ᠦᠨᠳᠦᠰᠦᠲᠡᠨ᠎ᠦ ᠭᠠᠵᠠᠷ ᠣᠷᠣᠨ᠎ᠳᠤ ᠰᠢᠨ᠎ᠡ ᠬᠥᠭᠵᠢᠯᠲᠡ᠎ᠶᠢᠨ ᠣᠨᠣᠯᠵᠢᠬᠤᠨ᠎ᠢ ᠲᠤᠭᠤᠰᠢᠯᠠᠭᠤᠯᠬᠤ᠎ᠶᠢ ᠠᠬᠢᠭᠤᠯᠤᠨ᠎ᠠ᠃ ᠬᠥᠭᠵᠢᠯᠲᠡ ᠪᠣᠯ ᠣᠳᠣᠬᠢᠴᠢᠯᠠᠯᠲᠠ᠎ᠶᠢᠨ ᠰᠠᠭᠤᠷᠢ ᠮᠥᠨ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ᠎ᠳᠦ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠢᠯᠡᠷᠡᠭᠦᠯᠬᠦ᠎ᠶᠢᠨ ᠠᠴᠢ ᠬᠣᠯᠪᠣᠭᠳᠠᠯ᠎ᠢ ᠣᠯᠭᠣᠭᠤᠯᠵᠤ᠂ ᠨᠢᠭᠡᠳᠦᠯ᠎ᠢ ᠬᠠᠮᠠᠭᠠᠯᠠᠬᠤ᠂ ᠬᠠᠭᠠᠴᠠᠭᠤᠯᠬᠤ᠎ᠶᠢ ᠡᠰᠡᠷᠭᠦᠴᠡᠬᠦ᠎ᠶᠢᠨ ᠠᠴᠢ ᠬᠣᠯᠪᠣᠭᠳᠠᠯ᠎ᠢ ᠣᠯᠭᠣᠭᠤᠯᠵᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠬᠥᠮᠥᠰ᠎ᠦᠨ ᠰᠡᠳᠬᠢᠯ᠎ᠢ ᠨᠢᠭ᠍ᠲᠠᠷᠠᠭᠤᠯᠬᠤ᠎ᠶᠢᠨ ᠠᠴᠢ ᠬᠣᠯᠪᠣᠭᠳᠠᠯ᠎ᠢ ᠣᠯᠭᠣᠭᠤᠯᠬᠤ ᠬᠡᠷᠡᠭᠲᠡᠢ᠃
ᠦᠨᠳᠦᠰᠦᠲᠡᠨ᠎ᠦ ᠭᠠᠵᠠᠷ ᠣᠷᠣᠨ᠎ᠨᠤᠭᠤᠳ᠎ᠢ ᠰᠢᠨ᠎ᠡ ᠬᠥᠭᠵᠢᠯᠲᠡ᠎ᠶᠢᠨ ᠲᠥᠯᠥᠪ ᠪᠠᠢᠳᠠᠯ᠎ᠳᠤ ᠠᠭᠤᠰᠤᠯᠴᠠᠭᠤᠯᠬᠤ᠎ᠶᠢ ᠠᠬᠢᠭᠤᠯᠤᠨ᠎ᠠ᠃ ᠦᠨᠳᠦᠰᠦᠲᠡᠨ᠎ᠦ ᠭᠠᠵᠠᠷ ᠣᠷᠣᠨ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠲᠦᠷᠭᠡᠪᠴᠢᠯᠡᠨ ᠠᠭᠤᠰᠤᠯᠴᠠᠬᠤ᠎ᠶᠢ ᠲᠡᠮᠵᠢᠵᠤ᠂ ᠡᠯ᠎ᠡ ᠭᠠᠵᠠᠷ ᠣᠷᠣᠨ᠎ᠤ ᠠᠵᠤ ᠠᠬᠤᠢ᠎ᠶᠢᠨ ᠲᠠᠯ᠎ᠠ᠎ᠪᠠᠷ ᠨᠡᠩ ᠨᠢᠭ᠍ᠲᠠ ᠬᠣᠯᠪᠣᠯᠳᠤᠵᠤ᠂ ᠨᠢᠭᠡ ᠴᠣᠭᠴᠠ ᠪᠣᠯᠬᠤ᠎ᠶᠢ ᠠᠬᠢᠭᠤᠯᠬᠤ ᠬᠡᠷᠡᠭᠲᠡᠢ᠃ ᠦᠨᠳᠦᠰᠦᠲᠡᠨ᠎ᠦ ᠭᠠᠵᠠᠷ ᠣᠷᠣᠨ᠎ᠤ ᠡᠬᠢ ᠪᠠᠶᠠᠯᠢᠭ᠋᠎ᠤᠨ ᠳᠠᠪᠠᠭᠤᠯᠢᠭ᠋᠂ ᠬᠥᠭᠵᠢᠯᠲᠡ᠎ᠶᠢᠨ ᠨᠥᠬᠥᠴᠡᠯ᠂ ᠬᠠᠷᠢᠴᠠᠭᠤᠯᠤᠭᠰᠠᠨ ᠳᠠᠪᠠᠭᠤᠯᠢᠭ᠋ ᠵᠡᠷᠭᠡ ᠪᠣᠳᠠᠲᠤ ᠪᠠᠢᠳᠠᠯ᠎ᠳᠤ ᠰᠠᠭᠤᠷᠢᠯᠠᠨ᠂ ᠰᠢᠨ᠎ᠡ ᠬᠥᠭᠵᠢᠯᠲᠡ᠎ᠶᠢᠨ ᠱᠠᠲᠤ᠎ᠶᠢ ᠣᠨᠣᠪᠴᠢᠲᠠᠢ ᠡᠵᠡᠮᠳᠡᠬᠦ᠂ ᠰᠢᠨ᠎ᠡ ᠬᠥᠭᠵᠢᠯᠲᠡ᠎ᠶᠢᠨ ᠣᠨᠣᠯᠵᠢᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ᠎ᠶᠢᠨ ᠲᠥᠯᠥᠪ ᠪᠠᠢᠳᠠᠯ᠎ᠳᠤ ᠠᠭᠤᠰᠤᠯᠴᠠᠬᠤ᠂ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠂ ᠬᠠᠮᠲᠤ᠎ᠪᠠᠷ ᠪᠠᠶᠠᠵᠢᠬᠤ᠎ᠶᠢ ᠠᠬᠢᠭᠤᠯᠬᠤ᠎ᠶᠢᠨ ᠭᠠᠷᠳᠠᠬᠤ ᠴᠡᠭ᠂ ᠤᠶᠠᠯᠳᠤᠬᠤ ᠴᠡᠭ᠂ ᠬᠦᠴᠦᠯᠡᠬᠦ ᠴᠡᠭ᠎ᠢ ᠣᠨᠣᠪᠴᠢᠲᠠᠢ ᠣᠯᠵᠤ᠂ ᠪᠦᠬᠦ ᠤᠯᠤᠰ ᠵᠢᠴᠢ ᠲᠤᠰ ᠭᠠᠵᠠᠷ ᠣᠷᠣᠨ᠎ᠤ ᠬᠥᠭᠵᠢᠯᠲᠡ᠎ᠶᠢᠨ ᠪᠦᠬᠦ ᠲᠠᠯ᠎ᠠ᠎ᠳᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠤ᠂ 《ᠨᠢᠭᠡ ᠪᠦᠰᠡ ᠨᠢᠭᠡ ᠵᠠᠮ》 ᠯᠤᠭ᠎ᠠ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠵᠤ᠂ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭᠵᠢᠭᠦᠯᠬᠦ᠎ᠶᠢ ᠠᠬᠢᠭᠤᠯᠬᠤ ᠵᠡᠷᠭᠡ ᠯᠦ᠍ᠭᠡ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠬᠤ ᠬᠡᠷᠡᠭᠲᠡᠢ᠃ ᠤᠯᠤᠰ᠎ᠤᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠪᠦᠲᠦᠭᠡᠨ ᠪᠠᠢᠭᠤᠯᠤᠯᠲᠠ᠎ᠶᠢᠨ ᠲᠣᠭᠣᠷᠢᠨ᠎ᠳᠤ᠂ ᠠᠵᠢᠯ ᠲᠦᠷᠦᠯ᠎ᠦᠨ ᠰᠢᠰᠲᠧᠮ᠎ᠢᠶᠡᠷ᠎ᠢᠶᠡᠨ ᠳᠡᠮᠵᠢᠬᠦ ᠪᠠ ᠵᠡᠭᠦᠨ ᠪᠠᠷᠠᠭᠤᠨ ᠬᠡᠰᠡᠭ᠎ᠦᠨ ᠭᠠᠵᠠᠷ ᠣᠷᠣᠨ ᠬᠠᠮᠵᠢᠯᠴᠠᠬᠤ ᠵᠡᠷᠭᠡ ᠲᠣᠭᠲᠠᠴᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠬᠠᠨ᠂ ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠎ᠢ ᠬᠠᠮᠲᠤ᠎ᠪᠠᠷ ᠪᠠᠢᠭᠤᠯᠵᠤ᠂ ᠲᠣᠬᠢᠷᠠᠮᠵᠢᠲᠠᠢ ᠠᠵᠤ ᠦᠢᠯᠡᠰ᠎ᠦᠨ ᠰᠢᠯᠵᠢᠯᠲᠡ᠎ᠶᠢ ᠡᠮᠬᠢ ᠵᠢᠷᠤᠮ᠎ᠲᠠᠢ᠎ᠪᠠᠷ ᠵᠠᠯᠭᠠᠨ ᠠᠪᠴᠤ᠂ ᠤᠳᠤ ᠦᠶ᠎ᠡ᠎ᠶᠢᠨ ᠪᠠᠷᠠᠭᠠᠨ᠎ᠤ ᠭᠦᠢᠯᠭᠡᠭᠡᠨ᠎ᠦ ᠲᠣᠭᠲᠠᠯᠴᠠᠭᠠᠨ᠎ᠤ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠲᠠᠸᠠᠷ ᠪᠠ ᠬᠦᠴᠦᠨ ᠵᠦᠢᠯ᠎ᠦᠨ ᠵᠠᠬ᠎ᠠ ᠳᠡᠯᠭᠡᠭᠦᠷ᠎ᠢ ᠪᠣᠢᠵᠢᠭᠤᠯᠤᠨ ᠬᠥᠭᠵᠢᠭᠦᠯᠵᠦ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠶᠠᠷ ᠵᠠᠬ᠎ᠠ ᠳᠡᠯᠭᠡᠭᠦᠷ᠎ᠲᠦ ᠨᠡᠩ ᠰᠠᠢᠲᠤᠷ ᠠᠭᠤᠰᠤᠯᠴᠠᠭᠤᠯᠤᠨ᠎ᠠ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠰᠠᠢᠵᠢᠷᠠᠭᠤᠯᠵᠤ᠂ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢ ᠪᠣᠢᠵᠢᠭᠤᠯᠤᠨ ᠪᠤᠵᠠᠭᠠᠢᠷᠠᠭᠤᠯᠵᠤ᠂ ᠲᠣᠮᠣ᠌ ᠳᠤᠮᠳᠠ ᠵᠢᠵᠢᠭ ᠪᠢᠴᠢᠯ ᠠᠵᠤ ᠠᠬᠤᠢᠯᠠᠯ ᠪᠠ ᠤᠯᠠᠨ ᠲᠦᠷᠦᠯ᠎ᠦᠨ ᠥᠮᠴᠢᠯᠡᠯᠲᠦ ᠠᠵᠤ ᠠᠬᠤᠢᠯᠠᠯ᠎ᠤᠨ ᠠᠵᠤ ᠠᠬᠤᠢ᠎ᠶᠢ ᠬᠥᠭᠵᠢᠭᠦᠯᠬᠦ᠂ ᠠᠵᠢᠯ ᠣᠯᠭᠣᠯᠲᠠ᠎ᠶᠢ ᠨᠡᠮᠡᠭᠳᠡᠭᠦᠯᠬᠦ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠳᠤᠮᠳᠠᠬᠢ ᠦᠢᠯᠡᠳᠦᠯ᠎ᠢ ᠪᠠᠳᠠᠷᠠᠭᠤᠯᠤᠨ᠎ᠠ᠃ ᠦᠨᠳᠦᠰᠦᠲᠡᠨ᠎ᠦ ᠭᠠᠵᠠᠷ ᠣᠷᠣᠨ᠎ᠤ ᠭᠠᠳᠠᠭ᠍ᠰᠢ ᠨᠡᠭᠡᠭᠡᠯᠲᠡ᠎ᠶᠢ ᠥᠷᠭᠡᠳᠬᠡᠵᠦ᠂ ᠥᠪᠥᠷ ᠮᠣᠩᠭᠣᠯ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢ ᠪᠠᠶ᠋ᠢᠭᠤᠯᠬᠤ᠂ ᠭᠤᠸᠠᠩᠰᠢ᠎ᠶᠢᠨ ᠵᠡᠭᠦᠨ ᠡᠮᠦᠨᠡᠲᠦ ᠠᠽᠢᠶ᠎ᠠ᠎ᠶᠢᠨ ᠤᠯᠤᠰ᠎ᠤᠳ᠎ᠤᠨ ᠬᠣᠯᠪᠣᠭ᠎ᠠ᠎ᠳᠤ ᠬᠠᠨᠳᠤᠭᠤᠯᠤᠭᠰᠠᠨ ᠨᠡᠭᠡᠭᠡᠯᠲᠡ ᠬᠢᠬᠦ ᠬᠠᠮᠲᠤᠷᠠᠯᠴᠠᠭᠠᠨ᠎ᠤ ᠥᠨᠳᠥᠷᠯᠢᠭ ᠭᠠᠵᠠᠷ᠎ᠢ ᠪᠠᠶ᠋ᠢᠭᠤᠯᠬᠤ᠂ ᠲᠥᠪᠡᠳ᠎ᠦᠨ ᠡᠮᠦᠨᠡᠲᠦ ᠠᠽᠢᠶ᠎ᠠ᠎ᠳᠤ ᠬᠠᠨᠳᠤᠭᠤᠯᠤᠭᠰᠠᠨ ᠨᠡᠭᠡᠭᠡᠯᠲᠡ᠎ᠶᠢᠨ ᠴᠢᠬᠤᠯᠠ ᠨᠡᠪᠲᠡᠷᠡᠬᠦ ᠵᠠᠮ᠎ᠢ ᠪᠠᠶ᠋ᠢᠭᠤᠯᠬᠤ᠂ ᠨᠢᠩᠰᠢᠶᠠ᠎ᠶᠢᠨ ᠳᠣᠲᠣᠭᠠᠳᠤ ᠬᠠᠭᠤᠷᠠᠢ᠎ᠶᠢᠨ ᠨᠡᠭᠡᠭᠡᠯᠲᠡᠲᠤ ᠬᠡᠯᠪᠡᠷᠢ᠎ᠶᠢᠨ ᠠᠵᠤ ᠠᠬᠤᠢ᠎ᠶᠢᠨ ᠲᠤᠷᠰᠢᠯᠲᠠ᠎ᠶᠢᠨ ᠣᠷᠣᠨ᠎ᠢ ᠪᠠᠶ᠋ᠢᠭᠤᠯᠬᠤ᠂ ᠰᠢᠨᠵᠢᠶᠠᠩ᠎ᠤᠨ ᠲᠣᠷᠭᠠᠨ ᠵᠠᠮ᠎ᠤᠨ ᠠᠵᠤ ᠠᠬᠤᠢ᠎ᠶᠢᠨ ᠪᠦᠰᠡ᠎ᠶᠢᠨ ᠭᠣᠣᠯ ᠣᠷᠣᠨ᠎ᠢ ᠪᠠᠶ᠋ᠢᠭᠤᠯᠬᠤ᠎ᠶᠢ ᠲᠡᠮᠵᠢᠨ᠎ᠡ᠃
ᠦᠨᠳᠦᠰᠦᠲᠡᠨ᠎ᠦ ᠭᠠᠵᠠᠷ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠶᠢ ᠠᠬᠢᠭᠤᠯᠤᠨ᠎ᠠ᠃ ᠦᠨᠳᠦᠰᠦᠲᠡᠨ᠎ᠦ ᠭᠠᠵᠠᠷ ᠣᠷᠣᠨ᠎ᠨᠤᠭᠤᠳ ᠰᠢᠨ᠎ᠡ ᠬᠥᠭᠵᠢᠯᠲᠡ᠎ᠶᠢᠨ ᠣᠨᠣᠯᠵᠢᠬᠤᠨ᠎ᠢ ᠪᠦᠷᠢᠨ ᠪᠦᠲᠦᠨ ᠵᠥᠪ ᠣᠨᠣᠪᠴᠢᠲᠠᠶ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠥᠭᠡᠷᠡᠴᠢᠯᠡᠯᠲᠡ ᠨᠡᠭᠡᠭᠡᠯᠲᠡ᠎ᠶᠢ ᠲᠠᠰᠤᠷᠠᠯᠲᠠ ᠦᠭᠡᠢ ᠭᠦᠨᠵᠡᠭᠡᠢᠷᠡᠭᠦᠯᠦᠨ᠂ ᠣᠨᠴᠠᠯᠢᠭ᠍ᠲᠤ ᠳᠠᠪᠠᠭᠤᠯᠢᠭ᠋ ᠠᠵᠤ ᠦᠢᠯᠡᠰ᠎ᠢ ᠶᠡᠬᠡᠪᠡᠷ ᠬᠥᠭᠵᠢᠭᠦᠯᠵᠦ᠂ ᠭᠠᠵᠠᠷ ᠣᠷᠣᠨ᠎ᠤ ᠪᠠᠢᠳᠠᠯ᠎ᠳᠤ᠎ᠪᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠶᠢ ᠪᠠᠷᠢᠮᠲᠠᠯᠠᠵᠤ᠂ ᠣᠷᠣᠨ ᠪᠦᠰᠡ᠎ᠳᠡᠬᠢ ᠳᠡᠮᠵᠢᠯᠭᠡ᠎ᠶᠢᠨ ᠵᠥᠷᠢᠶᠡᠴᠢᠯᠡᠭᠰᠡᠨ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠦ᠂ ᠦᠨᠳᠦᠰᠦᠲᠡᠨ᠎ᠦ ᠭᠠᠵᠠᠷ ᠣᠷᠣᠨ᠎ᠤ ᠥᠪᠡᠷ᠎ᠢ᠎ᠪᠡᠨ ᠬᠥᠭᠵᠢᠭᠦᠯᠬᠦ ᠴᠢᠳᠠᠪᠤᠷᠢ᠎ᠶᠢ ᠨᠢ ᠳᠡᠭᠡᠭᠰᠢᠯᠡᠭᠦᠯᠬᠦ ᠬᠡᠷᠡᠭᠲᠡᠢ᠃ ᠤᠯᠤᠰ᠎ᠤᠨ ᠪᠠᠷᠢᠮᠵᠢᠶ᠎ᠠ᠎ᠶᠢ ᠳᠡᠭᠡᠭᠰᠢᠯᠡᠭᠦᠯᠬᠦ᠎ᠪᠡᠷ ᠤᠯᠠᠮᠵᠢᠯᠠᠯᠲᠤ ᠠᠵᠤ ᠦᠢᠯᠡᠰ᠎ᠢ ᠰᠢᠯᠢᠳᠡᠭᠵᠢᠭᠦᠯᠦᠨ ᠲᠠᠰ ᠳᠡᠪᠰᠢᠭᠦᠯᠬᠦ᠎ᠶᠢ ᠬᠥᠲᠥᠯᠥᠨ ᠳᠠᠭᠠᠭᠤᠯᠵᠤ᠂ ᠠᠵᠤ ᠠᠬᠤᠢᠯᠠᠯ᠎ᠤᠳ᠎ᠢ ᠳ᠋ᠢᠭᠢᠲ ᠣᠶᠤᠨᠴᠢ ᠮᠡᠷᠭᠡᠵᠢᠯ᠂ ᠨᠣᠭᠣᠭᠠᠨ ᠮᠡᠷᠭᠡᠵᠢᠯ᠎ᠢᠶᠡᠷ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠳᠡᠭᠡᠭᠰᠢᠯᠡᠭᠦᠯᠬᠦ᠎ᠶᠢ ᠨᠢ ᠳᠡᠮᠵᠢᠨ᠎ᠡ᠃ ᠭᠠᠵᠠᠷ ᠣᠷᠣᠨ᠎ᠤ ᠪᠠᠢᠳᠠᠯ᠎ᠳᠤ᠎ᠪᠠᠨ ᠲᠣᠬᠢᠷᠠᠭᠤᠯᠤᠨ ᠤᠳᠤ ᠦᠶ᠎ᠡ᠎ᠶᠢᠨ ᠲᠠᠷᠢᠶᠠᠯᠠᠩ᠂ ᠲᠠᠷᠢᠶᠠᠯᠠᠩ᠎ᠤᠨ ᠭᠠᠷᠤᠯᠲᠠ᠎ᠶᠢ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ᠂ ᠦᠨᠳᠦᠰᠦᠲᠡᠨ᠎ᠦ ᠡᠮ ᠡᠮᠨᠡᠯᠭᠡ᠂ ᠦᠨᠳᠦᠰᠦᠲᠡᠨ᠎ᠦ ᠭᠠᠷ ᠦᠢᠯᠡᠳᠪᠦᠷᠢ᠂ ᠵᠢᠭᠤᠯᠴᠢᠯᠠᠯ᠎ᠤᠨ ᠦᠢᠯᠡᠰ ᠵᠡᠷᠭᠡ ᠣᠨᠴᠠᠯᠢᠭ᠍ᠲᠤ ᠠᠵᠤ ᠦᠢᠯᠡᠰ᠎ᠢ ᠬᠥᠭᠵᠢᠭᠦᠯᠵᠦ᠂ ᠪᠣᠳᠠᠲᠤ ᠴᠣᠭᠴᠠ᠎ᠶᠢᠨ ᠠᠵᠤ ᠠᠬᠤᠢ᠎ᠶᠢ ᠪᠣᠳᠠᠲᠠᠢᠵᠢᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠦᠨ᠎ᠡ᠃ ᠬᠥᠳᠡᠭᠡ ᠲᠣᠰᠬᠣᠨ᠎ᠤ ᠳᠤᠲᠠᠭᠤᠳᠠᠯ᠎ᠳᠤ ᠴᠢᠭᠯᠡᠭᠦᠯᠦᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠬᠥᠳᠡᠭᠡ ᠲᠣᠰᠬᠣᠨ᠎ᠤ ᠬᠥᠮᠥᠨ ᠠᠮᠠ᠎ᠶᠢ ᠬᠠᠮᠤᠷᠤᠭᠰᠠᠨ ᠳᠠᠬᠢᠨᠲᠠ ᠶᠠᠳᠠᠭᠤᠷᠠᠬᠤ᠎ᠶᠢ ᠰᠡᠷᠭᠡᠢᠯᠡᠬᠦ ᠪᠠᠢᠩᠭᠤ᠎ᠶᠢᠨ ᠲᠣᠭᠲᠠᠴᠠ᠎ᠶᠢ ᠲᠡᠭᠦᠯᠳᠡᠷᠵᠢᠭᠦᠯᠦᠨ᠂ ᠬᠥᠳᠡᠭᠡ ᠲᠣᠰᠬᠣᠨ᠎ᠤ ᠣᠷᠣᠯᠭ᠎ᠠ ᠪᠠᠭᠠᠲᠠᠢ ᠬᠥᠮᠥᠨ ᠠᠮᠠ ᠪᠠ ᠬᠥᠭᠵᠢᠭᠡᠳᠦᠢ ᠭᠠᠵᠠᠷ ᠣᠷᠣᠨ᠎ᠢ ᠲᠠᠰ ᠬᠤᠪᠢᠶᠠᠨ ᠲᠥᠷᠥᠯ ᠬᠤᠪᠢᠶᠠᠨ ᠬᠠᠪᠰᠤᠷᠤᠨ ᠲᠡᠳᠬᠦᠬᠦ ᠲᠣᠭᠲᠠᠴᠠ᠎ᠶᠢ ᠪᠠᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠶᠠᠪᠤᠳᠠᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ᠎ᠶᠢ ᠪᠡᠶᠡᠯᠡᠭᠦᠯᠦᠨ᠎ᠡ᠃ ᠬᠥᠮᠥᠨ᠎ᠢᠶᠡᠷ ᠦᠨᠳᠦᠰᠦ ᠪᠣᠯᠭᠠᠭᠰᠠᠨ ᠰᠢᠨ᠎ᠡ ᠮᠠᠶᠢᠭ᠋᠎ᠤᠨ ᠬᠣᠲᠠ ᠪᠠᠯᠭᠠᠰᠤᠵᠢᠯᠲᠠ᠎ᠶᠢ ᠢᠳᠡᠪᠬᠢᠲᠡᠢ᠎ᠪᠡᠷ ᠠᠬᠢᠭᠤᠯᠵᠤ᠂ ᠲᠣᠮᠣ᠌ ᠳᠤᠮᠳᠠ ᠵᠢᠵᠢᠭ ᠬᠣᠲᠠ ᠪᠠ ᠵᠢᠵᠢᠭ ᠬᠣᠲᠠ ᠪᠠᠯᠭᠠᠰᠤᠨ᠎ᠤ ᠵᠣᠬᠢᠴᠠᠩᠭᠤᠢ ᠬᠥᠭᠵᠢᠯᠲᠡ᠂ ᠡᠷᠴᠢᠮᠯᠢᠭ ᠠᠪᠰᠠᠷᠬᠠᠨ ᠪᠠᠢᠷᠢᠰᠢᠭᠤᠯᠤᠯᠲᠠ᠎ᠶᠢ ᠨᠢ ᠬᠥᠲᠥᠯᠥᠨ ᠵᠢᠯᠣᠭᠣᠳᠴᠤ᠂ ᠬᠣᠲᠠ ᠪᠠᠯᠭᠠᠰᠤᠵᠢᠯᠲᠠ᠎ᠶᠢᠨ ᠨᠣᠷᠮ᠎ᠠ᠎ᠶᠢ ᠳᠡᠭᠡᠭᠰᠢᠯᠡᠭᠦᠯᠵᠦ᠂ ᠤᠮᠠᠷᠠᠲᠤ᠎ᠶᠢᠨ ᠪᠣᠯᠣᠩ᠎ᠤᠨ ᠬᠣᠲᠠ᠎ᠶᠢᠨ ᠪᠦᠯᠦᠭᠵᠢᠯ᠎ᠢ ᠬᠥᠭᠵᠢᠭᠦᠯᠦᠨ ᠪᠤᠵᠠᠭᠠᠢᠷᠠᠭᠤᠯᠵᠤ᠂ ᠬᠥᠬᠡᠬᠣᠲᠠ ᠪᠤᠭᠤᠲᠤ ᠣᠷᠳᠣᠰ ᠲᠡᠮᠡᠭᠡᠲᠦ᠂ ᠨᠢᠩᠰᠢᠶᠠ᠎ᠶᠢᠨ ᠬᠠᠲᠤᠨ ᠭᠣᠣᠯ ᠳᠠᠭᠠᠤ ᠣᠷᠣᠨ᠂ ᠲᠡᠭᠷᠢ ᠠᠭᠤᠯᠠ᠎ᠶᠢᠨ ᠠᠷᠤ ᠪᠠᠯ ᠵᠡᠷᠭᠡ ᠬᠣᠲᠠ᠎ᠶᠢᠨ ᠪᠦᠯᠦᠭᠵᠢᠯ᠎ᠢ ᠪᠣᠢᠵᠢᠭᠤᠯᠤᠨ ᠬᠥᠭᠵᠢᠭᠦᠯᠵᠦ᠂ ᠣᠷᠣᠨ ᠪᠦᠰᠡ᠎ᠶᠢᠨ ᠲᠥᠪ ᠬᠣᠲᠠ᠎ᠶᠢ ᠲᠦᠷᠭᠡᠳᠬᠡᠨ ᠬᠥᠭᠵᠢᠭᠦᠯᠵᠦ᠂ ᠴᠢᠬᠤᠯᠠ ᠵᠠᠩᠭᠢᠯᠠᠭ᠎ᠠ᠎ᠶᠢᠨ ᠴᠡᠭ ᠪᠣᠯᠬᠤ ᠬᠣᠲᠠ᠎ᠶᠢ ᠬᠦᠴᠦᠯᠡᠨ ᠪᠣᠢᠵᠢᠭᠤᠯᠤᠨ᠎ᠠ᠃ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ ᠬᠢᠮᠳᠠ ᠪᠥᠭᠡᠳ ᠲᠣᠬᠢᠷᠠᠮᠵᠢᠲᠠᠢ᠂ ᠣᠶᠤᠨᠴᠢ ᠪᠥᠭᠡᠳ ᠨᠣᠭᠣᠭᠠᠨ᠂ ᠠᠮᠤᠷ ᠲᠦᠪᠰᠢᠨ ᠪᠥᠭᠡᠳ ᠨᠠᠢᠳᠠᠪᠤᠷᠢᠲᠠᠢ ᠣᠳᠣᠬᠢᠴᠢᠯᠠᠭᠰᠠᠨ ᠰᠠᠭᠤᠷᠢ ᠪᠡᠯᠡᠳᠬᠡᠮᠵᠢ᠎ᠶᠢᠨ ᠲᠣᠭᠲᠠᠯᠴᠠᠭ᠎ᠠ᠎ᠶᠢ ᠪᠠᠢᠭᠤᠯᠤᠨ᠎ᠠ᠃
ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠬᠠᠢᠷᠬᠠᠨ ᠮᠥᠨ᠂ ᠴᠠᠰᠤ ᠮᠥᠰᠥᠲᠦ ᠭᠠᠵᠠᠷ ᠴᠤ᠌ ᠠᠯᠳᠠ ᠮᠥᠩᠭᠥᠨ ᠠᠭᠤᠯᠠ ᠬᠠᠢᠷᠬᠠᠨ ᠮᠥᠨ ᠭᠡᠬᠦ ᠣᠨᠣᠯᠵᠢᠬᠤᠨ᠎ᠢ ᠪᠠᠷᠢᠮᠲᠠᠯᠠᠵᠤ᠂ ᠠᠵᠤ ᠠᠬᠤᠢ ᠨᠡᠢᠭᠡᠮ᠎ᠦᠨ ᠬᠥᠭᠵᠢᠯᠲᠡ ᠪᠠ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠪᠦᠬᠦᠯᠢ ᠴᠣᠭᠴᠠ᠎ᠶᠢᠨ ᠲᠥᠯᠥᠪ ᠪᠠᠢᠳᠠᠯ᠎ᠢ ᠰᠢᠯᠢᠳᠡᠭᠵᠢᠭᠦᠯᠵᠦ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠢ ᠰᠠᠢᠨ ᠰᠠᠢᠬᠠᠨ ᠪᠣᠯᠪᠠᠰᠤᠨ ᠬᠥᠭᠵᠢᠯᠲᠡ᠎ᠶᠢᠨ ᠵᠠᠮ᠎ᠢ ᠨᠡᠭᠡᠭᠡᠨ᠎ᠡ᠃ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠲᠣᠭᠲᠠᠯᠴᠠᠭ᠎ᠠ᠎ᠶᠢ ᠲᠡᠭᠦᠯᠳᠡᠷᠵᠢᠭᠦᠯᠵᠦ᠂ ᠤᠯᠤᠰ᠎ᠤᠨ ᠴᠡᠴᠡᠷᠯᠢᠭ᠎ᠢᠶᠡᠷ ᠭᠣᠣᠯ ᠴᠣᠭᠴᠠ ᠪᠣᠯᠭᠠᠭᠰᠠᠨ᠂ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠢᠶᠠᠷ ᠰᠠᠭᠤᠷᠢ ᠪᠣᠯᠭᠠᠭᠰᠠᠨ᠂ ᠡᠯ᠎ᠡ ᠲᠦᠷᠦᠯ᠎ᠦᠨ ᠪᠠᠢᠭᠠᠯᠢ᠎ᠶᠢᠨ ᠴᠡᠴᠡᠷᠯᠢᠭ᠎ᠢᠶᠡᠷ ᠨᠥᠬᠥᠪᠦᠷᠢ ᠪᠣᠯᠭᠠᠭᠰᠠᠨ ᠪᠠᠢᠭᠠᠯᠢ᠎ᠶᠢᠨ ᠬᠠᠮᠠᠭᠠᠯᠠᠯᠲᠠ᠎ᠶᠢᠨ ᠭᠠᠵᠠᠷ᠎ᠤᠨ ᠲᠣᠭᠲᠠᠯᠴᠠᠭ᠎ᠠ᠎ᠶᠢ ᠪᠠᠢᠭᠤᠯᠵᠤ᠂ ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠡᠯᠡᠰᠦ ᠮᠥᠰᠥ᠎ᠶᠢᠨ ᠠᠮᠢ ᠠᠬᠤᠢ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ᠎ᠪᠡᠷ ᠵᠠᠰᠠᠬᠤ᠎ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠦᠨᠳᠦᠰᠦᠲᠡᠨ᠎ᠦ ᠭᠠᠵᠠᠷ ᠣᠷᠣᠨ᠎ᠤ ᠠᠵᠤ ᠦᠢᠯᠡᠰ᠎ᠦᠨ ᠪᠦᠲᠦᠴᠡ᠎ᠶᠢᠨ ᠲᠣᠬᠢᠷᠠᠭᠤᠯᠤᠯᠲᠠ᠎ᠶᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠡᠨᠧᠷᠭᠢ᠎ᠶᠢᠨ ᠰᠤᠷᠪᠤᠯᠵᠢ ᠡᠬᠢ ᠪᠠᠶᠠᠯᠢᠭ᠋᠎ᠤᠨ ᠲᠦᠷᠦᠯ᠎ᠦᠨ ᠠᠵᠤ ᠠᠬᠤᠢᠯᠠᠯ᠎ᠤᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠰᠢᠭᠦᠯᠬᠦ᠎ᠶᠢ ᠠᠬᠢᠭᠤᠯᠵᠤ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠤᠷᠬᠢᠯ ᠬᠡᠮᠵᠢᠭᠳᠡᠯ᠎ᠳᠦ ᠬᠦᠷᠭᠡᠬᠦ᠂ ᠨᠡᠭᠦᠷᠡᠰᠦᠲᠥ᠋ᠷᠥᠭᠴᠢ᠎ᠶᠢ ᠰᠠᠭᠠᠷᠮᠠᠭᠵᠢᠭᠤᠯᠬᠤ᠎ᠶᠢ ᠪᠦᠬᠦᠯᠢ ᠴᠣᠭᠴᠠ᠎ᠶᠢᠨ ᠪᠠᠢᠷᠢᠰᠢᠭᠤᠯᠤᠯᠲᠠ᠎ᠳᠤ ᠣᠷᠣᠭᠤᠯᠤᠨ᠂ ᠠᠮᠢ ᠠᠬᠤᠢ᠎ᠶᠢᠨ ᠦᠢᠯᠡᠳᠬᠦᠨ᠎ᠦ ᠦᠷᠳᠡᠭ᠎ᠢ ᠪᠡᠶᠡᠯᠡᠭᠦᠯᠬᠦ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠵᠦ᠂ ᠡᠬᠢ ᠪᠠᠶᠠᠯᠢᠭ᠋᠎ᠢ ᠲᠥᠯᠥᠪᠦᠷᠢ᠎ᠲᠠᠢ᠎ᠪᠡᠷ ᠬᠡᠷᠡᠭᠯᠡᠬᠦ ᠳᠦᠷᠢᠮ᠎ᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠤᠯᠠᠨ ᠡᠰᠢᠴᠢᠯᠡᠭᠰᠡᠨ ᠠᠮᠢ ᠠᠬᠤᠢ᠎ᠶᠢᠨ ᠨᠥᠬᠥᠪᠦᠷᠢᠯᠡᠬᠦ ᠲᠣᠭᠲᠠᠴᠠ᠎ᠶᠢ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠵᠦᠷᠢᠶᠡᠴᠢᠯᠡᠭᠰᠡᠨ ᠰᠢᠯᠭᠠᠨ ᠬᠢᠨᠠᠬᠤ ᠠᠵᠢᠯ᠎ᠢ ᠥᠷᠨᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠥᠨᠢᠳᠡ᠎ᠶᠢᠨ ᠦᠷᠭᠦᠯᠵᠢᠯᠡᠬᠦᠢᠴᠡ ᠬᠥᠭᠵᠢᠯᠲᠡ᠎ᠶᠢᠨ ᠡᠬᠡ ᠮᠥᠩᠭᠥ᠎ᠶᠢ ᠰᠠᠢᠲᠤᠷ ᠬᠠᠮᠠᠭᠠᠯᠠᠨ᠎ᠠ᠃