ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠳᠤᠮᠳᠠᠳᠤ᠎ᠶᠢᠨ ᠦᠨᠳᠦᠰᠦᠲᠡᠨ᠎ᠦ ᠶᠡᠬᠡ ᠪᠦᠯᠬᠦᠮᠳᠡᠯ᠎ᠢᠶᠡᠷ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2026-01-21

ᠶᠡᠷᠦᠩᠬᠡᠢ ᠱᠦᠵᠢ ᠰᠢ᠎ᠵᠢᠨ᠎ᠫᠢᠩ ᠵᠢᠭᠠᠵᠤ ᠭᠠᠷᠭᠠᠬᠤ᠎ᠳᠤ᠎ᠪᠠᠨ᠂ ᠡᠷᠬᠡᠪᠰᠢ ᠦᠨᠳᠦᠰᠦᠲᠡᠨ᠎ᠨᠦᠭᠦᠳ᠎ᠦᠨ ᠨᠡᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠶᠢᠨ ᠲᠥᠯᠥᠭᠡ ᠬᠠᠮᠲᠤ᠎ᠪᠠᠷ ᠲᠡᠮᠡᠴᠡᠬᠦ᠎ᠶᠢ ᠠᠬᠢᠭᠤᠯᠬᠤ᠎ᠶᠢ ᠰᠢᠨ᠎ᠡ ᠴᠠᠭ ᠦᠶ᠎ᠡ᠎ᠶᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠬᠤᠯᠠ ᠡᠭᠦᠷᠭᠡ ᠪᠣᠯᠭᠠᠬᠤ ᠬᠡᠷᠡᠭᠲᠡᠢ᠃ ᠪᠢᠳᠠ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠦᠯᠬᠦᠮᠳᠡᠨ ᠲᠡᠮᠡᠴᠡᠬᠦ᠎ᠶᠢ ᠶᠡᠬᠡ᠎ᠪᠡᠷ ᠠᠬᠢᠭᠤᠯᠵᠤ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠰᠦᠷ ᠳᠠᠯᠠᠢᠴᠠᠲᠠᠢ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭᠲᠡᠢ; ᠦᠨᠳᠦᠰᠦᠲᠡᠨ᠎ᠨᠦᠭᠦᠳ ᠬᠠᠮᠲᠤ᠎ᠪᠠᠷ ᠴᠡᠴᠡᠭᠯᠡᠨ ᠬᠥᠭᠵᠢᠬᠦ᠎ᠶᠢ ᠪᠦᠬᠦ ᠲᠠᠯ᠎ᠠ᠎ᠪᠠᠷ ᠪᠡᠶᠡᠯᠡᠭᠦᠯᠵᠦ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠶᠡᠬᠡ ᠢᠷᠠᠭᠤ ᠠᠯᠳᠠᠷ᠎ᠢ ᠬᠠᠮᠲᠤ᠎ᠪᠠᠷ ᠡᠳ᠋ᠯᠡᠭᠦᠯᠬᠦ ᠬᠡᠷᠡᠭᠲᠡᠢ ᠭᠡᠪᠡ᠃

ᠦᠨᠳᠦᠰᠦᠲᠡᠨ᠎ᠨᠦᠭᠦᠳ᠎ᠦᠨ ᠬᠠᠮᠲᠤ᠎ᠶᠢᠨ ᠪᠦᠯᠬᠦᠮᠳᠡᠯ ᠲᠡᠮᠡᠴᠡᠯ ᠪᠠᠢᠬᠤ ᠦᠭᠡᠢ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠪᠡᠶᠡᠯᠡᠭᠦᠯᠬᠦ᠎ᠳᠦ ᠪᠡᠷᠬᠡ ᠶᠤᠮ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠪᠣᠯ ᠬᠥᠮᠥᠨ ᠠᠮᠠ᠎ᠶᠢᠨ ᠬᠡᠪᠴᠢᠶ᠎ᠡ᠎ᠪᠡᠷ ᠯᠤᠲᠤ ᠶᠡᠬᠡ ᠣᠳᠣᠬᠢᠴᠢᠯᠠᠯᠲᠠ ᠮᠥᠨ᠃ ᠮᠠᠨ᠎ᠤ ᠤᠯᠤᠰ᠎ᠤᠨ ᠠᠷᠪᠠᠨ ᠲᠦᠷᠪᠡᠨ ᠳ᠋ᠦᠩᠰᠢᠭᠤᠷ ᠭᠠᠷᠤᠢ ᠬᠥᠮᠥᠨ ᠠᠮᠠ ᠪᠦᠬᠦᠯᠢ ᠴᠣᠭᠴᠠ᠎ᠪᠠᠷ᠎ᠢᠶᠠᠨ ᠣᠳᠣᠬᠢᠴᠢᠯᠠᠯᠲᠠ᠎ᠳᠤ ᠲᠠᠪᠰᠢᠨ ᠣᠷᠣᠵᠤ᠂ ᠬᠡᠪᠴᠢᠶᠡᠵᠢᠯ ᠨᠢ ᠤᠳᠤ᠎ᠶᠢᠨ ᠪᠠᠢᠭ᠎ᠠ ᠬᠥᠭᠵᠢᠭᠰᠡᠨ ᠤᠯᠤᠰ᠎ᠤᠨ ᠬᠥᠮᠥᠨ ᠠᠮᠠ᠎ᠶᠢᠨ ᠨᠡᠢᠯᠡᠪᠦᠷᠢ᠎ᠡᠴᠡ ᠳᠠᠪᠠᠭᠰᠠᠨ ᠪᠣᠯᠬᠣᠷ ᠪᠡᠷᠬᠡ ᠬᠠᠲᠠᠭᠤᠵᠢᠯᠲᠤ ᠴᠢᠨᠠᠷ ᠪᠠ ᠨᠠᠷᠢᠨ ᠪᠤᠳᠤᠯᠢᠶᠠᠨᠲᠤ ᠴᠢᠨᠠᠷ ᠤᠷᠢᠳ ᠡᠮᠦᠨ᠎ᠡ ᠪᠠᠢᠭ᠎ᠠ ᠦᠭᠡᠢ ᠶᠤᠮ᠃ ᠦᠨᠳᠦᠰᠦᠲᠡᠨ᠎ᠨᠦᠭᠦᠳ᠎ᠦᠨ ᠪᠦᠯᠬᠦᠮᠳᠡᠯ ᠲᠡᠮᠡᠴᠡᠯ ᠪᠠᠢᠬᠤ ᠦᠭᠡᠢ ᠪᠣᠯ ᠣᠳᠣᠬᠢᠴᠢᠯᠠᠯᠲᠠ᠎ᠶᠢ ᠪᠡᠶᠡᠯᠡᠭᠦᠯᠵᠦ ᠴᠢᠳᠠᠬᠤ ᠦᠭᠡᠢ ᠶᠤᠮ᠃ ᠶᠡᠷᠦᠩᠬᠡᠢ ᠱᠦᠵᠢ ᠰᠢ᠎ᠵᠢᠨ᠎ᠫᠢᠩ 《ᠪᠦᠯᠬᠦᠮᠳᠡᠯ ᠲᠡᠮᠡᠴᠡᠯ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠲᠡᠦᠬᠡ᠎ᠶᠢᠨ ᠠᠭᠤᠤ ᠦᠢᠯᠡᠰ᠎ᠢ ᠡᠭᠦᠳᠦᠨ ᠪᠦᠲᠦᠭᠡᠬᠦ᠎ᠳᠦ ᠵᠠᠢᠯᠠᠰᠢ ᠦᠭᠡᠢ ᠶᠠᠪᠤᠬᠤ ᠵᠠᠮ ᠮᠥᠨ》 ᠭᠡᠵᠦ ᠭᠦᠨᠵᠡᠭᠡᠢ ᠵᠢᠭᠠᠵᠤ ᠭᠠᠷᠭᠠᠵᠠᠢ᠃ ᠡᠷᠬᠡᠪᠰᠢ ᠳᠤᠮᠳᠠᠳᠤ᠎ᠶᠢᠨ ᠦᠨᠳᠦᠰᠦᠲᠡᠨ᠎ᠦ ᠶᠡᠬᠡ ᠪᠦᠯᠬᠦᠮᠳᠡᠯ᠎ᠦᠨ ᠲᠤᠭ᠎ᠢ ᠥᠨᠳᠥᠷ ᠮᠠᠨᠳᠤᠭᠤᠯᠵᠤ᠂ ᠦᠨᠳᠦᠰᠦᠲᠡᠨ᠎ᠨᠦᠭᠦᠳ ᠨᠡᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠶᠢᠨ ᠲᠥᠯᠥᠭᠡ ᠬᠠᠮᠲᠤ᠎ᠪᠠᠷ ᠲᠡᠮᠡᠴᠡᠬᠦ᠎ᠶᠢ ᠠᠬᠢᠭᠤᠯᠬᠤ ᠶᠠᠪᠤᠳᠠᠯ᠎ᠢ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠨᠠᠮ᠎ᠤᠨ ᠦᠨᠳᠦᠰᠦᠲᠡᠨ᠎ᠦ ᠠᠵᠢᠯ᠎ᠤᠨ ᠴᠢᠬᠤᠯᠠ ᠡᠭᠦᠷᠭᠡ ᠪᠣᠯᠭᠠᠬᠤ ᠬᠡᠷᠡᠭᠲᠡᠢ᠃ ᠨᠠᠮ᠎ᠤᠨ ᠤᠳᠤᠷᠢᠳᠤᠯᠭ᠎ᠠ᠎ᠶᠢᠨ ᠳᠣᠣᠷ᠎ᠠ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠪᠦᠯᠬᠦᠮᠳᠡᠨ ᠨᠢᠭᠡᠳᠴᠦ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠵᠣᠷᠢᠭ᠍ᠲᠠᠢ᠎ᠪᠠᠷ ᠲᠡᠮᠡᠴᠡᠵᠦ᠂ ᠴᠢᠳᠠᠮᠠᠭᠠᠢ᠎ᠪᠠᠷ ᠲᠡᠮᠡᠴᠡᠳᠡᠭ ᠯᠡ ᠶᠤᠮ ᠪᠣᠯ ᠪᠢᠳᠡ ᠯᠠᠪᠳᠠᠶ᠎ᠠ ᠤᠷᠤᠭᠰᠢᠯᠠᠯᠲᠠ᠎ᠶᠢᠨ ᠵᠠᠮ ᠳᠡᠭᠡᠷᠡᠬᠢ ᠠᠯᠢᠪᠠ ᠬᠦᠴᠢᠷ ᠪᠡᠷᠬᠡᠰᠢᠶᠡᠯ ᠥᠷᠢᠰᠦᠯᠳᠦᠭᠡᠨ᠎ᠢ ᠢᠯᠠᠨ ᠳᠠᠪᠠᠵᠤ᠂ ᠬᠥᠮᠥᠰ᠎ᠢ ᠭᠠᠢᠬᠠᠭᠤᠯᠤᠮ᠎ᠠ ᠰᠢᠨ᠎ᠡ ᠭᠠᠢᠬᠠᠮᠰᠢᠭ᠋᠎ᠢ ᠦᠷᠭᠦᠯᠵᠢᠯᠡᠨ ᠡᠭᠦᠳᠴᠦ ᠴᠢᠳᠠᠬᠤ ᠶᠤᠮ᠃ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠬᠦ᠎ᠶᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠣᠢᠵᠢᠭᠤᠯᠤᠭᠰᠠᠨ ᠪᠦᠯᠬᠦᠮᠳᠡᠯ᠎ᠦᠨ ᠠᠭᠤᠤ ᠶᠡᠬᠡ ᠵᠣᠷᠢᠭ᠋ ᠰᠠᠨᠠᠭ᠎ᠠ᠎ᠶᠢ ᠦᠷᠭᠦᠯᠵᠢᠯᠡᠨ ᠪᠠᠳᠠᠷᠠᠭᠤᠯᠵᠤ᠂ ᠲᠡᠮᠡᠴᠡᠯ᠎ᠦᠨ ᠬᠠᠷᠠᠯᠲᠠ᠎ᠶᠢ ᠲᠣᠳᠣᠷᠬᠠᠢᠯᠠᠬᠤ ᠯᠤᠭ᠎ᠠ ᠤᠶᠠᠯᠳᠤᠭᠤᠯᠤᠨ ᠬᠠᠮᠤᠭ᠎ᠤᠨ ᠪᠠᠲᠤ ᠪᠦᠯᠬᠦᠮᠳᠡᠯ᠎ᠢ ᠪᠤᠢ ᠪᠣᠯᠭᠠᠵᠤ᠂ ᠨᠢᠭ᠍ᠲᠠᠷᠠᠨ ᠪᠦᠯᠬᠦᠮᠳᠡᠬᠦ᠎ᠳᠦ ᠲᠦᠰᠢᠭᠯᠡᠨ ᠬᠠᠮᠤᠭ᠎ᠤᠨ ᠬᠦᠴᠦᠲᠡᠢ ᠲᠡᠮᠡᠴᠡᠯ ᠬᠢᠵᠦ᠂ ᠨᠡᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠠᠢᠭᠤᠯᠬᠤ ᠲᠡᠮᠡᠴᠡᠯ᠎ᠦᠨ ᠬᠠᠷᠠᠯᠲᠠ᠎ᠶᠢ ᠴᠢᠷᠮᠠᠢᠨ ᠪᠡᠶᠡᠯᠡᠭᠦᠯᠬᠦ ᠬᠡᠷᠡᠭᠲᠡᠢ᠃

ᠦᠨᠳᠦᠰᠦᠲᠡᠨ᠎ᠨᠦᠭᠦᠳ᠎ᠦᠨ ᠬᠠᠮᠲᠤ᠎ᠶᠢᠨ ᠴᠡᠴᠡᠭᠯᠡᠯ ᠬᠥᠭᠵᠢᠯ ᠪᠠᠢᠬᠤ ᠦᠭᠡᠢ ᠪᠣᠯ ᠮᠥᠨ ᠴᠦ᠍ ᠨᠡᠢᠭᠡᠮ ᠵᠢᠷᠤᠮ᠎ᠤᠨ ᠣᠳᠣᠬᠢᠴᠢᠯᠠᠯᠲᠠ ᠪᠢᠰᠢ ᠶᠤᠮ᠃ ᠶᠡᠷᠦᠩᠬᠡᠢ ᠱᠦᠵᠢ ᠰᠢ᠎ᠵᠢᠨ᠎ᠫᠢᠩ᠂ ᠳᠤᠮᠳᠠᠳᠤ᠎ᠶᠢᠨ ᠦᠨᠳᠦᠰᠦᠲᠡᠨ ᠪᠣᠯ ᠨᠢᠭᠡᠨ ᠶᠡᠬᠡ ᠭᠡᠷ ᠪᠦᠯᠢ ᠮᠥᠨ᠂ ᠭᠡᠷ ᠪᠦᠯᠢ᠎ᠪᠡᠷ᠎ᠢᠶᠡᠨ ᠴᠥᠮ ᠰᠠᠢᠨ ᠰᠠᠢᠬᠠᠨ ᠠᠮᠢᠳᠤᠷᠠᠯ᠎ᠢ ᠡᠳ᠋ᠯᠡᠬᠦ ᠬᠡᠷᠡᠭᠲᠡᠢ; ᠶᠠᠳᠠᠭᠤ᠎ᠠᠴᠠ ᠠᠩᠭᠢᠵᠢᠷᠠᠭᠤᠯᠬᠤ᠂ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠂ ᠣᠳᠣᠬᠢᠴᠢᠯᠠᠬᠤ᠎ᠳᠤ ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠵᠤ ᠪᠣᠯᠬᠤ ᠦᠭᠡᠢ; ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠵᠤ᠂ ᠬᠠᠮᠲᠤ᠎ᠪᠠᠷ ᠪᠠᠶᠠᠵᠢᠬᠤ᠎ᠶᠢ ᠪᠡᠶᠡᠯᠡᠭᠦᠯᠬᠦ᠎ᠳᠦ ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠵᠤ ᠪᠣᠯᠬᠤ ᠦᠭᠡᠢ᠃ ᠨᠠᠮ᠎ᠤᠨ ᠲᠥᠪ ᠬᠣᠷᠢᠶ᠎ᠠ᠎ᠶᠢᠨ ᠡᠷᠡᠰ ᠴᠢᠩᠭ᠎ᠠ ᠤᠳᠤᠷᠢᠳᠤᠯᠭ᠎ᠠ ᠪᠠ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠴᠥᠬᠥᠷᠡᠰᠢ ᠦᠭᠡᠢ ᠲᠡᠮᠡᠴᠡᠯ᠎ᠦᠨ ᠳᠣᠣᠷ᠎ᠠ᠂ ᠦᠨᠳᠦᠰᠦᠲᠡᠨ᠎ᠦ ᠭᠠᠵᠠᠷ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠲᠠᠢ᠍ᠢᠨ ᠪᠦᠬᠦ ᠲᠠᠯ᠎ᠠ᠎ᠪᠠᠷ ᠢᠯᠠᠯᠲᠠ ᠣᠯᠵᠤ᠂ ᠶᠠᠳᠠᠭᠤ ᠬᠦᠴᠢᠷᠳᠡᠯᠲᠠᠢ ᠭᠤᠷᠪᠠᠨ ᠮᠢᠩᠭ᠎ᠠ ᠨᠢᠭᠡ ᠵᠠᠭᠤ ᠬᠣᠷᠢᠨ ᠨᠢᠭᠡᠨ ᠲᠦᠮᠡᠨ ᠬᠥᠮᠥᠨ ᠠᠮᠠ᠎ᠶᠢ ᠴᠥᠮ ᠶᠠᠳᠠᠭᠤ᠎ᠠᠴᠠ ᠠᠩᠭᠢᠵᠢᠷᠠᠭᠤᠯᠵᠤ᠂ ᠦᠨᠳᠦᠰᠦᠲᠡᠨ᠎ᠦ ᠥᠪᠡᠷᠲᠡᠭᠡᠨ ᠵᠠᠰᠠᠬᠤ ᠭᠠᠵᠠᠷ ᠣᠷᠣᠨ᠎ᠤ ᠶᠠᠳᠠᠭᠤ ᠬᠦᠴᠢᠷᠳᠡᠯᠲᠠᠢ ᠲᠦᠷᠪᠡᠨ ᠵᠠᠭᠤ ᠬᠣᠷᠢᠨ ᠰᠢᠶᠠᠨ᠎ᠢ ᠴᠥᠮ ᠶᠠᠳᠠᠭᠤ᠎ᠠᠴᠠ ᠠᠩᠭᠢᠵᠢᠷᠠᠭᠤᠯᠵᠤ᠂ ᠬᠥᠮᠥᠨ ᠠᠮᠠ᠎ᠪᠠᠷ ᠴᠥᠭᠡᠪᠲᠦᠷ ᠬᠣᠷᠢᠨ ᠨᠠᠢ᠍ᠮᠠᠨ ᠦᠨᠳᠦᠰᠦᠲᠡᠨ᠎ᠢ ᠴᠥᠮ ᠶᠠᠳᠠᠭᠤ᠎ᠠᠴᠠ ᠠᠩᠭᠢᠵᠢᠷᠠᠭᠤᠯᠪᠠ᠃ ᠲᠠᠪᠢᠨ ᠵᠢᠷᠭᠤᠭᠠᠨ ᠦᠨᠳᠦᠰᠦᠲᠡᠨ ᠪᠦᠬᠦ ᠲᠠᠯ᠎ᠠ᠎ᠪᠠᠷ ᠴᠢᠨᠡᠭᠡᠯᠢᠭᠵᠢᠬᠦ ᠵᠠᠮ᠎ᠢᠶᠠᠷ ᠬᠠᠮᠲᠤ᠎ᠪᠠᠷ ᠤᠷᠤᠭᠰᠢᠯᠠᠵᠤ᠂ ᠨᠡᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ᠎ᠳᠤ ᠴᠤᠭ ᠵᠣᠷᠢᠭ᠋ ᠪᠠᠳᠠᠷᠠᠩᠭᠤᠢ᠎ᠪᠠᠷ ᠡᠷᠡᠯᠬᠡᠭᠯᠡᠨ ᠤᠷᠤᠭᠰᠢᠯᠠᠵᠤ ᠪᠠᠢᠨ᠎ᠠ᠃ ᠡᠭᠦᠨ᠎ᠦ ᠬᠠᠮᠲᠤ᠂ ᠲᠡᠦᠬᠡ᠂ ᠪᠠᠢᠭᠠᠯᠢ ᠵᠡᠷᠭᠡ ᠰᠢᠯᠲᠠᠭᠠᠨ᠎ᠠᠴᠠ ᠪᠣᠯᠵᠤ᠂ ᠦᠨᠳᠦᠰᠦᠲᠡᠨ᠎ᠦ ᠣᠷᠣᠨ᠎ᠤ ᠠᠵᠤ ᠠᠬᠤᠢ᠎ᠶᠢᠨ ᠬᠥᠭᠵᠢᠯᠲᠡ᠎ᠶᠢᠨ ᠰᠠᠭᠤᠷᠢ ᠬᠠᠷᠢᠴᠠᠩᠭᠤᠢ᠎ᠪᠠᠷ ᠪᠠᠭᠤᠷᠠᠢ ᠪᠠᠢᠵᠤ᠂ ᠠᠵᠤ ᠦᠢᠯᠡᠰ᠎ᠦᠨ ᠪᠦᠲᠦᠴᠡ ᠨᠢ ᠵᠣᠬᠢᠰ ᠦᠭᠡᠢ ᠪᠠᠢᠬᠤ; ᠬᠤᠳᠠ ᠬᠥᠳᠡᠭᠡ ᠪᠠ ᠣᠷᠣᠨ ᠪᠦᠰᠡ᠎ᠶᠢᠨ ᠬᠥᠭᠵᠢᠯᠲᠡ ᠲᠡᠩᠴᠡᠭᠦᠷᠢ ᠦᠭᠡᠢ ᠪᠠᠢᠵᠤ᠂ ᠵᠠᠬ᠎ᠠ ᠳᠡᠯᠭᠡᠭᠦᠷ᠎ᠦᠨ ᠪᠣᠶ᠋ᠢᠵᠢᠯᠲᠠ᠎ᠶᠢᠨ ᠬᠡᠮᠵᠢᠶ᠎ᠡ ᠬᠠᠷᠢᠴᠠᠩᠭᠤᠢ᠎ᠪᠠᠷ ᠨᠡᠯᠢᠶᠡᠳ ᠳᠣᠣᠷ᠎ᠠ ᠪᠠᠢᠬᠤ; ᠨᠡᠢᠭᠡᠮ᠎ᠦᠨ ᠦᠢᠯᠡᠰ᠎ᠦᠨ ᠥᠷᠢ ᠥᠭᠴᠡᠭᠡ ᠨᠡᠯᠢᠶᠡᠳ ᠤᠯᠠᠨ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠡᠭᠦᠷᠭᠡ ᠨᠡᠯᠢᠶᠡᠳ ᠬᠦᠨᠳᠦ᠂ ᠴᠢᠨᠠᠷ ᠰᠠᠢᠲᠠᠢ ᠬᠥᠭᠵᠢᠯᠲᠡ ᠲᠡᠢᠰᠢ ᠬᠡᠯᠪᠡᠷᠢ᠎ᠪᠡᠨ ᠬᠤᠪᠢᠷᠠᠭᠤᠯᠬᠤ ᠡᠭᠦᠷᠭᠡ ᠬᠠᠲᠠᠭᠤ ᠪᠡᠷᠬᠡ ᠪᠠᠢᠬᠤ᠎ᠶᠢ ᠴᠤ᠌ ᠣᠯᠵᠤ ᠦᠵᠡᠬᠦ ᠬᠡᠷᠡᠭᠲᠡᠢ᠃ ᠪᠢᠳᠡ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢᠶᠡᠷ ᠬᠠᠷᠠᠯᠲᠠ ᠪᠣᠯᠭᠠᠵᠤ᠂ ᠦᠨᠳᠦᠰᠦᠲᠡᠨ᠎ᠨᠦᠭᠦᠳ ᠴᠠᠭ ᠦᠶ᠎ᠡ᠎ᠶᠢᠨ ᠠᠯᠬᠤᠭ᠎ᠠ᠎ᠶᠢ ᠰᠠᠯᠤᠯ ᠦᠭᠡᠢ ᠲᠠᠭᠠᠵᠤ᠂ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ᠎ᠶᠢ ᠠᠬᠢᠭᠤᠯᠵᠤ᠂ ᠬᠠᠮᠲᠤ᠎ᠪᠠᠷ ᠪᠠᠶᠠᠵᠢᠬᠤ᠎ᠶᠢ ᠪᠡᠶᠡᠯᠡᠭᠦᠯᠬᠦ᠂ ᠨᠡᠢᠭᠡᠮ ᠵᠢᠷᠤᠮ᠎ᠤᠨ ᠣᠳᠣᠬᠢᠴᠢᠯᠠᠯᠲᠠ ᠲᠡᠢᠰᠢ ᠤᠷᠤᠭᠰᠢᠯᠠᠬᠤ ᠠᠶᠠᠨ᠎ᠳᠤ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠭᠠᠷ ᠬᠣᠯᠪᠣᠨ ᠬᠠᠮᠲᠤ᠎ᠪᠠᠷ ᠤᠷᠤᠭᠰᠢᠯᠠᠬᠤ ᠬᠡᠷᠡᠭᠲᠡᠢ᠃

ᠢᠷᠡᠯᠲᠡ᠄ ᠳᠤᠮᠳᠠᠳᠤ ᠤᠯᠤᠰ᠎ᠤᠨ ᠦᠨᠳᠦᠰᠦᠲᠡᠨ᠎ᠦ ᠰᠣᠨᠢᠨ