《ᠳᠤᠮᠳᠠᠳᠤ ᠤᠯᠤᠰ ᠪᠠ ᠡᠸᠦ᠋ᠷᠦᠫᠡ᠎ᠶᠢᠨ ᠬᠣᠯᠪᠣᠭ᠎ᠠ ᠪᠣᠯ ᠴᠥᠮ ᠳᠡᠯᠡᠬᠡᠢ ᠨᠡᠢᠭᠡᠮ᠎ᠤᠨ 〈ᠠᠪᠤᠷᠭᠤ〉 ᠮᠥᠨ᠂ ᠪᠢᠳᠡ ᠳᠤᠮᠳᠠᠳᠤ ᠤᠯᠤᠰ ᠪᠠ ᠡᠸᠦ᠋ᠷᠦᠫᠡ᠎ᠶᠢᠨ ᠬᠣᠯᠪᠣᠭ᠎ᠠ ᠯᠤᠭ᠎ᠠ᠎ᠶᠢᠨ ᠬᠠᠷᠢᠯᠴᠠᠭᠠᠨ᠎ᠤ ᠬᠥᠭᠵᠢᠯᠲᠡ᠎ᠶᠢᠨ ᠵᠥᠪ ᠴᠢᠭᠯᠡᠯ᠎ᠢ ᠪᠠᠲᠤ ᠡᠵᠡᠮᠳᠡᠵᠦ᠂ ᠳᠤᠮᠳᠠᠳᠤ ᠤᠯᠤᠰ ᠪᠠ ᠡᠸᠦ᠋ᠷᠦᠫᠡ᠎ᠶᠢᠨ ᠬᠣᠯᠪᠣᠭ᠎ᠠ ᠯᠤᠭ᠎ᠠ᠎ᠶᠢᠨ ᠬᠠᠷᠢᠯᠴᠠᠭᠠᠨ᠎ᠤ ᠨᠡᠩ ᠭᠡᠷᠡᠯ ᠰᠠᠴᠤᠷᠠᠩᠭᠤᠢ ᠳᠠᠷᠠᠭᠠᠴᠢ᠎ᠶᠢᠨ 50 ᠵᠢᠯ᠎ᠢᠶᠡᠨ ᠬᠠᠮᠲᠤ᠎ᠪᠠᠷ ᠴᠢᠷᠮᠠᠢᠨ ᠴᠣᠭᠴᠠᠯᠠᠬᠤ ᠬᠡᠷᠡᠭᠲᠡᠢ》᠃ 7 ᠳ᠋ᠤᠭᠠᠷ ᠰᠠᠷ᠎ᠠ᠎ᠶᠢᠨ 24 ᠦ ᠡᠳᠦᠷ᠎ᠦᠨ ᠦᠳᠡ᠎ᠶᠢᠨ ᠡᠮᠦᠨ᠎ᠡ᠂ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠷᠢᠨ ᠲᠠᠪᠤᠳᠤᠭᠠᠷ ᠤᠳᠠᠭ᠎ᠠ᠎ᠶᠢᠨ ᠳᠤᠮᠳᠠᠳᠤ ᠤᠯᠤᠰ — ᠡᠸᠦ᠋ᠷᠦᠫᠡ᠎ᠶᠢᠨ ᠬᠣᠯᠪᠣᠭᠠᠨ᠎ᠤ ᠤᠳᠤᠷᠢᠳᠬᠤ ᠬᠥᠮᠥᠰ᠎ᠤᠨ ᠠᠭᠤᠯᠵᠠᠯᠲᠠ᠎ᠳᠤ ᠣᠷᠣᠯᠴᠠᠬᠤ᠎ᠪᠠᠷ ᠳᠤᠮᠳᠠᠳᠤ᠎ᠳᠤ ᠢᠷᠡᠭᠰᠡᠨ ᠡᠸᠦ᠋ᠷᠦᠫᠡ ᠲᠢᠪ᠎ᠤᠨ ᠬᠡᠷᠡᠭ ᠡᠷᠬᠢᠯᠡᠭᠴᠢᠳ᠎ᠤᠨ ᠵᠥᠪᠯᠡᠯ᠎ᠦᠨ ᠲᠡᠷᠢᠭᠦᠯᠡᠭᠴᠢ ᠺᠣᠰᠲ᠋ᠠ ᠪᠠ ᠡᠸᠦ᠋ᠷᠦᠫᠡ᠎ᠶᠢᠨ ᠬᠣᠯᠪᠣᠭᠠᠨ᠎ᠤ ᠵᠥᠪᠯᠡᠯ᠎ᠤᠨ ᠲᠡᠷᠢᠭᠦᠯᠡᠭᠴᠢ ᠹᠧᠩᠳᠧᠯᠠᠢ᠊ ᠊ ᠧᠨ ᠲᠡᠢ ᠠᠭᠤᠯᠵᠠᠯᠲᠠ ᠬᠢᠪᠡ᠃
1975 ᠣᠨ᠎ᠳᠤ᠂ ᠳᠤᠮᠳᠠᠳᠤ ᠤᠯᠤᠰ ᠨᠢ ᠡᠸᠦ᠋ᠷᠦᠫᠡ ᠲᠢᠪ᠎ᠤᠨ ᠠᠵᠤ ᠠᠬᠤᠢ᠎ᠶᠢᠨ ᠬᠠᠮᠲᠤ᠎ᠶᠢᠨ ᠴᠣᠭᠴᠠ (ᠡᠸᠦ᠋ᠷᠦᠫᠡ᠎ᠶᠢᠨ ᠬᠣᠯᠪᠣᠭᠠᠨ᠎ᠤ ᠤᠤᠯ᠎ᠤᠨ ᠨᠡᠷᠡᠢᠳᠦᠯ) ᠯᠤᠭ᠎ᠠ ᠭᠠᠳᠠᠭᠠᠳᠤ ᠬᠠᠷᠢᠯᠴᠠᠭ᠎ᠠ ᠪᠠᠢᠭᠤᠯᠵᠤ᠂ ᠳᠤᠮᠳᠠᠳᠤ ᠤᠯᠤᠰ ᠪᠠ ᠡᠸᠦ᠋ᠷᠦᠫᠡ᠎ᠶᠢᠨ ᠬᠣᠯᠪᠣᠭᠠᠨ᠎ᠤ ᠬᠠᠷᠢᠯᠴᠠᠭᠠᠨ᠎ᠤ ᠰᠢᠨ᠎ᠡ ᠬᠠᠭᠤᠳᠠᠰᠤ᠎ᠶᠢ ᠨᠡᠭᠡᠭᠡᠪᠡ᠃ ᠬᠠᠭᠠᠰ ᠵᠠᠭᠤᠨ᠎ᠤ ᠲᠤᠷᠰᠢ᠂ ᠳᠤᠮᠳᠠᠳᠤ ᠤᠯᠤᠰ ᠪᠠ ᠡᠸᠦ᠋ᠷᠦᠫᠡ᠎ᠶᠢᠨ ᠬᠣᠯᠪᠣᠭ᠎ᠠ ᠬᠦᠴᠢᠷ ᠪᠡᠷᠬᠡᠰᠢᠶᠡᠯ᠎ᠢ ᠲᠤᠭᠤᠯᠤᠨ᠂ ᠭᠠᠳᠠᠭᠠᠳᠤ ᠬᠠᠷᠢᠯᠴᠠᠭ᠎ᠠ ᠪᠣᠯᠪᠠᠰᠤᠷᠠᠩᠭᠤᠢ ᠲᠣᠭᠲᠠᠭᠤᠨ ᠲᠡᠢᠰᠢ ᠲᠠᠰᠤᠷᠠᠯᠲᠠ ᠦᠭᠡᠢ ᠤᠷᠤᠭᠰᠢᠯᠠᠵᠤ᠂ ᠳᠡᠯᠡᠬᠡᠢ ᠳᠡᠭᠡᠷᠡᠬᠢ ᠬᠠᠮᠤᠭ᠎ᠤᠨ ᠶᠡᠬᠡ ᠨᠥᠯᠥᠭᠡᠯᠡᠬᠦ ᠬᠦᠴᠦᠨ᠎ᠲᠠᠢ ᠬᠣᠶᠠᠷ ᠲᠠᠯᠠᠲᠤ ᠬᠠᠷᠢᠯᠴᠠᠭᠠᠨ᠎ᠤ ᠨᠢᠭᠡ ᠨᠢ ᠪᠣᠯᠵᠤ ᠬᠥᠭᠵᠢᠪᠡ᠃ ᠬᠡᠯᠡᠯᠴᠡᠭᠡ ᠬᠢᠬᠦ ᠦᠶ᠎ᠡ᠎ᠳᠦ᠂ ᠲᠡᠷᠢᠭᠦᠯᠡᠭᠴᠢ ᠰᠢ ᠵᠢᠨ ᠫᠢᠩ ᠳᠤᠮᠳᠠᠳᠤ ᠤᠯᠤᠰ ᠪᠠ ᠡᠸᠦ᠋ᠷᠦᠫᠡ᠎ᠶᠢᠨ ᠬᠣᠯᠪᠣᠭ᠎ᠠ ᠨᠢ ᠳᠡᠯᠡᠬᠡᠢ᠎ᠶᠢᠨ ᠬᠣᠶᠠᠳᠤᠭᠠᠷ ᠪᠠ ᠭᠤᠷᠪᠠᠳᠤᠭᠠᠷ ᠲᠣᠮᠣ᠌ ᠠᠵᠤ ᠠᠬᠤᠢ᠎ᠶᠢᠨ ᠴᠣᠭᠴᠠ᠎ᠶᠢᠨ ᠪᠠᠢᠷᠢ ᠰᠠᠭᠤᠷᠢ᠎ᠶᠢ 《ᠠᠪᠤᠷᠭᠤ》 ᠬᠡᠮᠡᠨ ᠠᠮᠢᠳᠤᠯᠢᠭ᠋᠎ᠢᠶᠠᠷ ᠵᠦᠢᠷᠯᠡᠵᠦ᠂ ᠳᠤᠮᠳᠠᠳᠤ ᠤᠯᠤᠰ ᠪᠠ ᠡᠸᠦ᠋ᠷᠦᠫᠡ᠎ᠶᠢᠨ ᠬᠣᠯᠪᠣᠭᠠᠨ᠎ᠤ ᠬᠥᠭᠵᠢᠯᠲᠡ᠎ᠶᠢᠨ ᠴᠢᠭᠯᠡᠯ᠎ᠢ ᠡᠵᠡᠮᠳᠡᠬᠦ᠎ᠶᠢᠨ ᠴᠢᠬᠤᠯᠠ ᠴᠢᠨᠠᠷ᠎ᠢ ᠣᠯᠠᠨ᠎ᠳᠤ ᠮᠡᠳᠡᠭᠦᠯᠪᠡ᠃