ᠳᠣᠮᠳᠠᠲᠣ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ᠂ ᠠᠷᠠᠳ᠎ᠤᠨ ᠠᠮᠢᠳᠤᠷᠠᠯ ᠬᠠᠮᠣᠭ᠎ᠤᠨ ᠴᠢᠬᠤᠯᠠ ᠪᠠᠢ᠌ᠳᠠᠭ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠠᠲᠣᠯᠠᠭ᠎ᠠ᠎ᠶᠢ ᠨᠡᠮᠡᠭᠳᠡᠭᠦᠯᠬᠦ ᠪᠠ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠡᠷᠴᠢᠮ᠎ᠢᠶᠠᠨ ᠴᠢᠩᠭ᠋ᠠᠷᠠᠭᠤᠯᠬᠤ᠎ᠶᠢ 《1571》 ᠠᠵᠢᠯ᠎ᠤᠨ ᠪᠠᠶ᠋ᠢᠷᠢᠯᠠᠭᠤᠯᠤᠯᠲᠠ᠎ᠳᠤ ᠣᠷᠣᠭᠤᠯᠵᠤ᠂ ᠤᠯᠠᠨ ᠲᠦᠮᠡᠨ᠎ᠤ ᠲᠤᠯᠭᠠᠮᠳᠠᠵᠤ ᠬᠦᠴᠢᠷᠳᠡᠵᠦ ᠵᠣᠪᠠᠨᠢᠵᠤ ᠬᠦᠰᠡᠮᠵᠢᠯᠡᠵᠦ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠬᠦ᠎ᠶᠢ ᠪᠣᠳᠣᠯᠬᠢᠯᠠᠨ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》᠎ᠢ ᠬᠡᠷᠡᠭᠵᠢᠭᠦᠯᠵᠦ᠂ ᠠᠷᠠᠳ ᠲᠦᠮᠡᠨ᠎ᠢᠶᠠᠷ ᠭᠤᠣᠯ ᠪᠣᠯᠭ᠋ᠠᠨ ᠥᠭᠡᠷᠡᠴᠢᠯᠡᠯᠲᠡ᠎ᠶᠢ ᠠᠳᠬᠤᠬᠤ᠂ ᠬᠥᠭᠵᠢᠯᠲᠡ᠎ᠶᠢ ᠠᠬᠢᠭᠤᠯᠬᠤ ᠡᠷᠡᠰ ᠵᠣᠷᠢᠭ ᠪᠠ ᠢᠯᠡ ᠲᠣᠳᠣ ᠣᠪᠣᠷ ᠲᠠᠢ ᠪᠠᠢᠬᠤ᠎ᠪᠠᠨ ᠢᠯᠡᠷᠡᠭᠦᠯᠪᠡ᠃
《ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ》 ᠪᠣᠯ ᠳᠠᠷᠤᠢ 《ᠦᠭᠡᠷᠡᠴᠢᠯᠡᠯᠲᠡ᠎ᠶᠢᠨ ᠲᠣᠬᠢᠶ᠎ᠠ᠎ᠶᠢᠨ ᠳᠠᠭᠤᠨ》 ᠮᠥᠨ᠃ ᠬᠤᠲᠠ ᠬᠥᠳᠡᠭᠡ᠎ᠶᠢᠨ ᠰᠠᠭᠤᠭ᠋ᠠᠯᠢ ᠠᠷᠠᠳ᠎ᠤᠨ ᠣᠷᠣᠯᠭ᠎ᠠ᠎ᠶᠢ ᠨᠢ ᠨᠡᠮᠡᠭᠳᠡᠭᠦᠯᠬᠦ ᠢᠨᠵᠧᠨᠧᠷᠢᠩ᠎ᠢ ᠬᠡᠷᠡᠭᠵᠢᠭᠦᠯᠬᠦ ᠪᠣᠯ ᠣᠯᠠᠨ ᠲᠦᠮᠡᠨ᠎ᠤ ᠬᠠᠳᠠᠭᠠᠯᠠᠮᠵᠢ᠎ᠶᠢ ᠦᠷᠭᠦᠯᠵᠢᠯᠡᠨ ᠨᠡᠮᠡᠭᠳᠡᠭᠦᠯᠬᠦ ᠶᠠᠪᠤᠳᠠᠯ ᠪᠣᠯᠤᠨ᠎ᠠ᠃ ᠠᠵᠢᠯ᠎ᠤᠨ ᠪᠠᠶ᠋ᠢᠷᠢ᠎ᠶᠢ ᠲᠣᠭᠲᠠᠪᠤᠷᠢᠵᠢᠭᠤᠯᠵᠤ ᠪᠠᠭᠲᠠᠭ᠋ᠠᠮᠵᠢ᠎ᠶᠢ ᠥᠷᠭᠡᠳᠬᠡᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠬᠦ᠎ᠶᠢᠨ ᠵᠣᠷᠢᠯᠲᠠ ᠪᠣᠯ᠂ ᠨᠡᠩ ᠤᠯᠠᠨ ᠡᠷᠡᠯᠬᠡᠭᠯᠡᠨ ᠲᠡᠮᠡᠴᠡᠭᠰᠡᠳ᠎ᠲᠦ ᠠᠵᠢᠯ ᠬᠢᠵᠦ ᠦᠢ᠍ᠯᠡᠰ ᠪᠤᠰᠬᠠᠬᠤ ᠲᠠᠪᠴᠠᠩ᠎ᠲᠠᠢ ᠪᠣᠯᠭ᠋ᠠᠬᠤ᠎ᠶᠢᠨ ᠲᠦᠯᠦᠭᠡ ᠶᠤᠮ᠃ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ᠎ᠶᠢᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠬᠦ᠎ᠶᠢᠨ ᠵᠣᠷᠢᠯᠭ᠎ᠠ ᠪᠣᠯ 《ᠰᠣᠷᠬᠣ᠎ᠳᠤ ᠰᠣᠷᠭ᠋ᠠᠨ ᠬᠦᠮᠦᠵᠢᠯ ᠲᠠᠢ》 ᠪᠠᠢᠳᠠᠭ᠎ᠡᠴᠡ 《ᠰᠤᠷᠬᠤ᠎ᠳᠤ ᠰᠢᠯᠢᠳᠡᠭ ᠰᠤᠷᠭ᠋ᠠᠨ ᠬᠥᠮᠦᠵᠢᠯ᠎ᠲᠠᠢ》 ᠪᠠᠢᠬᠤ ᠲᠡᠶ᠋ᠢᠰᠢ ᠲᠦᠷᠭᠡᠨ ᠬᠤᠪᠢᠷᠠᠭᠤᠯᠬᠤ᠎ᠶᠢ ᠠᠬᠢᠭᠤᠯᠬᠤ᠎ᠶᠢᠨ ᠲᠥᠯᠥᠭᠡ ᠶᠤᠮ᠃ ᠡᠮᠴᠢᠯᠡᠬᠦ ᠰᠡᠷᠭᠡᠢᠯᠡᠬᠦ ᠵᠠᠰᠠᠬᠤ ᠡᠷᠡᠭᠦᠯᠵᠢᠭᠦᠯᠬᠦ ᠬᠠᠮᠢᠶᠠᠷᠤᠯᠲᠠ᠎ᠶᠢᠨ ᠦᠢ᠍ᠯᠡᠴᠢᠯᠡᠭᠡᠨ᠎ᠤ ᠢᠨᠵᠧᠨᠧᠷᠢᠩ᠎ᠢ ᠬᠡᠷᠡᠭᠵᠢᠭᠦᠯᠬᠦ ᠴᠢᠭᠯᠡᠯ ᠪᠣᠯ᠂ ᠣᠯᠠᠨ ᠲᠦᠮᠡᠨ᠎ᠤ ᠪᠦᠬᠦ ᠠᠮᠢ ᠨᠠᠰᠤᠨ᠎ᠤ ᠦᠶᠡᠯᠡᠯ᠎ᠳᠡᠬᠢ ᠡᠷᠡᠭᠦᠯ ᠮᠡᠨᠳᠦ᠎ᠶᠢ ᠨᠡᠩ ᠪᠠᠲᠤᠯᠠᠭ᠎ᠠ᠎ᠲᠠᠢ ᠪᠣᠯᠭ᠋ᠠᠬᠤ ᠶᠠᠪᠤᠳᠠᠯ ᠪᠣᠯᠤᠨ᠎ᠠ᠃ ᠨᠠᠰᠤᠵᠢᠯ᠎ᠤᠨ ᠠᠰᠠᠷᠠᠮᠵᠢ᠎ᠶᠢᠨ ᠦᠨᠳᠦᠰᠦᠨ ᠦᠢ᠍ᠯᠡᠴᠢᠯᠡᠭᠡᠨ᠎ᠤ ᠲᠣᠭᠲᠠᠯᠴᠠᠭ᠎ᠠ᠎ᠶᠢ ᠰᠢᠯᠢᠳᠡᠭᠵᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠨᠠᠰᠤᠲᠠᠢ ᠬᠥᠮᠥᠰ᠎ᠲᠦ ᠴᠥᠮ ᠵᠣᠯ ᠵᠢᠷᠭ᠋ᠠᠯ᠎ᠲᠠᠢ᠎ᠪᠠᠷ ᠥᠲᠡᠯᠦᠭᠡ ᠨᠠᠰᠤ᠎ᠪᠠᠨ ᠥᠩᠭᠡᠷᠡᠭᠦᠯᠬᠦ᠎ᠶᠢ ᠨᠢ ᠪᠠᠲᠤᠯᠠᠬᠤ ᠶᠠᠪᠤᠳᠠᠯ ᠪᠣᠯᠣᠨ᠎ᠠ᠃ ᠲᠥᠷᠥᠵᠦ ᠬᠥᠩᠭᠡᠵᠢᠬᠦ᠎ᠶᠢ ᠴᠢᠬᠤᠯᠠᠴᠢᠯᠠᠨ ᠠᠩᠬᠠᠷᠳᠠᠭ ᠨᠥᠬᠥᠷᠰᠡᠭ ᠬᠡᠯᠪᠡᠷᠢ᠎ᠶᠢᠨ ᠨᠡᠶ᠋ᠢᠭᠡᠮ᠎ᠤᠨ ᠪᠠᠶ᠋ᠢᠭᠤᠯᠤᠯᠲᠠ᠎ᠶᠢᠨ ᠢᠨᠵᠧᠨᠧᠷᠢᠩ᠎ᠢ ᠬᠡᠷᠡᠭᠵᠢᠭᠦᠯᠵᠦ᠂ ᠭᠡᠷ ᠪᠦᠯᠢ᠎ᠶᠢᠨ ᠬᠡᠦᠬᠡᠳ ᠠᠪᠬᠤ ᠥᠰᠬᠡᠨ ᠪᠣᠶ᠋ᠢᠵᠢᠭᠤᠯᠬᠤ ᠰᠤᠷᠭᠠᠵᠤ ᠬᠥᠮᠥᠵᠢᠭᠦᠯᠬᠦ ᠥᠪᠡᠷ᠎ᠤᠨ ᠥᠷᠲᠡᠭ᠎ᠢ ᠨᠢ ᠪᠦᠲᠦᠮᠵᠢᠲᠡᠶ ᠪᠠᠭᠤᠷᠠᠭᠤᠯᠬᠤ᠎ᠪᠠᠷ ᠬᠦᠴᠦᠯᠡᠨ ᠴᠢᠷᠮᠠᠶ᠋ᠢᠨ᠎ᠠ᠃ ᠵᠠᠮ ᠬᠠᠷᠢᠯᠴᠠᠭ᠎ᠠ᠎ᠶᠢ ᠰᠠᠭ᠋ᠠᠳ ᠦᠭᠡᠢ ᠨᠡᠪᠲᠡᠷᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠣᠯᠠᠨ ᠲᠦᠮᠡᠨ᠎ᠤ ᠵᠣᠷᠴᠢᠯᠭᠠᠳᠤ ᠨᠡᠩ ᠳᠥᠭᠦᠮ ᠳᠥᠲᠡ ᠪᠣᠯᠭᠠᠨ᠎ᠠ᠃ ᠵᠥᠷᠢᠴᠡᠯ ᠵᠠᠭᠤᠷᠠᠯᠳᠤᠭᠠᠨ᠎ᠢ ᠤᠯᠠᠨ ᠡᠰᠢᠵᠢᠭᠦᠯᠦᠨ ᠰᠢᠢ᠍ᠳᠪᠦᠷᠢᠯᠡᠬᠦ ᠢᠨᠵᠧᠨᠧᠷᠢᠩ᠎ᠢ ᠬᠡᠷᠡᠭᠵᠢᠭᠦᠯᠬᠦ᠎ᠶᠢᠨ ᠵᠣᠭᠰᠣᠴᠠ ᠨᠢ ᠤᠴᠢᠷ ᠶᠠᠪᠤᠳᠠᠯ᠎ᠢ ᠰᠢᠢᠳᠪᠦᠷᠢᠯᠡᠬᠦ᠎ᠪᠡᠷ ᠰᠡᠳᠬᠢᠯ ᠰᠠᠨᠠᠭᠠᠨ᠎ᠤ ᠵᠠᠩᠭᠢᠷᠠᠭ᠎ᠠ᠎ᠶᠢ ᠨᠢ ᠲᠠᠶ᠋ᠢᠯᠵᠤ ᠨᠡᠶ᠋ᠢᠭᠡᠮ᠎ᠤᠨ ᠡᠶ᠎ᠡ ᠵᠣᠬᠢᠴᠠᠯ᠎ᠢ ᠠᠬᠢᠭᠤᠯᠬᠤ ᠶᠠᠪᠤᠳᠠᠯ ᠪᠣᠯᠤᠨ᠎ᠠ᠃ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠵᠦ᠂ ᠠᠮᠤᠷ ᠲᠦᠪᠰᠢᠨ᠂ ᠦᠨᠡᠨᠴᠢ ᠢᠲᠡᠭᠡᠮᠵᠢᠲᠡᠶ᠂ ᠳᠥᠭᠦᠮ ᠳᠥᠲᠡ᠂ ᠲᠠᠭ᠋ᠠᠯᠠᠮᠵᠢᠲᠠᠶ ᠬᠡᠷᠡᠭᠯᠡᠭᠡᠨ᠎ᠤ ᠣᠷᠴᠢᠨ ᠨᠥᠬᠥᠴᠡᠯ᠎ᠢ ᠪᠣᠶ ᠪᠣᠯᠭ᠋ᠠᠨ᠎ᠠ᠃ ᠬᠣᠲᠠ ᠬᠥᠳᠡᠭᠡ᠎ᠶᠢᠨ ᠣᠷᠣᠰᠢᠨ ᠰᠠᠭᠤᠬᠤ ᠣᠷᠴᠢᠨ ᠨᠥᠬᠥᠴᠡᠯ᠎ᠢ ᠰᠠᠢ᠍ᠵᠢᠷᠠᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠣᠷᠣᠰᠢᠨ ᠰᠠᠭᠤᠬᠤ ᠡᠶᠡᠯᠳᠡᠭ ᠰᠠᠢ᠌ᠬᠠᠨ ᠰᠢᠨ᠎ᠡ ᠵᠢᠷᠤᠭ ᠲᠥᠰᠥᠪ᠎ᠢ ᠵᠢᠷᠤᠭᠯᠠᠨ᠎ᠠ᠃ ᠡᠳᠡᠭᠡᠷ ᠪᠦᠬᠦᠨ ᠨᠢ 《ᠠᠢᠯ ᠡᠷᠦᠬᠡ》᠎ᠶᠢᠨ ᠠᠮᠢᠳᠤᠷᠠᠯ᠎ᠤᠨ ᠬᠠᠯᠠᠭᠤᠮᠰᠤᠭ ᠠᠭᠤᠷ ᠠᠮᠢᠰᠬᠤᠯ᠂ 《ᠤᠯᠤᠰ ᠭᠡᠷ》᠎ᠦᠨ ᠠᠵᠢᠯ ᠦᠢ᠍ᠯᠡᠰ᠎ᠤᠨ ᠡᠳᠥᠷ᠎ᠡᠴᠡ ᠡᠳᠦᠷ ᠦᠭᠡᠳᠡᠯᠡᠨ ᠰᠠᠢ᠌ᠵᠢᠷᠠᠬᠣ ᠯᠤᠭ᠎ᠠ ᠬᠤᠯᠪᠣᠭᠳᠠᠵᠤ ᠪᠠᠶ᠋ᠢᠳᠠᠭ᠃
ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠬᠡᠷᠡᠭᠵᠢᠭᠦᠯᠬᠦ᠎ᠳᠤ ᠡᠷᠬᠡᠪᠰᠢ ᠠᠷᠠᠳ᠎ᠤᠨ ᠬᠦᠰᠡᠯ ᠪᠣᠳᠣᠯ᠎ᠢ ᠨᠢ ᠠᠩᠬᠠᠷᠤᠨ ᠰᠣᠨᠣᠰᠬᠤ ᠬᠡᠷᠡᠭᠲᠡᠢ᠃ ᠨᠢᠭᠡ ᠲᠠᠯ᠎ᠠ᠎ᠪᠠᠷ 《ᠠᠷᠭ᠎ᠠ ᠪᠣᠳᠣᠯᠭ᠎ᠠ᠎ᠶᠢ ᠠᠷᠠᠳ᠎ᠠᠴᠠ ᠠᠰᠠᠭᠤᠬᠤ》᠎ᠶᠢ ᠪᠠᠷᠢᠮᠲᠠᠯᠠᠵᠤ᠂ ᠦᠷᠭᠦᠯᠵᠢ ᠬᠥᠳᠡᠭᠡ ᠨᠤᠲᠤᠭ ᠲᠠᠷᠢᠶᠠᠨ ᠭᠠᠵᠠᠷ᠎ᠢᠶᠠᠷ ᠶᠠᠪᠤᠵᠤ᠂ ᠦᠷᠭᠦᠯᠵᠢ ᠠᠷᠠᠳ᠎ᠤᠨ ᠭᠡᠷ᠎ᠢᠶᠡᠷ ᠠᠢᠯᠴᠢᠯᠠᠨ ᠲᠣᠭᠣᠷᠢᠵᠤ᠂ ᠤᠯᠠᠨ ᠲᠦᠮᠡᠨ᠎ᠤ ᠰᠠᠶ᠋ᠢᠨ ᠠᠷᠭ᠎ᠠ᠎ᠶᠢ 《ᠠᠯᠲᠠᠨ ᠲᠦᠯᠬᠢᠭᠦᠷ》 ᠪᠣᠯᠭ᠋ᠠᠨ᠎ᠠ; ᠨᠥᠭᠦᠭᠡ ᠲᠠᠯ᠎ᠠ᠎ᠪᠠᠷ 《ᠦᠷ᠎ᠡ ᠪᠦᠲᠦᠮᠵᠢ᠎ᠶᠢ ᠠᠷᠠᠳ᠎ᠠᠴᠠ ᠯᠠᠪᠯᠠᠬᠤ》᠎ᠶᠢ ᠴᠢᠬᠤᠯᠠᠴᠢᠯᠠᠵᠤ᠂ ᠪᠤᠰᠤᠳ᠎ᠤᠨ ᠡᠮᠦᠨ᠎ᠡ᠎ᠡᠴᠡ ᠪᠣᠳᠣᠵᠤ ᠢᠯᠡᠭᠦᠬᠡᠨ ᠰᠠᠨᠠᠵᠤ᠂ ᠠᠷᠠᠳ ᠣᠯᠠᠨ᠎ᠤ ᠬᠦᠰᠡᠯ ᠪᠣᠳᠣᠯ᠎ᠢ ᠢᠯᠡᠭᠦᠬᠡᠨ ᠰᠣᠨᠣᠰᠴᠤ᠂ ᠡᠳᠡᠭᠡᠷ᠎ᠲᠦ ᠣᠯᠠᠨ ᠲᠦᠮᠡᠨ᠎ᠢ ᠣᠷᠣᠯᠴᠠᠭᠤᠯᠵᠤ᠂ ᠦᠷ᠎ᠡ ᠪᠦᠲᠦᠮᠵᠢ᠎ᠶᠢ ᠣᠢᠯᠠᠭᠠᠭᠤᠯᠵᠤ ᠮᠡᠳᠡᠷᠡᠭᠦᠯᠦᠨ᠎ᠡ᠃ ᠢᠩᠭᠢᠪᠡᠰᠦ᠂ ᠥᠭᠡᠷᠡᠴᠢᠯᠡᠯᠲᠡ᠎ᠪᠡᠷ ᠣᠯᠣᠭᠰᠠᠨ ᠠᠷᠠᠳ᠎ᠤᠨ ᠠᠮᠢᠳᠤᠷᠠᠯ᠎ᠤᠨ ᠲᠠᠯ᠎ᠠ᠎ᠪᠠᠷ ᠬᠢ ᠠᠮᠵᠢᠯᠲᠠ ᠪᠦᠲᠦᠮᠵᠢ ᠰᠠᠶᠢ ᠤᠯᠠᠮ ᠡᠯᠪᠡᠭ᠂ ᠨᠡᠩ ᠦᠨᠡᠨ ᠪᠣᠳᠠᠲᠠᠢ ᠴᠢᠨᠠᠷ ᠴᠢᠨᠰᠠᠭ᠎ᠠ ᠲᠠᠢ ᠪᠣᠯᠣᠨ᠎ᠠ᠃