ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠯᠢ ᠴᠢᠶᠠᠩ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠪᠠᠢᠩᠭᠤ᠎ᠶᠢᠨ ᠬᠤᠷᠠᠯᠳᠤᠭᠠᠨ᠎ᠢ ᠡᠷᠬᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2026-01-19

ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 1 ᠳ᠋ᠦ᠍ᠭᠡᠷ ᠰᠠᠷ᠎ᠠ᠎ᠶᠢᠨ 16 ᠎ᠤ ᠡᠳᠦᠷ᠎ᠦᠨ ᠴᠠᠬᠢᠯᠭᠠᠨ ᠮᠡᠳᠡᠭᠡ  ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ 1 ᠳ᠋ᠦ᠍ᠭᠡᠷ ᠰᠠᠷ᠎ᠠ᠎ᠶᠢᠨ 16 ᠎ᠤ ᠡᠳᠦᠷ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠪᠠᠢᠩᠭᠤ᠎ᠶᠢᠨ ᠬᠤᠷᠠᠯᠳᠤᠭᠠᠨ᠎ᠢ ᠡᠷᠬᠢᠯᠡᠨ ᠬᠤᠷᠠᠯᠳᠤᠭᠤᠯᠵᠤ᠂ ᠬᠡᠷᠡᠭᠯᠡᠭᠡ᠎ᠶᠢ ᠬᠥᠭᠵᠢᠭᠡᠬᠦ ᠲᠤᠰᠬᠠᠢ ᠠᠵᠢᠯᠯᠠᠭᠠᠨ᠎ᠤ ᠠᠬᠢᠴᠠ᠎ᠶᠢᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠤᠭᠰᠠᠨ᠎ᠤ ᠬᠠᠮᠲᠤ ᠦᠢᠯᠡᠴᠢᠯᠡᠭᠡᠨ᠎ᠦ ᠬᠡᠷᠡᠭᠯᠡᠭᠡ᠎ᠶᠢᠨ ᠰᠢᠨ᠎ᠡ ᠨᠡᠮᠡᠭᠳᠡᠯ᠎ᠦᠨ ᠴᠡᠭ᠎ᠢ ᠲᠦᠷᠭᠡᠪᠴᠢᠯᠡᠨ ᠪᠣᠢᠵᠢᠭᠤᠯᠬᠤ ᠵᠡᠷᠭᠡ ᠬᠡᠷᠡᠭᠯᠡᠭᠡ᠎ᠶᠢ ᠠᠬᠢᠭᠤᠯᠬᠤ ᠠᠷᠭ᠎ᠠ ᠬᠡᠮᠵᠢᠶ᠎ᠡ᠎ᠶᠢ ᠰᠤᠳᠤᠯᠵᠤ᠂ ᠠᠵᠤ ᠠᠬᠤᠢᠯᠠᠯ᠎ᠳᠤ ᠥᠷᠢᠲᠦᠵᠦ ᠪᠠᠢᠭ᠎ᠠ ᠳᠠᠩᠰᠠᠨ ᠵᠣᠭᠣᠰ᠎ᠢ ᠢᠯᠭᠠᠷᠠᠭᠤᠯᠬᠤ ᠠᠵᠢᠯᠯᠠᠭ᠎ᠠ ᠪᠠ ᠬᠥᠯᠥᠰᠦᠨ ᠠᠵᠢᠯᠴᠢᠨ᠎ᠤ ᠴᠠᠯᠢᠩ᠎ᠢ ᠥᠭᠬᠦ᠎ᠶᠢ ᠪᠠᠲᠤᠯᠠᠬᠤ ᠬᠣᠯᠪᠣᠭᠳᠠᠯ ᠪᠦᠬᠦᠢ ᠠᠵᠢᠯ᠎ᠢ ᠰᠠᠢᠲᠤᠷ ᠬᠢᠬᠦ᠎ᠶᠢ ᠪᠠᠢᠷᠢᠯᠠᠭᠤᠯᠵᠤ᠂ 《ᠵᠠᠰᠠᠭ ᠵᠠᠬᠢᠷᠭᠠᠨ᠎ᠤ ᠬᠡᠰᠡᠭ ᠬᠠᠤᠯᠢ ᠲᠣᠭᠲᠠᠭᠠᠯ᠎ᠳᠤ ᠵᠠᠰᠠᠪᠤᠷᠢ ᠣᠷᠣᠭᠤᠯᠬᠤ ᠪᠠ ᠲᠡᠭᠦᠨ᠎ᠢ ᠬᠦᠴᠦᠨ ᠦᠭᠡᠢ ᠪᠣᠯᠭᠠᠬᠤ ᠲᠤᠬᠠᠢ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠲᠣᠭᠲᠠᠭᠠᠯ (ᠡᠬᠡ ᠲᠥᠰᠥᠯ) 》᠎ᠢ ᠬᠢᠨᠠᠨ ᠵᠥᠪᠯᠡᠵᠦ ᠪᠠᠲᠤᠯᠠᠪᠠ᠃

ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠨᠢᠳᠤᠨᠤᠨ ᠬᠡᠷᠡᠭᠯᠡᠭᠡ᠎ᠶᠢ ᠬᠥᠭᠵᠢᠭᠡᠬᠦ ᠲᠤᠰᠬᠠᠢ ᠠᠵᠢᠯᠯᠠᠭᠠᠨ᠎ᠢ ᠥᠷᠨᠢᠭᠦᠯᠦᠭᠰᠡᠨ᠎ᠡᠴᠡ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠲᠦᠷᠦ᠎ᠶᠢᠨ ᠪᠣᠳᠣᠯᠭ᠎ᠠ᠎ᠶᠢᠨ ᠨᠠᠢᠳᠠᠪᠤᠷᠢᠵᠢᠭᠤᠯᠤᠯᠲᠠ᠎ᠶᠢ ᠦᠷᠭᠦᠯᠵᠢᠯᠡᠨ ᠰᠠᠢᠲᠤᠷ ᠠᠳᠬᠤᠵᠤ᠂ ᠢᠳᠡᠪᠬᠢᠲᠡᠢ ᠦᠷ᠎ᠡ ᠪᠦᠲᠦᠮᠵᠢ ᠣᠯᠵᠠᠢ᠃ ᠬᠡᠷᠡᠭᠯᠡᠭᠡ᠎ᠶᠢ ᠬᠥᠭᠵᠢᠭᠡᠬᠦ ᠲᠤᠰᠬᠠᠢ ᠠᠵᠢᠯᠯᠠᠭᠠᠨ᠎ᠢ ᠭᠦᠨᠵᠡᠭᠡᠢ ᠬᠡᠷᠡᠭᠵᠢᠭᠦᠯᠵᠦ᠂ ᠡᠯ᠎ᠡ ᠵᠦᠢᠯ᠎ᠦᠨ ᠲᠥᠷᠥ᠎ᠶᠢᠨ ᠪᠣᠳᠣᠯᠭ᠎ᠠ᠎ᠶᠢᠨ ᠬᠤᠷᠠᠮᠠᠯ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ᠎ᠶᠢ ᠬᠡᠷᠡᠭᠯᠡᠭᠡ᠎ᠶᠢ ᠠᠬᠢᠭᠤᠯᠬᠤ ᠯᠤᠭ᠎ᠠ ᠨᠢᠭ᠍ᠲᠠ ᠤᠶᠠᠯᠳᠤᠭᠤᠯᠬᠤ᠎ᠶᠢ ᠠᠬᠢᠭᠤᠯᠵᠤ᠂ ᠰᠠᠭᠤᠭᠠᠯᠢ ᠠᠷᠠᠳ᠎ᠤᠨ ᠬᠡᠷᠡᠭᠯᠡᠭᠡ᠎ᠶᠢᠨ ᠳᠣᠲᠣᠭᠠᠳᠤ᠎ᠶᠢᠨ ᠬᠥᠳᠡᠯᠭᠡᠭᠴᠢ ᠬᠦᠴᠦᠨ᠎ᠢ ᠪᠦᠲᠦᠮᠵᠢᠲᠡᠶ ᠴᠢᠩᠭᠠᠷᠠᠭᠤᠯᠤᠨ᠂ ᠬᠡᠷᠡᠭᠯᠡᠭᠡ᠎ᠪᠡᠷ ᠠᠵᠤ ᠠᠬᠤᠢ᠎ᠶᠢᠨ ᠨᠡᠮᠡᠭᠳᠡᠯ᠎ᠢ ᠳᠠᠢᠴᠢᠯᠠᠬᠤ ᠰᠠᠭᠤᠷᠢ ᠴᠢᠨᠠᠷᠲᠠᠢ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ᠃ ᠦᠢᠯᠡᠴᠢᠯᠡᠭᠡᠨ᠎ᠦ ᠬᠡᠷᠡᠭᠯᠡᠭᠡ᠎ᠶᠢᠨ ᠰᠢᠨ᠎ᠡ ᠨᠡᠮᠡᠭᠳᠡᠯ᠎ᠦᠨ ᠴᠡᠭ᠎ᠢ ᠲᠦᠷᠭᠡᠪᠴᠢᠯᠡᠨ ᠪᠣᠢᠵᠢᠭᠤᠯᠵᠤ᠂ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ ᠰᠢᠨ᠎ᠡ ᠬᠡᠪ ᠵᠠᠭᠪᠤᠷ ᠰᠢᠨ᠎ᠡ ᠦᠵᠡᠭᠳᠡᠯ ᠥᠷᠢᠰᠦᠯᠳᠦᠨ ᠢᠯᠡᠷᠡᠬᠦ᠎ᠶᠢ ᠲᠡᠮᠵᠢᠵᠤ᠂ ᠴᠢᠨᠠᠷᠵᠢᠭᠤᠨ ᠦᠢᠯᠡᠴᠢᠯᠡᠭᠡᠨ᠎ᠦ ᠬᠠᠩᠭᠠᠯᠭ᠎ᠠ᠎ᠶᠢ ᠨᠡᠮᠡᠭᠳᠡᠭᠦᠯᠵᠦ᠂ ᠢᠲᠡᠭᠡᠮᠵᠢ᠂ ᠪᠠᠷᠢᠮᠵᠢᠶ᠎ᠠ᠂ ᠠᠮᠤᠷ ᠲᠦᠪᠰᠢᠨ᠎ᠦ ᠬᠠᠮᠢᠶᠠᠷᠤᠯᠲᠠ ᠵᠡᠷᠭᠡ ᠠᠰᠠᠭᠤᠳᠠᠯ᠎ᠢ ᠰᠠᠢᠲᠤᠷ ᠰᠢᠢᠳᠪᠦᠷᠢᠯᠡᠵᠦ᠂ ᠦᠢᠯᠡᠴᠢᠯᠡᠭᠡᠨ᠎ᠦ ᠬᠡᠷᠡᠭᠯᠡᠭᠡ᠎ᠶᠢᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠦᠨ ᠠᠷᠠᠳ᠎ᠲᠤ ᠠᠰᠢᠭ᠋ ᠬᠦᠷᠲᠡᠭᠡᠬᠦ᠎ᠶᠢ ᠠᠬᠢᠭᠤᠯᠬᠤ ᠬᠡᠷᠡᠭᠲᠡᠢ᠃ ᠬᠡᠷᠡᠭᠯᠡᠭᠡ᠎ᠶᠢ ᠠᠬᠢᠭᠤᠯᠬᠤ ᠤᠷᠳᠤ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠲᠡᠭᠦᠯᠳᠡᠷᠵᠢᠭᠦᠯᠵᠦ᠂ ᠬᠡᠷᠡᠭᠯᠡᠭᠡ᠎ᠶᠢ ᠥᠷᠭᠡᠳᠬᠡᠬᠦ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠂ ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ᠎ᠶᠢ ᠨᠡᠮᠡᠭᠳᠡᠭᠦᠯᠬᠦ ᠲᠥᠯᠥᠪᠯᠡᠭᠡ᠎ᠶᠢ ᠰᠠᠢᠲᠤᠷ ᠲᠣᠭᠲᠠᠭᠠᠨ ᠬᠡᠷᠡᠭᠵᠢᠭᠦᠯᠵᠦ᠂ ᠬᠡᠷᠡᠭᠯᠡᠭᠡ᠎ᠶᠢᠨ ᠬᠦᠷᠢᠶᠡᠨ᠎ᠳᠡᠬᠢ ᠵᠦᠢ ᠵᠣᠬᠢᠰ ᠦᠭᠡᠢ ᠬᠢᠵᠠᠭᠠᠷᠯᠠᠯ᠎ᠢ ᠲᠦᠷᠭᠡᠪᠴᠢᠯᠡᠨ ᠴᠡᠪᠡᠷᠯᠡᠵᠦ᠂ ᠴᠠᠯᠢᠩ ᠲᠠᠢ ᠠᠮᠠᠷᠠᠯᠲᠠ᠎ᠶᠢᠨ ᠳᠦᠷᠢᠮ᠎ᠢ ᠨᠠᠢᠳᠠᠪᠤᠷᠢᠵᠢᠭᠤᠯᠵᠤ᠂ ᠬᠡᠷᠡᠭᠯᠡᠭᠡ᠎ᠶᠢᠨ ᠴᠢᠳᠠᠪᠤᠷᠢ ᠪᠠ ᠬᠡᠷᠡᠭᠯᠡᠭᠡ᠎ᠶᠢᠨ ᠬᠦᠰᠡᠯᠲᠡ᠎ᠶᠢ ᠦᠷᠭᠦᠯᠵᠢᠯᠡᠨ ᠳᠡᠭᠡᠭᠰᠢᠯᠡᠭᠦᠯᠬᠦ᠂ ᠬᠡᠷᠡᠭᠯᠡᠭᠡ᠎ᠶᠢᠨ ᠪᠦᠲᠦᠴᠡ ᠪᠠ ᠠᠵᠤ ᠦᠢᠯᠡᠰ᠎ᠦᠨ ᠪᠦᠲᠦᠴᠡ᠎ᠶᠢ ᠬᠣᠯᠪᠣᠯᠳᠤᠭᠤᠯᠤᠨ ᠲᠡᠰ ᠳᠡᠪᠰᠢᠭᠦᠯᠬᠦ᠎ᠶᠢ ᠠᠬᠢᠭᠤᠯᠵᠤ᠂ ᠤᠯᠤᠰ᠎ᠤᠨ ᠳᠣᠲᠣᠭᠠᠳᠤ᠎ᠶᠢᠨ ᠬᠦᠴᠦᠷᠬᠡᠭ ᠶᠡᠬᠡ ᠵᠠᠬ᠎ᠠ ᠳᠡᠯᠭᠡᠭᠦᠷ᠎ᠢ ᠲᠦᠷᠭᠡᠪᠴᠢᠯᠡᠨ ᠪᠠᠶ᠋ᠢᠭᠤᠯᠬᠤ ᠬᠡᠷᠡᠭᠲᠡᠢ ᠭᠡᠪᠡ᠃

ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠠᠵᠤ ᠠᠬᠤᠢᠯᠠᠯ᠎ᠳᠤ ᠥᠷᠢᠲᠦᠵᠦ ᠪᠠᠢᠭ᠎ᠠ ᠳᠠᠩᠰᠠᠨ ᠵᠣᠭᠣᠰ᠎ᠢ ᠢᠯᠭᠠᠷᠠᠭᠤᠯᠬᠤ ᠪᠠ ᠬᠥᠯᠥᠰᠦᠨ ᠠᠵᠢᠯᠴᠢᠨ᠎ᠤ ᠴᠠᠯᠢᠩ᠎ᠢ ᠥᠭᠬᠦ᠎ᠶᠢ ᠪᠠᠲᠤᠯᠠᠬᠤ ᠪᠣᠯ ᠠᠵᠤ ᠠᠬᠤᠢᠯᠠᠯ᠎ᠤᠨ ᠬᠠᠤᠯᠢ ᠶᠣᠰᠣᠨ᠎ᠤ ᠡᠷᠬᠡ ᠠᠰᠢᠭ᠋ ᠪᠠ ᠣᠯᠠᠨ ᠲᠦᠮᠡᠨ᠎ᠦ ᠠᠮᠢ ᠪᠡᠶ᠎ᠡ᠎ᠶᠢᠨ ᠠᠰᠢᠭ᠋ ᠲᠤᠰᠠ᠎ᠳᠤ ᠬᠣᠯᠪᠣᠭᠳᠠᠬᠤ ᠪᠣᠯᠬᠣᠷ ᠡᠷᠬᠡᠪᠰᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠠᠵᠢᠯ᠎ᠤᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ ᠠᠵᠤ ᠠᠬᠤᠢᠯᠠᠯ᠎ᠳᠤ ᠥᠷᠢᠲᠦᠵᠦ ᠪᠠᠢᠭ᠎ᠠ ᠳᠠᠩᠰᠠᠨ ᠵᠣᠭᠣᠰ᠎ᠢ ᠢᠯᠭᠠᠷᠠᠭᠤᠯᠵᠤ᠂ ᠭᠣᠣᠯᠳᠠᠯᠭ᠎ᠠ ᠪᠣᠯᠬᠤ ᠭᠠᠵᠠᠷ ᠣᠷᠣᠨ᠎ᠢ ᠴᠢᠩᠭ᠎ᠠ ᠠᠩᠬᠠᠷᠴᠤ ᠪᠠᠢᠭᠠᠳ ᠰᠢᠮᠳᠠᠭᠤᠯᠤᠨ ᠵᠢᠯᠤᠭᠣᠳᠬᠤ᠎ᠪᠠᠨ ᠴᠢᠩᠭᠠᠳᠬᠠᠵᠤ᠂ ᠣᠷᠣᠨ ᠨᠤᠲᠤᠭ᠎ᠤᠨ ᠬᠠᠷᠢᠭᠤᠴᠠᠯᠭ᠎ᠠ᠎ᠶᠢ ᠪᠣᠳᠠᠲᠠᠢᠵᠢᠭᠤᠯᠤᠨ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠥᠷᠢᠲᠦᠵᠦ ᠪᠠᠢᠭ᠎ᠠ ᠵᠣᠭᠣᠰ᠎ᠢ ᠢᠯᠭᠠᠷᠠᠭᠤᠯᠬᠤ᠎ᠶᠢ ᠳᠡᠮᠵᠢᠬᠦ᠎ᠳᠦ ᠬᠡᠷᠡᠭᠯᠡᠬᠦ ᠲᠤᠰᠬᠠᠢ ᠵᠢᠭᠡᠯᠡᠯᠭᠡ᠎ᠶᠢᠨ ᠲᠡᠮᠳᠡᠭᠲᠦ᠎ᠶᠢᠨ ᠲᠣᠭ᠎ᠠ ᠬᠡᠮᠵᠢᠶ᠎ᠡ᠎ᠶᠢ ᠲᠦᠷᠭᠡᠬᠡᠨ ᠪᠠᠭᠤᠯᠭᠠᠵᠤ᠂ ᠮᠥᠩᠭᠥᠨ ᠭᠦᠢᠯᠭᠡᠭᠡᠨ᠎ᠦ ᠲᠦᠷᠦ᠎ᠶᠢᠨ ᠪᠣᠳᠣᠯᠭ᠎ᠠ᠎ᠶᠢᠨ ᠦᠢᠯᠡᠳᠦᠯ᠎ᠢ ᠨᠡᠩ ᠶᠡᠬᠡ᠎ᠪᠡᠷ ᠪᠠᠳᠠᠷᠠᠭᠤᠯᠤᠨ᠂ ᠥᠷᠢᠲᠦᠵᠦ ᠪᠠᠢᠭ᠎ᠠ ᠵᠣᠭᠣᠰ᠎ᠢ ᠢᠯᠭᠠᠷᠠᠭᠤᠯᠬᠤ ᠤᠷᠳᠤ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠦᠷᠢᠨᠰᠢᠭᠦᠯᠵᠦ᠂ ᠦᠯᠡᠳᠡᠭᠳᠡᠯ᠎ᠢ ᠲᠦᠷᠭᠡᠪᠴᠢᠯᠡᠨ ᠢᠯᠭᠠᠷᠠᠭᠤᠯᠵᠤ᠂ ᠨᠡᠮᠡᠭᠳᠡᠯ᠎ᠢ ᠡᠷᠡᠰ ᠬᠣᠷᠢᠭ᠍ᠯᠠᠬᠤ ᠬᠡᠷᠡᠭᠲᠡᠢ᠃ ᠴᠠᠯᠢᠩ ᠥᠷᠢᠲᠦᠬᠦ ᠠᠰᠠᠭᠤᠳᠠᠯ᠎ᠢ ᠯᠠᠪᠳᠠᠭᠤᠨ ᠪᠠᠲᠤᠲᠠᠢ᠎ᠪᠠᠷ ᠰᠢᠢᠳᠪᠦᠷᠢᠯᠡᠵᠦ᠂ ᠴᠠᠯᠢᠩ ᠥᠷᠢᠲᠦᠬᠦ᠎ᠶᠢ ᠵᠠᠰᠠᠬᠤ ᠲᠤᠰᠬᠠᠢ ᠠᠵᠢᠯᠯᠠᠭᠠᠨ᠎ᠢ ᠦᠷᠭᠦᠯᠵᠢᠯᠡᠨ ᠰᠠᠢᠲᠤᠷ ᠵᠣᠬᠢᠶᠠᠨ ᠪᠠᠢᠭᠤᠯᠤᠨ ᠬᠡᠷᠡᠭᠵᠢᠭᠦᠯᠵᠦ᠂ ᠴᠠᠯᠢᠩ ᠥᠷᠢᠲᠦᠭᠰᠡᠨ ᠨᠢᠭᠡᠴᠢ᠎ᠶᠢᠨ ᠬᠠᠷᠢᠭᠤᠴᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠬᠢᠨᠠᠨ ᠰᠢᠨᠵᠢᠵᠦ ᠰᠡᠷᠡᠮᠵᠢᠯᠡᠭᠦᠯᠬᠦ᠂ ᠰᠢᠮᠳᠠᠭᠤᠯᠤᠨ ᠪᠠᠢᠴᠠᠭᠠᠵᠤ ᠰᠢᠯᠭᠠᠨ ᠬᠢᠨᠠᠬᠤ᠂ ᠢᠲᠡᠭᠡᠮᠵᠢ᠎ᠪᠡᠷ ᠵᠠᠯᠬᠠᠭᠠᠨ ᠴᠡᠭᠡᠷᠯᠡᠭᠦᠯᠬᠦ ᠵᠡᠷᠭᠡ ᠠᠷᠭ᠎ᠠ ᠬᠡᠮᠵᠢᠶ᠎ᠡ᠎ᠶᠢ ᠶᠡᠷᠦᠩᠬᠡᠢᠯᠡᠨ ᠬᠡᠷᠡᠭᠯᠡᠵᠦ ᠡᠬᠢ ᠡᠭᠦᠰᠦᠯ᠎ᠡᠴᠡ ᠨᠢ ᠵᠠᠰᠠᠬᠤ᠎ᠶᠢ ᠭᠦᠨᠵᠡᠭᠡᠢᠷᠡᠭᠦᠯᠦᠨ᠂ ᠬᠦᠴᠢᠷᠳᠡᠯᠲᠠᠢ ᠬᠥᠯᠥᠰᠦᠨ ᠠᠵᠢᠯᠴᠢᠨ᠎ᠢ ᠲᠦᠷ ᠴᠠᠭ ᠲᠡᠩᠬᠡᠷᠡᠭᠦᠯᠦᠨ ᠲᠤᠰᠠᠯᠠᠬᠤ᠎ᠶᠢ ᠴᠢᠩᠭᠠᠳᠬᠠᠵᠤ᠂ ᠨᠡᠢᠭᠡᠮ᠎ᠦᠨ ᠶᠡᠬᠡ ᠲᠠᠯ᠎ᠠ᠎ᠶᠢᠨ ᠲᠣᠭᠲᠠᠭᠤᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠪᠡ᠃ 

ᠬᠤᠷᠠᠯᠳᠤᠭᠠᠨ᠎ᠢᠶᠠᠷ᠂ 《ᠬᠤᠲᠠ᠎ᠶᠢᠨ ᠨᠣᠭᠣᠭᠠᠷᠠᠭᠤᠯᠤᠯᠲᠠ᠎ᠶᠢᠨ ᠳᠦᠷᠢᠮ》 ᠵᠡᠷᠭᠡ ᠵᠠᠰᠠᠭ ᠵᠠᠬᠢᠷᠭᠠᠨ᠎ᠤ 9 ᠬᠠᠤᠯᠢ ᠲᠣᠭᠲᠠᠭᠠᠯ᠎ᠤᠨ ᠬᠡᠰᠡᠭ ᠵᠦᠢᠯ ᠵᠤᠷᠪᠤᠰ᠎ᠲᠤ ᠵᠠᠰᠠᠪᠤᠷᠢ ᠣᠷᠣᠭᠤᠯᠵᠤ᠂ 《ᠰᠢᠶᠠᠩ ᠪᠠᠯᠭᠠᠰᠤᠨ᠎ᠤ ᠨᠡᠭᠦᠷᠡᠰᠦᠨ ᠠᠭᠤᠷᠬᠠᠢ᠎ᠶᠢᠨ ᠬᠠᠮᠢᠶᠠᠷᠤᠯᠲᠠ᠎ᠶᠢᠨ ᠳᠦᠷᠢᠮ》 ᠵᠡᠷᠭᠡ ᠵᠠᠰᠠᠭ ᠵᠠᠬᠢᠷᠭᠠᠨ᠎ᠤ 2 ᠬᠠᠤᠯᠢ ᠲᠣᠭᠲᠠᠭᠠᠯ᠎ᠢ ᠬᠦᠴᠦᠨ ᠦᠭᠡᠢ ᠪᠣᠯᠭᠠᠬᠤ᠎ᠪᠠᠷ ᠲᠣᠭᠲᠠᠪᠠ᠃ ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠢᠯᠪᠤᠷᠢᠯᠠᠬᠤ᠎ᠶᠢ ᠴᠠᠭ ᠦᠶ᠎ᠡ ᠯᠦ᠍ᠭᠡ ᠵᠡᠷᠭᠡ᠎ᠪᠡᠷ ᠤᠷᠤᠭᠰᠢᠯᠠᠭᠤᠯᠤᠨ ᠠᠬᠢᠭᠤᠯᠵᠤ᠂ ᠰᠢᠨ᠎ᠡ ᠬᠠᠭᠤᠴᠢᠨ ᠬᠠᠤᠯᠢ ᠲᠣᠭᠲᠠᠭᠠᠯ᠎ᠢ ᠵᠣᠯᠭᠠᠭᠤᠯᠵᠤ ᠰᠢᠯᠵᠢᠭᠦᠯᠬᠦ᠎ᠶᠢ ᠯᠠᠪᠳᠠᠭᠤᠨ ᠪᠠᠲᠤᠲᠠᠢ ᠰᠠᠢᠲᠤᠷ ᠬᠢᠵᠦ᠂ ᠢᠵᠢ ᠪᠦᠷᠢᠳᠦᠭᠰᠡᠨ ᠲᠣᠭᠲᠠᠴᠠ ᠪᠠ ᠠᠷᠭ᠎ᠠ᠎ᠶᠢ ᠲᠡᠭᠦᠯᠳᠡᠷᠵᠢᠭᠦᠯᠵᠦ᠂ ᠵᠠᠰᠠᠭ᠎ᠤᠨ ᠣᠷᠳᠣᠨ᠎ᠤ ᠬᠠᠤᠯᠢ ᠲᠣᠭᠲᠠᠭᠠᠯᠲᠠ᠎ᠶᠢᠨ ᠰᠢᠰᠲᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠂ ᠴᠠᠭ ᠬᠤᠭᠤᠴᠠᠭᠠᠲᠤ ᠴᠢᠨᠠᠷ᠎ᠢ ᠴᠢᠩᠭᠠᠳᠬᠠᠵᠤ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠤᠨ ᠴᠢᠨᠠᠷ ᠴᠢᠨᠰᠠᠭ᠎ᠠ᠎ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃

ᠬᠤᠷᠠᠯᠳᠤᠭᠠᠨ᠎ᠢᠶᠠᠷ ᠪᠠᠰᠠ ᠪᠤᠰᠤᠳ ᠵᠦᠢᠯᠡᠰ᠎ᠢ ᠰᠤᠳᠤᠯᠵᠠᠢ᠃

ᠢᠷᠡᠯᠲᠡ᠄ ᠰᠢᠨᠬᠤᠸᠠ ᠬᠣᠷᠢᠶ᠎ᠠ