
ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ᠂ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠯᠢ ᠴᠢᠶᠠᠩ 1 ᠳ᠋ᠦ᠍ᠭᠡᠷ ᠰᠠᠷ᠎ᠠ᠎ᠶᠢᠨ 14 ᠦ ᠡᠳᠦᠷ ᠪᠡᠭᠡᠵᠢᠩ᠎ᠳᠦ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯᠳᠤᠭᠠᠨ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠦᠭᠦᠳᠡ ᠬᠤᠷᠠᠯᠳᠤᠭᠠᠨ ᠳᠡᠭᠡᠷᠡᠬᠢ ᠴᠢᠬᠤᠯᠠ ᠶᠠᠷᠢᠶ᠎ᠠ ᠪᠠ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠵᠠᠰᠠᠭ᠎ᠤᠨ ᠣᠷᠳᠣᠨ᠎ᠤ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠡᠷ ᠵᠠᠰᠠᠭ ᠪᠠᠷᠢᠬᠤ ᠪᠠᠢᠭᠤᠯᠤᠯᠲᠠ ᠪᠠ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠤᠯᠠᠮ ᠨᠢᠭᠡ ᠠᠯᠬᠤᠮ ᠠᠬᠢᠭᠤᠯᠬᠤ᠎ᠪᠠᠷ ᠪᠠᠢᠷᠢᠯᠠᠭᠤᠯᠤᠯᠲᠠ ᠬᠢᠪᠡ᠃ ᠳ᠋ᠢᠩ ᠰᠢᠤᠸᠠᠢ ᠰᠢᠶᠠᠩ ᠬᠤᠷᠠᠯᠳᠤᠭᠠᠨ᠎ᠳᠤ ᠣᠷᠣᠯᠴᠠᠵᠠᠢ᠃ ᠰᠢᠨᠬᠤᠸᠠ ᠬᠣᠷᠢᠶ᠎ᠠ᠎ᠶᠢᠨ ᠰᠤᠷᠪᠤᠯᠵᠢᠯᠠᠭ᠍ᠴᠢ ᠬᠤᠸᠠᠩ ᠵᠢᠩ ᠸᠧᠨ ᠰᠡᠭᠦᠳᠡᠷᠯᠡᠪᠡ
ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 1 ᠳ᠋ᠦ᠍ᠭᠡᠷ ᠰᠠᠷ᠎ᠠ᠎ᠶᠢᠨ 14 ᠤ ᠡᠳᠦᠷ᠎ᠦᠨ ᠴᠠᠬᠢᠯᠭᠠᠨ ᠮᠡᠳᠡᠭᠡ 1 ᠳ᠋ᠦ᠍ᠭᠡᠷ ᠰᠠᠷ᠎ᠠ᠎ᠶᠢᠨ 14 ᠦ ᠡᠳᠦᠷ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ᠂ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠯᠢ ᠴᠢᠶᠠᠩ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯᠳᠤᠭᠠᠨ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠦᠭᠦᠳᠡ ᠬᠤᠷᠠᠯᠳᠤᠭᠠᠨ ᠳᠡᠭᠡᠷᠡᠬᠢ ᠴᠢᠬᠤᠯᠠ ᠶᠠᠷᠢᠶ᠎ᠠ ᠪᠠ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠵᠠᠰᠠᠭ᠎ᠤᠨ ᠣᠷᠳᠣᠨ᠎ᠤ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠡᠷ ᠵᠠᠰᠠᠭ ᠪᠠᠷᠢᠬᠤ ᠪᠠᠢᠭᠤᠯᠤᠯᠲᠠ ᠪᠠ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠤᠯᠠᠮ ᠨᠢᠭᠡ ᠠᠯᠬᠤᠮ ᠠᠬᠢᠭᠤᠯᠬᠤ᠎ᠪᠠᠷ ᠪᠠᠢᠷᠢᠯᠠᠭᠤᠯᠤᠯᠲᠠ ᠬᠢᠪᠡ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠶᠡᠷᠦᠩᠬᠡᠢ ᠱᠦᠵᠢ ᠰᠢ᠎ᠵᠢᠨ᠎ᠫᠢᠩ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠥᠬᠥᠳᠡ ᠬᠤᠷᠠᠯᠳᠤᠭᠠᠨ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠪᠦᠬᠦ ᠲᠠᠯ᠎ᠠ᠎ᠶᠢᠨ ᠥᠨᠳᠥᠷᠴᠡ᠎ᠳᠦ ᠵᠣᠭᠰᠣᠵᠤ᠂ ᠨᠠᠮ᠎ᠤᠨ ᠥᠪᠡᠷ᠎ᠦᠨ ᠪᠡᠶ᠎ᠡ᠎ᠳᠦ᠎ᠪᠡᠨ ᠬᠤᠪᠢᠰᠬᠠᠯ ᠬᠢᠬᠦ᠎ᠶᠢ ᠭᠦᠨᠵᠡᠭᠡᠢ ᠠᠬᠢᠭᠤᠯᠬᠤ᠂ ᠨᠡᠩ ᠥᠨᠳᠥᠷ ᠪᠠᠷᠢᠮᠵᠢᠶ᠎ᠠ᠎ᠪᠠᠷ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠠᠬᠢᠭᠤᠯᠬᠤ ᠲᠤᠬᠠᠢ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠭᠰᠡᠨ ᠨᠢ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠣᠳᠬᠤ ᠴᠢᠨᠠᠷᠲᠠᠢ ᠪᠠᠢᠵᠤ᠂ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠡᠷ ᠵᠠᠰᠠᠭ ᠪᠠᠷᠢᠬᠤ ᠪᠠᠢᠭᠤᠯᠤᠯᠲᠠ ᠪᠣᠯᠣᠨ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠪᠠ᠃ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ ᠪᠠ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠡᠯ᠎ᠡ ᠰᠠᠯᠠᠭ᠎ᠠ ᠮᠥᠴᠢᠷ᠎ᠦᠨ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ) ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠠ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠦᠭᠦᠳᠡ ᠬᠤᠷᠠᠯᠳᠤᠭᠠᠨ᠎ᠤ ᠪᠠᠢᠷᠢᠯᠠᠭᠤᠯᠤᠯᠲᠠ ᠯᠤᠭ᠎ᠠ ᠦᠨᠡᠨ ᠬᠦ᠌ ᠨᠢᠭᠡᠳᠬᠡᠵᠦ᠂ 《ᠬᠣᠶᠠᠷ᠎ᠢ ᠲᠣᠭᠲᠠᠭᠠᠭᠰᠠᠨ》᠎ᠤ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠵᠦ᠂ ᠤᠯᠤᠰ ᠲᠦᠷᠦ᠎ᠶᠢᠨ ᠤᠬᠠᠮᠰᠠᠷ᠎ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠱᠠᠭᠠᠷᠳᠠᠯᠭ᠎ᠠ᠎ᠶᠢ ᠵᠠᠰᠠᠭ᠎ᠤᠨ ᠣᠷᠳᠣᠨ᠎ᠤ ᠠᠵᠢᠯ᠎ᠤᠨ ᠡᠯ᠎ᠡ ᠲᠠᠯ᠎ᠠ᠎ᠶᠢᠨ ᠪᠦᠬᠦ ᠶᠠᠪᠤᠴᠠ᠎ᠳᠤ ᠲᠤᠭᠤᠰᠢᠯᠠᠭᠤᠯᠬᠤ ᠬᠡᠷᠡᠭᠲᠡᠢ ᠭᠡᠪᠡ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠥᠩᠭᠡᠷᠡᠭᠰᠡᠨ ᠨᠢᠭᠡ ᠵᠢᠯ᠎ᠳᠦ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ ᠪᠠ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠡᠯ᠎ᠡ ᠰᠠᠯᠠᠭ᠎ᠠ ᠮᠥᠴᠢᠷ᠎ᠦᠨ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ) ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠬᠢᠨᠠᠮᠠᠭᠠᠢ ᠲᠤᠭᠤᠰᠢᠯᠠᠭᠤᠯᠵᠤ᠂ ᠲᠥᠪ᠎ᠦᠨ ᠨᠠᠢ᠍ᠮᠠᠨ ᠵᠤᠷᠪᠤᠰ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠵᠠᠰᠠᠭ᠎ᠤᠨ ᠣᠷᠳᠣᠨ᠎ᠤ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠡᠷ ᠵᠠᠰᠠᠭ ᠪᠠᠷᠢᠬᠤ ᠪᠠᠢᠭᠤᠯᠤᠯᠲᠠ ᠪᠣᠯᠣᠨ ᠢᠯᠵᠢᠷᠡᠯ᠎ᠢ ᠡᠰᠡᠷᠭᠦᠴᠡᠬᠦ ᠲᠡᠮᠡᠴᠡᠯ ᠰᠢᠨ᠎ᠡ ᠠᠬᠢᠴᠠ᠎ᠲᠠᠢ ᠪᠣᠯᠵᠠᠢ᠃ ᠰᠢᠨ᠎ᠡ ᠨᠢᠭᠡ ᠵᠢᠯ᠎ᠳᠦ᠂ ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ ᠠᠵᠢᠯ᠎ᠢᠶᠠᠨ ᠰᠢᠨᠲᠠᠷᠠᠰᠢ ᠦᠭᠡᠢ ᠴᠢᠩᠭᠠᠳᠬᠠᠵᠤ᠂ ᠨᠡᠩ ᠬᠦᠴᠦᠲᠡᠢ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠢᠭᠠᠳ ᠵᠠᠰᠠᠭ᠎ᠤᠨ ᠣᠷᠳᠣᠨ᠎ᠤ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠡᠷ ᠵᠠᠰᠠᠭ ᠪᠠᠷᠢᠬᠤ ᠪᠠᠢᠭᠤᠯᠤᠯᠲᠠ ᠪᠣᠯᠣᠨ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠡᠷᠡᠰ ᠭᠤᠢᠪᠢᠰᠢ ᠦᠭᠡᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠰᠠᠢᠨ ᠰᠠᠢᠬᠠᠨ ᠡᠬᠢᠯᠡᠯᠲᠡ᠎ᠶᠢ ᠪᠡᠶᠡᠯᠡᠭᠦᠯᠬᠦ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠲᠣᠪᠣᠢᠮ᠎ᠠ ᠰᠠᠢᠲᠤᠷ ᠠᠳᠬᠤᠵᠤ᠂ ᠢᠮᠠᠭᠲᠠ ᠲᠤᠭᠤᠰᠢᠲᠠᠢ ᠪᠠᠢᠳᠠᠭ ᠬᠡᠷᠡᠭᠵᠢᠭᠦᠯᠬᠦ ᠬᠦᠴᠦᠨ ᠪᠠ ᠨᠡᠪᠲᠡᠯᠬᠦ ᠬᠦᠴᠦᠨ᠎ᠢ ᠴᠢᠩᠭᠠᠷᠠᠭᠤᠯᠤᠨ᠂ ᠵᠥᠪ ᠣᠨᠣᠪᠴᠢᠲᠠᠢ ᠵᠠᠰᠠᠭ᠎ᠤᠨ ᠠᠵᠢᠯ᠎ᠤᠨ ᠠᠮᠵᠢᠯᠲᠠ᠎ᠶᠢᠨ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠠᠷᠠᠳ ᠲᠦᠮᠡᠨ᠎ᠳᠦ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠢ ᠠᠵᠢᠯᠯᠠᠬᠤ᠎ᠪᠠᠷ ᠠᠵᠢᠯ᠎ᠤᠨ ᠪᠦᠲᠦᠮᠵᠢ ᠭᠠᠷᠭᠠᠬᠤ᠎ᠶᠢ ᠪᠠᠷᠢᠮᠲᠠᠯᠠᠵᠤ᠂ ᠴᠢᠨᠠᠷ ᠰᠠᠢᠲᠠᠢ ᠬᠥᠭᠵᠢᠯᠲᠡ᠎ᠶᠢᠨ ᠳᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ᠎ᠶᠢ ᠬᠦᠴᠦᠯᠡᠨ ᠠᠬᠢᠭᠤᠯᠬᠤ ᠬᠡᠷᠡᠭᠲᠡᠢ᠃ ᠬᠠᠤᠯᠢ ᠲᠣᠭᠲᠠᠭᠠᠯ ᠳᠦᠷᠢᠮ᠎ᠦᠨ ᠪᠠᠢᠭᠤᠯᠤᠯᠲᠠ ᠪᠠ ᠬᠡᠷᠡᠭᠵᠢᠭᠦᠯᠦᠯᠲᠡ᠎ᠶᠢ ᠲᠣᠪᠤᠢᠯᠭᠠᠨ ᠰᠠᠢᠲᠤᠷ ᠠᠳᠬᠤᠵᠤ᠂ ᠬᠢᠵᠠᠭᠠᠷᠯᠠᠬᠤ ᠬᠦᠴᠦᠨ᠎ᠢ ᠴᠢᠩᠭᠠᠷᠠᠭᠤᠯᠵᠤ᠂ ᠳᠦᠷᠢᠮ᠎ᠦᠨ ᠰᠢᠩᠭᠡᠯᠢᠭ᠎ᠢ ᠨᠡᠩ ᠴᠢᠩᠭ᠎ᠠ ᠨᠡᠩ ᠪᠠᠲᠤ ᠪᠡᠬᠢᠯᠡᠦ᠂ ᠢᠯᠵᠢᠷᠡᠯ ᠡᠭᠦᠰᠦᠨ ᠳᠡᠯᠭᠡᠷᠡᠬᠦ ᠬᠥᠷᠥᠰᠥ ᠰᠢᠷᠣᠢ᠎ᠶᠢ ᠠᠷᠢᠯᠭᠠᠬᠤ ᠬᠡᠷᠡᠭᠲᠡᠢ᠃ ᠰᠤᠷᠲᠠᠯ ᠪᠠ ᠢᠯᠵᠢᠷᠡᠯ᠎ᠢ ᠬᠠᠮᠲᠤ᠎ᠳᠤ ᠨᠢ ᠪᠠᠢᠴᠠᠭᠠᠵᠤ ᠵᠡᠷᠭᠡ᠎ᠳᠦ ᠨᠢ ᠵᠠᠰᠠᠬᠤ᠎ᠶᠢ ᠲᠣᠪᠣᠢᠮ᠎ᠠ ᠰᠠᠢᠲᠤᠷ ᠠᠳᠬᠤᠵᠤ᠂ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠰᠢᠭᠤᠯᠬᠤ ᠪᠠ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶᠢ ᠠᠬᠢᠭᠤᠯᠵᠤ᠂ ᠢᠯᠵᠢᠷᠡᠯ ᠠᠮᠠᠷᠬᠠᠨ ᠡᠭᠦᠰᠬᠦ ᠤᠯᠠᠨ ᠡᠭᠦᠰᠳᠡᠭ ᠭᠣᠣᠯᠳᠠᠯᠭ᠎ᠠ ᠪᠣᠯᠬᠤ ᠬᠦᠷᠢᠶ᠎ᠡ᠎ᠶᠢ ᠴᠢᠩᠭ᠎ᠠ ᠠᠩᠬᠠᠷᠴᠤ ᠦᠩᠭᠡᠨ ᠲᠠᠯ᠎ᠠ ᠪᠠ ᠦᠨᠳᠦᠰᠦ᠎ᠡᠴᠡ ᠨᠢ ᠵᠠᠰᠠᠬᠤ᠂ ᠵᠠᠯᠬᠠᠭᠠᠬᠤ ᠪᠠ ᠰᠡᠷᠭᠡᠢᠯᠡᠬᠦ᠎ᠶᠢ ᠵᠡᠷᠭᠡ᠎ᠳᠦ ᠨᠢ ᠠᠳᠬᠤᠬᠤ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠡᠯ᠎ᠡ ᠲᠦᠷᠦᠯ᠎ᠦᠨ ᠰᠢᠨ᠎ᠡ ᠬᠡᠯᠪᠡᠷᠢ᠎ᠶᠢᠨ ᠢᠯᠵᠢᠷᠡᠯ ᠪᠠ ᠳᠠᠯᠳᠠ ᠴᠢᠨᠠᠷᠲᠠᠢ ᠢᠯᠵᠢᠷᠡᠯ᠎ᠢ ᠰᠡᠷᠭᠡᠢᠯᠡᠬᠦ ᠬᠡᠷᠡᠭᠲᠡᠢ ᠭᠡᠪᠡ᠃
ᠬᠤᠷᠠᠯᠳᠤᠭᠠᠨ᠎ᠢᠶᠠᠷ ᠴᠢᠬᠤᠯᠠᠴᠢᠯᠠᠬᠤ᠎ᠳᠤ᠎ᠪᠠᠨ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠬᠡᠵᠦ᠂ ᠵᠠᠰᠠᠭ᠎ᠤᠨ ᠣᠷᠳᠣᠨ᠎ᠤ ᠲᠤᠰ ᠪᠡᠶ᠎ᠡ᠎ᠶᠢᠨ ᠪᠠᠢᠭᠤᠯᠤᠯᠲᠠ᠎ᠪᠠᠨ ᠦᠷᠭᠦᠯᠵᠢᠯᠡᠨ ᠴᠢᠩᠭᠠᠳᠬᠠᠵᠤ᠂ ᠵᠠᠰᠠᠭ ᠵᠠᠬᠢᠷᠭᠠᠨ᠎ᠤ ᠦᠢᠯᠡᠳᠦᠯ ᠴᠢᠳᠠᠪᠬᠢ ᠪᠠ ᠦᠢᠯᠡᠴᠢᠯᠡᠭᠡᠨ᠎ᠦ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠬᠦ ᠬᠡᠷᠡᠭᠲᠡᠢ᠃ ᠨᠠᠮ᠎ᠤᠨ ᠤᠳᠤᠷᠢᠳᠬᠤ ᠳᠤᠭᠤᠢᠯᠠᠩ᠎ᠤᠨ ᠨᠥᠬᠥᠳ 《ᠨᠢᠭᠡ ᠠᠵᠢᠯ᠎ᠤᠨ ᠪᠠᠢᠷᠢ᠎ᠶᠢᠨ ᠬᠣᠣᠰ ᠬᠠᠷᠢᠭᠤᠴᠠᠯᠭ᠎ᠠ》᠎ᠶᠢ ᠰᠠᠢᠲᠤᠷ ᠭᠦᠢᠴᠡᠳᠬᠡᠵᠦ᠂ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠲᠠᠰᠤᠷᠠᠯᠳᠠ ᠦᠭᠡᠢ ᠴᠢᠩᠭᠠᠳᠬᠠᠵᠤ᠂ ᠢᠮᠠᠭᠲᠠ ᠪᠡᠶ᠎ᠡ᠎ᠪᠡᠨ ᠴᠢᠩᠭ᠎ᠠ ᠱᠠᠭᠠᠷᠳᠠᠵᠤ᠂ ᠲᠥᠪ ᠭᠣᠣᠯᠴᠢ ᠠᠷᠢᠭᠤᠨ ᠴᠢᠬᠡᠴᠢ ᠪᠠᠢᠬᠤ᠎ᠶᠢ ᠪᠡᠶᠡᠯᠡᠭᠦᠯᠬᠦ ᠬᠡᠷᠡᠭᠲᠡᠢ ᠭᠡᠪᠡ᠃
ᠳ᠋ᠢᠩ ᠰᠢᠤᠸᠠᠢ ᠰᠢᠶᠠᠩ᠂ ᠾᠧ ᠯᠢ ᠹᠧᠩ᠂ ᠵᠠᠩ ᠭᠦᠸᠧ ᠴᠢᠩ᠂ ᠯᠢᠦ ᠭᠦᠸᠧ ᠵᠦᠩ᠂ ᠸᠠᠩ ᠰᠢᠶᠣᠣ ᠬᠣᠩ᠂ ᠦ᠋ ᠵᠧᠩ ᠯᠦᠩ᠂ ᠱᠧᠨ ᠢ ᠴᠢᠨ ᠲᠣᠰ ᠬᠤᠷᠠᠯᠳᠤᠭᠠᠨ᠎ᠳᠤ ᠣᠷᠣᠯᠴᠠᠵᠠᠢ᠃