ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠭᠣᠣᠯ ᠰᠢᠵᠢᠮ ᠪᠠ ᠪᠣᠳᠠᠲᠠᠢ ᠠᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2026-01-07

ᠬᠥᠲᠥᠯᠪᠦᠷᠢ᠎ᠶᠢ ᠠᠳᠬᠤᠪᠠᠯ ᠠᠵᠢᠯ ᠶᠠᠪᠤᠭᠳᠠᠨ᠎ᠠ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ᠎ᠶᠢᠨ ᠨᠠᠮ᠎ᠤᠨ ᠦᠨᠳᠦᠰᠦᠲᠡᠨ᠎ᠦ ᠠᠵᠢᠯ ᠪᠠ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠰᠢᠵᠢᠮ ᠪᠣᠯᠬᠤ ᠪᠥᠭᠡᠳ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢᠨ 《ᠬᠥᠲᠥᠯᠪᠦᠷᠢ》 ᠪᠣᠯᠣᠨ᠎ᠠ᠃

ᠣᠢᠷ᠎ᠠ᠎ᠶᠢᠨ ᠵᠢᠯ᠎ᠦᠳ᠎ᠲᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠬᠠᠷᠢᠭᠤᠴᠠᠯᠭ᠎ᠠ ᠲᠣᠭᠲᠠᠭᠠᠬᠤ ᠪᠠ ᠲᠣᠭᠲᠠᠴᠠ ᠪᠠᠶ᠋ᠢᠭᠤᠯᠬᠤ᠎ᠠᠴᠠ ᠭᠠᠷᠳᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ 《ᠲᠣᠭᠲᠠᠭᠠᠯ》 ᠪᠠ 28 ᠵᠤᠷᠪᠤᠰ ᠪᠣᠳᠠᠲᠠᠢ ᠠᠷᠭ᠎ᠠ ᠬᠡᠮᠵᠢᠶ᠎ᠡ᠎ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ 《ᠠᠬᠢᠭᠤᠯᠬᠤ ᠳᠦᠷᠢᠮ》 ᠨᠡᠢᠲᠡᠯᠡᠬᠦ᠎ᠶᠢ ᠠᠬᠢᠭᠤᠯᠵᠤ᠂ ᠭᠣᠣᠯ ᠰᠢᠵᠢᠮ᠎ᠦᠨ ᠱᠠᠭᠠᠷᠳᠠᠯᠭ᠎ᠠ᠎ᠶᠢ ᠲᠤᠭᠤᠰᠢᠯᠠᠭᠤᠯᠬᠤ᠎ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠪᠠ᠃ ᠤᠨᠤᠯ᠎ᠤᠨ ᠰᠤᠳᠤᠯᠭᠠᠨ᠎ᠤ ᠲᠣᠳᠣᠷᠬᠠᠢᠯᠠᠯᠲᠠ᠎ᠶᠢ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ᠎ᠤ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠲᠠᠯ᠎ᠠ᠎ᠪᠠᠷ ᠡᠯᠪᠡᠭ ᠪᠠᠶᠠᠯᠢᠭ᠋ ᠦᠷ᠎ᠡ ᠪᠦᠲᠦᠭᠡᠯ ᠣᠯᠵᠤ᠂ 《ᠭᠤᠷᠪᠠᠨ ᠰᠠᠯᠵᠤ ᠴᠢᠳᠠᠬᠤ ᠦᠭᠡᠢ》᠂ 《ᠳᠥᠷᠪᠡ᠎ᠶᠢ ᠬᠠᠮᠲᠤᠳᠬᠠᠬᠤ》᠂ 《ᠲᠠᠪᠤᠨ ᠬᠠᠮᠲᠤ᠎ᠶᠢᠨ ᠲᠠᠨᠢᠯᠲᠠ》 ᠵᠡᠷᠭᠡ ᠣᠨᠣᠯᠵᠢᠬᠤᠨ ᠬᠥᠮᠥᠰ᠎ᠦᠨ ᠰᠡᠳᠬᠢᠯ᠎ᠳᠦ ᠨᠡᠩ ᠭᠦᠨ ᠬᠠᠳᠠᠩᠰᠢᠵᠠᠢ ᠁ ᠬᠠᠷᠢᠭᠤᠴᠠᠯᠭ᠎ᠠ᠎ᠶᠢᠨ ᠲᠠᠷᠢᠶ᠎ᠠ᠎ᠶᠢ ᠲᠣᠳᠣᠷᠬᠠᠢᠯᠠᠵᠤ᠂ ᠲᠠᠷᠢᠶᠠᠯᠠᠬᠤ ᠬᠡᠯᠬᠢᠶ᠎ᠡ᠎ᠶᠢ ᠰᠢᠯᠤᠭᠤᠳᠬᠠᠬᠤ ᠮᠡᠲᠦ᠎ᠶᠢᠨ ᠠᠵᠢᠯ᠎ᠢᠶᠠᠷ ᠳᠠᠮᠵᠢᠭᠤᠯᠤᠨ᠂ ᠪᠦᠬᠦ ᠣᠷᠣᠨ᠎ᠤ ᠡᠯ᠎ᠡ ᠱᠠᠲᠤᠨ᠎ᠤ ᠬᠢᠨ ᠳᠤᠮᠳᠠᠳᠤ᠎ᠶᠢᠨ ᠦᠨᠳᠦᠰᠦᠲᠡᠨ᠎ᠦ ᠪᠦᠬᠦᠯᠢ ᠴᠣᠭᠴᠠ᠎ᠶᠢᠨ ᠠᠰᠢᠭ᠋ ᠲᠤᠰᠠ᠎ᠶᠢᠨ ᠥᠨᠳᠥᠷᠴᠡ᠎ᠡᠴᠡ ᠠᠰᠠᠭᠤᠳᠠᠯ᠎ᠢ ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ᠎ᠢ ᠠᠳᠬᠤᠬᠤ ᠤᠬᠠᠮᠰᠠᠷ᠎ᠢᠶᠠᠨ ᠦᠷᠭᠦᠯᠵᠢᠯᠡᠨ ᠴᠢᠩᠭᠠᠳᠬᠠᠵᠠᠢ᠃ 

ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ᠎ᠳᠤ ᠤᠶᠤᠨ᠎ᠤ ᠲᠠᠯ᠎ᠠ᠎ᠪᠠᠷ ᠤᠮᠳᠠᠯᠠᠬᠤ ᠮᠥᠷᠲᠡᠭᠡᠨ ᠦᠢᠯᠡᠳᠦᠯᠭᠡ᠎ᠶᠢᠨ ᠳᠤᠮᠳᠠ ᠦᠨᠳᠦᠰᠦᠯᠡᠭᠦᠯᠬᠦ ᠬᠡᠷᠡᠭᠲᠡᠢ᠃ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠡᠬᠢ ᠪᠠᠶᠠᠯᠢᠭ᠋᠎ᠤᠨ ᠨᠡᠭᠡᠭᠡᠯᠲᠡ᠂ ᠠᠵᠤ ᠦᠢᠯᠡᠰ᠎ᠦᠨ ᠬᠥᠭᠵᠢᠯᠲᠡ᠂ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ ᠵᠡᠷᠭᠡ᠎ᠡᠴᠡ ᠬᠠᠮᠲᠤ ᠡᠳ᠋ᠯᠡᠬᠦ ᠠᠰᠢᠭ᠋ ᠣᠷᠣᠯᠭ᠎ᠠ᠎ᠶᠢᠨ ᠲᠣᠭᠲᠠᠴᠠ᠎ᠶᠢ ᠲᠡᠭᠦᠯᠳᠡᠷᠵᠢᠭᠦᠯᠵᠦ᠂ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠶᠡᠬᠡ᠎ᠪᠡᠷ ᠬᠥᠭᠵᠢᠭᠦᠯᠵᠦ᠂ ᠬᠠᠤᠯᠢ᠎ᠪᠠᠷ ᠵᠠᠰᠠᠬᠤ᠎ᠪᠠᠷ ᠪᠦᠯᠬᠦᠮᠳᠡᠯ᠎ᠢ ᠬᠠᠮᠠᠭᠠᠯᠠᠵᠤ ᠬᠥᠮᠥᠰ᠎ᠦᠨ ᠰᠡᠳᠬᠢᠯ᠎ᠢ ᠨᠢᠭ᠍ᠲᠠᠷᠠᠭᠤᠯᠵᠤ᠂ ᠳᠤᠮᠳᠠᠳᠤ᠎ᠶᠢᠨ ᠰᠣᠶᠣᠯ᠎ᠤᠨ ᠮᠡᠳᠡᠷᠡᠬᠦᠢ᠎ᠶᠢ ᠴᠢᠩᠭᠠᠳᠬᠠᠭᠰᠠᠨ᠎ᠤ ᠰᠠᠭᠤᠷᠢᠨ ᠳᠡᠭᠡᠷ᠎ᠡ ᠡᠯ᠎ᠡ ᠦᠨᠳᠦᠰᠦᠲᠡᠨ᠎ᠦ ᠰᠣᠶᠣᠯ᠎ᠢ ᠤᠯᠠᠮᠵᠢᠯᠠᠬᠤ᠂ ᠬᠠᠮᠠᠭᠠᠯᠠᠬᠤ᠂ ᠰᠢᠨ᠎ᠡ᠎ᠶᠢ ᠡᠭᠦᠳᠬᠦ᠎ᠶᠢ ᠨᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠳᠤ᠎ᠪᠠᠨ ᠰᠠᠭᠤᠷᠢᠰᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠵᠤ ᠬᠠᠮᠲᠤ᠎ᠳᠤ᠎ᠪᠠᠨ ᠵᠢᠷᠭᠠᠬᠤ᠎ᠶᠢ ᠨᠢ ᠨᠡᠩ ᠲᠡᠭᠦᠯᠳᠡᠷᠵᠢᠭᠦᠯᠦᠭᠰᠡᠨ ᠨᠡᠢᠭᠡᠮ᠎ᠦᠨ ᠨᠥᠬᠥᠴᠡᠯ᠎ᠢ ᠡᠭᠦᠳᠴᠦ᠂ ᠪᠥᠬᠥ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠳᠠᠢᠴᠢᠯᠠᠭᠠᠳ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠳᠤ ᠢᠳᠡᠪᠬᠢᠲᠡᠢ ᠣᠷᠣᠯᠴᠠᠭᠤᠯᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠬᠠᠮᠲᠤ᠎ᠪᠠᠷ ᠪᠦᠲᠦᠭᠡᠨ ᠪᠠᠢᠭᠤᠯᠵᠤ᠂ ᠦᠨᠳᠦᠰᠦᠲᠡᠨ᠎ᠦ ᠭᠠᠵᠠᠷ ᠣᠷᠣᠨ᠎ᠤ ᠺᠠᠳ᠋ᠷ᠎ᠤᠨ ᠡᠩᠨᠡᠭᠡᠨ᠎ᠦ 《ᠳᠥᠷᠪᠡᠨ ᠣᠨᠴᠠᠭᠠᠶ》᠎ᠶᠢᠨ ᠲᠤᠬᠠᠢ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠱᠠᠭᠠᠷᠳᠠᠯᠭ᠎ᠠ᠎ᠶᠢ ᠭᠦᠨᠵᠡᠭᠡᠢ ᠦᠢᠯᠡᠳᠦᠯᠭᠡᠵᠢᠭᠦᠯᠬᠦ᠎ᠳᠦ ᠴᠥᠮ ᠨᠠᠩ ᠪᠦᠷᠢᠨ ᠲᠡᠭᠦᠯᠳᠡᠷ ᠳᠦᠷᠢᠮ ᠲᠣᠭᠲᠠᠴᠠ᠎ᠪᠠᠷ ᠠᠭᠤᠰᠤᠯᠴᠠᠯ ᠪᠠ ᠤᠶᠠᠯᠳᠤᠯ᠎ᠢ ᠠᠬᠢᠭᠤᠯᠤᠨ᠎ᠠ᠃

ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠤ ᠲᠠᠷᠠᠭ᠎ᠠ᠂ ᠥᠪᠥᠷ ᠮᠣᠩᠭᠣᠯ 《ᠬᠠᠮᠤᠭ᠎ᠤᠨ ᠰᠠᠢᠨ ᠨᠤᠲᠤᠭ ᠪᠡᠯᠴᠢᠭᠡᠷ᠎ᠢᠶᠡᠨ ᠰᠠᠨᠰᠠᠷ᠎ᠦᠨ ᠦᠢᠯᠡᠰ᠎ᠲᠦ ᠵᠣᠷᠢᠭᠤᠯᠬᠤ》᠂ 《ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠣᠯ᠎ᠳᠤ ᠢᠷᠡᠭᠰᠡᠨ》᠂ 《ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ ᠪᠤᠭᠤᠲᠤ᠎ᠶᠢᠨ ᠪᠣᠯᠣᠳ ᠲᠡᠮᠦᠷ᠎ᠦᠨ ᠺᠣᠮᠫᠠᠨᠢ᠎ᠶᠢ ᠪᠠᠢᠭᠤᠯᠤᠭᠰᠠᠨ》᠂ 《ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠳᠡᠭᠦᠦ》 ᠵᠡᠷᠭᠡ ᠲᠡᠦᠬᠡ᠎ᠶᠢᠨ ᠰᠠᠢᠬᠠᠨ ᠦᠯᠢᠭᠡᠷ᠎ᠦᠳ᠎ᠢ ᠪᠢᠴᠢᠭᠯᠡᠵᠡᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠪᠦᠬᠦ ᠣᠷᠣᠨ᠎ᠤ ᠡᠯ᠎ᠡ ᠱᠠᠲᠤᠨ᠎ᠤ ᠬᠢᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ ᠪᠠᠢᠭᠠᠳ ᠡᠬᠡ ᠤᠯᠤᠰ᠎ᠤᠨ ᠤᠮᠠᠷᠠᠲᠤ ᠬᠢᠵᠠᠭᠠᠷ᠎ᠤᠨ ᠦᠵᠡᠰᠬᠦᠯᠡᠩᠲᠦ ᠰᠠᠢᠬᠠᠨ ᠦᠵᠡᠮᠵᠢ᠎ᠶᠢᠨ ᠣᠷᠣᠨ᠎ᠢ ᠪᠦᠲᠦᠭᠡᠨ ᠪᠠᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠲᠦᠭᠡᠨ ᠪᠠᠶ᠋ᠢᠭᠤᠯᠬᠤ ᠴᠠᠭ ᠦᠶ᠎ᠡ᠎ᠶᠢᠨ ᠰᠢᠨ᠎ᠡ ᠬᠠᠭᠤᠳᠠᠰᠤ᠎ᠶᠢ ᠦᠷᠭᠦᠯᠵᠢᠯᠡᠨ ᠪᠢᠴᠢᠭᠯᠡᠵᠡᠢ᠃ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠳᠦ ᠳᠦᠷᠢᠮ᠎ᠦᠨ ᠪᠠᠢᠭᠤᠯᠤᠯᠲᠠ ᠬᠡᠮᠡᠬᠦ ᠡᠨᠡ ᠬᠦ᠌ ᠭᠣᠣᠯ ᠰᠢᠵᠢᠮ᠎ᠢᠶᠡᠷ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠡᠯ᠎ᠡ ᠵᠦᠢᠯ᠎ᠦᠨ ᠠᠵᠢᠯ᠎ᠤᠨ ᠭᠣᠣᠯ ᠰᠢᠵᠢᠮ᠎ᠢ ᠦᠷᠭᠦᠯᠵᠢᠯᠡᠨ ᠠᠬᠢᠭᠤᠯᠵᠤ ᠪᠡᠬᠢᠵᠢᠭᠦᠯᠪᠡᠰᠦ᠂ ᠥᠪᠥᠷ ᠮᠣᠩᠭᠣᠯ ᠯᠠᠪᠳᠠᠶ᠎ᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠵᠤ ᠴᠢᠳᠠᠨ᠎ᠠ᠃

ᠢᠷᠡᠯᠲᠡ᠄    