᠍ᠯᠠᠨ᠎ᠠ᠃ ᠨᠡᠭᠡᠭᠡᠯᠲᠡ ᠬᠢᠵᠦ ᠬᠠᠮᠲᠤ᠎ᠪᠠᠷ ᠡᠳ᠋ᠯᠡᠬᠦ᠂ ᠣᠶᠤᠯᠢᠭ᠋᠎ᠤᠨ ᠡᠷᠬᠡ ᠲᠡᠭᠰᠢ᠎ᠶᠢ ᠪᠠᠷᠢᠮᠲᠠᠯᠠᠵᠤ᠂ ᠨᠡᠩ ᠤᠯᠠᠨ ᠤᠯᠤᠰ ᠪᠠ ᠬᠥᠮᠥᠰ᠎ᠲᠦ ᠠᠰᠢᠭ᠋ ᠬᠦᠷᠲᠡᠭᠡᠬᠦ ᠬᠡᠷᠡᠭᠲᠡᠢ᠃ ᠳᠤᠮᠳᠠᠳᠤ ᠤᠯᠤᠰ᠎ᠤᠨ 《ᠵᠣᠬᠢᠶᠠᠮᠠᠯ ᠣᠶᠤᠯᠢᠭ᠋ +》 ᠠᠵᠢᠯᠯᠠᠭᠠᠨ ᠭᠦᠨᠵᠡᠭᠡᠢᠷᠡᠨ ᠠᠬᠢᠵᠤ᠂ ᠳᠤᠷᠠᠲᠠᠶ᠎ᠠ ᠬᠥᠭᠵᠢᠯᠲᠡ᠎ᠶᠢᠨ ᠲᠤᠷᠰᠢᠯᠭ᠎ᠠ ᠪᠠ ᠮᠡᠷᠭᠡᠵᠢᠯ᠎ᠦᠨ ᠦᠢᠯᠡᠳᠬᠦᠨ᠎ᠢ ᠬᠠᠮᠲᠤ᠎ᠪᠠᠷ ᠡᠳ᠋ᠯᠡᠵᠦ᠂ ᠳᠡᠯᠡᠬᠡᠢ᠎ᠶᠢᠨ ᠡᠯ᠎ᠡ ᠤᠯᠤᠰ ᠣᠨᠴᠠᠭᠠᠢᠯᠠᠨ ᠪᠦᠬᠦ ᠪᠥᠮᠪᠥᠷᠴᠡᠭ᠎ᠦᠨ ᠬᠥᠭᠵᠢᠵᠦ ᠪᠠᠢᠭ᠎ᠠ ᠤᠯᠤᠰ᠎ᠤᠳ᠎ᠢ ᠬᠠᠪᠰᠤᠷᠤᠭᠠᠳ ᠴᠢᠳᠠᠪᠤᠷᠢ᠎ᠶᠢᠨ ᠪᠠᠢᠭᠤᠯᠤᠯᠲᠠ᠎ᠶᠢ ᠨᠢ ᠴᠢᠩᠭᠠᠳᠬᠠᠵᠤ᠂ ᠵᠣᠬᠢᠶᠠᠮᠠᠯ ᠣᠶᠤᠯᠢᠭ᠋᠎ᠤᠨ ᠬᠥᠭᠵᠢᠯᠲᠡ᠎ᠶᠢᠨ ᠦᠷ᠎ᠡ ᠪᠦᠲᠦᠭᠡᠯ᠎ᠢ ᠪᠦᠬᠦ ᠪᠥᠮᠪᠥᠷᠴᠡᠭ᠎ᠲᠦ ᠨᠡᠩ ᠰᠠᠢᠲᠤᠷ ᠬᠦᠷᠲᠡᠭᠡᠨ᠎ᠡ᠃ ᠬᠣᠶᠠᠷ᠎ᠲᠤ᠂ ᠰᠢᠨ᠎ᠡ ᠡᠭᠦᠳᠦᠯᠲᠡ᠎ᠶᠢᠨ ᠬᠠᠮᠲᠤᠷᠠᠯᠴᠠᠭ᠎ᠠ᠎ᠶᠢ ᠨᠡᠩ ᠴᠢᠬᠤᠯᠠᠴᠢᠯᠠᠵᠤ᠂ ᠨᠡᠩ ᠤᠯᠠᠨ ᠰᠢᠪᠲᠤᠯᠤᠯᠲᠠ᠎ᠶᠢᠨ ᠴᠢᠨᠠᠷᠲᠠᠢ ᠵᠣᠬᠢᠶᠠᠮᠠᠯ ᠣᠶᠤᠯᠢᠭ᠋᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠣᠯᠬᠤ᠎ᠪᠠᠷ ᠴᠢᠷᠮᠠᠢᠨ᠎ᠠ᠃ ᠰᠠᠭᠤᠷᠢ ᠰᠢᠨᠵᠢᠯᠡᠬᠦ ᠤᠬᠠᠭᠠᠨ ᠪᠠ ᠮᠡᠷᠭᠡᠵᠢᠯ᠎ᠦᠨ ᠰᠤᠳᠤᠯᠤᠨ ᠨᠡᠭᠡᠭᠡᠬᠦ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠠᠵᠤ ᠠᠬᠤᠢᠯᠠᠯ ᠪᠠ ᠴᠢᠳᠠᠪᠤᠷᠢᠲᠠᠨ᠎ᠤ ᠰᠣᠯᠢᠯᠴᠠᠭ᠎ᠠ᠎ᠶᠢ ᠴᠢᠩᠭᠠᠳᠬᠠᠵᠤ᠂ ᠵᠣᠬᠢᠶᠠᠮᠠᠯ ᠣᠶᠤᠯᠢᠭ᠋᠎ᠤᠨ ᠬᠥᠭᠵᠢᠯᠲᠡ᠎ᠳᠦ ᠲᠠᠰᠤᠷᠠᠯᠲᠠ ᠦᠭᠡᠢ ᠰᠢᠨ᠎ᠡ ᠬᠥᠳᠡᠯᠭᠡᠭᠴᠢ ᠬᠦᠴᠦᠨ ᠨᠡᠮᠡᠷᠢᠯᠡᠬᠦ ᠬᠡᠷᠡᠭᠲᠡᠢ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠯᠤᠭ᠎ᠠ ᠬᠠᠮᠲᠤᠷᠠᠭᠠᠳ ᠮᠡᠷᠭᠡᠵᠢᠯ᠎ᠦᠨ ᠪᠣᠭᠣᠮᠲᠠ ᠰᠢᠪᠲᠤᠯᠤᠯᠲᠠ᠎ᠶᠢ ᠥᠷᠨᠢᠭᠦᠯᠵᠦ᠂ ᠨᠡᠭᠡᠭᠡᠯᠲᠡᠲᠦ ᠡᠬᠢ ᠺᠣᠳ᠋᠎ᠲᠤ ᠨᠡᠭᠡᠭᠡᠯᠲᠡ ᠬᠢᠬᠦ ᠡᠷᠴᠢᠮ᠎ᠢᠶᠡᠨ ᠴᠢᠩᠭᠠᠷᠠᠭᠤᠯᠵᠤ᠂ ᠵᠣᠬᠢᠶᠠᠮᠠᠯ ᠣᠶᠤᠯᠢᠭ᠋᠎ᠤᠨ ᠬᠥᠭᠵᠢᠯᠲᠡ᠎ᠶᠢ ᠨᠡᠩ ᠥᠨᠳᠥᠷ ᠲᠦᠪᠰᠢᠨ᠎ᠳᠦ ᠬᠦᠷᠦᠭᠦᠯᠬᠦ᠎ᠶᠢ ᠬᠠᠮᠲᠤ᠎ᠪᠠᠷ ᠠᠬᠢᠭᠤᠯᠤᠨ᠎ᠠ᠃ ᠭᠤᠷᠪᠠ᠎ᠳᠤ᠂ ᠬᠠᠮᠲᠤ᠎ᠪᠠᠷ ᠵᠠᠰᠠᠬᠤ᠎ᠶᠢ ᠨᠡᠩ ᠴᠢᠬᠤᠯᠠᠴᠢᠯᠠᠵᠤ᠂ ᠵᠣᠬᠢᠶᠠᠮᠠᠯ ᠣᠶᠤᠯᠢᠭ᠋᠎ᠢᠶᠠᠷ ᠬᠥᠮᠥᠨ ᠲᠥᠷᠥᠯᠬᠢᠲᠡᠨ᠎ᠳᠦ ᠪᠤᠶᠠᠨ ᠦᠢᠯᠡᠳᠬᠦ ᠲᠠᠯ᠎ᠠ᠎ᠪᠠᠷ ᠡᠴᠦᠰ᠎ᠲᠦ᠎ᠪᠡᠨ ᠵᠢᠩᠬᠢᠨᠢ ᠦᠷ᠎ᠡ ᠪᠦᠲᠦᠮᠵᠢ ᠣᠯᠬᠤ᠎ᠶᠢ ᠪᠠᠲᠤᠯᠠᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠬᠦ᠎ᠶᠢ ᠪᠠᠷᠢᠮᠲᠠᠯᠠᠵᠤ᠂ ᠡᠯ᠎ᠡ ᠤᠯᠤᠰ ᠯᠤᠭ᠎ᠠ᠎ᠶᠢᠨ ᠵᠣᠯᠭᠠᠯᠴᠠᠭ᠎ᠠ ᠵᠣᠬᠢᠴᠠᠭᠤᠯᠭ᠎ᠠ᠎ᠶᠢ ᠴᠢᠩᠭᠠᠳᠬᠠᠵᠤ᠂ ᠥᠷᠭᠡᠨ ᠳᠡᠯᠭᠡᠷ ᠬᠠᠮᠲᠤ᠎ᠶᠢᠨ ᠲᠠᠨᠢᠯᠲᠠ᠎ᠲᠠᠢ ᠵᠣᠬᠢᠶᠠᠮᠠᠯ ᠣᠶᠤᠯᠢᠭ᠋᠎ᠤᠨ ᠪᠦᠬᠦ ᠪᠥᠮᠪᠥᠷᠴᠡᠭ᠎ᠦᠨ ᠵᠠᠰᠠᠯᠲᠠ᠎ᠶᠢᠨ ᠪᠣᠷᠣ᠌ ᠲᠥᠯᠥᠪ ᠪᠠ ᠳᠦᠷᠢᠮ᠎ᠢ ᠡᠷᠲᠡᠬᠡᠨ ᠪᠦᠷᠢᠯᠳᠦᠭᠦᠯᠬᠦ᠎ᠶᠢ ᠠᠬᠢᠭᠤᠯᠬᠤ ᠬᠡᠷᠡᠭᠲᠡᠢ᠃ ᠵᠣᠬᠢᠶᠠᠮᠠᠯ ᠣᠶᠤᠯᠢᠭ᠋᠎ᠤᠨ ᠪᠦᠬᠦ ᠪᠥᠮᠪᠥᠷᠴᠡᠭ᠎ᠦᠨ ᠵᠠᠰᠠᠯᠲᠠ᠎ᠶᠢ ᠳᠤᠮᠳᠠᠳᠤ ᠤᠯᠤᠰ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠤᠯᠠᠨ ᠲᠠᠯᠠᠲᠤ ᠪᠠ ᠬᠣᠶᠠᠷ ᠲᠠᠯᠠᠲᠤ ᠬᠠᠮᠲᠤᠷᠠᠯᠴᠠᠭ᠎ᠠ᠎ᠶᠢ ᠠᠬᠢᠭᠤᠯᠬᠤ᠎ᠳᠤ ᠢᠳᠡᠪᠬᠢᠲᠡᠢ ᠣᠷᠣᠯᠴᠠᠵᠤ᠂ ᠳᠤᠷᠠᠲᠠᠶ᠎ᠠ ᠣᠯᠠᠨ ᠤᠯᠤᠰ ᠳᠠᠶᠠᠭᠠᠷ᠎ᠲᠤ ᠨᠡᠩ ᠤᠯᠠᠨ ᠳᠤᠮᠳᠠᠳᠤ ᠤᠯᠤᠰ᠎ᠤᠨ ᠲᠥᠰᠥᠯ᠎ᠢ ᠬᠠᠩᠭᠠᠵᠤ᠂ ᠨᠡᠩ ᠤᠯᠠᠨ ᠳᠤᠮᠳᠠᠳᠤ ᠤᠯᠤᠰ᠎ᠤᠨ ᠤᠶᠤᠨ ᠤᠬᠠᠭᠠᠨ᠎ᠢ ᠬᠠᠨᠳᠢᠪᠯᠡᠨ᠎ᠠ᠃ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠳᠡᠯᠡᠬᠡᠢ᠎ᠶᠢᠨ ᠵᠣᠬᠢᠶᠠᠮᠠᠯ ᠣᠶᠤᠯᠢᠭ᠋᠎ᠤᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠪᠠᠢᠭᠤᠯᠬᠤ᠎ᠶᠢ ᠤᠷᠢᠶᠠᠯᠠᠵᠤ ᠪᠠᠢᠨ᠎ᠠ᠃

ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠨᠠᠷᠢᠨ ᠪᠢᠴᠢᠭ᠎ᠦᠨ ᠳᠠᠷᠤᠭ᠎ᠠ ᠭᠦᠲ᠋ᠧᠷᠧᠰ ᠨᠠᠷ ᠪᠠᠶᠠᠷ᠎ᠤᠨ ᠦᠭᠡ ᠬᠡᠯᠡᠪᠡ᠃ ᠤᠯᠤᠰ᠎ᠤᠨ ᠳᠣᠲᠣᠭᠠᠳᠤ ᠭᠠᠳᠠᠭᠠᠳᠤ᠎ᠶᠢᠨ ᠵᠣᠴᠢᠳ ᠵᠢᠴᠢ ᠵᠣᠬᠢᠶᠠᠮᠠᠯ ᠣᠶᠤᠯᠢᠭ᠋᠎ᠤᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠬᠦᠷᠢᠶᠡᠨ᠎ᠦ ᠲᠥᠯᠥᠭᠡᠯᠡᠭᠴᠢ 1000 ᠭᠠᠷᠤᠢ ᠬᠥᠮᠥᠨ ᠶᠡᠬᠡ ᠬᠤᠷᠠᠯ᠎ᠤᠨ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠪᠠ᠃

ᠡᠬᠢᠯᠡᠯᠲᠡ᠎ᠶᠢᠨ ᠶᠣᠰᠣᠯᠠᠯ᠎ᠤᠨ ᠲᠠᠷᠠᠭ᠎ᠠ᠂ ᠯᠢ ᠴᠢᠶᠠᠩ ᠬᠤᠷᠠᠯ᠎ᠳᠤ ᠣᠷᠣᠯᠴᠠᠭᠰᠠᠨ ᠭᠠᠳᠠᠭᠠᠳᠤ᠎ᠶᠢᠨ ᠬᠦᠨᠳᠦᠲᠦ ᠵᠣᠴᠢᠳ᠂ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶᠢᠨ ᠲᠥᠯᠥᠭᠡᠯᠡᠭᠴᠢᠳ ᠯᠦ᠍ᠭᠡ ᠦᠵᠡᠭᠦᠯᠭᠡ᠎ᠶᠢᠨ ᠣᠷᠳᠣᠨ᠎ᠢᠶᠠᠷ ᠲᠣᠭᠣᠷᠢᠨ ᠪᠠᠢᠴᠠᠭᠠᠭᠰᠠᠨ ᠪᠥᠭᠡᠳ ᠬᠣᠯᠪᠣᠭᠳᠠᠯ ᠪᠦᠬᠦᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠪᠠ ᠠᠵᠤ ᠠᠬᠤᠢᠯᠠᠯ᠎ᠤᠨ ᠬᠠᠷᠢᠭᠤᠴᠠᠯᠭᠠᠲᠠᠨ ᠯᠤᠭ᠎ᠠ ᠰᠠᠨᠠᠯ ᠰᠣᠯᠢᠯᠴᠠᠪᠠ᠃

7 ᠳ᠋ᠤᠭᠠᠷ ᠰᠠᠷ᠎ᠠ᠎ᠶᠢᠨ 26 ᠎ᠤ ᠡᠳᠦᠷ᠂ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠴᠢᠶᠠᠩ ᠱᠠᠩᠬᠠᠢ᠎ᠳᠤ ᠪᠣᠯᠣᠭᠰᠠᠨ 2025 ᠣᠨ᠎ᠤ ᠳᠡᠯᠡᠬᠡᠢ᠎ᠶᠢᠨ ᠵᠣᠬᠢᠶᠠᠮᠠᠯ ᠣᠶᠤᠯᠢᠭ᠋᠎ᠤᠨ ᠶᠡᠬᠡ ᠬᠤᠷᠠᠯ ᠬᠢᠭᠡᠳ ᠵᠣᠬᠢᠶᠠᠮᠠᠯ ᠣᠶᠤᠯᠢᠭ᠋᠎ᠤᠨ ᠪᠦᠬᠦ ᠪᠥᠮᠪᠥᠷᠴᠡᠭ᠎ᠦᠨ ᠵᠠᠰᠠᠯᠲᠠ᠎ᠶᠢᠨ ᠳᠡᠭᠡᠳᠦ ᠲᠡᠰ᠎ᠤᠨ ᠬᠤᠷᠠᠯᠳᠤᠭᠠᠨ᠎ᠤ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠵᠢᠷᠤᠭ ᠪᠣᠯ ᠡᠬᠢᠯᠡᠯᠲᠡ᠎ᠶᠢᠨ ᠶᠣᠰᠣᠯᠠᠯ᠎ᠤᠨ ᠳᠠᠷᠠᠭ᠎ᠠ᠂ ᠯᠢ ᠴᠢᠶᠠᠩ ᠬᠤᠷᠠᠯ᠎ᠳᠤ ᠣᠷᠣᠯᠴᠠᠭᠰᠠᠨ ᠭᠠᠳᠠᠭᠠᠲᠤ᠎ᠶᠢᠨ ᠬᠦᠨᠳᠦᠳᠦ ᠵᠣᠴᠢᠳ᠂ ᠣᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶᠢᠨ ᠲᠥᠯᠥᠭᠡᠯᠡᠭᠴᠢᠳ ᠯᠦ᠍ᠭᠡ ᠦᠵᠡᠭᠦᠯᠭᠡ᠎ᠶᠢᠨ ᠣᠷᠳᠣᠨ᠎ᠢᠶᠠᠷ ᠲᠣᠭᠣᠷᠢᠨ ᠪᠠᠢᠴᠠᠭᠠᠵᠤ ᠪᠠᠢᠭ᠎ᠠ ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠸᠠᠩ ᠶᠧ ᠰᠡᠭᠦᠳᠡᠷᠯᠡᠪᠡ

ᠶᠡᠬᠡ ᠬᠤᠷᠠᠯ᠎ᠢᠶᠠᠷ 《ᠵᠣᠬᠢᠶᠠᠮᠠᠯ ᠣᠶᠤᠯᠢᠭ᠋᠎ᠤᠨ ᠪᠥᠬᠥ ᠪᠥᠮᠪᠥᠷᠴᠡᠭ᠎ᠦᠨ ᠵᠠᠰᠠᠯᠲᠠ᠎ᠶᠢᠨ ᠠᠵᠢᠯᠯᠠᠭᠠᠨ᠎ᠤ ᠲᠥᠯᠥᠪᠯᠡᠭᠡ》᠎ᠶᠢ ᠨᠡᠢᠲᠡᠯᠡᠪᠡ᠃

ᠴᠧᠨ ᠵᠢᠢ ᠨᠢᠩ᠂ ᠡᠦ ᠵᠧᠩ ᠯᠥᠩ ᠲᠣᠰ ᠤᠳᠠᠭᠠᠨ᠎ᠤ ᠠᠵᠢᠯᠯᠠᠭ᠎ᠠ᠎ᠳᠤ ᠣᠷᠣᠯᠴᠠᠪᠠ᠃

ᠢᠷᠡᠯᠲᠡ᠄ ᠰᠢᠨᠬᠤᠸᠠ ᠬᠣᠷᠢᠶ᠎ᠠ