ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠡᠷᠴᠢ ᠵᠤᠷᠢᠭ᠎ᠢᠶᠡᠨ ᠬᠦᠪᠴᠢᠯᠡᠨ ᠴᠢᠷᠮᠠᠢᠨ ᠲᠡᠮᠡᠴᠡᠵᠤ ᠪᠤᠳᠠᠳᠠᠢ ᠠᠵᠢᠯᠯᠠᠬᠤ᠎ᠶᠢ ᠪᠠᠳᠤ ᠦᠢᠯᠡᠳᠦᠯᠭᠡᠵᠢᠬᠦᠯᠦᠨ ᠠᠯᠤᠰ᠎ᠤᠨ ᠲᠦᠰᠦᠪ᠎ᠢ ᠵᠢᠷᠤᠭᠯᠠᠨ᠎ᠠ
ᠨᠡᠶ᠋ᠢᠲᠡᠯᠡᠭᠰᠡᠨ ᠴᠠᠭ᠄ 2026-01-27

— ᠶᠡᠷᠦᠩᠬᠡᠢ ᠱᠦᠵᠢ ᠰᠢ᠎ᠵᠢᠨ᠎ᠫᠢᠩ᠎ᠦᠨ ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠭᠤ ᠺᠠᠳ᠋ᠷ᠎ᠤᠨ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ᠎ᠶᠢᠨ ᠰᠤᠷᠤᠯᠭ᠎ᠠ ᠡᠬᠢᠯᠡᠬᠦ᠌ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠥᠷᠭᠡᠨ ᠤᠯᠠᠨ ᠺᠠᠳ᠋ᠷ ᠤᠯᠠᠨ ᠲᠦᠮᠡᠨ᠎ᠦ 《ᠠᠷᠪᠠᠨ ᠲᠠᠪᠤᠳᠤᠭᠠᠷ ᠲᠠᠪᠤᠨ ᠵᠢᠯ》᠎ᠤᠨ ᠡᠬᠢᠯᠡᠯᠲᠡ᠎ᠶ᠋ᠢᠨ ᠵᠢᠯ᠎ᠳᠦ ᠡᠷᠡᠮᠡᠬᠡᠢᠯᠡᠨ ᠤᠷᠤᠭᠰᠢᠯᠠᠬᠤ᠎ᠶᠢ ᠵᠣᠷᠢᠭ᠍ᠵᠢᠭᠤᠯᠪᠠ

  ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠭᠤ ᠺᠠᠳ᠋ᠷ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ 20᠎ᠤ ᠡᠳᠦᠷ ᠡᠴᠡ 23᠎ᠤ ᠡᠳᠦᠷ ᠪᠣᠯᠲᠠᠯ᠎ᠠ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠳᠦ ᠶᠠᠪᠤᠭ᠍ᠳᠠᠪᠠ᠃ ᠶᠡᠷᠦᠩᠬᠡᠢ ᠱᠦᠵᠢ ᠰᠢ᠎ᠵᠢᠨ᠎ᠫᠢᠩ ᠰᠤᠷᠤᠯᠭ᠎ᠠ ᠡᠬᠢᠯᠡᠬᠦ᠌ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠤᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠵᠡᠷᠭᠡ ᠴᠢᠬᠤᠯᠠ ᠶᠡᠬᠡ ᠠᠰᠠᠭᠤᠳᠠᠯ᠎ᠢ ᠪᠦᠬᠦ᠌ ᠲᠠᠯ᠎ᠠ᠎ᠪᠠᠷ ᠭᠦᠨᠵᠡᠭᠡᠢ ᠣᠨᠣᠪᠴᠢᠲᠠᠢ ᠤᠢ᠍ᠢᠯᠠᠭᠠᠨ ᠡᠵᠡᠮᠱᠢᠬᠦ᠌ ᠲᠤᠬᠠᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠲᠣᠳᠣᠷᠬᠠᠢ ᠱᠠᠭᠠᠷᠳᠠᠯᠭ᠎ᠠ ᠳᠤᠷᠠᠳᠪᠠ᠃

  ᠤᠢᠷ᠎ᠠ᠎ᠶ᠋ᠢᠨ ᠡᠳᠦᠷ᠎ᠦᠳ᠎ᠲᠦ᠂ ᠥᠷᠭᠡᠨ ᠣᠯᠠᠨ ᠺᠠᠳ᠋ᠷ ᠣᠯᠠᠨ ᠲᠦᠮᠡᠨ ᠶᠡᠷᠦᠩᠬᠡᠶ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠵᠠᠭᠠᠪᠠ᠃ ᠤᠯᠠᠨ᠎ᠢᠶᠠᠷ᠎ᠢᠶᠠᠨ᠂ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶ᠎ᠠ᠎ᠪᠠᠷ ᠵᠢᠯᠤᠭᠤᠳᠤᠯᠭ᠎ᠠ ᠪᠣᠯᠭᠠᠵᠤ᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠵᠠᠪᠠᠯ ᠢᠯᠠᠬᠤ ᠢᠲᠡᠭᠡᠯ᠎ᠢᠶᠡᠨ ᠴᠢᠩᠭᠠᠳᠭᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠰᠠᠢ᠌ᠨ ᠰᠠᠢᠬᠠᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠦᠨ᠎ᠡ ᠭᠡᠵᠦ᠍ ᠢᠯᠡᠳᠭᠡᠵᠡᠭᠡᠪᠡ᠃

  ᠢᠲᠡᠭᠡᠯ ᠵᠣᠷᠢᠭ᠎ᠢᠶᠠᠨ ᠪᠠᠲᠤᠳᠭᠠᠵᠤ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠲᠣᠭ᠍ᠲᠠᠭᠠᠯᠲᠤ ᠴᠢᠨᠠᠷ ᠪᠠ ᠦᠷᠭᠦᠯᠵᠢᠯᠡᠬᠦ᠌ ᠴᠢᠨᠠᠷ᠎ᠢ ᠲᠠᠰᠤᠷᠠᠯᠲᠠ ᠦᠭᠡᠢ ᠴᠢᠩᠭᠠᠳᠬᠠᠨ᠎ᠠ

  ᠶᠡᠷᠦᠩᠬᠡᠢ ᠱᠦᠵᠢ ᠰᠢ᠎ᠵᠢᠨ᠎ᠫᠢᠩ 《ᠲᠦᠷᠪᠡ᠎ᠳᠦ ᠠᠱᠢᠭ᠍ᠲᠠᠢ ᠪᠠᠢᠯᠭᠠᠬᠤ》᠎ᠪᠡᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌᠎ᠳᠦ ᠢᠯᠡᠷᠡᠭᠦᠯᠦᠭ᠌ᠰᠡᠨ ᠤᠯᠤᠰ ᠲᠦᠷᠦ᠍᠎ᠶ᠋ᠢᠨ ᠳᠠᠪᠠᠭᠤᠯᠢᠭ᠎ᠢ ᠭᠦᠨᠵᠡᠭᠡᠢ ᠳ᠋ᠦᠩᠨᠡᠵᠦ᠍᠂ 《ᠲᠠᠪᠤ᠎ᠶ᠋ᠢ ᠪᠠᠷᠢᠮᠲᠠᠯᠠᠬᠤ》᠎ᠪᠠᠷ ᠤᠷᠳᠤ ᠬᠤᠭᠤᠴᠠᠭᠠᠨ᠎ᠤ ᠦᠢᠯᠡᠳᠦᠯᠭᠡ᠎ᠶ᠋ᠢᠨ ᠳᠤᠮᠳᠠ ᠡᠭᠦᠳᠦᠨ ᠪᠦᠲᠦᠭᠡᠵᠦ᠍ ᠬᠤᠷᠠᠮᠳᠤᠭᠤᠯᠤᠭ᠍ᠰᠠᠨ ᠪᠠᠶᠠᠯᠢᠭ ᠲᠤᠷᠱᠢᠯᠭ᠎ᠠ᠎ᠶ᠋ᠢ ᠬᠤᠷᠢᠶᠠᠩᠭᠤᠢᠯᠠᠪᠠ᠃

  《ᠶᠡᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ ᠨᠢ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌᠎ᠶ᠋ᠢᠨ ᠴᠢᠬᠤᠯᠠ ᠠᠭᠤᠯᠤᠭ᠍ᠳᠠᠬᠤᠨ᠎ᠢ ᠭᠦᠨᠵᠡᠭᠡᠢ ᠲᠣᠳᠣᠷᠬᠠᠢᠯᠠᠨ ᠥᠭᠦᠯᠡᠵᠡᠢ》᠃ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠤ ᠠᠬᠤᠢ᠎ᠶ᠋ᠢᠨ ᠤᠬᠠᠭᠠᠨ᠎ᠤ ᠵᠢᠭᠠᠨ ᠰᠤᠳᠤᠯᠬᠤ ᠬᠡᠯᠲᠡᠰ᠎ᠦᠨ ᠡᠷᠬᠢᠯᠡᠭ᠌ᠴᠢ ᠵᠤᠤ ᠵᠧᠨ ᠬᠤᠸᠠ᠂ ᠪᠠᠢᠭᠤᠯᠤᠯ᠎ᠦᠨ ᠢᠲᠡᠭᠡᠯ᠎ᠢᠶᠡᠨ ᠪᠠᠲᠤᠳᠭᠠᠵᠤ᠂ ᠲᠡᠦᠬᠡ᠎ᠶ᠋ᠢᠨ ᠠᠵᠠ ᠲᠣᠬᠢᠶᠠᠯ᠎ᠢ ᠪᠠᠲᠤ ᠡᠵᠡᠮᠳᠡᠵᠦ᠍᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠲᠣᠭ᠍ᠲᠠᠭᠠᠯᠲᠤ ᠴᠢᠨᠠᠷ ᠪᠣᠯᠤᠨ ᠦᠷᠭᠦᠯᠵᠢᠯᠡᠬᠦ᠌ ᠴᠢᠨᠠᠷ᠎ᠢ ᠲᠠᠰᠤᠷᠠᠯᠳᠠ ᠦᠭᠡᠢ ᠴᠢᠩᠭᠠᠳᠭᠠᠬᠤ ᠬᠡᠷᠡᠭ᠌ᠲᠡᠢ ᠭᠡᠪᠡ᠃

  ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶ᠎ᠠ᠎ᠶ᠋ᠢ ᠨᠠᠷᠢᠨ ᠬᠢᠨᠠᠮᠠᠭᠠᠢ ᠰᠤᠷᠤᠯᠴᠠᠵᠦ᠍᠂ ᠱᠠᠨᠰᠢ ᠮᠤᠵᠢ᠎ᠶ᠋ᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ ᠪᠠ ᠲᠥᠯᠥᠪᠵᠢᠭᠦᠯᠭᠡ᠎ᠶ᠋ᠢᠨ ᠭᠠᠵᠠᠷ᠎ᠤᠨ ᠳᠠᠷᠤᠭ᠎ᠠ ᠫᠠᠨ ᠯᠸᠢ 《ᠠᠷᠪᠠᠨ ᠲᠠᠪᠤᠳᠤᠭᠠᠷ ᠲᠠᠪᠤᠨ ᠵᠢᠯ》᠎ᠤᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠬᠡᠷᠬᠢᠨ ᠣᠢᠯᠠᠭᠠᠵᠤ ᠡᠵᠡᠮᠱᠢᠬᠦ᠌ ᠲᠤᠬᠠᠢ ᠨᠡᠩ ᠭᠦᠨᠵᠡᠭᠡᠢ ᠪᠣᠳᠣᠯᠬᠢᠯᠠᠪᠠ᠃

  《ᠶᠡᠷᠦᠩᠬᠡᠢ ᠱᠦᠵᠢ ᠪᠦᠬᠦ᠌ ᠲᠠᠯ᠎ᠠ᠎ᠪᠠᠷ᠂ ᠭᠦᠨᠵᠡᠭᠡᠢ᠂ ᠣᠨᠣᠪᠴᠢᠲᠠᠢ ᠬᠡᠬᠦ ᠭᠤᠷᠪᠠᠨ ᠵᠠᠩᠭᠢᠯᠠᠭ᠎ᠠ᠎ᠶ᠋ᠢᠨ ᠦᠭᠡ᠎ᠶ᠋ᠢ ᠴᠢᠬᠤᠯᠠᠴᠢᠯᠠᠵᠤ᠂ ᠪᠢᠳᠡᠨ᠎ᠳᠦ ᠰᠤᠷᠤᠯᠴᠠᠬᠤ ᠠᠷᠭ᠎ᠠ ᠪᠠ ᠨᠠᠢᠳᠠᠪᠤᠷᠢᠵᠢᠭᠤᠯᠬᠤ ᠠᠷᠭ᠎ᠠ ᠵᠠᠮ᠎ᠢ ᠲᠣᠳᠣᠷᠬᠠᠢ ᠵᠢᠭᠠᠵᠤ ᠥᠭ᠌ᠴᠡᠢ》᠃ ᠫᠠᠨ ᠯᠸᠢ᠂ ᠪᠥᠬᠥ᠌ ᠲᠠᠯ᠎ᠠ᠎ᠶ᠋ᠢᠨ ᠦᠵᠡᠯᠲᠡ ᠪᠠ ᠱᠢᠰᠲ᠋ᠧᠮ᠎ᠤᠨ ᠰᠡᠳᠭᠢᠬᠦᠶ᠎ᠪᠡᠷ᠂ ᠨᠠᠮ᠎ᠤᠨ ᠲᠥᠪ ᠬᠤᠷᠢᠶ᠎ᠠ᠎ᠶᠢᠨ ᠪᠠᠢᠷᠢᠯᠠᠭᠤᠯᠤᠯᠲᠠ᠎ᠶ᠋ᠢ ᠱᠠᠨᠰᠢ ᠮᠤᠵᠢ᠎ᠶ᠋ᠢᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠵᠤ᠂ ᠱᠠᠨᠰᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠠᠰᠤᠷᠠᠯᠲᠠ ᠥᠬᠡᠶ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠤᠨ᠎ᠠ ᠭᠡᠵᠡᠶ᠃

  《ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶ᠎ᠠ ᠨᠢ ᠪᠢᠳᠡᠨ᠎ᠤ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠱᠢᠨ᠎ᠡ ᠬᠤᠪᠢᠷᠠᠯᠲᠠ᠎ᠶ᠋ᠢ ᠵᠥᠪ ᠡᠵᠡᠮᠳᠡᠵᠦ᠍᠂ ᠠᠵᠠ ᠲᠣᠬᠢᠶᠠᠯ᠎ᠢ ᠨᠡᠩ ᠰᠠᠢᠲᠤᠷ ᠤᠭ᠍ᠲᠤᠵᠤ᠂ ᠥᠷᠢᠰᠥᠯᠳᠦᠭᠡᠨ᠎ᠢ ᠨᠡᠩ ᠰᠠᠢᠲᠤᠷ ᠠᠷᠭᠠᠴᠠᠭᠠᠬᠤ᠎ᠶᠢ ᠵᠢᠯᠣᠭᠣᠳᠪᠠ》᠃ ᠾᠧᠹᠧᠢ᠎ᠶ᠋ᠢᠨ ᠷᠦᠢ ᠱ᠌ᠢ ᠲᠣᠭᠠᠴᠢᠯᠠᠭ᠍ᠰᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠵᠠᠩ ᠪᠥᠸᠧ᠂ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠤᠪᠢᠰᠭᠠᠯ ᠪᠣᠯᠤᠨ ᠠᠵᠤ ᠦᠢᠯᠡᠰ᠎ᠦᠨ ᠬᠤᠪᠢᠰᠤᠯᠲᠠ᠎ᠶ᠋ᠢᠨ ᠡᠮᠦᠨ᠎ᠡ᠂ ᠮᠠᠨ᠎ᠤ ᠠᠵᠤ ᠠᠬᠤᠢᠯᠠᠯ ᠤᠯᠤᠰ᠎ᠤᠨ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠳᠤ ᠭᠦᠨᠵᠡᠭᠡᠢ ᠠᠭᠤᠰᠤᠯᠴᠠᠵᠤ᠂ ᠱᠢᠨ᠎ᠡ᠎ᠶ᠋ᠢ ᠡᠭᠦᠳᠬᠦ᠌᠎ᠪᠡᠷ ᠣᠷᠣᠱᠢᠨ ᠲᠣᠭ᠍ᠲᠠᠨᠢᠬᠤ ᠦᠨᠳᠦᠰᠦ ᠪᠣᠯᠭᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠴᠢᠭ᠌ᠯᠡᠯ᠎ᠢ ᠪᠠᠳᠤ ᠡᠵᠡᠮᠳᠡᠨ ᠡᠷᠡᠮᠡᠬᠡᠢᠯᠡᠨ ᠤᠷᠤᠭ᠍ᠰᠢᠯᠠᠨ᠎ᠠ ᠭᠡᠪᠡ᠃

  《ᠶᠡᠷᠦᠩᠬᠡᠢ ᠱᠦᠵᠢ 〈ᠠᠷᠠᠳᠴᠢᠯᠠᠯ᠎ᠢ ᠪᠠᠳᠠᠷᠠᠭᠤᠯᠵᠤ᠂ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠬᠦ᠌᠎ᠶ᠋ᠢ ᠪᠠᠷᠢᠮᠲᠠᠯᠠᠬᠤ ᠬᠡᠷᠡᠭ᠌ᠲᠡᠢ〉ᠭᠡᠵᠦ᠍ ᠴᠢᠬᠤᠯᠠᠴᠢᠯᠠᠪᠠ᠂ ᠪᠢᠳᠡ ᠣᠷᠣᠨ ᠨᠤᠲᠤᠭ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠠᠷᠠᠳ ᠲᠦᠮᠡᠨ᠎ᠦ ᠵᠣᠯ ᠵᠢᠷᠭᠠᠯ᠎ᠢ 〈ᠨᠢᠳᠦᠨ᠎ᠳᠦ ᠦᠵᠡᠭ᠌ᠳᠡᠮ᠎ᠡ᠂ ᠭᠠᠷ᠎ᠲᠤ ᠪᠠᠷᠢᠭ᠍ᠳᠠᠮ᠎ᠠ〉 ᠪᠤᠳᠠᠳᠤ ᠠᠬᠤᠢ ᠪᠤᠯᠭᠠᠨ ᠪᠡᠶᠡᠯᠡᠬᠦᠯᠦᠨ᠎ᠡ》 ᠭᠡᠵᠦ᠍ ᠬᠤᠨᠠᠨ ᠮᠤᠵᠢ᠎ᠶ᠋ᠢᠨ ᠴᠠᠩᠱᠠ ᠬᠤᠳᠠ᠎ᠶ᠋ᠢᠨ ᠺᠠᠢ᠌ᠹᠦ᠋ ᠲᠣᠭᠣᠷᠢᠭ᠎ᠤᠨ ᠴᠢᠩ ᠱᠦᠢ ᠲᠠᠩ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯ᠎ᠤᠨ ᠬᠤᠷᠢᠶ᠎ᠠ᠎ᠶᠢᠨ ᠱᠦᠵᠢ ᠶᠤᠸᠠᠨ ᠴᠢᠶᠠᠨ ᠬᠡᠯᠡᠪᠡ᠃

  ᠴᠢᠭᠯᠡᠯ᠎ᠢ ᠳᠤᠳᠤᠷᠬᠠᠢᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ᠎ᠳᠤ ᠬᠣᠯᠪᠣᠭ᠍ᠳᠠᠬᠤ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠎ᠶ᠋ᠢ ᠦᠷᠭᠦᠯᠵᠢᠯᠡᠨ ᠠᠬᠢᠭᠤᠯᠤᠨ᠎ᠠ

  ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ ᠡᠴᠡ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠪᠠ᠃

  《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠳᠤ᠂ 《ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠵᠤ᠂ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠰᠠᠭᠤᠷᠢ᠎ᠶ᠋ᠢ ᠪᠡᠬᠢᠵᠢᠭᠦᠯᠦᠨ ᠪᠤᠵᠠᠭᠠᠢᠷᠠᠭᠤᠯᠬᠤ》 ᠨᠢ 12 ᠵᠦᠶ᠋ᠯ᠎ᠦᠨ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠎ᠶ᠋ᠢᠨ ᠳᠣᠲᠣᠷ᠎ᠠ ᠲᠦᠷᠦᠬᠦᠨ ᠴᠢᠬᠤᠯᠠ ᠡᠬᠦᠷᠬᠡ ᠪᠤᠯᠤᠨ᠎ᠠ᠃ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶ᠎ᠠ ᠡᠨᠡ ᠬᠦ᠌ ᠭᠣᠣᠯᠳᠠᠯᠭ᠎ᠠ᠎ᠶ᠋ᠢ ᠳᠠᠬᠢᠨᠲᠠ ᠴᠢᠬᠤᠯᠠᠴᠢᠯᠠᠪᠠ᠃

  《ᠶᠡᠷᠦᠩᠬᠡᠢ ᠱᠦᠵᠢ ᠰᠢ᠎ᠵᠢᠨ᠎ᠫᠢᠩ 〈ᠲᠡᠷᠢᠭᠦᠨ᠎ᠦ ᠦᠢᠯᠡᠳᠬᠦ᠌ ᠦᠢᠯᠡᠰ᠎ᠢ ᠶᠡᠬᠡᠪᠡᠷ ᠬᠥᠭ᠌ᠵᠢᠭᠦᠯᠬᠦ᠌ ᠬᠡᠷᠡᠭ᠌ᠲᠡᠢ〉 ᠭᠡᠵᠦ᠍ ᠳᠤᠷᠠᠳᠴᠤ᠌᠂ ᠪᠢᠳᠡᠨ᠎ᠦ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠤᠨ ᠪᠠᠢᠭᠤᠯᠤᠯᠲᠠ᠎ᠶ᠋ᠢᠨ ᠳᠤᠮᠳᠠ ᠡᠷᠳᠡᠮ ᠴᠢᠳᠠᠪᠤᠷᠢ᠎ᠪᠠᠨ ᠶᠡᠬᠡ᠎ᠪᠡᠷ ᠪᠠᠳᠠᠷᠠᠭᠤᠯᠬᠤ᠎ᠶᠢ ᠵᠤᠷᠢᠭᠵᠢᠭᠤᠯᠵᠠᠢ》 ᠭᠡᠵᠦ᠍ ᠰᠦᠵᠧᠦ᠍᠎ᠶ᠋ᠢᠨ ᠴᠠᠩ ᠭᠤᠸᠠᠩ ᠬᠤᠸᠠ ᠱᠢᠨ ᠭᠡᠷᠡᠯ ᠴᠠᠬᠢᠯᠭᠠᠨ᠎ᠤ ᠮᠡᠷᠭᠡᠵᠢᠯ᠎ᠦᠨ ᠬᠢᠵᠠᠭᠠᠷᠳᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠮᠢᠨ ᠳ᠋ᠡ ᠶᠦᠩ ᠬᠡᠯᠡᠪᠡ᠃

  ᠭᠤᠸᠠᠨᠭᠵᠸᠦ ᠭᠠᠷᠠᠮ᠎ᠳᠦ᠂ ᠴᠢᠨᠭᠭᠡᠯᠢᠭ ᠵᠦᠭᠡᠭᠡᠪᠦᠷᠢᠯᠡᠬᠦ ᠲᠤᠮᠤ ᠠᠴᠢᠶᠠᠨ᠎ᠤ ᠮᠠᠰᠢᠨ ᠪᠠ ᠬᠥᠯᠭᠡ ᠣᠩᠭᠣᠴᠠ ᠨᠠᠭᠠᠰᠢ ᠴᠠᠭᠠᠰᠢ ᠰᠦᠯᠵᠢᠯᠳᠦᠨ ᠂ ᠳᠥᠷᠪᠡᠨ ᠵᠦᠭ᠎ᠲᠤ ᠨᠡᠪᠲᠡᠷᠡᠭᠰᠡᠨ ᠪᠠᠷᠠᠭᠠᠨ᠎ᠤ ᠭᠦᠢᠯᠭᠡᠭᠡ᠎ᠶᠢᠨ ᠱᠤᠭᠤᠮ ᠡᠨᠳᠡ ᠡᠴᠡ ᠮᠤᠷᠳᠠᠵᠤ ᠡᠯ᠎ᠡ ᠭᠠᠵᠠᠷ᠎ᠢ ᠵᠤᠷᠢᠨ᠎ᠠ ᠃ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ᠎ᠶᠢ ᠨᠠᠷᠢᠨ ᠬᠢᠨᠠᠮᠠᠭᠠᠢ ᠰᠤᠷᠤᠯᠴᠠᠵᠤ᠂ ᠭᠤᠸᠠᠨᠭᠵᠸᠦ ᠬᠣᠲᠠ᠎ᠶᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ᠎ᠶᠢᠨ ᠳᠠᠷᠤᠭ᠎ᠠ ᠸᠧᠢ ᠮᠢᠨ 《ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠤᠨ ᠳᠡᠭᠡᠭᠰᠢᠯᠡᠯᠲᠡ᠎ᠶᠢ ᠴᠢᠩᠭᠠᠳᠬᠠᠬᠤ᠎ᠪᠠᠷ ᠳᠠᠮᠵᠢᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢᠨ ᠡᠵᠡᠨ ᠮᠡᠳᠡᠬᠦ ᠴᠢᠨᠠᠷ᠎ᠢ ᠥᠷᠭᠡᠳᠬᠡᠵᠦ᠂ ᠣᠯᠠᠨ ᠤᠯᠤᠰ᠎ᠤᠨ ᠣᠷᠴᠢᠯ᠎ᠢ ᠥᠷᠭᠡᠳᠬᠡᠬᠦ᠎ᠪᠡᠷ ᠳᠠᠮᠵᠢᠨ ᠤᠯᠤᠰ᠎ᠤᠨ ᠳᠣᠲᠣᠭᠠᠳᠤ᠎ᠶᠢᠨ ᠥᠭᠡᠷᠡᠴᠢᠯᠡᠯᠲᠡ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ》 ᠲᠤᠬᠠᠢ ᠨᠠᠩ ᠭᠦᠨᠵᠡᠭᠡᠢ ᠲᠠᠨᠢᠯᠲᠠ᠎ᠲᠠᠢ ᠪᠣᠯᠪᠠ᠃

  《ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠢ ᠬᠦᠴᠦᠷᠬᠡᠭᠵᠢᠭᠦᠯᠤᠨ᠂ ᠤᠯᠤᠰ᠎ᠤᠨ ᠳᠣᠲᠣᠭᠠᠳᠤ᠎ᠭᠠᠳᠠᠭᠠᠳᠤ᠎ᠶᠢᠨ ᠬᠣᠣᠰ ᠣᠷᠴᠢᠯ᠎ᠢ ᠰᠠᠭᠠᠳ ᠦᠭᠡᠢ ᠨᠡᠪᠲᠡᠷᠡᠭᠦᠯᠪᠡᠯ ᠠᠵᠤ ᠠᠬᠤᠢ᠎ᠶᠢᠨ ᠬᠥᠭᠵᠢᠯᠲᠡ᠎ᠶᠢᠨ ᠰᠠᠭᠤᠷᠢ ᠰᠠᠶᠢ ᠨᠡᠩ ᠪᠠᠲᠤ ᠪᠡᠬᠢ ᠪᠣᠯᠵᠤ ᠴᠢᠳᠠᠨ᠎ᠠ》᠃ ᠸᠧᠢ ᠮᠢᠨ᠂ ᠭᠤᠸᠠᠨᠭᠵᠸᠦ ᠳᠠᠷᠠᠭᠠᠴᠢ᠎ᠶᠢᠨ ᠠᠯᠬᠤᠮ᠎ᠳᠦ ᠪᠣᠭᠣᠮᠲᠠ᠎ᠶᠢ ᠲᠠᠰ ᠳᠡᠪᠰᠢᠬᠦᠯᠬᠦ᠎ᠪᠡᠷ ᠲᠦᠰᠢᠭ ᠪᠣᠯᠭᠠᠵᠤ᠂ ᠳᠣᠲᠣᠭᠠᠳᠤ ᠭᠠᠳᠠᠭᠠᠳᠤ᠎ᠶᠢᠨ ᠡᠷᠭᠢᠯᠲᠡ᠎ᠶᠢᠨ ᠵᠠᠮ᠎ᠢ ᠰᠠᠭᠠᠳ ᠦᠭᠡᠢ ᠨᠠᠪᠲᠠᠷᠡᠭᠦᠯᠵᠦ᠂ ᠪᠥᠬᠥ ᠪᠥᠮᠪᠥᠷᠴᠡᠭ᠎ᠦᠨ ᠡᠬᠢ ᠪᠠᠶᠠᠯᠢᠭ᠋᠎ᠢ ᠬᠣᠯᠪᠣᠬᠤ ᠪᠠ ᠲᠣᠬᠢᠷᠠᠭᠤᠯᠬᠤ ᠴᠢᠳᠠᠪᠤᠷᠢ᠎ᠪᠠᠨ ᠳᠡᠭᠡᠭᠰᠢᠯᠡᠭᠦᠯᠵᠤ᠂ ᠳᠣᠲᠣᠭᠠᠳᠤ ᠭᠠᠳᠠᠭᠠᠳᠤ᠎ᠶᠢᠨ ᠬᠣᠯᠪᠣᠯᠳᠤᠨ ᠨᠡᠪᠲᠡᠷᠡᠯᠴᠡᠬᠦ᠂ ᠬᠠᠷᠢᠯᠴᠠᠨ ᠠᠬᠢᠭᠤᠯᠵᠤ ᠬᠠᠮᠲᠤ᠎ᠪᠠᠷ ᠤᠷᠤᠭᠰᠢᠯᠠᠬᠤ᠎ᠶᠢ ᠴᠢᠷᠮᠠᠢᠨ ᠪᠡᠶᠡᠯᠡᠭᠦᠯᠦᠨ᠎ᠡ ᠭᠡᠪᠡ᠃

  ᠬᠢᠷᠢᠨ ᠮᠤᠵᠢ᠎ᠶᠢᠨ ᠬᠢᠷᠢᠨ ᠬᠤᠳᠠ᠎ᠶᠢᠨ ᠳᠤᠮᠳᠠᠳᠤ ᠤᠯᠤᠰ᠎ᠤᠨ ᠵᠢᠭᠤᠯᠴᠢᠯᠠᠯ᠎ᠤᠨ ᠪᠦᠯᠦᠭᠯᠡᠯ᠎ᠤᠨ ᠰᠤᠩᠭᠠᠷᠢ ᠨᠠᠭᠤᠷ᠎ᠤᠨ ᠠᠮᠠᠷᠠᠯᠲᠠ᠎ᠶᠢᠨ ᠲᠣᠭᠣᠷᠢᠭ᠋᠎ᠲᠤ᠂ ᠮᠥᠰᠥ ᠴᠠᠰᠤᠨ᠎ᠤ ᠪᠠᠶᠠᠷ ᠪᠠᠬᠠᠳᠤᠯ᠎ᠢ ᠡᠳ᠋ᠯᠡᠬᠦ ᠪᠡᠷ ᠢᠷᠡᠭᠰᠡᠨ ᠵᠢᠭᠤᠯᠴᠢᠯᠠᠭᠰᠠᠳ ᠮᠠᠰᠢ ᠤᠯᠠᠨ ᠪᠠᠢᠯ᠎ᠠ᠃

  《ᠶᠡᠷᠦᠩᠬᠡᠢ ᠱᠦᠵᠢ ᠰᠢ᠎ᠶᠢᠨ ᠫᠢᠩ 〈ᠳᠣᠲᠣᠭᠠᠳᠤ ᠬᠡᠷᠡᠭᠴᠡᠭᠡ᠎ᠶᠢ ᠠᠵᠤ ᠠᠬᠤᠢ᠎ᠶᠢᠨ ᠬᠥᠭᠵᠢᠯᠲᠡ᠎ᠶᠢᠨ ᠭᠣᠣᠯ ᠬᠥᠳᠡᠯᠭᠡᠬᠦ ᠬᠦᠴᠦᠨ ᠪᠣᠯᠭᠠᠬᠤ ᠬᠡᠷᠡᠭᠲᠡᠢ〉 ᠭᠡᠵᠦ ᠴᠢᠬᠤᠯᠠᠴᠢᠯᠠᠪᠠ᠃ ᠪᠢᠳᠡ ᠶᠠᠭ ᠮᠥᠰᠥ ᠴᠠᠰᠤᠨ᠎ᠤ ᠡᠬᠢ ᠪᠠᠶᠠᠯᠢᠭ᠋᠎ᠢ ᠬᠡᠷᠡᠭᠯᠡᠭᠡᠨ᠎ᠦ ᠳᠠᠯᠳᠠ ᠬᠦᠴᠦᠨ ᠪᠣᠯᠭᠠᠨ ᠬᠤᠪᠢᠷᠠᠭᠤᠯᠵᠤ᠂ ᠠᠵᠤ ᠦᠢᠯᠡᠰ᠎ᠦᠨ ᠳᠠᠪᠠᠭᠤᠯᠢᠭ᠋᠎ᠢ ᠬᠥᠭᠵᠢᠯᠲᠡ᠎ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ᠎ᠪᠠᠷ ᠴᠢᠷᠮᠠᠢᠵᠤ ᠪᠠᠢᠨ᠎ᠠ》᠃ ᠭᠢᠷᠢᠨ ᠬᠣᠲᠠ᠎ᠶᠢᠨ ᠰᠣᠶᠣᠯ ᠷᠠᠳᠢᠣ᠋ ᠲᠧᠯᠸᠢᠰ ᠪᠠ ᠵᠢᠭᠤᠯᠴᠢᠯᠠᠯ᠎ᠤᠨ ᠲᠣᠪᠴᠢᠶ᠎ᠠ᠎ᠶᠢᠨ ᠳᠡᠳ᠋ ᠳᠠᠷᠤᠭ᠎ᠠ ᠶᠠᠩ ᠵᠢᠩ᠂ ᠭᠢᠷᠢᠨ ᠬᠣᠲᠠ ᠨᠢ ᠶᠠᠭ ᠰᠠᠢᠬᠠᠨ ᠴᠠᠩᠴᠦ᠋ᠨ᠎ᠤ 2027 ᠤᠨ᠎ᠤ 33᠎ᠳ᠋ᠤᠭᠠᠷ ᠬᠤᠭᠤᠴᠠᠭᠠᠨ᠎ᠤ ᠳᠡᠯᠡᠬᠡᠢ᠎ᠶᠢᠨ ᠣᠶᠤᠲᠠᠳ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭᠯᠠᠭᠠᠨ᠎ᠢ ᠪᠡᠯᠡᠳᠬᠡᠨ ᠡᠷᠭᠢᠯᠡᠬᠦ᠎ᠪᠡᠷ ᠲᠣᠬᠢᠶᠠᠯ ᠪᠣᠯᠭᠠᠵᠤ᠂ ᠪᠥᠬᠥ ᠬᠡᠯᠬᠢᠶ᠎ᠡ᠎ᠪᠡᠷ ᠮᠥᠰᠥ ᠴᠠᠰᠤᠨ᠎ᠤ ᠠᠵᠤ ᠠᠬᠤᠢ᠎ᠶᠢ ᠬᠦᠴᠦᠷᠬᠡᠭᠵᠢᠭᠦᠯᠵᠦ᠂ ᠬᠦᠴᠦ᠎ᠪᠡᠨ ᠲᠥᠪᠯᠡᠷᠡᠭᠦᠯᠦᠨ ᠮᠢᠩᠭᠠᠨ ᠳ᠋ᠦᠩᠰᠢᠭᠤᠷ᠎ᠤᠨ ᠲᠠᠰ᠎ᠤᠨ ᠠᠵᠤ ᠦᠢᠯᠡᠰ᠎ᠦᠨ ᠪᠦᠯᠦᠭᠵᠢᠯ᠎ᠢ ᠡᠬᠦᠳᠴᠤ᠂ ᠮᠦᠰᠦ ᠴᠠᠰᠤᠨ᠎ᠤ ᠠᠵᠤ ᠠᠬᠤᠢ᠎ᠶᠢ ᠦᠷᠬᠦᠯᠵᠢᠯᠡᠨ ᠲᠤᠳᠤᠭᠠᠳᠤ ᠬᠡᠷᠡᠭᠴᠡᠬᠡ᠎ᠶᠢ ᠦᠷᠬᠡᠳᠬᠡᠬᠦ ᠴᠢᠬᠤᠯᠠ ᠲᠤᠯᠭᠠᠭᠤᠷᠢᠯᠠᠯ ᠪᠣᠯᠭᠠᠵᠤ ᠪᠠᠢᠨ᠎ᠠ ᠭᠡᠪᠡ᠃

  ᠦᠨᠡᠨ ᠬᠦ᠌ ᠠᠳᠬᠤᠨ ᠪᠣᠳᠠᠲᠠᠢ ᠠᠵᠢᠯᠯᠠᠵᠤ ᠴᠢᠨᠠᠷ ᠰᠠᠢᠲᠠᠢ ᠬᠥᠭᠵᠢᠯᠲᠡ᠎ᠶᠢᠨ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠣᠯᠬᠤ᠎ᠶᠢ ᠠᠬᠢᠭᠤᠯᠤᠨ᠎ᠠ

  ᠥᠷᠭᠡᠨ ᠤᠯᠠᠨ ᠺᠠᠳ᠋ᠷ ᠤᠯᠠᠨ ᠲᠦᠮᠡᠨ᠂ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠰᠠᠨᠠᠭᠤᠯᠭ᠎ᠠ᠎ᠶᠢᠨ ᠡᠯ᠎ᠡ ᠵᠦᠢᠯ᠎ᠦᠨ ᠪᠠᠢᠷᠢᠯᠠᠭᠤᠯᠤᠯᠲᠠ᠎ᠶᠢ ᠪᠣᠳᠠᠲᠠᠢ᠎ᠳᠤ ᠨᠠᠢᠳᠠᠪᠤᠷᠢᠵᠢᠭᠤᠯᠤᠨ᠎ᠠ ᠭᠡᠵᠦ ᠢᠯᠡᠳᠬᠡᠵᠡᠭᠡᠪᠡ᠃

  《ᠪᠢᠳᠠ ᠶᠡᠷᠦᠩᠬᠡᠢ ᠱᠦᠵᠢ᠎ᠶᠢᠨ ᠱᠠᠭᠠᠷᠳᠠᠯᠭ᠎ᠠ᠎ᠶᠢ ᠪᠠᠲᠤ ᠴᠡᠭᠡᠵᠢᠯᠡᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠬᠤ᠎ᠶᠢ ᠪᠠᠷᠢᠮᠲᠠᠯᠠᠵᠤ᠂ ᠣᠷᠣᠨ ᠨᠤᠲᠤᠭ᠎ᠤᠨ ᠲᠥᠯᠦᠪᠵᠢᠭᠦᠯᠭᠡ᠂ ᠲᠤᠰᠬᠠᠢ ᠲᠥᠯᠦᠪᠵᠢᠭᠦᠯᠭᠡ᠎ᠶᠢ ᠤᠯᠤᠰ᠎ᠤᠨ ᠪᠦᠬᠦᠯᠢ ᠴᠣᠭᠴᠠ᠎ᠶᠢᠨ ᠲᠥᠯᠦᠪᠵᠢᠭᠦᠯᠭᠡ᠎ᠲᠠᠢ ᠵᠣᠯᠭᠠᠭᠤᠯᠬᠤ᠎ᠶᠢ ᠴᠢᠬᠤᠯᠠᠴᠢᠯᠠᠨ᠎ᠠ》᠃ ᠾᠧ ᠴᠢᠦᠢ ᠰᠢᠶᠠᠨ᠎ᠤ ᠨᠠᠮ᠎ᠤᠨ ᠬᠣᠷᠢᠶ᠎ᠡ᠎ᠶᠢᠨ ᠱᠦᠵᠢ ᠱᠢ ᠭᠤᠸᠠᠩ ᠶᠤᠸᠠᠨ᠂ 《ᠡᠨᠧᠷᠭᠢ᠎ᠶᠢᠨ ᠲᠣᠮᠣ᠌ ᠰᠢᠶᠠᠨ ᠪᠣᠯᠤᠭᠰᠠᠨ᠎ᠤ ᠬᠤᠪᠢ᠎ᠳᠤ᠂ ᠪᠢᠳᠡ ᠨᠢᠭᠡᠨᠲᠡ ᠪᠣᠬᠢᠷᠲᠤᠯ ᠦᠭᠡᠢ ᠠᠭᠤᠷᠬᠠᠢ᠂ ᠣᠶᠤᠨᠴᠢᠯᠠᠭᠰᠠᠨ ᠠᠭᠤᠷᠬᠠᠢ᠎ᠶᠢᠨ ᠪᠦᠲᠦᠭᠡᠨ ᠪᠠᠢᠭᠤᠯᠤᠯᠲᠠ᠎ᠶᠢ ᠣᠷᠣᠨ ᠨᠤᠲᠤᠭ᠎ᠤᠨ 〈ᠠᠷᠪᠠᠨ ᠲᠠᠪᠤᠳᠤᠭᠠᠷ ᠲᠠᠪᠤᠨ ᠵᠢᠯ〉᠎ᠦᠨ ᠲᠥᠯᠦᠪᠵᠢᠭᠦᠯᠭᠡ᠎ᠶᠢᠨ ᠭᠣᠣᠯᠳᠠᠯᠭ᠎ᠠ᠎ᠲᠠᠢ ᠪᠦᠲᠦᠭᠡᠨ ᠪᠠᠢᠭᠤᠯᠤᠯᠲᠠ᠎ᠶᠢᠨ ᠴᠢᠭᠯᠡᠯ᠎ᠳᠦ ᠣᠷᠣᠭᠤᠯᠵᠤ᠂ ᠦᠪᠡᠷ᠎ᠤᠨ ᠡᠨᠧᠷᠭᠢ᠎ᠶᠢᠨ ᠳᠠᠪᠠᠭᠤᠯᠢᠭ᠋᠎ᠲᠠᠢ᠎ᠪᠠᠨ ᠤᠶᠠᠯᠳᠤᠭᠤᠯᠵᠤ᠂ ᠨᠡᠭᠦᠷᠡᠰᠦ ᠪᠠ ᠴᠠᠬᠢᠯᠭᠠᠨ ᠬᠦᠴᠦᠨ᠎ᠦ ᠠᠵᠤ ᠦᠢᠯᠡᠰ᠎ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠡᠨᠧᠷᠭᠢ᠎ᠶᠢᠨ ᠬᠦᠴᠦᠷᠬᠡᠭ ᠤᠯᠤᠰ᠎ᠤᠨ ᠪᠠᠢᠭᠤᠯᠤᠯᠲᠠ᠎ᠶᠢ ᠠᠬᠢᠭᠤᠯᠤᠨ᠎ᠠ》 ᠭᠡᠪᠡ᠃

  ᠦᠨᠡᠨ ᠬᠦ᠌ ᠠᠳᠬᠤᠵᠤ ᠪᠣᠳᠠᠲᠠᠢ ᠠᠵᠢᠯᠯᠠᠬᠤ᠎ᠳᠤ ᠡᠷᠬᠡᠪᠰᠢ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠵᠤ ᠦᠢᠯᠡᠳᠦᠯᠭᠡᠵᠢᠭᠦᠯᠬᠦ ᠬᠡᠷᠡᠭᠲᠡᠢ᠃ ᠶᠡᠷᠦᠩᠬᠡᠢ ᠱᠦᠵᠢ ᠰᠢ᠎ᠶᠢᠨ ᠫᠢᠩ 《ᠤᠬᠠᠮᠰᠠᠷ᠎ᠡᠴᠡ᠎ᠪᠠᠨ ᠠᠷᠠᠳ ᠲᠦᠮᠡᠨ᠎ᠤ ᠲᠦᠯᠦᠬᠡ ᠵᠠᠰᠠᠭ᠎ᠤᠨ ᠠᠵᠢᠯ᠎ᠤᠨ ᠠᠮᠵᠢᠯᠳᠠ ᠪᠦᠳᠦᠮᠵᠢ ᠭᠠᠷᠭᠠᠵᠤ᠂ ᠪᠣᠳᠠᠲᠠᠢ ᠠᠵᠢᠯᠯᠠᠵᠤ ᠵᠠᠰᠠᠭ᠎ᠤᠨ ᠠᠵᠢᠯ᠎ᠤᠨ ᠠᠮᠵᠢᠯᠳᠠ ᠪᠦᠲᠦᠮᠵᠢ ᠭᠠᠷᠭᠠᠬᠤ ᠬᠡᠷᠡᠭᠳᠡᠢ》 ᠭᠡᠵᠦ ᠳᠤᠷᠠᠳᠤᠨ ᠭᠠᠷᠭᠠᠭᠰᠠᠨ ᠨᠢ ᠲᠢᠶᠠᠨᠵᠢᠨ ᠬᠤᠳᠠ᠎ᠶᠢᠨ ᠪᠢᠨᠬᠠᠢ ᠰᠢᠨ᠎ᠡ ᠲᠣᠭᠣᠷᠢᠭ᠋᠎ᠤᠨ ᠳᠠᠷᠤᠭ᠎ᠠ᠂ ᠲᠢᠶᠠᠨᠵᠢᠨ᠎ᠤ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠬᠠᠮᠢᠶᠠᠷᠤᠯᠲᠠ᠎ᠶᠢᠨ ᠵᠥᠪᠯᠡᠯ᠎ᠦᠨ ᠪᠠᠢᠩᠭᠤ᠎ᠶᠢᠨ ᠳᠡᠳ᠋ ᠡᠷᠬᠢᠯᠡᠭᠴᠢ ᠱᠠᠨ ᠽᠸ ᠹᠸᠩ ᠳ᠋ᠤ᠌ ᠭᠦᠨ ᠲᠥᠷᠥᠭᠳᠡᠯ ᠥᠭᠪᠡ᠃

  ᠱᠠᠨ ᠽᠸ ᠹᠸᠩ᠄ 《ᠶᠡᠷᠦᠩᠬᠡᠢ ᠱᠦᠵᠢ᠎ᠶᠢᠨ ᠭᠦᠨᠵᠡᠭᠡᠢ ᠥᠭᠦᠯᠡᠯᠲᠡ ᠨᠢ 〈ᠬᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠶᠠᠮᠠᠷ ᠶᠠᠩᠵᠤ᠎ᠶᠢᠨ ᠵᠠᠰᠠᠭ᠎ᠤᠨ ᠠᠵᠢᠯ᠎ᠤᠨ ᠪᠦᠲᠦᠮᠵᠢ᠎ᠶᠢ ᠭᠠᠷᠭᠠᠬᠤ᠂ ᠶᠠᠭᠤᠨ᠎ᠳᠤ ᠲᠦᠰᠢᠭᠯᠡᠨ ᠵᠠᠰᠠᠭ᠎ᠤᠨ ᠠᠵᠢᠯ᠎ᠤᠨ ᠪᠦᠲᠦᠮᠵᠢ᠎ᠶᠢ ᠭᠠᠷᠭᠠᠬᠤ ᠪᠤᠢ〉 ᠬᠡᠬᠦ ᠠᠰᠠᠭᠤᠯᠳᠠ ᠳ᠋ᠤ ᠬᠠᠷᠢᠭᠤᠯᠲᠠ ᠥᠭᠴᠦ᠂ ᠪᠢᠳᠡᠨ᠎ᠦ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠂ ᠠᠵᠢᠯ ᠬᠢᠵᠦ ᠦᠢᠯᠡᠰ ᠪᠣᠰᠬᠠᠬᠤ᠎ᠳᠤ ᠦᠨᠳᠦᠰᠦᠨ ᠵᠢᠷᠤᠮᠯᠠᠯ ᠬᠠᠩᠭᠠᠪᠠ᠃ ᠳᠠᠷᠠᠭᠠᠴᠢ᠎ᠶᠢᠨ ᠠᠯᠬᠤᠮ᠎ᠳᠤ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ᠎ᠶᠢ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠲᠦᠪᠰᠢᠨ᠎ᠢ ᠳᠡᠭᠡᠭᠰᠢᠯᠡᠭᠦᠯᠬᠦ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠬᠦ ᠪᠦᠬᠦ ᠶᠠᠪᠤᠴᠠ᠎ᠳᠤ ᠲᠤᠭᠤᠰᠢᠯᠠᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢᠨ ᠬᠠᠷᠠᠯᠲᠠ᠎ᠶᠢ ᠤᠨᠢᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳ᠋ᠤ ᠦᠨᠡᠨ ᠪᠤᠳᠠᠳᠠᠢ ᠦᠷ᠎ᠡ ᠪᠦᠳᠦᠮᠵᠢ ᠤᠯᠬᠤ ᠪᠡᠷ ᠭᠤᠢᠪᠢᠰᠢ ᠦᠭᠡᠢ ᠴᠢᠷᠮᠠᠢᠨ᠎ᠠ》 ᠭᠡᠪᠡ᠃

  ᠡᠨᠡ ᠵᠢᠯ᠎ᠡᠴᠡ ᠨᠠᠭᠠᠰᠢ᠂ ᠭᠦᠢᠵᠧᠦ᠎ᠶᠢᠨ ᠠᠨ ᠫᠠᠨ ᠲᠦᠷᠭᠡᠨ᠎ᠦ ᠵᠠᠰᠠᠮᠠᠯ ᠵᠠᠮ᠎ᠤᠨ ᠤᠯᠠᠨ ᠢᠨᠵᠧᠨᠧᠷᠢᠩ᠎ᠦᠨ ᠲᠦᠷᠦᠯ ᠵᠦᠢᠯ ᠡᠴᠡ ᠲᠠᠰᠤᠷᠠᠯᠳᠠ ᠦᠬᠡᠢ ᠰᠠᠢᠨ ᠴᠢᠮᠡᠭᠡ ᠤᠯᠠᠮᠵᠢᠯᠠᠭᠳᠠᠪᠠ᠃

  ᠭᠦᠢᠵᠧᠦ᠎ᠶᠢᠨ ᠠᠨ ᠫᠠᠨ ᠲᠦᠷᠭᠡᠨ᠎ᠦ ᠵᠠᠰᠠᠮᠠᠯ ᠵᠠᠮ᠎ᠤᠨ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠴᠧᠨ ᠴᠤᠤ᠄ 《ᠪᠢᠳᠡ ᠶᠡᠷᠦᠩᠬᠡᠢ ᠱᠦᠵᠢ᠎ᠶᠢᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠵᠣᠷᠢᠭ᠍ᠲᠠᠢ ᠠᠵᠢᠯᠯᠠᠨ᠂ ᠬᠦᠴᠢᠷ᠎ᠢ ᠰᠥᠷᠦᠨ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ᠎ᠳᠤ ᠬᠤᠪᠢ ᠨᠡᠮᠡᠷᠢ ᠪᠠ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃

ᠢᠷᠡᠯᠲᠡ᠄    