ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠦᠷᠦ ᠵᠢᠨ ᠶᠠᠪᠤᠳᠠᠯ᠎ᠤᠨ ᠬᠣᠷᠢᠶ᠎ᠠ ᠲᠥᠪ᠎ᠦᠨ ᠴᠡᠷᠢᠭ᠎ᠤᠨ ᠶᠠᠪᠤᠳᠠᠯ᠎ᠤᠨ ᠬᠣᠷᠢᠶ᠎ᠠ ᠴᠧᠨ ᠳ᠋ᠦᠩ᠎ᠳᠦ 《ᠰᠠᠨᠰᠠᠷ᠎ᠤᠨ ᠠᠶᠠᠯᠠᠯ᠎ᠤᠨ ᠨᠢᠭᠡᠳᠦᠭᠡᠷ ᠳᠡᠰ᠎ᠤᠨ ᠭᠠᠪᠢᠶᠠᠨ ᠲᠡᠮᠳᠡᠭ》 ᠤᠯᠭᠤᠵᠤ ᠴᠧᠨ ᠵᠦᠩ ᠷᠦᠢ ᠸᠠᠩ ᠵᠢᠶᠧ᠎ᠳᠦ 《ᠪᠠᠭᠠᠲᠤᠷ ᠰᠠᠨᠰᠠᠷᠴᠢᠨ》᠎ᠤ ᠢᠷᠠᠭᠤ ᠠᠯᠳᠠᠷ᠎ᠤᠨ ᠴᠣᠯᠠ ᠣᠯᠭᠣᠬᠤ᠎ᠶᠢᠨ ᠬᠠᠮᠲᠤ 《ᠰᠠᠨᠰᠠᠷ᠎ᠤᠨ ᠠᠶᠠᠯᠠᠯ᠎ᠤᠨ ᠭᠤᠷᠪᠠᠳᠤᠭᠠᠷ ᠳᠡᠰ᠎ᠤᠨ ᠭᠠᠪᠢᠶᠠᠨ ᠲᠡᠮᠳᠡᠭ》 ᠣᠯᠭᠣᠬᠤᠲᠤᠬᠠᠢ ᠲᠤᠭᠲᠠᠭᠠᠯ
(2026 ᠣᠨ᠎ᠤ1 ᠰᠠᠷ᠎ᠠ᠎ᠶᠢᠨ 21᠎ᠤ ᠡᠳᠥᠷ)
2025 ᠣᠨ᠎ᠤ 4 ᠰᠠᠷ᠎ᠠ᠎ᠶᠢᠨ 24᠎ᠤ ᠡᠳᠦᠷ᠂ ᠬᠤᠪᠢᠯᠭᠠᠨ ᠣᠩᠭᠣᠴᠠ ᠬᠣᠷᠢᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠣᠴᠠ᠎ᠶᠢ ᠠᠮᠵᠢᠯᠲᠠ᠎ᠲᠠᠢ ᠬᠠᠷᠪᠤᠵᠤ᠂ ᠰᠠᠨᠰᠠᠷᠴᠢᠨ ᠴᠧᠨ ᠳ᠋ᠦᠩ᠂ ᠴᠧᠨ ᠵᠥᠩ ᠷᠦᠢ᠂ ᠸᠠᠩ ᠵᠢᠶᠧ ᠨᠢᠰᠬᠦ ᠣᠩᠭᠣᠴᠠᠨ᠎ᠳᠤ ᠰᠠᠭᠤᠵᠤ ᠲᠢᠶᠠᠨ ᠾᠸ ᠭᠣᠣᠯ ᠥᠷᠥᠭᠡᠨ᠎ᠳᠦ ᠤᠷᠤᠭᠰᠢᠲᠠᠢ ᠣᠷᠣᠵᠤ᠂ ᠲᠣᠭᠣᠷᠢᠯᠲᠠ᠎ᠶᠢᠨ ᠵᠠᠮ᠎ᠳᠤ 6 ᠰᠠᠷ᠎ᠠ ᠭᠠᠷᠤᠢ ᠠᠶᠠᠯᠠᠵᠤ᠂ ᠤᠷᠢᠳ ᠬᠣᠵᠢᠳ 4 ᠤᠳᠠᠭ᠎ᠠ ᠥᠷᠥᠭᠡᠨ᠎ᠡᠴᠡ ᠭᠠᠷᠬᠤ ᠠᠵᠢᠯᠯᠠᠭ᠎ᠠ ᠬᠢᠵᠦ᠂ 7 ᠤᠳᠠᠭ᠎ᠠ ᠠᠴᠢᠶᠠᠨ᠎ᠤ ᠪᠠᠷᠠᠭᠠᠨ᠎ᠤ ᠬᠡᠢᠲᠤᠷᠤᠮᠰᠤᠯᠠᠬᠤ ᠥᠷᠥᠭᠡ᠎ᠡᠴᠡ ᠭᠠᠷᠴᠤ ᠤᠷᠤᠬᠤ ᠡᠭᠦᠷᠭᠡ᠎ᠶᠢ ᠬᠡᠷᠡᠭᠵᠢᠭᠦᠯᠵᠦ᠂ 120 ᠭᠠᠷᠤᠢ ᠵᠦᠢᠯ᠎ᠦᠨ ᠣᠭᠲᠠᠷᠭᠤᠢ᠎ᠶᠢᠨ ᠥᠷᠲᠡᠭᠡ᠎ᠶᠢᠨ ᠪᠦᠲᠦᠭᠡᠨ ᠪᠠᠢᠭᠤᠯᠤᠯᠲᠠ᠎ᠶᠢ ᠲᠠᠰ ᠳᠡᠪᠰᠢᠭᠦᠯᠵᠦ ᠰᠡᠯᠪᠢᠨ ᠵᠠᠰᠠᠬᠤ ᠡᠭᠦᠷᠭᠡ᠎ᠶᠢ ᠪᠡᠶᠡᠯᠡᠭᠦᠯᠵᠦ᠂ ᠠᠯᠢ ᠣᠯᠠᠨ ᠣᠭᠲᠠᠷᠭᠤᠢ᠎ᠶᠢᠨ ᠰᠢᠨᠵᠢᠯᠡᠬᠦ ᠤᠬᠠᠭᠠᠨ᠎ᠤ ᠲᠤᠷᠰᠢᠯᠲᠠ ᠪᠠ ᠮᠡᠷᠭᠡᠵᠢᠯ᠎ᠦᠨ ᠲᠤᠷᠰᠢᠯᠲᠠ᠎ᠶᠢ ᠥᠷᠨᠢᠭᠦᠯᠵᠦ᠂ 2025 ᠣᠨ᠎ᠤ 11 ᠰᠠᠷ᠎ᠠ᠎ᠶᠢᠨ 14᠎ᠤ ᠡᠳᠦᠷ ᠠᠮᠤᠷ ᠲᠦᠪᠰᠢᠨ᠎ᠢᠶᠡᠷ ᠪᠤᠴᠠᠵᠤ ᠢᠷᠡᠪᠡ᠃ ᠬᠤᠪᠢᠯᠭᠠᠨ ᠣᠩᠭᠣᠴᠠ ᠬᠣᠷᠢᠳᠤᠭᠠᠷ ᠬᠥᠮᠥᠨ ᠰᠠᠭᠤᠯᠭᠠᠭᠰᠠᠨ ᠨᠢᠰᠦᠯᠲᠡ᠎ᠶᠢᠨ ᠡᠭᠦᠷᠭᠡ ᠪᠣᠯ ᠮᠠᠨ᠎ᠤ ᠤᠯᠤᠰ᠎ᠤᠨ ᠬᠥᠮᠥᠨ ᠰᠠᠭᠤᠯᠭᠠᠭᠰᠠᠨ ᠰᠠᠨᠰᠠᠷ᠎ᠤᠨ ᠠᠶᠠᠯᠠᠯ᠎ᠤᠨ ᠢᠨᠵᠧᠨᠧᠷᠢᠩ᠎ᠤᠨ ᠣᠭᠲᠠᠷᠭᠤᠢ᠎ᠶᠢᠨ ᠦᠷᠲᠡᠭᠡ᠎ᠶᠢᠨ ᠬᠡᠷᠡᠭᠯᠡᠯᠲᠡ ᠪᠠ ᠬᠥᠭᠵᠢᠯᠲᠡ᠎ᠶᠢᠨ ᠱᠠᠲᠤᠨ᠎ᠳᠤ ᠣᠷᠣᠭᠰᠠᠨ᠎ᠤ ᠳᠠᠷᠠᠭᠠᠬᠢ ᠲᠠᠪᠤᠳᠠᠭᠢ ᠤᠳᠠᠭ᠎ᠠ᠎ᠶᠢᠨ ᠬᠥᠮᠥᠨ ᠰᠠᠭᠤᠯᠭᠠᠭᠰᠠᠨ ᠨᠢᠰᠦᠯᠲᠡ᠎ᠶᠢᠨ ᠡᠭᠦᠷᠭᠡ ᠪᠠᠢᠵᠤ᠂ ᠳᠤᠮᠳᠠᠳᠤ ᠤᠯᠤᠰ᠎ᠤᠨ ᠰᠠᠨᠰᠠᠷᠴᠢᠨ᠎ᠤ ᠭᠠᠭᠴᠠᠳᠤᠭᠤᠢᠯᠠᠩᠤᠨ ᠬᠢᠨ ᠲᠣᠭᠣᠷᠢᠯᠲᠠ᠎ᠶᠢᠨ ᠵᠠᠮ᠎ᠳᠤ ᠠᠶᠠᠯᠠᠭᠰᠠᠨ ᠴᠠᠭ᠎ᠢᠶᠠᠷ ᠬᠠᠮᠤᠭ᠎ᠤᠨ ᠤᠷᠳᠤ ᠲᠡᠮᠳᠡᠭᠯᠡᠯ᠎ᠢ ᠡᠭᠦᠳᠴᠦ᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠦᠢᠯᠡᠰ᠎ᠦᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠭᠰᠡᠨ ᠰᠢᠨ᠎ᠡ ᠠᠯᠬᠤᠮ᠎ᠢ ᠠᠯᠬᠤᠭᠰᠠᠨ᠎ᠢ ᠬᠠᠷᠠᠭᠤᠯᠵᠤ᠂ ᠮᠠᠨ᠎ᠤ ᠤᠯᠤᠰ᠎ᠤᠨ ᠶᠡᠷᠦᠩᠬᠡᠢᠯᠡᠭᠰᠡᠨ ᠤᠯᠤᠰ᠎ᠤᠨ ᠬᠦᠴᠦᠨ ᠪᠠ ᠳᠤᠮᠳᠠᠳᠤ᠎ᠶᠢᠨ ᠦᠨᠳᠦᠰᠦᠲᠡᠨ᠎ᠦ ᠨᠢᠭ᠍ᠲᠠᠷᠠᠯ᠎ᠤᠨ ᠬᠦᠴᠦᠨ᠎ᠢ ᠳᠡᠭᠡᠭᠰᠢᠯᠡᠭᠦᠯᠵᠦ᠂ ᠳᠤᠮᠳᠠᠳᠤ᠎ᠶᠢᠨ ᠪᠦᠬᠦ ᠬᠥᠪᠡᠭᠦᠳ ᠥᠬᠢᠳ᠎ᠦᠨ ᠦᠨᠳᠦᠰᠦᠳᠡᠨ᠎ᠤ ᠢᠲᠡᠭᠡᠯ ᠵᠤᠷᠢᠭ ᠪᠠ ᠣᠮᠣᠭᠰᠢᠯᠲᠤ ᠰᠡᠳᠬᠢᠯᠭᠡ᠎ᠶᠢ ᠤᠯᠠᠮ ᠴᠢᠨᠠᠭᠰᠢᠳᠠ ᠨᠡᠮᠡᠭᠳᠡᠭᠦᠯᠬᠦ᠎ᠳᠦ ᠴᠢᠬᠤᠯᠠ ᠠᠴᠢ ᠬᠣᠯᠪᠣᠭᠳᠠᠯ᠎ᠲᠠᠢ ᠶᠤᠮ᠃ ᠢᠯᠠᠩᠭᠤᠶ᠎ᠠ ᠨᠢᠰᠬᠦ ᠣᠩᠭᠣᠴᠠ ᠣᠭᠲᠠᠷᠭᠤᠢ᠎ᠶᠢᠨ ᠵᠢᠵᠢᠭ ᠬᠡᠮᠬᠡᠷᠬᠡᠢ᠎ᠶᠢᠨ ᠮᠥᠷᠭᠥᠯᠲᠡᠳᠦ ᠤᠴᠠᠷᠠᠭᠰᠠᠨ ᠰᠡᠵᠢᠭᠯᠡᠯᠲᠡᠢ ᠭᠡᠨᠡᠳᠲᠡ᠎ᠶᠢᠨ ᠪᠠᠢᠳᠠᠯ᠎ᠤᠨ ᠡᠮᠦᠨ᠎ᠡ᠂ ᠢᠨᠵᠧᠨᠧᠷᠢᠩ ᠨᠢ ᠠᠮᠢ ᠨᠠᠰᠤ᠎ᠶᠢ ᠳᠡᠭᠡᠳᠦᠯᠡᠬᠦ᠂ ᠠᠮᠤᠷ ᠲᠦᠪᠰᠢᠨ᠎ᠢ ᠲᠡᠷᠢᠭᠦᠨ᠎ᠳᠦ ᠲᠠᠯᠪᠢᠬᠤ ᠵᠠᠷᠴᠢᠮ᠎ᠢ ᠪᠠᠷᠢᠮᠲᠠᠯᠠᠵᠤ᠂ ᠲᠦᠷᠭᠡᠨ ᠪᠥᠭᠡᠳ ᠱᠠᠯᠠᠮᠠᠭᠠᠢ᠎ᠪᠠᠷ ᠠᠷᠭ᠎ᠠ ᠬᠡᠮᠵᠢᠶ᠎ᠡ ᠠᠪᠴᠤ᠂ ᠴᠢᠩᠭ᠎ᠠ ᠨᠢᠮᠪᠠᠢ ᠵᠠᠳᠠᠯᠤᠨ ᠰᠢᠨᠵᠢᠯᠡᠵᠦ ᠦᠨᠡᠯᠡᠨ ᠵᠢᠱ᠌ᠢᠵᠦ᠂ 3 ᠰᠠᠨᠰᠠᠷᠴᠢᠨ ᠯᠠᠪᠳᠠᠭᠤᠨ ᠲᠣᠭᠲᠠᠭᠤᠨ᠎ᠢᠶᠠᠷ ᠠᠷᠭᠠᠴᠠᠭᠠᠵᠤ᠂ ᠰᠠᠨᠰᠠᠷ᠎ᠲᠤ ᠨᠢᠰᠬᠦ ᠣᠩᠭᠣᠴᠠ ᠰᠣᠯᠢᠵᠤ ᠰᠠᠭᠤᠨ᠂ ᠰᠠᠨᠰᠠᠷᠴᠢᠨ᠎ᠤ ᠳᠤᠭᠤᠢᠯᠠᠨᠭ᠌᠎ᠤᠨ ᠬᠢᠨ ᠨᠢᠭᠡ ᠰᠡᠳᠬᠢᠯᠵᠢᠡᠷ ᠴᠢᠷᠮᠠᠢᠵᠤ᠂ ᠲᠡᠭᠷᠢ ᠭᠠᠵᠠᠷ᠎ᠢ ᠨᠢᠭᠡ ᠴᠣᠭᠴᠠᠵᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠲᠥᠰᠥᠯ ᠶᠣᠰᠣᠭᠠᠷ ᠠᠮᠵᠢᠯᠲᠠ᠎ᠲᠠᠢ ᠭᠠᠵᠠᠷᠳᠠᠵᠤ᠂ ᠪᠦᠬᠦ ᠨᠠᠮ ᠪᠦᠬᠦ ᠴᠡᠷᠢᠭ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠡᠷᠡᠯᠬᠡᠭᠯᠡᠨ ᠴᠢᠷᠮᠠᠢᠵᠤ᠂ ᠡᠷᠡᠮᠡᠬᠡᠢᠯᠡᠨ ᠤᠷᠤᠭᠰᠢᠯᠠᠬᠤ ᠵᠣᠷᠢᠭ᠋ ᠰᠠᠨᠠᠭ᠎ᠠ᠎ᠶᠢ ᠲᠤᠢᠯ᠎ᠤᠨ ᠶᠡᠬᠡᠪᠡᠷ ᠬᠥᠭᠵᠢᠭᠡᠵᠡᠢ᠃
ᠬᠤᠪᠢᠯᠭᠠᠨ ᠣᠩᠭᠣᠴᠠ ᠬᠣᠷᠢᠳᠤᠭᠠᠷ ᠬᠥᠮᠦᠨ ᠰᠠᠭᠤᠯᠭᠠᠭ᠍ᠰᠠᠨ ᠨᠢᠰᠦᠯᠲᠡ᠎ᠶ᠋ᠢᠨ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠬᠦ᠌᠎ᠳᠦ ᠥᠷᠭᠡᠨ ᠤᠯᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠳᠠᠨ᠂ ᠰᠠᠨᠰᠠᠷᠴᠢᠨ᠂ ᠺᠠᠳ᠋ᠷ ᠠᠵᠢᠯᠳᠠᠨ᠂ ᠴᠢᠯᠥᠭᠡᠯᠡᠬᠦ᠌ ᠴᠡᠷᠢᠭ᠎ᠦᠨ ᠵᠢᠯᠤᠭᠤᠳᠤᠬ᠍ᠴᠢ ᠪᠠᠢᠯᠳᠤᠭ᠍ᠴᠢᠳ᠎ᠤᠨ ᠤᠶᠤᠨ ᠤᠬᠠᠭᠠᠨ ᠪᠠ ᠬᠦᠴᠦ᠍ ᠬᠥᠯᠥᠰᠥ᠍ ᠱᠢᠩᠭᠡᠵᠦ᠍ ᠪᠠᠢᠳᠠᠭ᠃ ᠴᠧᠨ ᠳ᠋ᠦᠩ᠂ ᠴᠧᠨ ᠵᠦᠩ ᠷᠦᠢ᠂ ᠸᠠᠩ ᠵᠢᠶ᠍ᠸ ᠨᠥᠬᠥᠷ ᠪᠣᠯ ᠡᠭᠦᠨ᠎ᠦ ᠳᠣᠲᠣᠷᠠᠬᠢ ᠭᠠᠷᠮᠠᠭᠠᠢ ᠲᠥᠯᠥᠭᠡᠯᠡᠭ᠌ᠴᠢ ᠪᠣᠯᠤᠨ᠎ᠠ᠂ ᠲᠡᠳᠡ ᠨᠢᠭᠡ ᠰᠡᠳᠭᠢᠯ᠎ᠢᠶᠡᠷ ᠨᠠᠮ᠎ᠢᠶᠠᠨ ᠲᠠᠭᠠᠵᠤ᠂ ᠡᠬᠡ ᠤᠯᠤᠰ᠎ᠤᠨ᠎ᠢᠶᠠᠨ ᠲᠥᠯᠥᠭᠡ ᠵᠢᠳᠬᠦᠵᠦ᠍᠂ ᠬᠦᠴᠢᠷ ᠪᠡᠷᠬᠡᠰᠢᠶᠡᠯ᠎ᠡᠴᠡ ᠠᠶᠤᠬᠤ ᠦᠭᠡᠢ᠂ ᠪᠦᠯᠬᠦᠮᠳᠡᠨ ᠬᠠᠮᠵᠢᠯᠴᠠᠵᠤ᠂ ᠳᠡᠯᠡᠬᠡᠢ ᠳ᠋ᠠᠬᠢᠨ᠎ᠳᠤ ᠬᠦᠴᠦᠷᠬᠡᠭ ᠶᠡᠬᠡ ᠳᠤᠮᠳᠠᠳᠤ ᠤᠯᠤᠰ᠎ᠤᠨ ᠡᠷᠴᠢ ᠵᠣᠷᠢᠭ᠂ ᠳᠤᠮᠳᠠᠳᠤ ᠤᠯᠤᠰ᠎ᠤᠨ ᠰᠥᠰᠥ᠍ ᠵᠣᠷᠢᠭ ᠪᠠ ᠳᠤᠮᠳᠠᠳᠤ ᠤᠯᠤᠰ᠎ᠤᠨ ᠢᠳᠡᠭᠡᠯ ᠵᠤᠷᠢᠭ᠎ᠢ ᠢᠯᠡᠷᠡᠭᠦᠯᠪᠡ᠃ ᠴᠧᠨ ᠳ᠋ᠦᠩ ᠨᠥᠬᠥᠷ ᠬᠥᠮᠦᠨ ᠰᠠᠭᠤᠯᠭᠠᠭ᠍ᠰᠠᠨ ᠨᠢᠰᠦᠯᠲᠡ᠎ᠶ᠋ᠢᠨ ᠡᠭᠦᠷᠭᠡ᠎ᠶ᠋ᠢ 3 ᠤᠳᠠᠭ᠎ᠠ ᠭᠦᠢᠴᠡᠳᠭᠡᠵᠦ᠍᠂ ᠥᠷᠥᠭᠡ᠎ᠡᠴᠡ ᠭᠠᠷᠬᠤ ᠠᠵᠢᠯᠯᠠᠭ᠎ᠠ᠎ᠶ᠋ᠢ ᠨᠡᠢ᠌ᠳᠡ 6 ᠤᠳᠠᠭ᠎ᠠ ᠪᠡᠶᠡᠯᠡᠭᠦᠯᠵᠦ᠍᠂ ᠲᠣᠭᠣᠷᠢᠯᠲᠠ᠎ᠶ᠋ᠢᠨ ᠵᠠᠮ᠎ᠳᠤ 400 ᠭᠠᠷᠤᠢ ᠡᠳᠦᠷ ᠰᠠᠭᠤᠭ᠍ᠰᠠᠨ ᠠᠩᠬᠠᠳᠠᠭ᠍ᠴᠢ ᠳᠤᠮᠳᠠᠳᠤ ᠤᠯᠤᠰ᠎ᠤᠨ ᠰᠠᠨᠰᠠᠷᠴᠢᠨ ᠪᠣᠯᠪᠠ᠃ ᠴᠧᠨ ᠵᠦᠩ ᠷᠦᠢ ᠨᠥᠬᠥᠷ ᠡᠷᠡᠰ ᠱᠢᠭᠤᠷᠬᠠᠢ ᠪᠠᠢᠵᠤ᠂ ᠬᠦᠨᠳᠦ ᠡᠭᠦᠷᠭᠡ᠎ᠶ᠋ᠢ ᠵᠣᠷᠢᠭ᠍ᠲᠠᠢ ᠡᠭᠦᠷᠭᠡᠯᠡᠵᠦ᠍᠂ ᠨᠠᠷᠢᠨ ᠨᠢᠮᠪᠠᠢ ᠠᠵᠢᠯᠯᠠᠵᠤ᠂ ᠠᠩᠬ᠎ᠠ ᠤᠳᠠᠭ᠎ᠠ ᠤᠭᠳᠠᠷᠭᠤᠢ᠎ᠳᠦ ᠨᠢᠰᠬᠦ᠎ᠳᠡᠭᠡᠨ ᠥᠷᠥᠭᠡ᠎ᠡᠴᠡ ᠭᠠᠷᠬᠤ ᠠᠵᠢᠯᠯᠠᠭ᠎ᠠ᠎ᠶ᠋ᠢ 3 ᠤᠳᠠᠭ᠎ᠠ ᠨᠠᠢᠳᠠᠪᠤᠷᠢᠳᠠᠢ ᠪᠡᠶᠡᠯᠡᠭᠦᠯᠪᠡ᠃ ᠸᠠᠩ ᠵᠢᠶ᠍ᠸ ᠨᠥᠬᠥᠷ ᠯᠠᠪᠳᠠᠭᠤᠨ ᠪᠠᠳᠤᠳᠠᠢ ᠪᠣᠯᠪᠠᠰᠤᠷᠠᠵᠤ᠂ ᠱᠢᠷᠭᠠᠭᠤ ᠬᠠᠲᠠᠭᠤᠵᠢᠯᠲᠠᠢ ᠲᠡᠮᠡᠴᠡᠵᠦ᠍᠂ ᠬᠤᠪᠢᠯᠭᠠᠨ ᠣᠩᠭᠣᠴᠠ ᠬᠣᠷᠢᠳᠤᠭᠠᠷ ᠨᠢᠰᠦᠯᠳᠡ᠎ᠶᠢᠨ ᠳᠤᠭᠤᠢᠯᠠᠩ᠎ᠳᠤ ᠢᠷᠠᠭᠤ ᠠᠯᠳᠠᠷᠲᠠᠢ ᠰᠣᠩᠭᠣᠭ᠍ᠳᠠᠵᠤ᠂ ᠡᠭᠦᠷᠭᠡᠯᠡᠭ᠌ᠰᠡᠨ ᠡᠭᠦᠷᠭᠡ᠎ᠪᠡᠨ ᠭᠠᠷᠮᠠᠭᠠᠢ ᠪᠡᠶᠡᠯᠡᠭᠦᠯᠪᠡ᠃ ᠲᠡᠳᠡᠨ᠎ᠦ ᠮᠠᠨ᠎ᠤ ᠤᠯᠤᠰ᠎ᠤᠨ ᠬᠥᠮᠦᠨ ᠰᠠᠭᠤᠯᠭᠠᠭ᠍ᠰᠠᠨ ᠰᠠᠨᠰᠠᠷ᠎ᠤᠨ ᠠᠶᠠᠯᠠᠯ᠎ᠤᠨ ᠦᠢᠯᠡᠰ᠎ᠲᠦ ᠦᠵᠡᠭᠦᠯᠦᠭᠰᠡᠨ ᠭᠠᠷᠮᠠᠭᠠᠢ ᠭᠠᠪᠢᠶ᠎ᠠ ᠵᠢᠳᠬᠦᠯ᠎ᠢ ᠬᠥᠬᠢᠭᠦᠯᠦᠨ ᠰᠠᠢᠱᠢᠶᠠᠬᠤ᠎ᠶ᠋ᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠡᠴᠡ ᠴᠧᠨ ᠳ᠋ᠦᠩ ᠨᠥᠬᠥᠷ᠎ᠲᠦ 《ᠰᠠᠨᠰᠠᠷ᠎ᠤᠨ ᠠᠶᠠᠯᠠᠯ᠎ᠤᠨ ᠨᠢᠭᠡᠳᠦᠭᠡᠷ ᠳᠡᠰ᠎ᠤᠨ ᠭᠠᠪᠢᠶᠠᠨ ᠲᠡᠮᠳᠡᠭ》 ᠣᠯᠭᠣᠵᠤ᠂ ᠴᠧᠨ ᠵᠦᠩ ᠷᠦᠢ᠂ ᠸᠠᠩ ᠵᠢᠶ᠍ᠸ ᠨᠥᠬᠥᠷ᠎ᠲᠦ 《ᠪᠠᠭᠠᠲᠤᠷ ᠰᠠᠨᠰᠠᠷᠴᠢᠨ》᠎ᠤ᠋ ᠢᠷᠠᠭᠤ ᠠᠯᠳᠠᠷ᠎ᠤᠨ ᠴᠣᠯᠠ ᠣᠯᠭᠣᠬᠤ᠎ᠶ᠋ᠢᠨ ᠬᠠᠮᠲᠤ 《ᠰᠠᠨᠰᠠᠷ᠎ᠤᠨ ᠠᠶᠠᠯᠠᠯ᠎ᠤᠨ ᠭᠤᠷᠪᠠᠳᠤᠭᠠᠷ ᠳᠡᠰ᠎ᠤᠨ ᠭᠠᠪᠢᠶᠠᠨ ᠲᠡᠮᠳᠡᠭ》 ᠣᠯᠭᠣᠬᠤ᠎ᠪᠠᠷ ᠲᠣᠭ᠍ᠲᠠᠪᠠ᠃
ᠴᠧᠨ ᠳ᠋ᠦᠩ᠂ ᠴᠧᠨ ᠵᠦᠩ ᠷᠦᠢ᠂ ᠸᠠᠩ ᠵᠢᠶ᠍ᠸ ᠨᠥᠬᠥᠷ ᠤᠬ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠡᠷᠬᠢᠮ ᠳᠡᠭᠡᠳᠦ ᠦᠢᠯᠡᠰ᠎ᠲᠦ ᠠᠮᠢ ᠪᠡᠶ᠎ᠡ᠎ᠪᠡᠨ ᠵᠣᠷᠢᠭᠤᠯᠬᠤ ᠴᠠᠭ ᠦᠶ᠎ᠡ᠎ᠶ᠋ᠢᠨ ᠬᠣᠱᠢᠭᠤᠴᠢ ᠪᠠᠢᠵᠤ᠂ ᠣᠷᠴᠢᠯᠠᠩ᠎ᠢ ᠬᠠᠢᠨ ᠰᠦᠪᠡᠭ᠌ᠴᠢᠯᠡᠬᠦ᠌᠂ ᠰᠠᠨᠰᠠᠷ ᠤᠭᠳᠠᠷᠭᠤᠢ᠎ᠳᠦ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌᠂ ᠰᠠᠨᠰᠠᠷ᠎ᠤᠨ ᠠᠶᠠᠯᠠᠯ᠎ᠤᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ ᠵᠢᠱ᠌ᠢᠶᠡᠴᠢ ᠮᠥᠨ᠃ ᠨᠠᠮ᠎ᠤᠨ ᠲᠥᠪ ᠬᠤᠷᠢᠶ᠎ᠠ ᠡᠴᠡ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠤᠯᠤᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ 《ᠬᠣᠶᠠᠷ᠎ᠢ ᠲᠣᠭ᠍ᠲᠠᠭᠠᠭᠰᠠᠨ》᠎ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》᠎ᠢᠶᠡᠨ ᠴᠢᠩᠭᠠᠳᠭᠠᠵᠤ᠂ 《ᠳᠥᠷᠪᠡᠨ ᠢᠲᠡᠭᠡᠯ》᠎ᠢᠶᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠂ ᠰᠢ᠎ᠵᠢᠨ᠎ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠢᠯᠡᠭᠦᠦ ᠨᠢᠭ᠍ᠲᠠᠷᠠᠨ ᠪᠦᠯᠬᠦᠮᠳᠡᠵᠦ᠂ 《ᠬᠣᠶᠠᠷ ᠪᠥᠮᠪᠥᠭᠡ ᠨᠢᠭᠡ ᠤᠳᠤᠨ》᠎ᠤ ᠵᠣᠷᠢᠭ ᠰᠠᠨᠠᠭ᠎ᠠ ᠪᠠ ᠬᠥᠮᠦᠨ ᠰᠠᠭᠤᠯᠭᠠᠭ᠍ᠰᠠᠨ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠰᠠᠢᠱᠢᠶᠠᠨ ᠬᠥᠬᠢᠭᠦᠯᠦᠭ᠌ᠳᠡᠭ᠌ᠰᠡᠨ ᠰᠠᠨᠰᠠᠷᠴᠢᠨ᠎ᠢᠶᠠᠷ ᠳᠠᠭᠤᠷᠢᠶᠠᠯ ᠪᠣᠯᠭᠠᠬᠤ᠂ ᠲᠣᠭ᠍ᠲᠠᠯ ᠬᠦᠴᠦᠨ᠎ᠢᠶᠡᠨ ᠪᠠᠲᠤᠯᠠᠵᠤ᠂ ᠢᠲᠡᠭᠡᠯ ᠵᠣᠷᠢᠭ᠎ᠢᠶᠠᠨ ᠨᠡᠮᠡᠭ᠌ᠳᠡᠭᠦᠯᠵᠦ᠂ ᠡᠷᠡᠰ ᠱᠢᠭᠤᠷᠬᠠᠶ᠎ᠪᠠᠷ ᠤᠷᠤᠭ᠍ᠰᠢᠯᠠᠵᠤ᠂ ᠱᠢᠷᠭᠠᠭᠤ ᠠᠵᠢᠯᠯᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠲᠥᠯᠥᠭᠡ ᠬᠠᠮᠲᠤ᠎ᠪᠠᠷ ᠲᠡᠮᠡᠴᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠌ ᠱᠢᠨ᠎ᠡ ᠪᠠᠢᠳᠠᠯ᠎ᠢ ᠲᠠᠰᠤᠷᠠᠯᠲᠠ ᠦᠭᠡᠢ ᠨᠡᠭᠡᠭᠡᠳᠤᠭᠡᠢ ᠭᠡᠵᠦ ᠤᠷᠢᠶᠠᠯᠠᠪᠠ᠃