ᠲᠡᠷᠢᠭᠦᠨ ᠬᠠᠭᠤᠳᠠᠰᠤ   -   ᠡᠳᠤᠷ ᠪᠥᠷᠢ᠎ᠶᠢᠨ ᠴᠢᠬᠤᠯᠠ ᠮᠡᠳᠡᠭᠡ
8000 ᠳ᠋ᠦᠩᠰᠢᠭᠤᠷ ᠲᠥᠭᠥᠷᠢᠭ᠎ᠢ ᠡᠳᠡᠭᠡᠷ ᠬᠦᠷᠢᠶᠡᠨ᠎ᠳᠤ ᠣᠷᠤᠭᠤᠯᠤᠯᠲᠠ ᠬᠢᠨ᠎ᠡ
ᠨᠡᠶ᠋ᠢᠲᠡᠯᠡᠭᠰᠡᠨ ᠴᠠᠭ᠄ 2025-07-03

   ᠣᠢ᠌ᠷ᠎ᠠ᠎ᠳᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ 3000 ᠭᠠᠷᠤᠢ ᠳ᠋ᠦᠩᠰᠢᠭᠤᠷ ᠲᠥᠭᠥᠷᠢᠭ ᠲᠣᠬᠢᠷᠠᠭᠤᠯᠵᠤ 2025 ᠣᠨ᠎ᠤ ᠭᠤᠷᠪᠠᠳᠤᠭ᠋ᠠᠷ ᠪᠦᠯᠦᠭ᠎ᠤᠨ 《ᠬᠣᠶᠠᠷ ᠴᠢᠬᠤᠯᠠ》 ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠳᠡᠮᠵᠢᠪᠡ᠃ ᠣᠳᠣ ᠪᠣᠯᠬᠤ᠎ᠳᠤ᠂ ᠡᠨᠡ ᠵᠢᠯ᠎ᠤᠨ 8000 ᠳ᠋ᠦᠩᠰᠢᠭᠤᠷ ᠲᠥᠭᠥᠷᠢᠭ᠎ᠤᠨ 《ᠬᠣᠶᠠᠷ ᠴᠢᠬᠤᠯᠠ》 ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠨᠠᠷᠢᠨ ᠳᠠᠩᠰᠠ᠎ᠪᠠᠨ ᠪᠦᠬᠦᠨ᠎ᠢ ᠪᠠᠭᠤᠯᠭ᠋ᠠᠵᠤ ᠳᠠᠭᠤᠰᠬᠠᠪᠠ᠃

  《ᠬᠠᠲᠠᠭᠤ ᠪᠡᠯᠡ ᠣᠷᠣᠭᠤᠯᠤᠯᠲᠠ》 ᠵᠢᠨ ᠲᠠᠯ᠎ᠠ᠎ᠪᠠᠷ᠂ 2025 ᠣᠨ᠎ᠤ 《ᠬᠣᠶᠠᠷ ᠴᠢᠬᠤᠯᠠ》 ᠪᠦᠲᠦᠭᠡᠨ ᠪᠠᠢ᠌ᠭᠤᠯᠤᠯᠲᠠ᠎ᠳᠤ ᠨᠡᠶ᠋ᠢᠲᠡ 8000 ᠳ᠋ᠦᠩᠰᠢᠭᠤᠷ ᠲᠥᠭᠥᠷᠢᠭ ᠲᠣᠬᠢᠷᠠᠭᠤᠯᠵᠤ 1459 ᠲᠥᠷᠥᠯ ᠵᠦᠢ᠍ᠯ᠎ᠢ ᠳᠡᠮᠵᠢᠨ᠎ᠡ᠃ ᠡᠨᠡ᠎ᠨᠢ ᠬᠥᠬᠡᠮᠥ᠋ᠷᠡᠨ᠎ᠤ ᠰᠠᠪᠠ ᠭᠠᠵᠠᠷ᠎ᠤᠨ ᠠᠮᠢ ᠠᠬᠤᠢ ᠵᠢ ᠵᠠᠰᠠᠨ ᠰᠡᠷᠭᠦᠭᠡᠬᠦ᠂ ᠬᠥᠬᠡᠮᠥ᠋ᠷᠡᠨ ᠳᠠᠭ᠋ᠠᠤ ᠵᠢᠨ ᠴᠢᠬᠤᠯᠠ ᠶᠡᠬᠡ ᠵᠠᠮ ᠬᠠᠷᠢᠯᠴᠠᠭ᠋ᠠᠨ᠎ᠤ ᠰᠠᠭᠤᠷᠢ ᠪᠡᠯᠡᠳᠬᠡᠮᠵᠢ᠂ ᠪᠠᠷᠠᠭᠤᠨ ᠬᠡᠰᠡᠭ᠎ᠤᠨ ᠬᠠᠭᠤᠷᠠᠢ ᠪᠠ ᠲᠠᠯᠠᠢ ᠵᠢᠨ ᠰᠢᠨ᠎ᠡ ᠨᠡᠪᠲᠡᠷᠡᠯ ᠵᠠᠮ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠂ ᠬᠤᠳᠠ ᠵᠢᠨ ᠭᠠᠵᠠᠷ ᠳᠣᠣᠷᠠᠬᠢ ᠬᠣᠭᠣᠯᠠᠢ ᠲᠣᠣᠷ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠂ ᠡᠮᠨᠡᠯᠭᠡ ᠵᠢᠨ ᠬᠣᠷᠢᠶᠠᠨ᠎ᠤ ᠡᠪᠡᠳᠴᠢᠲᠡᠨ᠎ᠤ ᠦᠷᠦᠭᠡ ᠵᠢ ᠥᠭᠡᠷᠡᠴᠢᠯᠡᠨ ᠵᠠᠰᠠᠬᠤ ᠪᠠ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠪᠦᠲᠦᠭᠡᠨ ᠪᠠᠢ᠌ᠭᠤᠯᠤᠯᠲᠠ ᠵᠡᠷᠭᠡ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢ ᠬᠤᠳᠠ ᠵᠢᠨ ᠢᠷᠭᠡᠨ ᠪᠣᠯᠭ᠋ᠠᠬᠤ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠲᠡᠰ ᠳᠡᠪᠰᠢᠭᠦᠯᠬᠦ ᠵᠡᠷᠭᠡ ᠭᠣᠣᠯᠳᠠᠯᠭ᠎ᠠ ᠪᠣᠯᠬᠤ ᠬᠦᠷᠢᠶᠡᠨ᠎ᠳᠤ ᠬᠣᠯᠪᠣᠭᠳᠠᠨ᠎ᠠ᠃

  《ᠵᠥᠭᠡᠯᠡᠨ ᠪᠦᠲᠦᠭᠡᠨ ᠪᠠᠢ᠌ᠭᠤᠯᠤᠯᠲᠠ》 ᠵᠢᠨ ᠲᠠᠯ᠎ᠠ᠎ᠪᠠᠷ᠂ ᠭᠣᠣᠯᠳᠠᠯᠭ᠎ᠠ ᠪᠣᠯᠬᠤ ᠬᠦᠷᠢᠶᠡᠨ᠎ᠳᠤ ᠨᠢᠭᠡ ᠪᠦᠯᠦᠭ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠵᠢ ᠲᠦᠷᠭᠡᠳᠬᠡᠨ ᠬᠡᠷᠡᠭᠵᠢᠭᠦᠯᠦᠨ᠎ᠡ᠃ ᠡᠭᠦᠨ᠎ᠳᠤ ᠬᠥᠬᠡᠮᠥ᠋ᠷᠡᠨ ᠳᠠᠭ᠋ᠠᠤ ᠵᠢᠨ ᠲᠡᠮᠦᠷ ᠵᠠᠮ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠬᠡᠪ ᠵᠠᠭᠪᠤᠷ᠎ᠢ ᠰᠢᠯᠢᠳᠡᠭᠵᠢᠭᠦᠯᠬᠦ᠂ ᠬᠤᠳᠠ ᠵᠢᠨ ᠭᠠᠵᠠᠷ ᠳᠣᠣᠷᠠᠬᠢ ᠬᠣᠭᠣᠯᠠᠢ ᠲᠣᠣᠷ᠎ᠤᠨ ᠠᠵᠢᠯᠯᠠᠭ᠋ᠠᠨ᠎ᠢ ᠬᠠᠮᠠᠭ᠋ᠠᠯᠠᠨ ᠬᠠᠮᠢᠶᠠᠷᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ᠂ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠵᠠᠩᠭᠢᠯᠠᠭ᠎ᠠ ᠵᠢᠨ ᠲᠥᠯᠦᠪᠵᠢᠭᠦᠯᠭᠡ ᠵᠢᠨ ᠪᠠᠢ᠌ᠷᠢᠰᠢᠭᠤᠯᠤᠯᠲᠠ ᠵᠢ ᠲᠡᠭᠦᠯᠳᠡᠷᠵᠢᠭᠦᠯᠬᠦ᠂ ᠴᠢᠳᠠᠪᠤᠷᠢᠲᠠᠨ᠎ᠢ ᠬᠥᠮᠥᠵᠢᠭᠦᠯᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠡᠷᠡᠭᠴᠡᠭᠡ ᠵᠢ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠬᠦ᠂ 《ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ + ᠡᠯᠡᠰᠦ ᠵᠢ ᠵᠠᠰᠠᠬᠤ》᠂ ᠡᠯᠡᠰᠦᠨ᠎ᠤ ᠠᠵᠤ ᠦᠢ᠍ᠯᠡᠰ᠎ᠤᠨ ᠬᠥᠭᠵᠢᠯᠲᠡ ᠵᠡᠷᠭᠡ ᠰᠢᠨ᠎ᠡ ᠬᠡᠪ ᠵᠠᠭᠪᠤᠷ᠎ᠢ ᠬᠠᠢ᠌ᠨ ᠰᠦᠪᠡᠭᠴᠢᠯᠡᠬᠦ ᠵᠡᠷᠭᠡ ᠪᠠᠭᠲᠠᠨ᠎ᠠ᠃

ᠢᠷᠡᠯᠲᠡ᠄ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ