ᠲᠡᠷᠢᠭᠦᠨ ᠬᠠᠭᠤᠳᠠᠰᠤ   -   ᠴᠢᠬᠤᠯᠠ ᠮᠡᠳᠡᠭᠡ
2025 ᠣᠨ᠎ᠤ ᠳᠤᠮᠳᠠᠳᠤ ᠤᠯᠤᠰ᠎ᠤᠨ GDP᠎ᠶᠢ ᠨᠡᠢ᠌ᠲᠡᠯᠡᠪᠡ
ᠨᠡᠶ᠋ᠢᠲᠡᠯᠡᠭᠰᠡᠨ ᠴᠠᠭ᠄ 2026-01-19

ᠠᠩᠬ᠎ᠠ ᠠᠯᠬᠤᠮ᠎ᠤᠨ ᠲᠣᠭ᠋ᠠᠴᠠᠭ᠎ᠠ ᠬᠢᠭᠰᠡᠨ᠎ᠢᠶᠡᠷ᠂ 2025 ᠣᠨ᠎ᠳᠤ ᠪᠥᠬᠦ ᠵᠢᠯ᠎ᠤᠨ ᠤᠯᠤᠰ᠎ᠤᠨ ᠳᠣᠲᠣᠭ᠋ᠠᠳᠤ᠎ᠶᠢᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 1401879 ᠳ᠋ᠦᠩᠰᠢᠭᠤᠷ ᠲᠥᠭᠦᠷᠢᠭ᠎ᠲᠤ ᠬᠦᠷᠴᠦ᠂ ᠦᠯᠦ ᠬᠤᠪᠢᠰᠬᠤ ᠦᠨ᠎ᠡ᠎ᠪᠠᠷ ᠪᠣᠳᠣᠪᠠᠯ᠂ ᠠᠳᠠᠯᠢ ᠬᠤᠭᠤᠴᠠᠭ᠋ᠠᠨ᠎ᠤ᠎ᠬᠢ᠎ᠠᠴᠠ 5%᠎ᠪᠠᠷ ᠨᠡᠮᠡᠭᠳᠡᠪᠡ᠃ ᠤᠯᠠᠷᠢᠯ ᠬᠤᠪᠢᠶᠠᠨ ᠦᠵᠡᠪᠡᠯ᠂ ᠨᠢᠭᠡᠳᠦᠭᠡᠷ ᠤᠯᠠᠷᠢᠯ᠎ᠳᠤ ᠤᠯᠤᠰ᠎ᠤᠨ ᠳᠣᠲᠣᠭ᠋ᠠᠳᠤ᠎ᠶᠢᠨ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ 5.4%᠎ᠪᠠᠷ ᠨᠡᠮᠡᠭᠳᠡᠵᠦ᠂ ᠬᠤᠶᠠᠳᠤᠭ᠋ᠠᠷ ᠤᠯᠠᠷᠢᠯ᠎ᠳᠤ 5.2%᠎ᠢᠶᠡᠷ ᠨᠡᠮᠡᠭᠳᠡᠵᠦ᠂ ᠭᠤᠷᠪᠠᠳᠤᠭ᠋ᠠᠷ ᠤᠯᠠᠷᠢᠯ᠎ᠳᠤ 4.8%᠎ᠪᠠᠷ ᠨᠡᠮᠡᠭᠳᠡᠵᠦ᠂ ᠳᠥᠷᠪᠡᠳᠦᠭᠡᠷ ᠤᠯᠠᠷᠢᠯ᠎ᠳᠤ 4.5%᠎ᠪᠠᠷ ᠨᠡᠮᠡᠭᠳᠡᠪᠡ᠃ ᠭᠠᠷᠠᠬᠠᠨ ᠬᠠᠷᠢᠴᠠᠯ᠎ᠠᠴᠠ ᠦᠵᠡᠪᠡᠯ᠂ ᠳᠥᠷᠪᠡᠳᠦᠭᠡᠷ ᠤᠯᠠᠷᠢᠯ᠎ᠤᠨ ᠤᠯᠤᠰ᠎ᠤᠨ ᠳᠣᠲᠤᠭ᠋ᠠᠲᠤ᠎ᠶᠢᠨ ᠦᠢᠯᠡᠳᠪᠦᠷᠢᠯᠡᠯ᠎ᠦᠨ ᠶᠡᠷᠦᠩᠬᠡᠢ ᠥᠷᠲᠡᠭ 1.2% ᠎ᠢᠶᠠᠷ ᠨᠡᠮᠡᠭᠳᠡᠵᠡᠢ᠃

ᠢᠷᠡᠯᠲᠡ᠄ ᠠᠷᠠᠳ᠎ᠤᠨ ᠡᠳᠦᠷ᠎ᠦᠨ ᠰᠣᠨᠢᠨ