ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠵᠠᠩ ᠭᠦᠸᠧ ᠴᠢᠩ ᠥᠪᠥᠷ ᠮᠣᠩᠭᠣᠯ᠎ᠳᠤ ᠪᠠᠢᠴᠠᠭᠠᠨ ᠰᠤᠳᠤᠯᠤᠯᠲᠠ ᠬᠢᠬᠦ᠎ᠳᠡᠭᠡᠨ ᠴᠢᠬᠤᠯᠠᠴᠢᠯᠠᠭᠰᠠᠨ ᠨᠢ  ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠯᠠᠪᠳᠠᠭᠤᠨ ᠪᠠᠲᠤᠲᠠᠢ ᠠᠬᠢᠭᠤᠯᠵᠤ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ
ᠨᠡᠶ᠋ᠢᠲᠡᠯᠡᠭᠰᠡᠨ ᠴᠠᠭ᠄ 2026-01-07

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶ᠎ᠠ᠎ᠶᠢᠨ ᠭᠡᠰᠢᠭᠦᠨ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠳᠡᠳ᠋ ᠶᠡᠷᠦᠩᠬᠡᠢ ᠰᠠᠢᠳ ᠵᠠᠩ ᠭᠦᠸᠧ ᠴᠢᠩ 4 ᠡᠴᠡ 6 ᠤ᠋ ᠡᠳᠦᠷ ᠪᠤᠯᠲᠠᠯ᠎ᠠ ᠥᠪᠥᠷ ᠮᠣᠩᠭᠣᠯ᠎ᠳᠤ ᠠᠵᠤ ᠦᠢᠯᠡᠰ᠎ᠦᠨ ᠰᠢᠨ᠎ᠡ᠎ᠶᠢ ᠡᠭᠦᠳᠬᠦ ᠬᠥᠭᠵᠢᠯᠲᠡ᠂ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠡᠷᠭᠡ ᠠᠵᠢᠯ᠎ᠢ ᠪᠠᠢᠴᠠᠭᠠᠨ ᠰᠤᠳᠤᠯᠪᠠ᠃ ᠲᠡᠷᠡ᠂ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠯᠠᠪᠳᠠᠭᠤᠨ ᠪᠠᠲᠤᠲᠠᠢ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢ ᠦᠷᠭᠦᠯᠵᠢᠯᠡᠨ ᠴᠢᠩᠭᠠᠳᠬᠠᠵᠤ᠂ ᠴᠢᠨᠠᠷ ᠰᠠᠢᠲᠠᠢ ᠬᠥᠭᠵᠢᠯᠲᠡ ᠪᠣᠯᠣᠨ ᠴᠢᠨᠠᠷ ᠰᠠᠢᠲᠠᠢ ᠠᠮᠢᠳᠤᠷᠠᠯ᠎ᠳᠤ ᠨᠡᠩ ᠰᠠᠢᠲᠤᠷ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

ᠭᠦᠭᠡᠬᠣᠲᠠ ᠪᠣᠯᠣᠨ ᠪᠤᠭᠤᠲᠤ ᠬᠤᠲᠠ᠎ᠳᠤ᠂ ᠵᠠᠩ ᠭᠦᠸᠧ ᠴᠢᠩ ᠤᠷᠢᠳ ᠬᠣᠵᠢᠳ ᠥᠪᠥᠷ ᠮᠣᠩᠭᠣᠯ᠎ᠤᠨ ᠴᠠᠭᠢᠯᠭᠠᠨ ᠬᠦᠴᠦᠨ᠎ᠦ ᠪᠦᠯᠦᠭᠯᠡᠯ᠎ᠦᠨ ᠳᠠᠯᠠᠨ ᠬᠠᠷ᠎ᠠ᠎ᠶᠢᠨ ᠲᠤᠷᠰᠢᠯᠲᠠ᠎ᠶᠢᠨ ᠲᠠᠰᠤᠭ᠂ ᠳ᠋ᠦᠩ ᠪᠦᠦ ᠠᠮᠢᠳᠤ ᠪᠣᠳᠠᠰ᠎ᠤᠨ ᠮᠡᠷᠭᠡᠵᠢᠯ᠎ᠦᠨ ᠬᠢᠵᠠᠭᠠᠷᠲᠤ ᠺᠤᠮᠫᠠᠨᠢ᠎ᠳᠤ ᠬᠦᠷᠴᠦ᠂ ᠰᠢᠨ᠎ᠡ ᠭᠡᠯᠪᠡᠷᠢ᠎ᠶᠢᠨ ᠴᠠᠭᠢᠯᠭᠠᠨ ᠬᠦᠴᠦᠨ᠎ᠦ ᠰᠢᠰᠲᠧᠮ᠎ᠦᠨ ᠰᠤᠳᠤᠯᠤᠨ ᠨᠡᠭᠡᠭᠡᠬᠦ ᠪᠣᠭᠣᠮᠲᠠ ᠰᠢᠪᠲᠤᠯᠬᠤ᠂ ᠠᠮᠢᠳᠤ ᠪᠣᠳᠠᠰ᠎ᠤᠨ ᠮᠡᠷᠭᠡᠵᠢᠯ᠎ᠦᠨ ᠠᠵᠤ ᠦᠢᠯᠡᠰ᠎ᠦᠨ ᠰᠢᠨ᠎ᠡ᠎ᠶᠢ ᠡᠭᠦᠳᠬᠦ ᠵᠡᠷᠭᠡ ᠪᠠᠢᠳᠠᠯ᠎ᠢ ᠪᠠᠢᠴᠠᠭᠠᠨ ᠰᠤᠳᠤᠯᠪᠠ᠃ ᠲᠡᠷᠡ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠠᠵᠤ ᠦᠢᠯᠡᠰ᠎ᠦᠨ ᠲᠡᠰ ᠳᠡᠪᠰᠢᠬᠦ᠎ᠶᠢ ᠬᠥᠲᠥᠯᠥᠨ ᠳᠠᠭᠠᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠳᠠᠰᠤᠷᠠᠯᠳᠠ ᠦᠭᠡᠢ ᠪᠤᠢ ᠪᠤᠯᠭᠠᠬᠤ ᠬᠡᠷᠡᠭᠲᠡᠢ᠃ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠪᠠᠢᠷᠢ ᠰᠠᠭᠤᠷᠢ᠎ᠶᠢ ᠴᠢᠩᠭᠠᠳᠬᠠᠵᠤ᠂ ᠵᠥᠪ ᠴᠢᠭᠯᠡᠯ᠎ᠢᠶᠡᠷ ᠵᠢᠷᠤᠵᠤ ᠲᠥᠯᠥᠪᠯᠡᠬᠦ᠂ ᠵᠥᠪ ᠴᠢᠭᠯᠡᠯ᠎ᠢᠶᠡᠷ ᠰᠢᠪᠲᠤᠯᠤᠯᠲᠠ ᠬᠢᠬᠦ᠎ᠶᠢ ᠪᠠᠷᠢᠮᠲᠠᠯᠠᠵᠤ᠂ ᠠᠵᠤ ᠦᠢᠯᠡᠰ᠎ᠦᠨ ᠬᠡᠷᠡᠭᠴᠡᠭᠡ᠎ᠳᠦ ᠬᠠᠨᠳᠤᠭᠤᠯᠤᠨ ᠬᠡᠷᠡᠭᠯᠡᠭᠡᠨ᠎ᠦ ᠰᠠᠭᠤᠷᠢ ᠰᠤᠳᠤᠯᠭᠠᠨ ᠪᠠ ᠬᠣᠰᠢᠭᠤᠷᠠᠯ ᠰᠤᠳᠤᠯᠭᠠᠨ᠎ᠢ ᠴᠢᠩᠭᠠᠳᠬᠠᠵᠤ᠂ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ ᠢᠯᠠᠩᠭᠤᠶ᠎ᠠ ᠤᠤᠭᠠᠯ ᠰᠢᠨ᠎ᠡ᠎ᠶᠢ ᠡᠭᠦᠳᠬᠦ ᠴᠢᠳᠠᠪᠤᠷᠢ᠎ᠶᠢ ᠳᠡᠭᠡᠭᠰᠢᠯᠡᠭᠦᠯᠭᠦ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠮᠡᠷᠭᠡᠵᠢᠯ᠎ᠦᠨ ᠰᠠᠭᠤᠷᠢ᠎ᠶᠢ ᠪᠡᠬᠢᠵᠢᠭᠦᠯᠬᠦ ᠬᠡᠷᠡᠭᠲᠡᠢ᠃ ᠰᠢᠨ᠎ᠡ᠎ᠶᠢ ᠡᠭᠦᠳᠬᠦ ᠬᠡᠯᠬᠢᠶ᠎ᠡ ᠪᠣᠯᠣᠨ ᠠᠵᠤ ᠦᠢᠯᠡᠰ᠎ᠦᠨ ᠬᠡᠯᠬᠢᠶ᠎ᠡ᠎ᠶᠢ ᠵᠠᠪᠰᠠᠷ ᠦᠭᠡᠢ ᠵᠣᠯᠭᠠᠭᠤᠯᠬᠤ᠎ᠶᠢ ᠠᠬᠢᠭᠤᠯᠵᠤ᠂ ᠬᠡᠷᠡᠭᠴᠡᠭᠡ᠎ᠪᠡᠷ ᠤᠳᠤᠷᠢᠳᠤᠮᠵᠢ ᠪᠤᠯᠭᠠᠬᠤ᠂ ᠠᠬᠤᠢ ᠦᠵᠡᠭᠳᠡᠯ ᠵᠢᠡᠷ ᠬᠥᠲᠥᠯᠥᠨ ᠳᠠᠭᠠᠭᠤᠯᠬᠤ᠎ᠶᠢ ᠳᠣᠪᠤᠢᠯᠭᠠᠵᠤ᠂ ᠳᠤᠮᠳᠠ ᠲᠡᠰ᠎ᠤᠨ ᠲᠤᠷᠰᠢᠯᠲᠠ᠎ᠪᠠᠷ ᠰᠢᠯᠭᠠᠨ ᠪᠠᠲᠤᠯᠠᠬᠤ᠂ ᠳᠡᠯᠭᠡᠷᠡᠭᠦᠯᠦᠨ ᠬᠡᠷᠡᠭᠯᠡᠬᠦ᠎ᠶᠢ ᠴᠢᠩᠭᠠᠳᠬᠠᠵᠤ᠂ ᠨᠠᠩ ᠣᠯᠠᠨ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢ ᠠᠵᠤ ᠦᠢᠯᠡᠰ᠎ᠦᠨ ᠬᠡᠯᠬᠢᠶ᠎ᠡ᠎ᠳᠦ ᠬᠡᠷᠡᠭᠯᠡᠵᠦ᠂ ᠮᠡᠷᠭᠡᠵᠢᠯ᠎ᠢ ᠰᠤᠳᠤᠯᠤᠨ ᠨᠡᠭᠡᠭᠡᠬᠦ᠂ ᠠᠬᠤᠢ ᠦᠵᠡᠭᠳᠡᠯ᠎ᠢ ᠰᠢᠯᠭᠠᠨ ᠪᠠᠲᠤᠯᠠᠬᠤ᠂ ᠠᠵᠤ ᠦᠢᠯᠡᠰ᠎ᠢ ᠬᠤᠪᠢᠷᠠᠭᠤᠯᠬᠤ᠂ ᠳᠠᠪᠲᠠᠨ ᠣᠷᠣᠯᠠᠭᠤᠯᠵᠤ ᠲᠠᠰ ᠳᠡᠪᠰᠢᠭᠦᠯᠬᠦ ᠰᠠᠢᠨ ᠣᠷᠴᠢᠯ᠎ᠢ ᠪᠦᠷᠢᠯᠳᠦᠭᠦᠯᠬᠦ ᠬᠡᠷᠡᠭᠲᠡᠢ᠃ ᠲᠣᠮᠣ᠌ ᠬᠡᠪᠴᠢᠶᠡᠨ᠎ᠦ ᠲᠤᠨᠤᠭ ᠲᠥᠬᠦᠭᠡᠷᠦᠮᠵᠢ᠎ᠶᠢ ᠰᠢᠨᠡᠳᠬᠡᠬᠦ ᠪᠠ ᠦᠢᠯᠡᠳᠬᠦ ᠦᠢᠯᠡᠰ᠎ᠦᠨ ᠴᠢᠬᠤᠯᠠ ᠶᠡᠬᠡ ᠮᠡᠷᠭᠡᠵᠢᠯ᠎ᠦᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠵᠡᠷᠭᠡ ᠲᠦᠷᠦ᠎ᠶᠢᠨ ᠪᠣᠳᠣᠯᠭ᠎ᠠ᠎ᠶᠢ ᠰᠠᠢᠲᠤᠷ ᠠᠰᠢᠭ᠍ᠯᠠᠵᠤ᠂ ᠣᠶᠤᠨᠴᠢᠯᠠᠬᠤ᠂ ᠪᠣᠬᠢᠷᠳᠤᠯ ᠦᠭᠡᠢ ᠪᠤᠯᠭᠠᠬᠤ᠂ ᠠᠭᠤᠰᠤᠯᠴᠠᠭᠤᠯᠬᠤ ᠴᠢᠭᠯᠡᠯ᠎ᠢ ᠪᠠᠷᠢᠮᠲᠠᠯᠠᠵᠤ᠂ ᠠᠵᠤ ᠠᠬᠤᠢᠯᠠᠯ᠎ᠤᠨ ᠲᠤᠨᠤᠭ ᠲᠥᠬᠦᠭᠡᠷᠦᠮᠵᠢ᠎ᠪᠡᠨ ᠰᠢᠨᠡᠳᠬᠡᠬᠦ᠂ ᠤᠷ᠎ᠠ ᠮᠡᠷᠭᠡᠰᠢᠯ᠎ᠢᠶᠡᠨ ᠲᠡᠰ ᠳᠡᠪᠰᠢᠭᠦᠯᠬᠦ ᠪᠠ ᠲᠣᠭᠠᠴᠢᠯᠠᠭᠰᠠᠨ ᠡᠨᠧᠷᠭᠢ ᠣᠯᠭᠣᠬᠤ᠎ᠶᠢ ᠲᠦᠷᠭᠡᠳᠬᠡᠬᠦ᠎ᠶᠢ ᠳᠡᠮᠵᠢᠬᠦ ᠬᠡᠷᠡᠭᠲᠡᠢ᠃ ᠬᠠᠲᠠᠭᠤ ᠲᠤᠨᠤᠭ᠂ ᠵᠥᠭᠡᠯᠡᠨ ᠲᠤᠨᠤᠭ ᠪᠣᠯᠣᠨ ᠪᠠᠷᠢᠮᠵᠢᠶ᠎ᠠ᠎ᠶᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠵᠡᠷᠭᠡ ᠳ᠋ᠦ᠍ᠨᠢ ᠠᠬᠢᠭᠤᠯᠵᠤ᠂ ᠬᠠᠲᠠᠭᠤ ᠲᠤᠨᠤᠭ ᠭᠠᠷᠭᠠᠬᠤ᠎ᠶᠢᠨ ᠬᠠᠮᠲᠤ ᠵᠥᠭᠡᠯᠡᠨ ᠲᠤᠨᠤᠭ ᠭᠠᠷᠭᠠᠵᠤ᠂ ᠪᠠᠷᠢᠮᠵᠢᠶ᠎ᠠ ᠲᠣᠭᠲᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠵᠠᠩ ᠭᠦᠸᠧ ᠴᠢᠩ ᠥᠪᠥᠷ ᠮᠣᠩᠭᠣᠯ᠎ᠤᠨ ᠰᠢᠷᠬᠡᠭᠯᠢᠭ᠎ᠦᠨ ᠶᠠᠰᠤ ᠴᠢᠨᠠᠷ᠎ᠢ ᠬᠢᠨᠠᠨ ᠬᠡᠮᠵᠢᠬᠦ ᠲᠥᠪ᠎ᠲᠦ ᠬᠦᠷᠴᠦ᠂ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠂ ᠪᠠᠢᠴᠠᠭᠠᠨ ᠰᠢᠯᠭᠠᠵᠤ ᠭᠡᠷᠡᠴᠢᠯᠡᠬᠦ ᠵᠡᠷᠭᠡ ᠠᠵᠢᠯ᠎ᠢ ᠪᠠᠢᠴᠠᠭᠠᠨ ᠰᠤᠳᠤᠯᠪᠠ᠃ ᠲᠡᠷᠡ᠂ ᠶᠠᠰᠤ ᠴᠢᠨᠠᠷ᠎ᠢ ᠡᠬᠢ ᠡᠭᠦᠰᠦᠯ᠎ᠡᠴᠡ ᠨᠢ ᠵᠠᠰᠠᠬᠤ᠎ᠶᠢ ᠴᠢᠩᠭᠠᠳᠬᠠᠵᠤ᠂ ᠦᠢᠯᠡᠳᠬᠦᠨ᠎ᠦ ᠠᠯᠪᠠᠳᠠᠯᠭ᠎ᠠ᠎ᠶᠢᠨ ᠴᠢᠨᠠᠷᠲᠠᠢ ᠭᠡᠷᠡᠴᠢᠯᠡᠯ᠂ ᠤᠯᠤᠰ᠎ᠤᠨ ᠠᠯᠪᠠᠳᠠᠯᠭ᠎ᠠ᠎ᠶᠢᠨ ᠴᠢᠨᠠᠷᠲᠠᠢ ᠪᠠᠷᠢᠮᠵᠢᠶ᠎ᠠ ᠵᠡᠷᠭᠡ ᠠᠷᠭ᠎ᠠ ᠬᠡᠮᠵᠢᠶ᠎ᠡ᠎ᠶᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠡᠷᠡᠭᠯᠡᠵᠦ᠂ ᠪᠠᠷᠢᠮᠵᠢᠶ᠎ᠠ᠎ᠶᠢᠨ ᠲᠠᠰ ᠳᠠᠪᠰᠢᠯᠲᠠ᠎ᠪᠠᠷ ᠶᠠᠰᠤ ᠴᠢᠨᠠᠷ᠎ᠤᠨ ᠳᠡᠭᠡᠭᠰᠢᠯᠡᠯᠲᠡ᠎ᠶᠢ ᠳᠠᠢᠴᠢᠯᠠᠬᠤ ᠬᠡᠷᠡᠭᠲᠡᠢ᠃ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ ᠪᠣᠯᠣᠨ ᠣᠯᠠᠨ ᠨᠡᠢᠲᠡ᠎ᠶᠢᠨ ᠠᠮᠤᠷ ᠲᠦᠪᠰᠢᠨ᠎ᠳᠦ ᠬᠣᠯᠪᠣᠭᠳᠠᠬᠤ ᠦᠢᠯᠡᠳᠬᠦᠨ᠎ᠢ ᠦᠢᠯᠡᠳᠪᠦᠷᠢᠯᠡᠯ᠎ᠦᠨ ᠵᠥᠪᠰᠢᠶᠡᠷᠡᠯ᠎ᠦᠨ ᠦᠨᠡᠮᠯᠡᠯ᠎ᠦᠨ ᠬᠠᠮᠢᠶᠠᠷᠤᠯᠲᠠ᠎ᠳᠤ ᠴᠠᠭ ᠲᠤᠬᠠᠢ ᠳ᠋ᠤᠨᠢ ᠣᠷᠣᠭᠤᠯᠬᠤ ᠬᠡᠷᠡᠭᠲᠡᠢ᠃ ᠡᠳᠦᠷ ᠲᠤᠲᠤᠮ᠎ᠤᠨ ᠠᠵᠢᠯ᠎ᠢ ᠠᠳᠬᠤᠬᠤ᠂ ᠡᠩ᠎ᠦᠨ ᠦᠶ᠎ᠡ᠎ᠳᠦ ᠴᠢᠩᠭ᠎ᠠ ᠠᠳᠬᠤᠬᠤ᠎ᠶᠢ ᠪᠠᠷᠢᠮᠲᠠᠯᠠᠵᠤ᠂ ᠰᠠᠯᠠᠭ᠎ᠠ ᠮᠥᠴᠢᠷ ᠬᠣᠯᠪᠤᠭᠠᠯᠠᠨ ᠬᠥᠳᠡᠯᠦᠯᠴᠡᠬᠦ᠂ ᠣᠨᠳᠣᠣ ᠭᠠᠵᠠᠷ ᠬᠠᠮᠵᠢᠯᠴᠠᠬᠤ᠂ ᠴᠠᠭ ᠲᠤᠬᠠᠢ ᠳ᠋ᠤᠨᠢ ᠬᠥᠳᠡᠯᠦᠩᠭᠦᠢ ᠪᠠᠢᠬᠤ᠂ ᠰᠦᠯᠵᠢᠶᠡᠨ ᠳᠡᠭᠡᠷ᠎ᠡ ᠪᠠ ᠪᠣᠳᠠᠲᠤ ᠴᠣᠭᠴᠠ᠎ᠶᠢᠨ ᠨᠢᠭᠡ ᠴᠣᠭᠴᠠᠵᠢᠭᠤᠯᠤᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ᠎ᠶᠢ ᠲᠡᠭᠦᠯᠳᠡᠷᠵᠢᠭᠦᠯᠵᠦ᠂ ᠠᠶᠤᠯ ᠲᠦᠭᠰᠢᠭᠦᠷᠢ᠎ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ ᠰᠤᠭᠤᠴᠢᠨ ᠪᠠᠢᠴᠠᠭᠠᠬᠤ᠂ ᠭᠡᠮ ᠰᠣᠭᠣᠭ ᠲᠠᠢ ᠦᠢᠯᠡᠳᠬᠦᠨ᠎ᠢ ᠡᠭᠡᠭᠦᠯᠦᠨ ᠠᠪᠴᠢᠷᠠᠬᠤ᠂ ᠦᠢᠯᠡᠳᠬᠦᠨ᠎ᠢ ᠮᠥᠷᠳᠡᠬᠦ᠎ᠶᠢ ᠴᠢᠩᠭᠠᠳᠬᠠᠵᠤ᠂ ᠶᠠᠰᠤ ᠴᠢᠨᠠᠷ᠎ᠤᠨ ᠠᠮᠤᠷ ᠲᠦᠪᠰᠢᠨ᠎ᠦ ᠬᠠᠤᠯᠢ ᠲᠣᠭᠲᠠᠭᠠᠯ᠎ᠡᠴᠡ ᠵᠥᠷᠢᠴᠡᠭᠰᠡᠨ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠪᠠᠢᠴᠠᠭᠠᠨ ᠰᠢᠯᠭᠠᠵᠤ ᠭᠡᠷᠡᠴᠢᠯᠡᠬᠦ ᠪᠠᠢᠭᠤᠯᠤᠮᠵᠢ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠱᠠᠯᠠᠪᠳᠠᠭᠤᠯᠤᠨ ᠨᠠᠢᠳᠠᠪᠤᠷᠢᠵᠢᠭᠤᠯᠵᠤ᠂ ᠪᠠᠢᠴᠠᠭᠠᠨ ᠰᠢᠯᠭᠠᠵᠤ ᠭᠡᠷᠡᠴᠢᠯᠡᠬᠦ ᠬᠢᠨᠠᠭ᠍ᠴᠢ ᠶ᠋ᠢᠨ ᠦᠢᠯᠡᠳᠦᠯ᠎ᠢ ᠰᠠᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠥᠪᠥᠷ ᠮᠣᠩᠭᠣᠯ᠎ᠳᠤ ᠪᠠᠢᠬᠤ ᠬᠤᠭᠤᠴᠠᠭᠠᠨ᠎ᠳᠤ᠂ ᠵᠠᠩ ᠭᠦᠸᠧ ᠴᠢᠩ ᠪᠠᠰᠠ ᠢᠳᠡᠭᠡᠨ᠎ᠦ ᠠᠮᠤᠷ ᠲᠦᠪᠰᠢᠨ᠎ᠦ ᠠᠵᠢᠯ᠎ᠤᠨ ᠲᠤᠬᠠᠢ ᠪᠠᠢᠴᠠᠭᠠᠨ ᠰᠤᠳᠤᠯᠤᠯᠲᠠ ᠥᠷᠨᠢᠭᠦᠯᠪᠡ᠃ ᠲᠡᠷᠡ᠂ 《ᠳᠦᠷᠪᠡᠨ ᠬᠠᠮᠤᠭ᠎ᠤᠨ ᠴᠢᠩᠭ᠎ᠠ》 ᠪᠠᠢᠬᠤ᠎ᠶᠢ ᠢᠮᠠᠭᠲᠠ ᠪᠠᠷᠢᠮᠲᠠᠯᠠᠵᠤ᠂ ᠢᠳᠡᠭᠡᠨ᠎ᠦ ᠠᠮᠤᠷ ᠲᠦᠪᠰᠢᠨ᠎ᠦ ᠪᠦᠭᠦ ᠬᠡᠯᠬᠢᠶᠡᠨ᠎ᠦ ᠬᠢᠨᠠᠯᠲᠠ ᠬᠠᠮᠢᠶᠠᠷᠤᠯᠲᠠ᠎ᠶᠢ ᠤᠯᠠᠮ ᠴᠢᠩᠭᠠᠳᠬᠠᠵᠤ᠂ ᠠᠷᠠᠳ ᠤᠯᠠᠨ᠎ᠤ 《ᠢᠳᠡᠭᠡᠨ ᠤᠮᠳᠠᠭᠠᠨ᠎ᠤ ᠠᠮᠤᠷ ᠲᠦᠪᠰᠢᠨ》᠎ᠢ ᠰᠠᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠰᠢᠨᠬᠤᠸᠠ ᠬᠣᠷᠢᠶ᠎ᠠ᠎ᠶᠢᠨ ᠭᠦᠭᠡᠬᠣᠲᠠ᠎ᠶᠢᠨ 1 ᠰᠠᠷ᠎ᠠ᠎ᠶᠢᠨ 6᠎ᠤ ᠴᠠᠭᠢᠯᠭᠠᠨ ᠮᠡᠳᠡᠭᠡ

ᠢᠷᠡᠯᠲᠡ᠄    