ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠴᠠᠭᠢᠯᠭᠠᠨ ᠴᠢᠮᠡᠭᠡ ᠶᠠᠪᠤᠭᠤᠯᠵᠤ ᠯᠠᠤᠰ᠎ᠤᠨ ᠠᠷᠠᠳ᠎ᠤᠨ ᠬᠤᠪᠢᠰᠬᠠᠯᠲᠤ ᠨᠠᠮ᠎ᠤᠨ ᠠᠷᠪᠠᠨ ᠬᠣᠶᠠᠳᠤᠭᠠᠷ ᠤᠳᠠᠭ᠎ᠠ᠎ᠶᠢᠨ ᠪᠦᠭᠦ ᠤᠯᠤᠰ᠎ᠤᠨ ᠲᠥᠯᠥᠭᠡᠯᠡᠭᠴᠢᠳ᠎ᠦᠨ ᠶᠡᠬᠡ ᠬᠤᠷᠠᠯ ᠬᠤᠷᠠᠯᠳᠤᠭᠰᠠᠨ᠎ᠳᠤ ᠪᠠᠶᠠᠷ ᠬᠦᠷᠭᠡᠪᠡ
ᠨᠡᠶ᠋ᠢᠲᠡᠯᠡᠭᠰᠡᠨ ᠴᠠᠭ᠄ 2026-01-07

1 ᠰᠠᠷ᠎ᠠ᠎ᠶᠢᠨ 6 ᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠴᠠᠭᠢᠯᠭᠠᠨ ᠮᠡᠳᠡᠭᠡ ᠶᠠᠪᠤᠭᠤᠯᠵᠤ ᠯᠠᠤᠰ᠎ᠤᠨ ᠠᠷᠠᠳ᠎ᠤᠨ ᠬᠤᠪᠢᠰᠬᠠᠯᠲᠤ ᠨᠠᠮ᠎ᠤᠨ ᠠᠷᠪᠠᠨ ᠬᠣᠶᠠᠳᠤᠭᠠᠷ ᠤᠳᠠᠭ᠎ᠠ᠎ᠶᠢᠨ ᠪᠦᠭᠦ ᠤᠯᠤᠰ᠎ᠤᠨ ᠲᠥᠯᠥᠭᠡᠯᠡᠭᠴᠢᠳ᠎ᠦᠨ ᠶᠡᠬᠡ ᠬᠤᠷᠠᠯ ᠬᠤᠷᠠᠯᠳᠤᠭᠰᠠᠨ᠎ᠳᠤ ᠪᠠᠶᠠᠷ ᠬᠦᠷᠭᠡᠪᠡ᠃ ᠪᠠᠶᠠᠷ᠎ᠤᠨ ᠴᠠᠭᠢᠯᠭᠠᠨ ᠮᠡᠳᠡᠭᠡ᠎ᠳᠤ᠄

ᠯᠠᠤᠰ᠎ᠤᠨ ᠠᠷᠠᠳ᠎ᠤᠨ ᠬᠤᠪᠢᠰᠬᠠᠯᠲᠤ ᠨᠠᠮ ᠪᠣᠯ ᠯᠠᠤᠰ᠎ᠤᠨ ᠠᠷᠠᠳ ᠲᠦᠮᠡᠨ ᠪᠣᠯᠣᠨ ᠯᠠᠤᠰ᠎ᠤᠨ ᠨᠡᠢᠭᠡᠮ ᠵᠢᠷᠤᠮ᠎ᠤᠨ ᠦᠢᠯᠡᠰ᠎ᠦᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠮᠥᠨ᠃ ᠯᠠᠤᠰ᠎ᠤᠨ ᠨᠠᠮ᠎ᠤᠨ ᠠᠷᠪᠠᠨ ᠨᠢᠭᠡᠳᠦᠭᠡᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠲᠦᠩᠯᠦ᠋ᠨ᠎ᠢᠶᠡᠷ ᠲᠦᠷᠦᠭᠦᠯᠡᠭᠦᠯᠦᠭᠰᠡᠨ ᠯᠠᠤᠰ᠎ᠤᠨ ᠨᠠᠮ᠎ᠤᠨ ᠲᠥᠪ ᠬᠣᠷᠢᠶ᠎ᠠ ᠨᠠᠮ᠎ᠤᠨ ᠲᠤᠰ ᠪᠡᠶ᠎ᠡ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠨᠠᠮ᠎ᠤᠨ ᠤᠳᠤᠷᠢᠳᠬᠤ ᠪᠠᠢᠷᠢ ᠰᠠᠭᠤᠷᠢ᠎ᠶᠢ ᠪᠡᠬᠢᠵᠢᠭᠦᠯᠬᠦ᠎ᠪᠡᠷ ᠴᠢᠷᠮᠠᠢᠵᠤ᠂ ᠯᠠᠤᠰ᠎ᠤᠨ ᠦᠨᠳᠦᠰᠦᠲᠡᠨ ᠨᠦ᠍ᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠲᠤᠰ ᠤᠯᠤᠰ᠎ᠤᠨ᠎ᠢᠶᠠᠨ ᠪᠠᠢᠳᠠᠯ᠎ᠳᠤ ᠨᠡᠢᠴᠡᠭᠰᠡᠨ ᠨᠡᠢᠭᠡᠮ ᠵᠢᠷᠤᠮ᠎ᠤᠨ ᠬᠥᠭᠵᠢᠯᠲᠡ᠎ᠶᠢᠨ ᠵᠠᠮ᠎ᠢ ᠢᠳᠡᠪᠬᠢᠲᠡᠢ ᠰᠦᠪᠡᠭᠴᠢᠯᠡᠵᠦ᠂ ᠨᠠᠮ ᠪᠣᠯᠣᠨ ᠤᠯᠤᠰ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠠᠯᠢ ᠤᠯᠠᠨ ᠴᠢᠬᠤᠯᠠ ᠬᠥᠭᠵᠢᠯᠲᠡ᠎ᠶᠢᠨ ᠠᠮᠵᠢᠯᠲᠠ ᠣᠯᠬᠤ᠎ᠶᠢ ᠠᠬᠢᠭᠤᠯᠪᠠ᠃ ᠪᠢᠳᠡ ᠡᠭᠦᠨ᠎ᠳᠦ ᠴᠢᠩ ᠰᠡᠳᠬᠢᠯ᠎ᠡᠴᠡ᠎ᠪᠡᠨ ᠪᠠᠶᠠᠷᠯᠠᠵᠤ ᠪᠠᠢᠬᠤ ᠪᠥᠭᠡᠳ ᠢᠳᠡᠪᠬᠢᠲᠡᠢ ᠦᠨᠡᠯᠡᠯᠲᠡ ᠥᠭᠴᠦ ᠪᠠᠢᠨ᠎ᠠ᠃

ᠯᠠᠤᠰ᠎ᠤᠨ ᠨᠠᠮ᠎ᠤᠨ ᠠᠷᠪᠠᠨ ᠬᠣᠶᠠᠳᠤᠭᠠᠷ ᠶᠡᠬᠡ ᠬᠤᠷᠠᠯ ᠪᠣᠯ ᠯᠠᠤᠰ᠎ᠤᠨ ᠨᠡᠢᠭᠡᠮ ᠵᠢᠷᠤᠮ᠎ᠤᠨ ᠦᠢᠯᠡᠰ᠎ᠦᠨ ᠬᠥᠭᠵᠢᠯᠲᠡ᠎ᠶᠢᠨ ᠶᠠᠪᠤᠴᠠ᠎ᠳᠠᠬᠢ ᠬᠥᠰᠢᠶ᠎ᠡ ᠲᠡᠮᠳᠡᠭ ᠪᠣᠯᠬᠤᠢᠴᠠ ᠠᠴᠢ ᠬᠣᠯᠪᠣᠭᠳᠠᠯ᠎ᠲᠠᠢ ᠴᠢᠬᠤᠯᠠ ᠬᠤᠷᠠᠯ ᠪᠣᠯᠣᠨ᠎ᠠ᠃ ᠶᠡᠬᠡ ᠬᠤᠷᠠᠯ᠎ᠡᠴᠡ ᠨᠠᠮ᠎ᠤᠨ ᠭᠤᠷᠪᠠᠳᠤᠭᠠᠷ ᠤᠯᠤᠰ ᠲᠦᠷᠦ᠎ᠶᠢᠨ ᠬᠥᠲᠥᠯᠪᠦᠷᠢ ᠵᠡᠷᠭᠡ ᠴᠢᠬᠤᠯᠠ ᠤᠯᠤᠰ ᠲᠦᠷᠦ᠎ᠶᠢᠨ ᠪᠢᠴᠢᠭ ᠮᠠᠲᠧᠷᠢᠶᠠᠯ᠎ᠢ ᠬᠢᠨᠠᠨ ᠵᠥᠪᠯᠡᠵᠦ ᠪᠠᠲᠤᠯᠠᠨ᠂ ᠬᠣᠢᠰᠢᠳᠠ᠎ᠶᠢᠨ ᠨᠢᠭᠡ ᠬᠤᠭᠤᠴᠠᠭᠠᠨ᠎ᠤ ᠯᠠᠤᠰ᠎ᠤᠨ ᠨᠠᠮ ᠪᠣᠯᠣᠨ ᠤᠯᠤᠰ᠎ᠤᠨ ᠡᠯ᠎ᠡ ᠵᠦᠢᠯ᠎ᠦᠨ ᠦᠢᠯᠡᠰ᠎ᠦᠨ ᠬᠥᠭᠵᠢᠯᠲᠡ᠎ᠳᠦ ᠪᠠᠢᠯᠳᠤᠬᠤ ᠪᠣᠳᠣᠯᠭ᠎ᠠ᠎ᠶᠢᠨ ᠲᠥᠯᠦᠪᠵᠢᠭᠦᠯᠭᠡ ᠪᠣᠯᠣᠨ ᠪᠣᠳᠠᠲᠠᠢ ᠪᠠᠢᠷᠢᠯᠠᠭᠤᠯᠤᠯᠲᠠ ᠬᠢᠬᠦ ᠪᠣᠯᠣᠨ᠎ᠠ᠃ ᠯᠠᠤᠰ᠎ᠤᠨ ᠠᠷᠠᠳ ᠲᠦᠮᠡᠨ ᠯᠠᠤᠰ᠎ᠤᠨ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠶᠡᠬᠡ ᠬᠤᠷᠠᠯ᠎ᠡᠴᠡ ᠲᠣᠭᠲᠠᠭᠠᠭᠰᠠᠨ ᠡᠯ᠎ᠡ ᠵᠦᠢᠯ᠎ᠦᠨ ᠬᠠᠷᠠᠯᠲᠠ ᠡᠭᠦᠷᠭᠡ᠎ᠶᠢ ᠠᠮᠵᠢᠯᠲᠠ᠎ᠲᠠᠢ ᠪᠡᠶᠡᠯᠡᠭᠦᠯᠵᠦ᠂ ᠯᠠᠤᠰ᠎ᠤᠨ ᠨᠡᠢᠭᠡᠮ ᠵᠢᠷᠤᠮ᠎ᠤᠨ ᠦᠢᠯᠡᠰ᠎ᠢ ᠰᠢᠨ᠎ᠡ ᠬᠥᠭᠵᠢᠯᠲᠡ᠎ᠶᠢᠨ ᠱᠠᠲᠤᠨ᠎ᠳᠤ ᠭᠦᠷᠲᠡᠯ᠎ᠡ ᠠᠬᠢᠭᠤᠯᠬᠤ᠎ᠶᠢ ᠢᠲᠡᠭᠡᠵᠦ ᠪᠠᠢᠨ᠎ᠠ᠃

ᠳᠤᠮᠳᠠᠳᠤ ᠯᠠᠤᠰ ᠬᠣᠶᠠᠷ ᠤᠯᠤᠰ ᠪᠣᠯ ᠴᠥᠮ ᠡᠪ ᠬᠠᠮᠲᠤ ᠨᠠᠮ᠎ᠤᠨ ᠤᠳᠤᠷᠢᠳᠤᠭᠰᠠᠨ ᠨᠡᠢᠭᠡᠮ ᠵᠢᠷᠤᠮᠲᠤ ᠤᠯᠤᠰ ᠮᠥᠨ᠃ ᠳᠤᠮᠳᠠᠳᠤ ᠤᠯᠤᠰ᠎ᠤᠨ ᠨᠠᠮ ᠪᠣᠯᠣᠨ ᠵᠠᠰᠠᠭ᠎ᠤᠨ ᠣᠷᠳᠣᠨ ᠢᠮᠠᠭᠲᠠ ᠪᠠᠢᠯᠳᠤᠬᠤ ᠪᠣᠳᠣᠯᠭ᠎ᠠ᠎ᠶᠢᠨ ᠥᠨᠳᠥᠷᠴᠡ ᠪᠣᠯᠣᠨ ᠠᠯᠤᠰ ᠭᠡᠳᠤ᠎ᠶᠢᠨ ᠬᠠᠷᠠᠭᠠᠰᠤ ᠡᠴᠡ ᠳᠤᠮᠳᠠᠳᠤ ᠯᠠᠤᠰ᠎ᠤᠨ ᠬᠣᠶᠠᠷ ᠨᠠᠮ ᠬᠣᠶᠠᠷ ᠤᠯᠤᠰ᠎ᠤᠨ ᠬᠠᠷᠢᠯᠴᠠᠭ᠎ᠠ᠎ᠳᠤ ᠬᠠᠨᠳᠤᠵᠤ ᠲᠡᠭᠦᠨ᠎ᠢ ᠡᠵᠡᠮᠳᠡᠭᠰᠡᠭᠡᠷ ᠢᠷᠡᠪᠡ᠃ ᠰᠢᠨ᠎ᠡ ᠪᠠᠢᠳᠠᠯ ᠳᠣᠣᠷ᠎ᠠ᠂ ᠳᠤᠮᠳᠠᠳᠤ ᠤᠯᠤᠰ ᠳᠤᠷᠠᠲᠠᠶ᠎ᠠ ᠯᠠᠤᠰ᠎ᠲᠠᠢ ᠬᠠᠮᠲᠤ ᠬᠣᠶᠠᠷ ᠨᠠᠮ ᠬᠣᠶᠠᠷ ᠤᠯᠤᠰ᠎ᠤᠨ ᠬᠠᠮᠤᠭ᠎ᠤᠨ ᠳᠡᠭᠡᠳᠦ ᠤᠳᠤᠷᠢᠳᠬᠤ ᠬᠥᠮᠥᠨ᠎ᠦ ᠴᠢᠬᠤᠯᠠ ᠬᠠᠮᠲᠤ᠎ᠶᠢᠨ ᠲᠠᠨᠢᠯᠲᠠ᠎ᠪᠠᠷ ᠦᠨᠳᠦᠰᠦᠨ ᠵᠢᠷᠤᠮᠯᠠᠯ ᠪᠤᠯᠭᠠᠵᠤ᠂ ᠪᠠᠢᠯᠳᠤᠬᠤ ᠪᠣᠳᠣᠯᠭ᠎ᠠ᠎ᠶᠢᠨ ᠣᠯᠣᠯᠴᠠᠭ᠎ᠠ᠎ᠪᠠᠨ ᠴᠢᠩᠭᠠᠳᠬᠠᠵᠤ᠂ ᠶᠠᠪᠤᠯᠴᠠᠭ᠎ᠠ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠳᠤᠮᠳᠠᠳᠤ ᠯᠠᠤᠰ᠎ᠤᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠯᠠᠤᠰ᠎ᠤᠨ ᠪᠦᠭᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶᠢᠨ ᠦᠷᠭᠦᠯᠵᠢᠯᠡᠨ ᠡᠷᠡᠭᠦᠯ ᠲᠣᠭᠲᠠᠭᠤᠨ ᠬᠥᠭᠵᠢᠬᠦ᠎ᠶᠢ ᠠᠬᠢᠭᠤᠯᠵᠤ᠂ ᠬᠣᠶᠠᠷ ᠤᠯᠤᠰ ᠪᠣᠯᠣᠨ ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠴᠦ᠂ ᠳᠡᠯᠡᠬᠡᠢ᠎ᠶᠢᠨ ᠡᠩᠬᠡ ᠲᠠᠢᠪᠤᠩ᠂ ᠬᠥᠭᠵᠢᠯᠲᠡ ᠪᠣᠯᠣᠨ ᠳᠠᠪᠰᠢᠯᠳᠠ᠎ᠶᠢᠨ ᠦᠢᠯᠡᠰ᠎ᠢ ᠠᠬᠢᠭᠤᠯᠬᠤ᠎ᠳᠤ ᠰᠢᠨ᠎ᠡ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃

ᠰᠢᠨᠬᠤᠸᠠ ᠬᠣᠷᠢᠶ᠎ᠠ᠎ᠶᠢᠨ ᠪᠡᠭᠡᠵᠢᠩ᠎ᠤᠨ 1 ᠰᠠᠷ᠎ᠠ᠎ᠶᠢᠨ 6 ᠎ᠤ ᠴᠠᠭᠢᠯᠭᠠᠨ ᠮᠡᠳᠡᠭᠡ

ᠢᠷᠡᠯᠲᠡ᠄    