ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠯᠢ ᠴᠢᠶᠠᠩ ᠲᠤᠰᠬᠠᠢ ᠮᠡᠷᠭᠡᠵᠢᠯᠲᠡᠨ᠂ ᠠᠵᠤ ᠠᠬᠤᠢᠯᠠᠯᠲᠠᠨ ᠪᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ᠎ᠶᠢᠨ ᠲᠠᠮᠢᠷ ᠵᠡᠷᠭᠡ ᠬᠦᠷᠢᠶᠡᠨ᠎ᠳᠡᠬᠢ ᠲᠥᠯᠥᠭᠡᠯᠡᠭᠴᠢᠳ᠎ᠦᠨ ᠰᠠᠭᠤᠳᠠᠯ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ  ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠥᠲᠥᠯᠪᠦᠷᠢ᠎ᠶᠢᠨ ᠲᠤᠬᠠᠢ ᠰᠠᠨᠠᠯ ᠰᠠᠨᠠᠭᠤᠯᠭ᠎ᠠ᠎ᠶᠢ ᠰᠣᠨᠣᠰᠪᠠ
ᠨᠡᠶ᠋ᠢᠲᠡᠯᠡᠭᠰᠡᠨ ᠴᠠᠭ᠄ 2026-01-20

1 ᠳ᠋ᠦ᠍ᠭᠡᠷ ᠰᠠᠷ᠎ᠠ᠎ᠶᠢᠨ 19 ᠎ᠦ ᠡᠳᠦᠷ᠎ᠦᠨ ᠦᠳᠡ᠎ᠶᠢᠨ ᠬᠣᠢᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶ᠎ᠠ᠎ᠶᠢᠨ ᠪᠠᠢᠩᠭᠤ᠎ᠶᠢᠨ ᠭᠡᠰᠢᠭᠦᠨ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠪᠡᠭᠡᠵᠢᠩ᠎ᠳᠦ ᠲᠤᠰᠬᠠᠢ ᠮᠡᠷᠭᠡᠵᠢᠯᠲᠡᠨ᠂ ᠠᠵᠤ ᠠᠬᠤᠢᠯᠠᠯᠲᠠᠨ ᠪᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ᠎ᠶᠢᠨ ᠲᠠᠮᠢᠷ ᠵᠡᠷᠭᠡ ᠬᠦᠷᠢᠶᠡᠨ᠎ᠳᠡᠬᠢ ᠲᠥᠯᠥᠭᠡᠯᠡᠭᠴᠢᠳ᠎ᠦᠨ ᠰᠠᠭᠤᠳᠠᠯ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》 ᠪᠠ 《 〈ᠠᠷᠪᠠᠨ ᠲᠠᠪᠤᠳᠤᠭᠠᠷ ᠲᠠᠪᠤᠨ ᠵᠢᠯ〉᠎ᠦᠨ ᠲᠥᠯᠦᠪᠵᠢᠭᠦᠯᠭᠡ᠎ᠶᠢᠨ ᠬᠥᠲᠥᠯᠪᠦᠷᠢ (ᠡᠬᠡ ᠲᠥᠰᠥᠯ) 》᠎ᠶᠢᠨ ᠰᠠᠨᠠᠯ ᠬᠤᠷᠢᠶᠠᠬᠤ ᠨᠣᠣᠷᠠᠭ᠎ᠤᠨ ᠲᠤᠬᠠᠢ ᠰᠠᠨᠠᠯ ᠰᠠᠨᠠᠭᠤᠯᠭ᠎ᠠ᠎ᠶᠢ ᠰᠣᠨᠣᠰᠪᠠ᠃ ᠰᠢᠨᠬᠤᠸᠠ ᠬᠣᠷᠢᠶ᠎ᠠ᠎ᠶᠢᠨ ᠰᠤᠷᠪᠤᠯᠵᠢᠯᠠᠭ᠍ᠴᠢ ᠬᠤᠸᠠᠩ ᠵᠢᠩ ᠸᠧᠨ ᠰᠡᠭᠦᠳᠡᠷᠯᠡᠪᠡ

ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 1 ᠳ᠋ᠦ᠍ᠭᠡᠷ ᠰᠠᠷ᠎ᠠ᠎ᠶᠢᠨ 19 ᠎ᠦ ᠡᠳᠦᠷ᠎ᠦᠨ ᠴᠠᠬᠢᠯᠭᠠᠨ ᠮᠡᠳᠡᠭᠡ  1 ᠳ᠋ᠦ᠍ᠭᠡᠷ ᠰᠠᠷ᠎ᠠ᠎ᠶᠢᠨ 19 ᠎ᠦ ᠡᠳᠦᠷ᠎ᠦᠨ ᠦᠳᠡ᠎ᠶᠢᠨ ᠬᠣᠢᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶ᠎ᠠ᠎ᠶᠢᠨ ᠪᠠᠢᠩᠭᠤ᠎ᠶᠢᠨ ᠭᠡᠰᠢᠭᠦᠨ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠪᠡᠭᠡᠵᠢᠩ᠎ᠳᠦ ᠲᠤᠰᠬᠠᠢ ᠮᠡᠷᠭᠡᠵᠢᠯᠲᠡᠨ᠂ ᠠᠵᠤ ᠠᠬᠤᠢᠯᠠᠯᠲᠠᠨ ᠪᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ᠎ᠶᠢᠨ ᠲᠠᠮᠢᠷ ᠵᠡᠷᠭᠡ ᠬᠦᠷᠢᠶᠡᠨ᠎ᠳᠡᠬᠢ ᠲᠥᠯᠥᠭᠡᠯᠡᠭᠴᠢᠳ᠎ᠦᠨ ᠰᠠᠭᠤᠳᠠᠯ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》 ᠪᠠ 《 〈ᠠᠷᠪᠠᠨ ᠲᠠᠪᠤᠳᠤᠭᠠᠷ ᠲᠠᠪᠤᠨ ᠵᠢᠯ〉᠎ᠦᠨ ᠲᠥᠯᠦᠪᠵᠢᠭᠦᠯᠭᠡ᠎ᠶᠢᠨ ᠬᠥᠲᠥᠯᠪᠦᠷᠢ (ᠡᠬᠡ ᠲᠥᠰᠥᠯ) 》᠎ᠶᠢᠨ ᠰᠠᠨᠠᠯ ᠬᠤᠷᠢᠶᠠᠬᠤ ᠨᠣᠣᠷᠠᠭ᠎ᠤᠨ ᠲᠤᠬᠠᠢ ᠰᠠᠨᠠᠯ ᠰᠠᠨᠠᠭᠤᠯᠭ᠎ᠠ᠎ᠶᠢ ᠰᠣᠨᠣᠰᠪᠠ᠃ 

ᠰᠠᠭᠤᠳᠠᠯ᠎ᠤᠨ ᠬᠤᠷᠠᠯ ᠳᠡᠭᠡᠷ᠎ᠡ᠂ ᠮᠢᠩ ᠮᠢᠩ᠂ ᠾᠧ ᠵᠢᠶᠠ᠂ ᠶᠠᠨ ᠵᠢᠶᠦ᠋ᠨ ᠵᠢᠶᠧ᠂ ᠵᠠᠩ ᡁᠢ ᠭᠠᠩ᠂ ᠬᠦᠩ ᠴᠢ ᠬᠤᠸᠠᠩ᠂ ᠢᠦᠢ ᠰᠢᠶᠣᠣ ᠬᠤᠢ᠂ ᠸᠠᠩ ᠶᠥᠩ ᠵᠢᠶᠦ᠋ᠨ᠂ ᠵᠧᠦ ᠯᠢ ᠶᠠ᠂ ᠱᠢ ᠢᠦᠢ ᠴᠢ ᠨᠠᠷ ᠤᠷᠢᠳ ᠬᠣᠵᠢᠳ ᠦᠭᠡ ᠬᠡᠯᠡᠵᠡᠢ᠃ ᠤᠯᠠᠨ᠎ᠢᠶᠠᠷ᠎ᠢᠶᠠᠨ᠂ ᠨᠢᠳᠤᠨᠤᠨ ᠪᠣᠯ ᠲᠤᠢᠯ᠎ᠤᠨ ᠶᠡᠷᠦ ᠪᠤᠰᠤ᠎ᠶᠢᠨ ᠨᠢᠭᠡ ᠵᠢᠯ ᠪᠣᠯᠣᠨ᠎ᠠ᠂ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠭᠠᠳᠠᠭᠠᠳᠤ ᠪᠠᠢᠳᠠᠯ᠎ᠤᠨ ᠡᠮᠦᠨ᠎ᠡ᠂ ᠮᠠᠨ᠎ᠤ ᠤᠯᠤᠰ ᠦᠶᠡᠯᠡᠯ᠎ᠦᠨ ᠡᠰᠡᠷᠭᠦ ᠲᠣᠬᠢᠷᠠᠭᠤᠯᠭ᠎ᠠ᠎ᠶᠢᠨ ᠡᠷᠴᠢᠮ᠎ᠢᠶᠡᠨ ᠴᠢᠩᠭᠠᠷᠠᠭᠤᠯᠵᠤ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠪᠦᠲᠦᠴᠡ᠎ᠶᠢ ᠲᠣᠬᠢᠷᠠᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ ᠵᠡᠷᠭᠡ ᠲᠠᠯ᠎ᠠ᠎ᠪᠠᠷ ᠮᠠᠰᠢ ᠤᠯᠠᠨ ᠪᠣᠳᠠᠲᠠᠢ ᠠᠷᠭ᠎ᠠ ᠬᠡᠮᠵᠢᠶ᠎ᠡ ᠭᠠᠷᠭᠠᠵᠤ᠂ ᠬᠥᠭᠵᠢᠯᠲᠡ᠎ᠶᠢᠨ ᠳᠤᠮᠳᠠᠬᠢ ᠢᠳᠡᠪᠬᠢ ᠬᠦᠴᠦᠨ ᠵᠦᠢᠯ᠎ᠢ ᠲᠠᠰᠤᠷᠠᠯᠳᠠ ᠦᠭᠡᠢ ᠬᠤᠷᠠᠮᠳᠤᠭᠤᠯᠵᠤ᠂ ᠬᠦᠴᠦᠨ ᠵᠦᠢᠯ᠎ᠦᠨ ᠭᠦᠢᠯᠭᠡᠭᠡ ᠦᠷᠭᠦᠯᠵᠢᠯᠡᠨ ᠬᠥᠭᠵᠢᠶᠡᠨᠲᠡᠢ ᠪᠣᠯᠵᠤ᠂ ᠵᠠᠬ᠎ᠠ ᠳᠡᠯᠭᠡᠭᠦᠷ᠎ᠦᠨ ᠢᠲᠡᠭᠡᠯ ᠢᠯᠡᠳᠲᠡ ᠴᠢᠩᠭᠠᠷᠠᠵᠤ᠂ ᠦᠨᠡᠬᠡᠷ ᠬᠢᠯᠪᠠᠷ ᠪᠤᠰᠤ᠎ᠪᠠᠷ ᠠᠮᠵᠢᠯᠲᠠ ᠪᠦᠲᠦᠮᠵᠢ ᠣᠯᠪᠠ ᠭᠡᠵᠦ ᠦᠵᠡᠵᠡᠭᠡᠪᠡ᠃ ᠤᠯᠠᠨ᠎ᠢᠶᠠᠷ᠎ᠢᠶᠠᠨ ᠪᠠᠰᠠ ᠥᠪᠡᠷᠰᠡᠳ᠎ᠦᠨ᠎ᠢᠶᠡᠨ ᠠᠵᠢᠯ᠎ᠤᠨ ᠬᠦᠷᠢᠶ᠎ᠡ ᠯᠦ᠍ᠭᠡ ᠤᠶᠠᠯᠳᠤᠭᠤᠯᠤᠨ᠂ ᠡᠨᠡ ᠵᠢᠯ ᠪᠠ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠠᠵᠢᠯ᠎ᠢ ᠰᠠᠢᠲᠤᠷ ᠬᠢᠬᠦ ᠲᠤᠬᠠᠢ ᠰᠠᠨᠠᠯ ᠰᠠᠨᠠᠭᠤᠯᠭ᠎ᠠ ᠳᠤᠷᠠᠳᠪᠠ᠃

ᠣᠯᠠᠨ᠎ᠤ ᠶᠠᠷᠢᠶ᠎ᠠ᠎ᠶᠢ ᠬᠢᠨᠠᠮᠠᠭᠠᠢ ᠰᠣᠨᠣᠰᠤᠭᠰᠠᠨ᠎ᠤ ᠳᠠᠷᠠᠭ᠎ᠠ ᠯᠢ ᠴᠢᠶᠠᠩ ᠵᠢᠭᠠᠵᠤ ᠭᠠᠷᠭᠠᠬᠤ᠎ᠳᠤ᠎ᠪᠠᠨ᠂ ᠥᠩᠭᠡᠷᠡᠭᠰᠡᠨ ᠨᠢᠭᠡ ᠵᠢᠯ᠎ᠳᠦ᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠨᠡᠩ ᠢᠳᠡᠪᠬᠢᠲᠡᠢ ᠪᠥᠭᠡᠳ ᠶᠠᠪᠤᠭᠳᠠᠭᠤᠰᠢᠲᠠᠢ ᠬᠣᠷᠸ᠎ᠠ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠭᠠᠳᠠᠭᠠᠳᠤ᠎ᠶᠢᠨ ᠳᠠᠭᠠᠷᠢᠯᠲᠠ᠎ᠶᠢ ᠯᠠᠪᠳᠠᠭᠤᠨ᠎ᠢᠶᠠᠷ ᠠᠷᠭᠠᠴᠠᠵᠤ᠂ ᠮᠠᠨ᠎ᠤ ᠤᠯᠤᠰ᠎ᠤᠨ ᠠᠵᠤ ᠠᠬᠤᠢ ᠳᠠᠷᠤᠯᠲᠠ᠎ᠶᠢ ᠲᠡᠰᠪᠦᠷᠢᠯᠡᠨ ᠤᠷᠤᠭᠰᠢᠯᠠᠵᠤ᠂ ᠰᠢᠨ᠎ᠡ ᠪᠥᠭᠡᠳ ᠰᠢᠯᠢᠳᠡᠭ ᠲᠡᠢᠰᠢ ᠬᠥᠭᠵᠢᠵᠦ᠂ ᠰᠢᠨ᠎ᠡ᠎ᠪᠡᠷ ᠮᠠᠨᠳᠤᠵᠤ ᠪᠠᠢᠭ᠎ᠠ ᠠᠵᠤ ᠦᠢᠯᠡᠰ᠎ᠢ ᠲᠦᠷᠭᠡᠨ ᠪᠣᠢᠵᠢᠭᠤᠯᠤᠨ ᠪᠤᠵᠠᠭᠠᠢᠷᠠᠭᠤᠯᠵᠤ᠂ ᠵᠠᠬ᠎ᠠ ᠳᠡᠯᠭᠡᠭᠦᠷ᠎ᠦᠨ ᠬᠡᠷᠡᠭᠴᠡᠭᠡ ᠦᠷᠭᠦᠯᠵᠢᠯᠡᠨ ᠪᠠᠭᠲᠠᠭᠠᠮᠵᠢ᠎ᠶᠢ ᠥᠷᠭᠡᠳᠬᠡᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠵᠦ᠂ ᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ᠎ᠢᠶᠡᠨ ᠢᠯᠡᠷᠡᠭᠦᠯᠪᠡ᠃ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ ᠮᠥᠨ᠂ ᠭᠠᠳᠠᠭᠠᠳᠤ ᠪᠠᠢᠳᠠᠯ ᠮᠥᠨ ᠯᠡ ᠨᠠᠷᠢᠨ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ ᠪᠠᠢᠵᠤ᠂ ᠲᠣᠭᠲᠠᠭᠠᠯᠲᠤ ᠪᠤᠰᠤ ᠪᠠ ᠵᠢᠱ᠌ᠢᠬᠦᠶ᠎ᠡ ᠪᠡᠷᠬᠡ ᠬᠦᠴᠦᠨ ᠵᠦᠢᠯ ᠨᠡᠮᠡᠭᠳᠡᠵᠦ᠂ ᠠᠵᠤ ᠠᠬᠤᠢ᠎ᠶᠢᠨ ᠬᠥᠭᠵᠢᠯᠲᠡ᠎ᠶᠢᠨ ᠳᠤᠮᠳᠠᠬᠢ ᠬᠠᠭᠤᠴᠢᠨ ᠠᠰᠠᠭᠤᠳᠠᠯ᠂ ᠰᠢᠨ᠎ᠡ ᠥᠷᠢᠰᠦᠯᠳᠦᠭᠡᠨ ᠪᠠᠰᠠ ᠴᠥᠭᠡᠨ ᠪᠤᠰᠤ ᠪᠠᠢᠨ᠎ᠠ᠃ ᠭᠡᠪᠡᠴᠦ ᠮᠠᠨ᠎ᠤ ᠤᠯᠤᠰ᠎ᠤᠨ ᠠᠵᠤ ᠠᠬᠤᠢ᠎ᠶᠢᠨ ᠤᠷᠳᠤ ᠬᠤᠭᠤᠴᠠᠭ᠎ᠠ᠎ᠪᠠᠷ ᠰᠠᠢᠵᠢᠷᠠᠬᠤ᠎ᠶᠢᠨ ᠲᠤᠯᠭᠠᠭᠤᠷᠢᠯᠠᠬᠤ ᠨᠥᠬᠥᠴᠡᠯ ᠪᠠ ᠦᠨᠳᠦᠰᠦᠨ ᠬᠠᠨᠳᠤᠰᠢ ᠬᠤᠪᠢᠷᠠᠭ᠎ᠠ ᠦᠭᠡᠢ᠂ ᠴᠢᠨᠠᠷ ᠰᠠᠢᠲᠠᠢ ᠬᠥᠭᠵᠢᠯᠲᠡ᠎ᠶᠢᠨ ᠢᠷᠡᠭᠡᠳᠦᠢ ᠥᠷᠭᠡᠨ ᠠᠭᠤᠳᠠᠮ ᠪᠠᠢᠬᠤ᠎ᠶᠢ ᠣᠯᠵᠤ ᠬᠠᠷᠠᠬᠤ ᠬᠡᠷᠡᠭᠲᠡᠢ᠃ ᠪᠢᠳᠡ ᠢᠲᠡᠭᠡᠯ ᠵᠣᠷᠢᠭ᠋᠎ᠢᠶᠠᠨ ᠪᠠᠲᠤᠳᠬᠠᠨ᠂ ᠠᠰᠠᠭᠤᠳᠠᠯ᠎ᠳᠤ ᠰᠢᠭᠤᠳ ᠬᠠᠨᠳᠤᠵᠤ᠂ ᠬᠦᠴᠦ᠎ᠪᠡᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠳᠡᠭ ᠯᠡ ᠶᠤᠮ ᠪᠣᠯ ᠠᠵᠤ ᠠᠬᠤᠢ ᠲᠣᠭᠲᠠᠭᠤᠨ᠎ᠤ ᠳᠤᠮᠳᠠ ᠰᠠᠢᠵᠢᠷᠠᠬᠤ ᠬᠠᠨᠳᠤᠰᠢ᠎ᠶᠢ ᠯᠠᠪᠳᠠᠶ᠎ᠠ ᠲᠠᠰᠤᠷᠠᠯᠳᠠ ᠦᠭᠡᠢ ᠪᠡᠬᠢᠵᠢᠭᠦᠯᠦᠨ ᠥᠷᠭᠡᠳᠬᠡᠵᠦ᠂ ᠬᠥᠭᠵᠢᠯᠲᠡ᠎ᠶᠢᠨ ᠰᠠᠨᠠᠭᠠᠴᠢᠯᠠᠭᠠᠲᠤ ᠡᠷᠬᠡ᠎ᠶᠢ ᠪᠠᠲᠤ ᠡᠵᠡᠮᠰᠢᠵᠦ ᠴᠢᠳᠠᠬᠤ ᠶᠤᠮ ᠭᠡᠪᠡ᠃

ᠯᠢ ᠴᠢᠶᠠᠩ ᠴᠢᠬᠤᠯᠠᠴᠢᠯᠠᠬᠤ᠎ᠳᠤ᠎ᠪᠠᠨ᠂ ᠲᠥᠪ᠎ᠦᠨ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠰᠠᠨᠠᠭᠤᠯᠭ᠎ᠠ ᠪᠠ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯᠳᠤᠭᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢᠨ ᠲᠣᠭᠲᠠᠭᠠᠯᠲᠤ ᠴᠢᠨᠠᠷ᠎ᠢᠶᠠᠷ ᠬᠥᠭᠵᠢᠯᠲᠡ᠎ᠶᠢᠨ ᠣᠷᠴᠢᠨ ᠨᠥᠬᠥᠴᠡᠯ᠎ᠦᠨ ᠲᠣᠭᠲᠠᠭᠠᠯᠲᠤ ᠪᠤᠰᠤ ᠴᠢᠨᠠᠷ᠎ᠢ ᠠᠷᠭᠠᠴᠠᠬᠤ ᠬᠡᠷᠡᠭᠲᠡᠢ᠃ ᠴᠢᠨᠠᠷ ᠰᠠᠢᠲᠠᠢ ᠬᠥᠭᠵᠢᠯᠲᠡ᠎ᠶᠢᠨ ᠬᠠᠷᠠᠯᠲᠠ᠎ᠪᠠᠷ ᠬᠥᠲᠥᠯᠥᠨ ᠳᠠᠭᠠᠭᠤᠯᠬᠤ᠎ᠶᠢ ᠲᠤᠪᠤᠢ᠍ᠢᠯᠭᠠᠵᠦ᠂ ᠨᠡᠩ ᠢᠳᠡᠪᠬᠢᠲᠡᠢ ᠡᠳ᠋᠎ᠦᠨ ᠵᠠᠰᠠᠭ᠎ᠤᠨ ᠳᠦᠷᠦ᠎ᠶᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠢᠯᠭᠠᠬᠤ ᠵᠣᠭᠣᠰᠤᠨ᠎ᠤ ᠳᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠡᠯ᠎ᠡ ᠳᠦᠷᠦᠯ᠎ᠦᠨ ᠳᠦᠷᠦ᠎ᠶᠢᠨ ᠪᠣᠳᠣᠯᠭ᠎ᠠ᠎ᠶᠢᠨ ᠬᠠᠮᠲᠤᠷᠠᠯᠴᠠᠨ ᠬᠦᠴᠦᠯᠡᠬᠦ᠎ᠶᠢ ᠴᠢᠬᠤᠯᠠᠴᠢᠯᠠᠵᠤ᠂ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ ᠪᠠ ᠬᠣᠷᠸ᠎ᠠ ᠳᠦᠷᠦ᠎ᠶᠢᠨ ᠪᠣᠳᠣᠯᠭ᠎ᠠ᠎ᠶᠢᠨ ᠬᠠᠮᠵᠢᠯᠴᠠᠭ᠎ᠠ᠎ᠶᠢ ᠴᠢᠩᠭᠠᠳᠬᠠᠵᠤ᠂ ᠴᠢᠨᠠᠷ ᠴᠢᠨᠰᠠᠭ᠎ᠠ᠎ᠶᠢ ᠪᠦᠲᠦᠮᠵᠢᠲᠡᠢ ᠳᠡᠭᠡᠭᠰᠢᠯᠡᠭᠦᠯᠬᠦ ᠲᠠᠯ᠎ᠠ᠎ᠪᠠᠷ ᠨᠡᠩ ᠶᠡᠬᠡ ᠰᠢᠪᠲᠤᠯᠤᠯᠲᠠ᠎ᠲᠠᠢ ᠪᠣᠯᠬᠤ ᠬᠡᠷᠡᠭᠲᠡᠢ᠃ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ ᠠᠷᠭ᠎ᠠ ᠵᠠᠮ᠎ᠢ ᠥᠷᠭᠡᠳᠬᠡᠵᠦ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ᠎ᠶᠢ ᠴᠢᠩᠭᠠᠳᠬᠠᠵᠤ᠂ ᠥᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠢᠷᠡᠭᠦᠯᠵᠦ᠂ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠰᠠᠭᠤᠷᠢ ᠴᠡᠭ᠎ᠢ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ ᠳᠡᠭᠡᠷ᠎ᠡ ᠲᠠᠯᠪᠢᠵᠤ᠂ ᠬᠥᠭᠵᠢᠯᠲᠡ᠎ᠶᠢᠨ ᠳᠣᠲᠣᠭᠠᠳᠤ ᠬᠥᠳᠡᠯᠭᠡᠭᠴᠢ ᠬᠦᠴᠦᠨ᠎ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠶᠠᠪᠤᠴᠠ᠎ᠳᠤ ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠢᠵᠢᠷᠠᠭᠤᠯᠵᠤ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ ᠪᠠ ᠬᠡᠷᠡᠭᠯᠡᠭᠡ᠎ᠶᠢ ᠠᠬᠢᠭᠤᠯᠬᠤ᠎ᠶᠢ ᠪᠠᠷᠢᠮᠲᠠᠯᠠᠵᠤ᠂ ᠪᠣᠳᠠᠰ᠎ᠲᠤ ᠪᠡᠯᠡ ᠣᠷᠣᠭᠤᠯᠬᠤ ᠪᠠ ᠬᠥᠮᠥᠨ᠎ᠳᠦ ᠪᠡᠯᠡ ᠣᠷᠣᠭᠤᠯᠬᠤ᠎ᠶᠢ ᠨᠢᠭ᠍ᠲᠠ ᠤᠶᠠᠯᠳᠤᠭᠤᠯᠵᠤ᠂ ᠠᠵᠤ ᠠᠬᠤᠢ᠎ᠶᠢᠨ ᠰᠢᠨ᠎ᠡ ᠨᠡᠮᠡᠭᠳᠡᠯ᠎ᠦᠨ ᠴᠡᠭ᠎ᠢ ᠪᠣᠢᠵᠢᠭᠤᠯᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠪᠡ᠃

ᠯᠢ ᠴᠢᠶᠠᠩ᠂ ᠤᠯᠠᠨ᠎ᠢᠶᠠᠷ᠎ᠢᠶᠠᠨ ᠥᠪᠡᠷᠰᠡᠳ᠎ᠦᠨ ᠳᠠᠪᠠᠭᠤᠯᠢᠭ᠋᠎ᠢᠶᠠᠨ ᠪᠠᠳᠠᠷᠠᠭᠤᠯᠵᠤ᠂ ᠨᠡᠩ ᠶᠡᠬᠡ ᠬᠠᠷᠢᠭᠤᠴᠠᠯᠭ᠎ᠠ ᠡᠭᠦᠷᠭᠡᠯᠡᠵᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠳᠤᠮᠳᠠᠬᠢ ᠪᠣᠳᠠᠲᠠᠢ ᠪᠠᠢᠳᠠᠯ᠎ᠢ ᠢᠳᠡᠪᠬᠢᠲᠡᠢ ᠲᠤᠰᠬᠠᠵᠤ᠂ ᠰᠠᠨᠠᠯ ᠰᠠᠨᠠᠭᠤᠯᠭ᠎ᠠ ᠳᠤᠷᠠᠳᠴᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ᠎ᠶᠢ ᠬᠦᠰᠡᠵᠦ ᠪᠠᠢᠨ᠎ᠠ ᠭᠡᠪᠡ᠃

ᠦ᠋ ᠵᠧᠩ ᠯᠦᠩ ᠲᠣᠰ ᠰᠠᠭᠤᠳᠠᠯ᠎ᠤᠨ ᠬᠤᠷᠠᠯ᠎ᠳᠤ ᠣᠷᠣᠯᠴᠠᠪᠠ᠃

《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》 ᠪᠠ 《 〈ᠠᠷᠪᠠᠨ ᠲᠠᠪᠤᠳᠤᠭᠠᠷ ᠲᠠᠪᠤᠨ ᠵᠢᠯ〉᠎ᠦᠨ ᠲᠥᠯᠦᠪᠵᠢᠭᠦᠯᠭᠡ᠎ᠶᠢᠨ ᠬᠥᠲᠥᠯᠪᠦᠷᠢ (ᠡᠬᠡ ᠲᠥᠰᠥᠯ) 》᠎ᠶᠢᠨ ᠰᠠᠨᠠᠯ ᠬᠤᠷᠢᠶᠠᠬᠤ ᠨᠣᠣᠷᠠᠭ᠎ᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠡᠴᠡ ᠵᠡᠷᠭᠡ᠎ᠪᠡᠷ ᠰᠠᠨᠠᠯ ᠬᠤᠷᠢᠶᠠᠵᠤ ᠡᠬᠢᠯᠡᠪᠡ᠃

ᠢᠷᠡᠯᠲᠡ᠄ ᠰᠢᠨᠬᠤᠸᠠ ᠬᠣᠷᠢᠶ᠎ᠠ