ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠶᠡᠷᠦᠩᠬᠡᠢ ᠱᠦᠵᠢ ᠰᠢ᠎ᠵᠢᠨ᠎ᠫᠢᠩ᠎ᠤᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠪᠦᠷᠢᠨ ᠪᠦᠲᠦᠨ᠂ ᠵᠥᠪ ᠣᠨᠣᠪᠴᠢᠲᠠᠶ᠂ ᠪᠦᠬᠦ ᠲᠠᠯ᠎ᠠ ᠪᠠᠷ ᠡᠵᠡᠮᠰᠢᠨ ᠲᠤᠭᠤᠰᠢᠯᠠᠭᠤᠯᠵᠤ᠂ ᠮᠠᠨ᠎ᠤ ᠤᠯᠤᠰ ᠣᠳᠣᠬᠠᠨ᠎ᠳᠤ᠎ᠪᠠᠨ ᠶᠠᠭ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠵᠠᠩᠭᠢᠯᠠᠭ᠎ᠠ᠎ᠶᠢᠨ ᠴᠠᠭ ᠦᠶ᠎ᠡ᠎ᠳᠦ ᠣᠷᠣᠰᠢᠵᠤ ᠪᠠᠢᠬᠤ ᠡᠨᠡ ᠬᠦ᠌ ᠣᠳᠣᠬᠢ ᠱᠠᠲᠤᠨ᠎ᠤ ᠨᠠᠮ᠎ᠤᠨ ᠦᠨᠳᠦᠰᠦᠲᠡᠨ᠎ᠦ ᠠᠵᠢᠯ᠎ᠤᠨ ᠲᠡᠦᠬᠡᠨ ᠣᠷᠣᠨ ᠪᠠᠢᠷᠢ᠎ᠶᠢ ᠭᠦᠨᠵᠡᠭᠡᠢ ᠲᠠᠨᠢᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ᠎ᠢᠶᠡᠨ ᠪᠣᠯᠭᠠᠵᠤ᠂ ᠨᠠᠮ᠎ᠤᠨ ᠦᠨᠳᠦᠰᠦᠲᠡᠨ᠎ᠦ ᠠᠵᠢᠯ᠎ᠳᠠᠬᠢ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠦᠨᠳᠦᠰᠦᠲᠡᠨ᠎ᠦ ᠠᠰᠠᠭᠤᠳᠠᠯ᠎ᠢ ᠰᠢᠢᠳᠪᠦᠷᠢᠯᠡᠬᠦ ᠳᠤᠮᠳᠠᠳᠤ ᠤᠯᠤᠰ᠎ᠤᠨ ᠣᠨᠴᠠᠯᠢᠭ᠋ ᠲᠠᠢ ᠵᠥᠪ ᠵᠠᠮ᠎ᠢᠶᠠᠷ ᠭᠤᠢᠪᠢᠰᠢ ᠦᠭᠡᠢ ᠵᠠᠮᠨᠠᠵᠤ᠂ ᠨᠠᠮ᠎ᠤᠨ ᠦᠨᠳᠦᠰᠦᠲᠡᠨ᠎ᠦ ᠲᠤᠬᠠᠢ ᠲᠥᠷᠥ᠎ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ᠎ᠶᠢ ᠪᠠᠷᠢᠮᠲᠠᠯᠠᠨ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠲᠣᠭᠲᠠᠭᠤᠨ ᠪᠠᠢᠯᠭᠠᠬᠤ᠎ᠶᠢᠨ ᠵᠡᠷᠭᠡ᠎ᠳᠦ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠣᠨᠣᠯ᠎ᠤᠨ ᠲᠣᠭᠲᠠᠯᠴᠠᠭ᠎ᠠ᠎ᠶᠢ ᠬᠦᠴᠦᠯᠡᠨ ᠪᠠᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠣᠶᠤᠨ ᠰᠠᠨᠠᠭᠠᠨ᠎ᠤ ᠭᠡᠷ ᠣᠷᠣᠨ᠎ᠢ ᠬᠦᠴᠦᠯᠡᠨ ᠴᠣᠭᠴᠠᠯᠠᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ ᠵᠦᠭ ᠤᠷᠤᠭᠰᠢᠯᠠᠬᠤ᠎ᠶᠢ ᠬᠦᠴᠦᠯᠡᠨ ᠠᠬᠢᠭᠤᠯᠵᠤ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ᠎ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ᠎ᠢ ᠬᠦᠴᠦᠯᠡᠨ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠯᠢᠭᠡᠷ᠎ᠤᠳ᠎ᠢ ᠬᠦᠴᠦᠯᠡᠨ ᠰᠠᠢᠲᠤᠷ ᠶᠠᠷᠢᠵᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶᠢᠨ ᠲᠣᠭᠲᠠᠯᠴᠠᠭ᠎ᠠ ᠪᠠ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢᠨ ᠬᠢᠷᠢ ᠲᠦᠪᠰᠢᠨ᠎ᠢᠶᠠᠨ ᠬᠦᠴᠦᠯᠡᠨ ᠳᠡᠭᠡᠭᠰᠢᠯᠡᠭᠦᠯᠵᠦ᠂ ᠦᠨᠳᠦᠰᠦᠲᠡᠨ᠎ᠦ ᠬᠦᠷᠢᠶᠡᠨ᠎ᠳᠡᠬᠢ ᠲᠦᠭᠰᠢᠭᠦᠷᠢ ᠬᠡᠮ ᠰᠣᠭᠣᠭ᠎ᠢ ᠬᠦᠴᠦᠯᠡᠨ ᠰᠡᠷᠭᠡᠢᠯᠡᠵᠦ ᠠᠷᠢᠯᠭᠠᠨ᠂ ᠰᠢᠨ᠎ᠡ ᠬᠥᠭᠵᠢᠯᠲᠡ᠎ᠶᠢᠨ ᠱᠠᠲᠤᠨ᠎ᠳᠤ ᠰᠢᠨ᠎ᠡ ᠴᠠᠭ ᠦᠶ᠎ᠡ᠎ᠶᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠳᠦ ᠨᠡᠩ ᠶᠡᠬᠡ ᠬᠤᠪᠢ ᠨᠡᠮᠡᠷᠢ᠎ᠪᠠᠨ ᠦᠵᠡᠭᠦᠯᠦᠨ᠎ᠡ᠃
ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠳᠡᠬᠢ ᠨᠠᠮ᠎ᠤᠨ ᠦᠨᠳᠦᠰᠦᠲᠡᠨ᠎ᠦ ᠠᠵᠢᠯ᠎ᠤᠨ ᠬᠠᠷᠠᠯᠲᠠ ᠡᠭᠦᠷᠭᠡ ᠪᠣᠯ᠄ ᠶᠡᠷᠦᠩᠬᠡᠢ ᠱᠦᠵᠢ ᠰᠢ᠎ᠵᠢᠨ᠎ᠫᠢᠩ᠎ᠤᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠬᠥᠮᠥᠰ᠎ᠦᠨ ᠰᠡᠳᠬᠢᠯ᠎ᠳᠦ ᠬᠠᠳᠠᠩᠰᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠡᠳᠬᠢᠯ᠎ᠳᠦ ᠦᠨᠳᠦᠰᠦᠯᠡᠭᠦᠯᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠠᠭᠤᠤ ᠶᠡᠬᠡ ᠡᠬᠡ ᠣᠷᠣᠨ᠂ ᠳᠤᠮᠳᠠᠳᠤ᠎ᠶᠢᠨ ᠦᠨᠳᠦᠰᠦᠲᠡᠨ᠂ ᠳᠤᠮᠳᠠᠳᠤ᠎ᠶᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠲᠤᠬᠠᠢ ᠮᠡᠳᠡᠷᠡᠮᠵᠢ᠎ᠶᠢ ᠨᠢ ᠨᠡᠩ ᠪᠡᠬᠢᠵᠢᠭᠦᠯᠵᠦ᠂ ᠤᠯᠤᠰ ᠣᠷᠣᠨ᠎ᠤ ᠤᠬᠠᠮᠰᠠᠷ᠂ ᠠᠷᠠᠳ ᠢᠷᠭᠡᠨ᠎ᠦ ᠤᠬᠠᠮᠰᠠᠷ᠂ ᠬᠠᠤᠯᠢᠵᠢᠯ᠎ᠤᠨ ᠤᠬᠠᠮᠰᠠᠷ᠎ᠢ ᠨᠢ ᠢᠯᠡᠳᠲᠡ ᠴᠢᠩᠭᠠᠷᠠᠭᠤᠯᠤᠨ᠎ᠠ᠃ ᠦᠨᠳᠦᠰᠦᠲᠡᠨ᠎ᠦ ᠭᠠᠵᠠᠷ ᠣᠷᠣᠨ᠎ᠤ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠯᠠᠪᠳᠠᠭᠤᠨ᠎ᠢᠶᠠᠷ ᠠᠬᠢᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠪᠠᠶᠠᠵᠢᠨ ᠴᠢᠨᠡᠭᠡᠯᠢᠭᠵᠢᠬᠦ᠎ᠳᠦ ᠨᠢ ᠯᠠᠪᠳᠠᠭᠤᠨ ᠪᠠᠲᠤᠲᠠᠢ ᠠᠯᠬᠤᠴᠠ᠎ᠪᠠᠷ ᠤᠷᠤᠭᠰᠢᠯᠠᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢ ᠥᠷᠭᠡᠵᠢᠭᠦᠯᠦᠨ ᠭᠦᠨᠵᠡᠭᠡᠢᠷᠡᠭᠦᠯᠵᠦ᠂ ᠦᠨᠳᠦᠰᠦᠲᠡᠨ᠎ᠦ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶᠢᠨ ᠪᠠᠢᠭᠤᠯᠤᠯ ᠲᠣᠭᠲᠠᠴᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶᠢᠨ ᠲᠣᠭᠲᠠᠯᠴᠠᠭ᠎ᠠ ᠪᠠ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢᠨ ᠬᠢᠷᠢ ᠲᠦᠪᠰᠢᠨ᠎ᠢᠶᠠᠨ ᠢᠯᠡᠳᠲᠡ ᠳᠡᠭᠡᠭᠰᠢᠯᠡᠭᠦᠯᠦᠨ᠎ᠡ᠃