ᠲᠡᠷᠢᠭᠦᠨ ᠬᠠᠭᠤᠳᠠᠰᠤ   -   ᠡᠳᠤᠷ ᠪᠥᠷᠢ᠎ᠶᠢᠨ ᠴᠢᠬᠤᠯᠠ ᠮᠡᠳᠡᠭᠡ
ᠦᠨᠳᠦᠰᠦᠲᠡᠨ᠎ᠨᠦᠭᠦᠳ᠎ᠤᠨ ᠴᠢᠰᠤ ᠮᠢᠬᠠᠨ᠎ᠤ ᠪᠠᠷᠢᠯᠳᠤᠯᠭ᠎ᠠ ᠪᠣᠯ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭᠴᠠ᠎ᠶ᠋ᠢᠨ ᠪᠦᠷᠢᠯᠳᠦᠨ ᠬᠥᠭᠵᠢᠭᠰᠡᠨ ᠲᠡᠦᠬᠡᠨ ᠰᠠᠭᠤᠷᠢ ᠪᠣᠯᠣᠨ᠎ᠠ
ᠨᠡᠶ᠋ᠢᠲᠡᠯᠡᠭᠰᠡᠨ ᠴᠠᠭ᠄ 2025-07-25

ᠠᠢ ᠪᠧᠢ ᠵᠢᠶᠠᠩ ᠲᠠᠨ᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭᠴᠠ᠎ᠶ᠋ᠢ ᠣᠢ᠌ᠯᠠᠭ᠋ᠠᠭᠤᠯᠬᠤ᠎ᠪᠠᠷ ᠪᠠᠢᠨ᠎ᠠ

ᠦᠨᠳᠦᠰᠦᠲᠡᠨ᠎ᠨᠦᠭᠦᠳ᠎ᠤᠨ ᠴᠢᠰᠤ ᠮᠢᠬᠠᠨ᠎ᠤ ᠪᠠᠷᠢᠯᠳᠤᠯᠭ᠎ᠠ ᠪᠣᠯ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭᠴᠠ᠎ᠶ᠋ᠢᠨ ᠪᠦᠷᠢᠯᠳᠦᠨ ᠬᠥᠭᠵᠢᠭᠰᠡᠨ ᠲᠡᠦᠬᠡᠨ ᠰᠠᠭᠤᠷᠢ ᠪᠣᠯᠣᠨ᠎ᠠ 

ᠥᠪᠥᠷ ᠮᠣᠩᠭᠣᠯ᠂ ᠡᠨᠡ ᠬᠦ᠌ ᠡᠬᠡ ᠤᠯᠤᠰ᠎ᠤᠨ ᠤᠮᠠᠷᠠᠲᠤ ᠬᠢᠵᠠᠭ᠋ᠠᠷ᠎ᠲᠤ ᠪᠠᠢ᠌ᠷᠢᠯᠠᠵᠤ ᠪᠠᠢ᠌ᠭ᠎ᠠ ᠥᠷᠭᠡᠨ ᠠᠭᠤᠳᠠᠮ ᠨᠤᠲᠤᠭ ᠳᠡᠪᠢᠰᠬᠡᠷ ᠪᠣᠯ ᠡᠷᠲᠡᠨ᠎ᠠᠴᠠ᠎ᠪᠠᠨ ᠠᠪᠤᠭ᠋ᠠᠳ ᠤᠯᠠᠨ ᠦᠨᠳᠦᠰᠦᠲᠡᠨ ᠬᠠᠮᠲᠤ᠎ᠪᠠᠷ ᠰᠠᠭᠤᠷᠢᠰᠢᠵᠤ᠂ ᠬᠠᠮᠲᠤ᠎ᠪᠠᠷ ᠣᠷᠣᠰᠢᠵᠤ᠂ ᠬᠠᠮᠲᠤ᠎ᠪᠠᠷ ᠴᠡᠴᠡᠭᠯᠡᠨ ᠬᠥᠭᠵᠢᠭᠰᠡᠨ ᠭᠡᠷ ᠣᠷᠣᠨ ᠪᠣᠯᠣᠨ᠎ᠠ 

ᠨᠡᠶ᠋ᠢᠲᠡ᠎ᠶ᠋ᠢᠨ ᠣᠨ ᠲᠣᠭ᠋ᠠᠯᠠᠯ᠎ᠠᠴᠠ ᠡᠮᠦᠨ᠎ᠡ 33 ᠣᠨ᠎ᠳᠤ᠂ ᠢ ᠴᠠᠩ᠎ᠤᠨ ᠰᠢᠶᠠᠩ ᠰᠢ ᠭᠣᠣᠯ᠎ᠤᠨ ᠬᠥᠪᠡᠭᠡᠨ᠎ᠳᠠᠬᠢ ᠠᠢ᠌ᠯ᠎ᠤᠨ ᠥᠬᠢᠨ ᠸᠠᠩ ᠵᠣᠣ ᠵᠢᠶᠦ᠋ᠨ᠂ ᠡᠩᠬᠡ ᠲᠠᠢ᠌ᠪᠤᠩ᠎ᠤᠨ ᠡᠯᠴᠢᠨ ᠪᠣᠯᠵᠤ ᠭᠣᠪᠢ᠎ᠶ᠋ᠢᠨ ᠠᠷᠤ ᠨᠤᠲᠤᠭ᠎ᠲᠤ ᠮᠣᠷᠳᠠᠪᠠ 

ᠬᠠᠨ ᠤᠯᠤᠰ ᠪᠣᠯᠣᠨ ᠾᠦᠩᠨᠦ᠎ᠶ᠋ᠢᠨ ᠬᠠᠭ᠋ᠠᠰ ᠵᠠᠭᠤᠨ᠎ᠤ ᠲᠤᠷᠰᠢᠬᠢ ᠲᠦᠷᠦ᠎ᠶ᠋ᠢᠨ ᠲᠠᠢ᠌ᠪᠤᠩ ᠴᠠᠭ᠎ᠢ ᠪᠠᠲᠤᠯᠠᠵᠤ᠂ 《ᠬᠦᠮᠦᠨ ᠠᠷᠠᠳ ᠠᠮᠤᠷ ᠵᠢᠮᠤᠷ ᠠᠵᠤ ᠲᠦᠷᠦᠵᠦ ᠬᠦᠳᠡᠭᠡ ᠲᠠᠯ᠎ᠠ᠎ᠪᠠᠷ ᠠᠳᠤᠭᠤ ᠦᠬᠡᠷ ᠪᠡᠯᠴᠢᠭᠰᠡᠨ》 ᠲᠠᠢ᠌ᠪᠤᠩ ᠠᠮᠤᠭᠤᠯᠠᠩ ᠴᠠᠭ ᠦᠶ᠎ᠡ᠎ᠳᠤ ᠣᠷᠣᠪᠠ᠃ 

1963 ᠣᠨ᠎ᠳᠤ᠂ ᠳ᠋ᠦᠩ ᠪᠢ ᠦ᠋ ᠨᠥᠬᠥᠷ ᠥᠪᠥᠷ ᠮᠣᠩᠭᠣᠯ᠎ᠳᠤ ᠠᠵᠢᠯ ᠪᠠᠢ᠌ᠴᠠᠭ᠋ᠠᠬᠤ᠎ᠳᠤ᠎ᠪᠠᠨ ᠪᠠᠰᠠ 《ᠵᠤᠤ ᠵᠢᠶᠦ᠋ᠨ᠎ᠤ ᠦᠯᠢᠭᠡᠷ ᠲᠡᠦᠬᠡ ᠠᠯᠢ ᠡᠷᠲᠡᠨ᠎ᠠᠴᠠ ᠪᠠᠢ᠌ᠮᠤᠢ  ᠬᠤ᠌ ᠬᠢᠲᠠᠳ᠎ᠤᠨ ᠡᠪᠰᠡᠯ ᠤᠷᠤᠭ ᠠᠯᠤᠰ᠎ᠤᠨ ᠬᠠᠷᠠᠴᠠ᠎ᠲᠠᠢ ᠠᠮᠣᠢ》 ᠭᠡᠬᠦ ᠰᠢᠯᠦᠭ ᠪᠢᠴᠢᠵᠦ᠂ ᠸᠠᠩ ᠵᠤᠤ ᠵᠢᠶᠦ᠋ᠨ᠎ᠤ ᠦᠨᠳᠦᠰᠦᠲᠡᠨ᠎ᠤ ᠪᠦᠯᠬᠦᠮᠳᠡᠯ᠎ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ᠎ᠶ᠋ᠢ ᠮᠠᠭᠲᠠᠨ ᠰᠠᠢ᠌ᠰᠢᠶᠠᠵᠠᠢ 

2000 ᠭᠠᠷᠤᠢ ᠵᠢᠯ ᠥᠩᠭᠡᠷᠡᠨ ᠣᠳᠣᠯ᠎ᠠ᠂ ᠦᠨᠳᠦᠰᠦᠲᠡᠨ᠎ᠨᠦᠭᠦᠳ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶ᠋ᠢᠨ ᠳᠤᠮᠳᠠ᠎ᠪᠠᠨ ᠭᠦᠨ ᠵᠤᠵᠠᠭ᠋ᠠᠨ ᠬᠠᠢ᠌ᠷ᠎ᠠ ᠰᠡᠳᠬᠢᠯᠭᠡ᠎ᠲᠠᠢ ᠪᠣᠯᠵᠤ᠂ ᠠᠯᠬᠤᠮ ᠠᠯᠬᠤᠮ᠎ᠢᠶᠠᠷ ᠴᠢᠰᠤ ᠮᠢᠬᠠᠨ᠎ᠤ ᠪᠠᠷᠢᠯᠳᠤᠯᠭ᠎ᠠ᠎ᠲᠠᠢ᠂ ᠶᠠᠰᠤ ᠮᠢᠬᠠᠨ᠎ᠤ ᠬᠣᠯᠪᠣᠭ᠎ᠠ᠎ᠲᠠᠢ᠂ ᠬᠡᠨ ᠠᠯᠢᠨ᠎ᠠᠴᠠ᠎ᠪᠠᠨ ᠴᠦ᠍ ᠰᠠᠯᠵᠤ ᠳᠡᠢ᠌ᠯᠬᠦ ᠦᠭᠡᠢ᠂ ᠤᠯᠠᠨ ᠡᠰᠢᠲᠦ ᠨᠢᠭᠡ ᠴᠣᠭᠴᠠᠵᠢᠭᠰᠠᠨ ᠰᠠᠯᠵᠤ ᠪᠣᠯᠣᠰᠢ ᠦᠭᠡᠢ ᠬᠤᠪᠢ ᠵᠠᠶᠠᠭ᠋ᠠᠨ᠎ᠤ ᠬᠠᠮᠲᠤ᠎ᠶ᠋ᠢᠨ ᠴᠣᠭᠴᠠ᠎ᠶ᠋ᠢ ᠪᠦᠷᠢᠯᠳᠦᠭᠦᠯᠵᠡᠢ 

ᠥᠪᠥᠷ ᠮᠣᠩᠭᠣᠯ᠎ᠳᠤ ᠨᠢᠭᠡ ᠪᠦᠯᠦᠭ 《ᠤᠯᠤᠰ᠎ᠤᠨ ᠬᠡᠦᠬᠡᠳ》 ᠪᠠᠢ᠌ᠳᠠᠭ᠂ ᠲᠠᠳᠠ ᠲᠠᠯ᠎ᠠ ᠨᠤᠲᠤᠭ᠎ᠤᠨ ᠡᠴᠢᠭᠡ ᠡᠬᠡᠴᠦᠦᠯ᠎ᠲᠠᠢ ᠴᠢᠰᠤᠨ ᠲᠥᠷᠥᠯ᠎ᠤᠨ ᠬᠠᠷᠢᠴᠠᠭ᠎ᠠ ᠦᠭᠡᠢ ᠴᠦ᠍ ᠥᠪᠥᠷ ᠮᠣᠩᠭᠣᠯ᠎ᠤᠨ ᠠᠷᠠᠳ ᠲᠦᠮᠡᠨ᠎ᠤ ᠬᠠᠮᠤᠭ᠎ᠤᠨ ᠡᠩᠬᠦᠷᠡᠢ ᠬᠠᠢ᠌ᠷᠠᠲᠠᠢ ᠬᠡᠦᠬᠡᠳ᠎ᠨᠢ ᠪᠣᠯᠬᠤ ᠶᠤᠮ 

ᠳᠡᠭᠡᠷ᠎ᠡ ᠵᠠᠭᠤᠨ᠎ᠤ ᠲᠠᠪᠢᠭ᠋ᠠᠳ ᠣᠨ᠎ᠤ ᠰᠡᠭᠦᠯᠴᠢ᠂ ᠵᠢᠷᠠᠭ᠋ᠠᠳ ᠣᠨ᠎ᠤ ᠡᠬᠢ᠎ᠪᠠᠷ᠂ ᠰᠢᠨ᠎ᠡ ᠳᠤᠮᠳᠠᠳᠤ ᠤᠯᠤᠰ ᠬᠦᠨᠳᠦ ᠨᠣᠴᠢᠲᠠᠢ ᠪᠠᠢ᠌ᠭ᠋ᠠᠯᠢ᠎ᠶ᠋ᠢᠨ ᠭᠠᠮᠰᠢᠭ᠎ᠲᠤ ᠤᠴᠠᠷᠠᠵᠤ᠂ ᠱᠠᠩᠬᠠᠢ᠂ ᠵᠢᠶᠠᠩᠰᠤ᠂ ᠠᠨᠾᠦ᠋ᠢ ᠵᠡᠷᠭᠡ ᠭᠠᠵᠠᠷ᠎ᠤᠨ ᠥᠨᠥᠴᠢᠨ ᠬᠡᠦᠬᠡᠳ᠎ᠤᠳ ᠰᠢᠮ᠎ᠡ ᠲᠡᠵᠢᠭᠡᠯ ᠬᠦᠷᠦᠯᠴᠡᠬᠦ ᠦᠭᠡᠢ ᠪᠠᠢ᠌ᠳᠠᠯ᠎ᠳᠤ ᠲᠤᠯᠭ᠋ᠠᠷᠠᠪᠠ 

ᠤᠯᠤᠰ᠎ᠠᠴᠠ ᠰᠦᠨ ᠲᠠᠯᠬ᠎ᠠ᠎ᠪᠠᠷ ᠳᠡᠮᠵᠢᠬᠦ᠎ᠶ᠋ᠢ ᠬᠦᠰᠡᠭᠰᠡᠨ᠎ᠳᠤ ᠥᠪᠥᠷ ᠮᠣᠩᠭᠣᠯ ᠡᠷᠡᠰ ᠰᠢᠭᠤᠷᠬᠠᠢ᠎ᠪᠠᠷ ᠬᠡᠦᠬᠡᠳ᠎ᠤᠳ᠎ᠢ ᠲᠣᠰᠴᠤ ᠠᠪᠴᠢᠷᠠᠵᠤ ᠡᠷᠭᠦᠨ ᠲᠡᠵᠢᠭᠡᠭᠰᠡᠨ ᠪᠠᠢ᠌ᠨ᠎ᠠ 

1960 ᠣᠨ᠎ᠠᠴᠠ 1963 ᠣᠨ ᠪᠣᠯᠲᠠᠯ᠎ᠠ᠂ ᠥᠪᠥᠷ ᠮᠣᠩᠭᠣᠯ ᠤᠷᠢᠳ ᠬᠣᠵᠢᠳ 3000 ᠭᠠᠷᠤᠢ ᠥᠨᠥᠴᠢᠨ ᠬᠡᠦᠬᠡᠳ᠎ᠢ ᠬᠦᠯᠢᠶᠡᠨ ᠠᠪᠴᠤ᠂ ᠥᠪᠥᠷ ᠮᠣᠩᠭᠣᠯ᠎ᠤᠨ ᠡᠬᠡᠴᠦᠦᠯ ᠠᠰᠠᠷᠠᠨ ᠬᠠᠷᠠᠭ᠋ᠠᠯᠵᠠᠭᠰᠠᠨ᠎ᠠᠴᠠ ᠲᠡᠳᠡᠨ᠎ᠢ 《ᠤᠯᠤᠰ᠎ᠤᠨ ᠬᠡᠦᠬᠡᠳ》 ᠬᠡᠮᠡᠪᠡ᠃ 

ᠡᠬᠡᠴᠦᠦᠯ ᠬᠡᠦᠬᠡᠳ᠎ᠢ ᠬᠠᠯᠠᠭᠤᠨ ᠡᠯᠢᠭᠡᠨ᠎ᠳᠤ᠎ᠪᠠᠨ ᠪᠦᠪᠡᠢ᠌ᠯᠡᠨ ᠦᠰᠬᠡᠵᠦ᠂ ᠰᠠᠯᠤᠰᠢ ᠦᠭᠡᠢ ᠴᠢᠰᠤ ᠮᠢᠬᠠᠨ᠎ᠤ ᠪᠠᠷᠢᠯᠳᠤᠯᠭ᠎ᠠ᠎ᠲᠠᠢ ᠪᠣᠯᠵᠠᠢ᠂ ᠲᠡᠳᠡᠨ᠎ᠤ ᠨᠠᠷᠢᠨ ᠨᠢᠮᠪᠠᠢ ᠬᠠᠷᠠᠭ᠋ᠠᠯᠵᠠᠯ ᠳᠣᠣᠷ᠎ᠠ᠂ ᠡᠲᠡᠭᠡᠷ 《ᠤᠯᠤᠰ᠎ᠤᠨ ᠬᠡᠦᠬᠡᠳ》 ᠲᠣᠷᠨᠢᠭᠤᠨ᠎ᠢᠶᠠᠷ ᠦᠰᠦᠨ ᠪᠣᠢ᠌ᠵᠢᠵᠤ᠂ ᠰᠢᠨ᠎ᠡ ᠨᠢᠭᠡ ᠦᠶ᠎ᠡ᠎ᠶ᠋ᠢᠨ ᠪᠦᠲᠦᠭᠡᠨ ᠪᠠᠢ᠌ᠭᠤᠯᠤᠭᠴᠢ ᠪᠣᠯᠪᠠ 

ᠤᠳᠤ ᠥᠪᠥᠷ ᠮᠣᠩᠭᠣᠯ᠎ᠤᠨ ᠦᠨᠳᠦᠰᠦᠲᠡᠨ᠎ᠨᠦᠭᠦᠳ ᠨᠢᠭᠡ ᠭᠡᠷ᠎ᠤᠨ ᠬᠦᠮᠦᠰ ᠮᠡᠲᠦ ᠳᠣᠲᠣᠨᠣ ᠪᠠᠢ᠌ᠵᠤ᠂ ᠮᠠᠯᠵᠢᠬᠤ ᠲᠠᠷᠢᠶᠠᠯᠠᠬᠤ ᠣᠷᠣᠨ᠎ᠳᠤ ᠴᠤ᠌ ᠭᠡᠰᠡᠨ᠂ ᠬᠣᠲᠠ ᠪᠠᠯᠭ᠋ᠠᠰᠤᠨ᠎ᠤ ᠨᠡᠢ᠌ᠭᠡᠮ ᠲᠣᠭᠣᠷᠢᠭ᠎ᠲᠤ ᠴᠤ᠌ ᠭᠡᠰᠡᠨ ᠴᠦᠮ ᠰᠡᠳᠬᠢᠯ᠎ᠢᠶᠠᠨ ᠮᠡᠳᠡᠯᠴᠡᠭᠰᠡᠨ ᠨᠠᠢ᠌ᠵᠠ ᠪᠣᠯᠵᠤ᠂ ᠡᠶ᠎ᠡ ᠨᠠᠢ᠌ᠷᠲᠠᠢ ᠬᠥᠷᠰᠢ ᠪᠣᠯᠵᠤ᠂ ᠰᠠᠢ᠌ᠨ ᠰᠠᠢ᠌ᠬᠠᠨ ᠤᠷᠤᠭ ᠰᠠᠳᠤᠨ ᠪᠣᠯᠪᠠ 

ᠦᠨᠳᠦᠰᠦᠲᠡᠨ᠎ᠨᠦᠭᠦᠳ᠎ᠤᠨ ᠴᠢᠰᠤ ᠮᠢᠬᠠᠨ᠎ᠤ ᠪᠠᠷᠢᠯᠳᠤᠯᠭ᠎ᠠ ᠪᠣᠯ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭᠴᠠ᠎ᠶ᠋ᠢᠨ ᠪᠦᠷᠢᠯᠳᠦᠨ ᠬᠥᠭᠵᠢᠭᠰᠡᠨ ᠲᠡᠦᠬᠡᠨ ᠰᠠᠭᠤᠷᠢ ᠪᠣᠯᠣᠨ᠎ᠠ 

ᠳᠤᠮᠳᠠᠳᠤ᠎ᠶ᠋ᠢᠨ ᠦᠨᠳᠦᠰᠦᠲᠡᠨ ᠪᠣᠯ ᠦᠨᠳᠦᠰᠦᠲᠡᠨ᠎ᠨᠦᠭᠦᠳ᠎ᠤᠨ ᠤᠷᠲᠤ ᠬᠤᠭᠤᠴᠠᠭ᠋ᠠᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶ᠋ᠢᠨ ᠦᠷ᠎ᠡ ᠳ᠋ᠦᠩ ᠪᠣᠯᠣᠨ᠎ᠠ 

ᠦᠨᠳᠦᠰᠦᠲᠡᠨ᠎ᠨᠦᠭᠦᠳ ᠭᠠᠭᠴᠠ ᠬᠦ᠌ ᠲᠠᠰᠤᠷᠠᠯᠲᠠ ᠦᠭᠡᠢ ᠪᠦᠯᠬᠦᠮᠳᠡᠨ ᠠᠭᠤᠰᠤᠯᠴᠠᠵᠤ᠂ ᠤᠬᠠᠮᠰᠠᠷ᠎ᠠᠴᠠ᠎ᠪᠠᠨ ᠳᠤᠮᠳᠠᠳᠤ᠎ᠶ᠋ᠢᠨ ᠦᠨᠳᠦᠰᠦᠲᠡᠨ᠎ᠤ ᠶᠡᠬᠡ ᠭᠡᠷ ᠪᠦᠯᠢ᠎ᠳᠤ ᠠᠭᠤᠰᠤᠯᠴᠠᠪᠠᠯ ᠰᠠᠶᠢ ᠨᠡᠩ ᠰᠠᠢ᠌ᠨ ᠰᠠᠢ᠌ᠬᠠᠨ ᠢᠷᠡᠭᠡᠳᠦᠢ᠎ᠲᠠᠢ ᠪᠣᠯᠵᠤ ᠴᠢᠳᠠᠨ᠎ᠠ

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ