ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠯᠢ ᠴᠢᠶᠠᠩ ᠱᠠᠨᠳᠦ᠋ᠩ᠎ᠳᠦ ᠪᠠᠢᠴᠠᠭᠠᠨ ᠰᠤᠳᠤᠯᠤᠯᠲᠠ ᠬᠢᠵᠦ ᠴᠢᠬᠤᠯᠠᠴᠢᠯᠠᠬᠤ᠎ᠳᠤ᠎ᠪᠠᠨ ᠠᠯᠤᠰ ᠪᠠ ᠣᠢᠷ᠎ᠠ᠎ᠶᠢᠨ ᠬᠤᠭᠤᠴᠠᠭᠠᠨ᠎ᠤ ᠬᠠᠷᠠᠯᠲᠠ᠎ᠪᠠᠨ ᠤᠶᠠᠯᠳᠤᠭᠤᠯᠬᠤ᠎ᠶᠢ ᠪᠠᠷᠢᠮᠲᠠᠯᠠᠵᠤ ᠡᠬᠢᠯᠡᠯᠲᠡ᠎ᠶᠢ ᠰᠠᠢᠲᠤᠷ ᠠᠳᠬᠤᠨ ᠨᠡᠩ ᠯᠠᠪᠳᠠᠭᠤᠨ ᠪᠥᠭᠡᠳ ᠪᠦᠲᠦᠮᠵᠢᠲᠡᠢ᠎ᠪᠠᠷ ᠬᠥᠭᠵᠢᠯᠲᠡ᠎ᠶᠢ ᠠᠬᠢᠭᠤᠯᠵᠤ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠵᠦ ᠨᠥᠭᠡᠴᠡ ᠬᠦᠴᠦᠨ᠎ᠢᠶᠠᠨ ᠨᠡᠮᠡᠭᠳᠡᠭᠦᠯᠬᠦ ᠬᠡᠷᠡᠭᠲᠡᠢ ᠭᠡᠵᠡᠢ
ᠨᠡᠶ᠋ᠢᠲᠡᠯᠡᠭᠰᠡᠨ ᠴᠠᠭ᠄ 2026-02-03

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶ᠎ᠠ᠎ᠶᠢᠨ ᠪᠠᠢᠩᠭᠤ᠎ᠶᠢᠨ ᠭᠡᠰᠢᠭᠦᠨ᠂ ᠲᠥᠷᠥ᠍᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ 2 ᠳ᠋ᠤᠭᠠᠷ ᠰᠠᠷ᠎ᠠ᠎ᠶᠢᠨ 2᠎ᠤᠨ ᠡᠳᠦᠷ ᠱᠠᠨᠳᠦ᠋ᠩ᠎ᠳᠦ ᠪᠠᠢᠴᠠᠭᠠᠨ ᠰᠤᠳᠤᠯᠤᠯᠲᠠ ᠬᠢᠪᠡ᠃ ᠲᠡᠷᠡ ᠴᠢᠬᠤᠯᠠᠴᠢᠯᠠᠬᠤ᠎ᠳᠤ᠎ᠪᠠᠨ᠂ ᠡᠨᠡ ᠵᠢᠯ ᠪᠠ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠠᠵᠢᠯ᠎ᠢ ᠰᠠᠢᠲᠤᠷ ᠬᠢᠬᠦ ᠲᠤᠬᠠᠢ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠠᠯᠤᠰ ᠪᠠ ᠣᠢᠷ᠎ᠠ᠎ᠶᠢᠨ ᠬᠤᠭᠤᠴᠠᠭᠠᠨ᠎ᠤ ᠬᠠᠷᠠᠯᠲᠠ᠎ᠪᠠᠨ ᠤᠶᠠᠯᠳᠤᠭᠤᠯᠬᠤ᠎ᠶᠢ ᠪᠠᠷᠢᠮᠲᠠᠯᠠᠨ᠂ ᠡᠬᠢᠯᠡᠯᠲᠡ᠎ᠶᠢᠨ ᠠᠵᠢᠯ᠎ᠢ ᠰᠠᠢᠲᠤᠷ ᠠᠳᠬᠤᠵᠤ᠂ ᠡᠯ᠎ᠡ ᠵᠦᠢᠯ᠎ᠦᠨ ᠲᠥᠷᠥ᠎ᠶᠢᠨ ᠪᠣᠳᠣᠯᠭ᠎ᠠ᠎ᠶᠢ ᠤᠷᠢᠳᠴᠢᠯᠠᠨ ᠬᠦᠴᠦᠯᠡᠨ ᠬᠡᠷᠡᠭᠵᠢᠭᠦᠯᠵᠦ᠂ ᠨᠠᠮ᠎ᠤᠨ ᠲᠥᠪ ᠬᠣᠷᠢᠶ᠎ᠠ᠎ᠶᠢᠨ ᠡᠯ᠎ᠡ ᠵᠦᠢᠯ᠎ᠦᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠡᠷᠡᠰ ᠨᠠᠢᠳᠠᠪᠤᠷᠢᠵᠢᠭᠤᠯᠤᠨ᠂ ᠨᠡᠩ ᠯᠠᠪᠳᠠᠭᠤᠨ ᠪᠥᠭᠡᠳ ᠪᠦᠲᠦᠮᠵᠢᠲᠡᠶ᠎ᠪᠡᠷ ᠬᠥᠭᠵᠢᠯᠲᠡ᠎ᠶᠢ ᠠᠬᠢᠭᠤᠯᠤᠨ ᠠᠷᠠᠳ᠎ᠲᠤ ᠠᠰᠢᠭ᠋ ᠬᠦᠷᠲᠡᠭᠡᠵᠦ ᠨᠥᠭᠡᠴᠡ ᠬᠦᠴᠦᠨ᠎ᠢᠶᠠᠨ ᠨᠡᠮᠡᠭᠳᠡᠭᠦᠯᠬᠦ ᠬᠡᠷᠡᠭᠲᠡᠢ ᠭᠡᠪᠡ᠃

2 ᠳ᠋ᠤᠭᠠᠷ ᠰᠠᠷ᠎ᠠ᠎ᠶᠢᠨ 2᠎ᠤᠨ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶ᠎ᠠ᠎ᠶᠢᠨ ᠪᠠᠢᠩᠭᠤ᠎ᠶᠢᠨ ᠭᠡᠰᠢᠭᠦᠨ᠂ ᠲᠥᠷᠥ᠍᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠱᠠᠨᠳᠦ᠋ᠩ᠎ᠳᠦ ᠪᠠᠢᠴᠠᠭᠠᠨ ᠰᠤᠳᠤᠯᠤᠯᠲᠠ ᠬᠢᠪᠡ᠃ ᠵᠢᠷᠤᠭ ᠪᠣᠯ ᠯᠢ ᠴᠢᠶᠠᠩ ᠵᠢᠨᠠᠨ᠎ᠤ ᠬᠣᠶᠠᠳᠤᠭᠠᠷ ᠰᠠᠤᠷᠢ ᠮᠠᠰᠢᠨ᠎ᠤ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠳᠤ ᠪᠠᠢᠴᠠᠭᠠᠨ ᠰᠤᠳᠤᠯᠤᠯᠲᠠ ᠬᠢᠵᠦ ᠪᠠᠢᠭ᠎ᠠ ᠨᠢ᠃   ᠰᠢᠨᠬᠤᠸᠠ ᠬᠣᠷᠢᠶ᠎ᠠ᠎ᠶᠢᠨ ᠰᠤᠷᠪᠤᠯᠵᠢᠯᠠᠭ᠍ᠴᠢ  ᠬᠤᠸᠠᠩ ᠵᠢᠩ ᠸᠸᠨ ᠰᠡᠭᠦᠳᠡᠷᠯᠡᠪᠡ

 

ᠯᠢ ᠴᠢᠶᠠᠩ ᠡᠩ ᠲᠡᠷᠢᠭᠦᠨ᠎ᠳᠦ ᠵᠢᠨᠠᠨ᠎ᠤ ᠬᠣᠶᠠᠳᠤᠭᠠᠷ ᠰᠠᠤᠷᠢ ᠮᠠᠰᠢᠨ᠎ᠤ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠳᠤ ᠬᠦᠷᠴᠦ᠂ ᠬᠡᠷᠡᠯᠳᠦ ᠴᠠᠮᠬᠠᠭ᠎ᠤᠨ ᠦᠢᠯᠡᠳᠪᠦᠷᠢ᠎ᠶᠢᠨ ᠦᠢᠯᠡᠳᠪᠦᠷᠢᠯᠡᠯ᠎ᠦᠨ ᠱᠤᠭᠤᠮ᠎ᠢ ᠪᠠᠢᠴᠠᠭᠠᠨ ᠦᠵᠡᠵᠦ᠂ ᠤᠷ᠎ᠠ ᠮᠡᠷᠭᠡᠰᠢᠯ ᠵᠢᠴᠢ ᠰᠢᠨ᠎ᠡ ᠮᠠᠲᠧᠷᠢᠶᠠᠯ ᠬᠡᠷᠡᠭᠯᠡᠵᠦ ᠪᠠᠢᠭ᠎ᠠ ᠪᠠᠢᠳᠠᠯ᠎ᠢ ᠨᠠᠷᠢᠨ ᠠᠰᠠᠭᠤᠨ ᠯᠠᠪᠯᠠᠵᠤ᠂ ᠠᠵᠤ ᠠᠬᠤᠢᠯᠠᠯ᠎ᠤᠨ ᠳ᠋ᠢᠭᠢᠲ ᠣᠶᠤᠨᠴᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠪᠠᠷ ᠳᠠᠮᠵᠢᠭᠤᠯᠤᠨ ᠥᠷᠢᠰᠦᠯᠳᠦᠬᠦ ᠬᠦᠴᠦᠨ᠎ᠢᠶᠡᠨ ᠦᠷᠭᠦᠯᠵᠢᠯᠡᠨ ᠳᠡᠭᠡᠭᠰᠢᠯᠡᠭᠦᠯᠵᠦ ᠪᠠᠢᠭ᠎ᠠ᠎ᠶᠢ ᠨᠢ ᠮᠠᠭᠲᠠᠨ ᠰᠠᠢᠰᠢᠶᠠᠪᠠ᠃ ᠯᠢ ᠴᠢᠶᠠᠩ ᠬᠡᠯᠡᠬᠦ᠎ᠳᠤ᠎ᠪᠠᠨ᠂ ᠣᠶᠤᠨᠴᠢ ᠦᠢᠯᠡᠳᠬᠦ ᠦᠢᠯᠡᠰ ᠪᠣᠯ ᠠᠵᠤ ᠦᠢᠯᠡᠰ᠎ᠦᠨ ᠮᠡᠷᠭᠡᠵᠢᠯ᠎ᠦᠨ ᠬᠤᠪᠢᠰᠤᠯᠲᠠ ᠪᠠ ᠰᠢᠯᠢᠳᠡᠭᠵᠢᠭᠦᠯᠦᠨ ᠲᠠᠰ ᠳᠡᠪᠰᠢᠭᠦᠯᠬᠦ᠎ᠶᠢ ᠠᠬᠢᠭᠤᠯᠬᠤ ᠭᠣᠣᠯ ᠰᠢᠪᠲᠤᠯᠤᠯᠲᠠ᠎ᠶᠢᠨ ᠴᠢᠭᠯᠡᠯ ᠮᠥᠨ᠂ ᠵᠣᠬᠢᠶᠠᠮᠠᠯ ᠣᠶᠣᠨ᠎ᠤ ᠮᠡᠷᠭᠡᠵᠢᠯ᠎ᠢ ᠢᠳᠡᠪᠬᠢᠲᠡᠢ ᠠᠰᠢᠭ᠍ᠯᠠᠵᠤ ᠪᠠᠢᠭᠠᠳ ᠦᠢᠯᠡᠳᠪᠦᠷᠢᠯᠡᠯ᠎ᠤᠨ ᠦᠢᠯᠡᠳᠬᠦ ᠦᠢᠯᠡᠰ᠎ᠦᠨ ᠪᠥᠬᠥ ᠬᠡᠯᠬᠢᠶ᠎ᠡ ᠪᠥᠬᠥ ᠦᠶᠡᠯᠡᠯ᠎ᠢ ᠳᠠᠬᠢᠨᠲᠠ ᠴᠣᠭᠴᠠᠯᠠᠬᠤ ᠬᠡᠷᠡᠭᠲᠡᠢ᠃ ᠬᠡᠪᠴᠢᠶᠡᠵᠢᠯ᠎ᠦᠨ ᠳᠠᠪᠠᠭᠤᠯᠢᠭ᠎ᠢᠶᠠᠨ ᠪᠠᠲᠤᠯᠠᠭᠰᠠᠨ ᠰᠠᠭᠤᠷᠢᠨ ᠳᠡᠭᠡᠷ᠎ᠡ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠦᠨ ᠰᠢᠨ᠎ᠡ ᠡᠭᠦᠳᠦᠯᠲᠡ᠎ᠶᠢ ᠨᠡᠩ ᠴᠢᠬᠤᠯᠠᠴᠢᠯᠠᠵᠤ᠂ ᠮᠡᠷᠭᠡᠵᠢᠯ ᠪᠠ ᠦᠢᠯᠡᠳᠬᠦᠨ᠎ᠦ ᠲᠠᠪᠬᠤᠴᠠᠯ ᠳᠡᠰ ᠳᠡᠪᠰᠢᠯᠲᠡ᠎ᠶᠢ ᠠᠬᠢᠭᠤᠯᠵᠤ᠂ ᠪᠡᠶ᠎ᠡ᠎ᠪᠡᠨ ᠳᠠᠭᠠᠭᠠᠵᠤ ᠡᠵᠡᠮᠳᠡᠬᠦᠢᠴᠡ ᠴᠢᠳᠠᠪᠤᠷᠢ᠎ᠪᠡᠨ ᠳᠡᠭᠡᠭᠰᠢᠯᠡᠭᠦᠯᠬᠦ ᠬᠡᠷᠡᠭᠲᠡᠢ᠃ ᠬᠠᠮᠢᠶ᠎ᠠ ᠪᠦᠬᠦᠢ ᠠᠵᠤ ᠦᠢᠯᠡᠰ ᠣᠨᠴᠠᠭᠠᠢᠯᠠᠨ ᠰᠢᠨ᠎ᠡ᠎ᠪᠡᠷ ᠮᠠᠨᠳᠤᠵᠤ ᠪᠠᠢᠭ᠎ᠠ ᠠᠵᠤ ᠦᠢᠯᠡᠰ᠂ ᠢᠷᠡᠭᠡᠳᠦᠢ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ᠎ᠶᠢ ᠦᠨᠳᠦᠰᠦᠯᠡᠵᠦ᠂ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠦᠷᠭᠦᠯᠵᠢᠯᠡᠨ ᠨᠡᠮᠡᠭᠳᠡᠭᠦᠯᠵᠦ᠂ ᠵᠥᠭᠡᠯᠡᠨ ᠬᠠᠲᠠᠭᠤ ᠬᠡᠷᠡᠭᠰᠡᠯ᠎ᠢ ᠬᠠᠮᠵᠢᠯᠴᠠᠭᠤᠯᠬᠤ᠎ᠪᠠᠨ ᠴᠢᠩᠭᠠᠳᠬᠠᠨ᠂ ᠴᠢᠨᠠᠷ ᠰᠠᠢᠲᠠᠢ ᠬᠠᠩᠭᠠᠯᠭ᠎ᠠ᠎ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠯᠢᠶᠣᠤ ᠴᠸᠩ᠎ᠤᠨ ᠳᠤᠯᠠᠭᠠᠯᠠᠭ᠎ᠠ᠎ᠶᠢ ᠵᠢᠨᠠᠨ᠎ᠳᠦ ᠳᠠᠮᠵᠢᠭᠤᠯᠵᠤ ᠲᠤᠰᠠᠯᠠᠬᠤ ᠢᠨᠵᠸᠨ᠋ᠸᠷᠢᠩ᠎ᠦᠨ ᠢᠯᠴᠢ ᠬᠠᠩᠭᠠᠬᠤ ᠬᠣᠢᠲᠤ ᠱᠤᠭᠤᠮ᠎ᠤᠨ 4 ᠳ᠋ᠦ᠍ᠭᠡᠷ ᠨᠣᠮᠧᠷᠲᠤ ᠵᠠᠯᠭᠠᠯ ᠡᠨᠧᠷᠭᠢ᠎ᠶᠢᠨ ᠬᠥᠭᠡᠷᠭᠡ᠎ᠶᠢᠨ ᠥᠷᠲᠡᠭᠡ᠎ᠳᠦ᠂ ᠯᠢ ᠴᠢᠶᠠᠩ ᠯᠢᠶᠣᠤ ᠴᠸᠩ᠎ᠤᠨ ᠳᠤᠯᠠᠭᠠᠯᠠᠭ᠎ᠠ᠎ᠶᠢ ᠵᠢᠨᠠᠨ᠎ᠳᠦ ᠳᠠᠮᠵᠢᠭᠤᠯᠵᠤ ᠲᠤᠰᠠᠯᠠᠬᠤ ᠢᠨᠵᠸᠨ᠋ᠸᠷᠢᠩ᠂ ᠵᠢᠨᠠᠨ᠎ᠤ ᠨᠡᠭᠦᠷᠡᠰᠦ ᠲᠦᠯᠡᠬᠦ ᠵᠤᠤᠬ᠎ᠠ᠎ᠶᠢ ᠣᠷᠣᠯᠠᠭᠤᠯᠬᠤ ᠵᠡᠷᠭᠡ ᠠᠵᠢᠯ᠎ᠤᠨ ᠠᠬᠢᠴᠠ᠎ᠶᠢ ᠭᠦᠨᠵᠡᠭᠡᠢ ᠣᠢᠯᠠᠭᠠᠭᠠᠳ ᠲᠤᠬᠠᠢ᠎ᠶᠢᠨ ᠭᠠᠵᠠᠷ᠎ᠤᠨ ᠢᠯᠴᠢ ᠬᠠᠩᠭᠠᠬᠤ 《ᠨᠢᠭᠡ ᠲᠣᠣᠷ》᠎ᠤᠨ ᠪᠠᠢᠭᠤᠯᠤᠯᠲᠠ᠎ᠶᠢ ᠨᠢ ᠨᠤᠲᠠᠯᠠᠪᠠ᠃ ᠯᠢ ᠴᠢᠶᠠᠩ ᠵᠢᠭᠠᠵᠤ ᠭᠠᠷᠭᠠᠬᠤ᠎ᠳᠤ᠎ᠪᠠᠨ᠂ ᠴᠡᠪᠡᠷ ᠢᠯᠴᠢ ᠬᠠᠩᠭᠠᠬᠤ ᠨᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠳᠤ ᠠᠰᠢᠭ᠍ᠲᠠᠢ ᠮᠥᠷᠲᠡᠭᠡᠨ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠪᠠᠭᠤᠷᠠᠭᠤᠯᠤᠨ ᠦᠷ᠎ᠡ ᠠᠰᠢᠭ᠋᠎ᠢ ᠨᠡᠮᠡᠭᠳᠡᠭᠦᠯᠬᠦ ᠪᠠ ᠠᠮᠢ ᠠᠬᠤᠢ᠎ᠶᠢᠨ ᠬᠠᠮᠠᠭᠠᠯᠠᠯᠲᠠ᠎ᠳᠤ ᠠᠰᠢᠭ᠍ᠲᠠᠢ ᠪᠠᠢᠵᠤ᠂ ᠶᠡᠷᠦᠩᠬᠡᠢ᠎ᠳᠦ᠎ᠪᠡᠨ ᠰᠠᠢᠨ ᠦᠷ᠎ᠡ ᠠᠰᠢᠭ᠋᠎ᠲᠠᠢ ᠶᠤᠮ᠃ ᠣᠷᠣᠨ ᠪᠦᠰᠡ᠎ᠶᠢᠨ ᠡᠨᠧᠷᠭᠢ᠎ᠶᠢ ᠨᠢᠭᠡᠳᠦᠯᠲᠡᠢ ᠲᠥᠯᠥᠪᠯᠡᠨ ᠠᠰᠢᠭ᠍ᠯᠠᠬᠤ᠎ᠪᠠᠨ ᠴᠢᠩᠭᠠᠳᠬᠠᠵᠤ᠂ ᠬᠣᠭᠣᠯᠠᠢ ᠭᠤᠤᠷᠰᠤ᠎ᠶᠢᠨ ᠲᠣᠣᠷ᠎ᠤᠨ ᠪᠡᠯᠡᠳᠬᠡᠮᠵᠢ᠎ᠨᠦᠭᠦᠳ᠎ᠢ ᠬᠣᠯᠪᠣᠯᠳᠤᠭᠤᠯᠤᠨ ᠨᠡᠪᠲᠡᠷᠡᠭᠦᠯᠬᠦ᠎ᠪᠡᠨ ᠠᠬᠢᠭᠤᠯᠵᠤ᠂ ᠢᠯᠴᠢ ᠬᠠᠩᠭᠠᠯᠭ᠎ᠠ᠎ᠶᠢ ᠬᠡᠮᠵᠢᠬᠦ ᠠᠷᠭ᠎ᠠ ᠮᠠᠶᠢᠭ᠋᠎ᠢᠶᠡᠨ ᠰᠢᠯᠢᠳᠡᠭᠵᠢᠭᠦᠯᠦᠨ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ᠎ᠢ ᠰᠤᠳᠤᠯᠤᠨ ᠨᠡᠭᠡᠭᠡᠵᠦ ᠬᠡᠷᠡᠭᠯᠡᠬᠦ᠎ᠪᠠᠨ ᠲᠦᠷᠭᠡᠳᠬᠡᠵᠦ᠂ ᠠᠵᠤ ᠦᠢᠯᠡᠳᠪᠦᠷᠢ᠎ᠶᠢᠨ ᠦᠯᠡᠳᠡᠪᠦᠷᠢ ᠢᠯᠴᠢ᠎ᠶᠢ ᠲᠣᠭᠲᠠᠭᠤᠨ ᠪᠠᠢᠯᠭᠠᠬᠤ ᠪᠥᠭᠡᠳ ᠴᠡᠪᠡᠷ ᠢᠯᠴᠢ᠎ᠶᠢᠨ ᠰᠤᠷᠪᠤᠯᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃ ᠯᠢ ᠴᠢᠶᠠᠩ ᠱᠠᠨᠳᠦ᠋ᠩ ᠮᠤᠵᠢ᠎ᠶᠢᠨ ᠡᠨᠧᠷᠭᠢ᠎ᠶᠢᠨ ᠪᠦᠲᠦᠭᠡᠨ ᠪᠠᠢᠭᠤᠯᠤᠯᠲᠠ ᠬᠢᠭᠡᠳ ᠴᠥᠮ᠎ᠡ᠎ᠶᠢᠨ ᠴᠠᠬᠢᠯᠭᠠᠨ᠎ᠤ ᠬᠥᠭᠵᠢᠯᠲᠡ᠎ᠶᠢᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠤᠭᠠᠳ ᠴᠡᠪᠡᠷ ᠡᠨᠧᠷᠭᠢ᠎ᠶᠢᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ ᠬᠢᠭᠡᠳ ᠠᠵᠢᠯᠯᠠᠭᠠᠨ᠎ᠤ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠨ ᠰᠠᠢᠲᠤᠷ ᠠᠳᠬᠤᠵᠤ᠂ ᠮᠡᠷᠭᠡᠵᠢᠯ᠎ᠦᠨ ᠬᠢᠷᠢ ᠲᠦᠪᠰᠢᠨ ᠬᠢᠭᠡᠳ ᠬᠢᠨᠠᠨ ᠬᠠᠮᠢᠶᠠᠷᠬᠤ ᠴᠢᠳᠠᠪᠤᠷᠢ᠎ᠪᠠᠨ ᠳᠡᠭᠡᠭᠰᠢᠯᠡᠭᠦᠯᠦᠨ᠂ ᠰᠢᠨ᠎ᠡ  ᠬᠡᠯᠪᠡᠷᠢᠲᠦ ᠡᠨ᠋ᠸᠷᠬᠢ᠎ᠶᠢᠨ ᠳᠣᠭᠲᠠᠯᠴᠠᠭ᠎ᠠ᠎ᠶᠢ ᠪᠠᠢᠭᠤᠯᠬᠤ᠎ᠳᠤ ᠨᠡᠩ ᠰᠠᠢᠨ᠎ᠢᠶᠠᠷ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃ 

2 ᠳ᠋ᠤᠭᠠᠷ ᠰᠠᠷ᠎ᠠ᠎ᠶᠢᠨ 2᠎ᠤᠨ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶ᠎ᠠ᠎ᠶᠢᠨ ᠪᠠᠢᠩᠭᠤ᠎ᠶᠢᠨ ᠭᠡᠰᠢᠭᠦᠨ᠂ ᠲᠥᠷᠥ᠍᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠱᠠᠨᠳᠦ᠋ᠩ᠎ᠳᠦ ᠪᠠᠢᠴᠠᠭᠠᠨ ᠰᠤᠳᠤᠯᠤᠯᠲᠠ ᠬᠢᠪᠡ᠃ ᠵᠢᠷᠤᠭ ᠪᠣᠯ ᠯᠢ ᠴᠢᠶᠠᠩ ᠮᠤᠵᠢ ᠬᠣᠲᠠ ᠰᠢᠶᠠᠨ ᠰᠢᠶᠠᠩ ᠳᠥᠷᠪᠡᠨ ᠱᠠᠲᠤᠨ᠎ᠤ ᠵᠠᠰᠠᠭ᠎ᠤᠨ ᠣᠷᠳᠣᠨ᠎ᠤ ᠬᠠᠷᠢᠭᠤᠴᠠᠯᠭᠠᠲᠠᠨ᠎ᠨᠦᠭᠦᠳ᠎ᠦᠨ ᠲᠥᠯᠥᠭᠡᠯᠡᠭᠴᠢ᠎ᠶᠢᠨ ᠰᠠᠭᠤᠳᠠᠯ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》 ᠪᠠ 《ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠥᠲᠥᠯᠪᠦᠷᠢ (ᠲᠥᠰᠥᠯ)》 ᠬᠣᠶᠠᠷ᠎ᠤᠨ ᠰᠠᠨᠠᠯ ᠬᠤᠷᠢᠶᠠᠬᠤ ᠨᠣᠣᠷᠠᠭ ᠵᠢᠴᠢ ᠵᠠᠰᠠᠭ᠎ᠤᠨ ᠣᠷᠳᠣᠨ᠎ᠤ ᠠᠵᠢᠯ᠎ᠤᠨ ᠲᠠᠯ᠎ᠠ᠎ᠪᠠᠷ ᠬᠢ ᠰᠠᠨᠠᠯ ᠰᠠᠨᠠᠭᠤᠯᠭ᠎ᠠ᠎ᠨᠤᠭᠤᠳ᠎ᠢ ᠰᠣᠨᠣᠰᠴᠤ ᠪᠠᠢᠭ᠎ᠠ ᠨᠢ᠃   ᠰᠢᠨᠬᠤᠸᠠ ᠬᠣᠷᠢᠶ᠎ᠠ᠎ᠶᠢᠨ ᠰᠤᠷᠪᠤᠯᠵᠢᠯᠠᠭ᠍ᠴᠢ  ᠬᠤᠸᠠᠩ ᠵᠢᠩ ᠸᠸᠨ ᠰᠡᠭᠦᠳᠡᠷᠯᠡᠪᠡ 

 

ᠪᠠᠢᠴᠠᠭᠠᠨ ᠰᠤᠳᠤᠯᠤᠯᠲᠠ ᠬᠢᠬᠦ ᠬᠤᠭᠤᠴᠠᠭᠠᠨ᠎ᠳᠤ᠎ᠪᠠᠨ᠂ ᠯᠢ ᠴᠢᠶᠠᠩ ᠮᠤᠵᠢ ᠬᠣᠲᠠ ᠰᠢᠶᠠᠨ ᠰᠢᠶᠠᠩ ᠳᠥᠷᠪᠡᠨ ᠱᠠᠲᠤᠨ᠎ᠤ ᠵᠠᠰᠠᠭ᠎ᠤᠨ ᠣᠷᠳᠣᠨ᠎ᠤ ᠬᠠᠷᠢᠭᠤᠴᠠᠯᠭᠠᠲᠠᠨ᠎ᠨᠦᠭᠦᠳ᠎ᠦᠨ ᠲᠥᠯᠥᠭᠡᠯᠡᠭᠴᠢ᠎ᠶᠢᠨ ᠰᠠᠭᠤᠳᠠᠯ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》 ᠪᠠ 《ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠥᠲᠥᠯᠪᠦᠷᠢ (ᠲᠥᠰᠥᠯ)》 ᠬᠣᠶᠠᠷ᠎ᠤᠨ ᠰᠠᠨᠠᠯ ᠬᠤᠷᠢᠶᠠᠬᠤ ᠨᠣᠣᠷᠠᠭ ᠵᠢᠴᠢ ᠵᠠᠰᠠᠭ᠎ᠤᠨ ᠣᠷᠳᠣᠨ᠎ᠤ ᠠᠵᠢᠯ᠎ᠤᠨ ᠲᠠᠯ᠎ᠠ᠎ᠪᠠᠷ ᠬᠢ ᠰᠠᠨᠠᠯ ᠰᠠᠨᠠᠭᠤᠯᠭ᠎ᠠ᠎ᠨᠤᠭᠤᠳ᠎ᠢ ᠰᠣᠨᠣᠰᠴᠠᠢ᠃ ᠯᠢ ᠴᠢᠶᠠᠩ ᠴᠢᠬᠤᠯᠠᠴᠢᠯᠠᠭᠰᠠᠨ ᠨᠢ᠂ ᠨᠢᠳᠤᠨᠤᠨ ᠳᠤᠮᠳᠠᠳᠤ ᠤᠯᠤᠰ᠎ᠤᠨ ᠠᠵᠤ ᠠᠬᠤᠢ ᠳᠠᠭᠠᠷᠢᠯᠲᠠ᠎ᠶᠢ ᠠᠷᠭᠠᠴᠠᠬᠤ ᠳᠤᠮᠳᠠ᠎ᠪᠠᠨ ᠰᠢᠨ᠎ᠡ ᠬᠥᠭᠵᠢᠯᠲᠡ ᠲᠠᠢ ᠪᠣᠯᠵᠤ᠂ ᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ ᠲᠠᠢ ᠪᠠᠢᠬᠤ᠎ᠪᠠᠨ ᠢᠯᠡᠷᠡᠭᠦᠯᠪᠡ᠂ ᠡᠨᠡ ᠵᠢᠯ ᠪᠢᠳᠡ ᠦᠷᠭᠦᠯᠵᠢᠯᠡᠨ ᠢᠲᠡᠭᠡᠯ ᠵᠣᠷᠢᠭ᠋᠎ᠢᠶᠠᠨ ᠪᠠᠲᠤᠳᠬᠠᠵᠤ᠂ ᠬᠦᠴᠢᠷ ᠪᠡᠷᠬᠡ᠎ᠶᠢ ᠢᠯᠠᠨ ᠳᠠᠪᠠᠵᠤ ᠡᠷᠡᠯᠬᠡᠭᠯᠡᠨ ᠤᠷᠤᠭᠰᠢᠯᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢ ᠰᠠᠢᠨ ᠰᠠᠢᠬᠠᠨ ᠡᠬᠢᠯᠡᠯᠲᠡ ᠲᠠᠢ ᠪᠠᠢᠯᠭᠠᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠱᠠᠲᠤᠨ᠎ᠤ ᠵᠠᠰᠠᠭ᠎ᠤᠨ ᠣᠷᠳᠣᠨ ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶᠣᠰᠣᠭᠠᠷ᠂ ᠨᠠᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠨ᠂ ᠰᠠᠨᠠᠭᠠᠴᠢᠯᠠᠭ᠎ᠠ᠎ᠠᠴᠠ᠎ᠪᠠᠨ ᠠᠵᠢᠯᠯᠠᠵᠤ᠂ ᠡᠯ᠎ᠡ ᠭᠠᠵᠠᠷ᠎ᠤᠨ ᠣᠨᠴᠠᠯᠢᠭ᠋ ᠳᠠᠪᠠᠭᠤᠯᠢᠭ᠋᠎ᠢ ᠪᠠᠳᠠᠷᠠᠭᠤᠯᠤᠨ᠂ ᠰᠢᠨ᠎ᠡ ᠨᠡᠮᠡᠭᠳᠡᠯ᠎ᠦᠨ ᠴᠡᠭ᠎ᠢ ᠴᠢᠷᠮᠠᠢᠨ ᠪᠣᠢᠵᠢᠭᠤᠯᠵᠤ᠂ ᠡᠯ᠎ᠡ ᠲᠥᠷᠥᠯ᠎ᠦᠨ ᠠᠵᠢᠯ᠎ᠢ ᠲᠦᠷᠭᠡᠬᠡᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶᠢ ᠠᠬᠢᠭᠤᠯᠬᠤ ᠬᠡᠷᠡᠭᠲᠡᠢ᠃ ᠦᠢᠯᠡᠴᠢᠯᠡᠬᠦ ᠤᠬᠠᠮᠰᠠᠷ᠎ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ᠎ᠤᠨ ᠶᠠᠪᠤᠳᠠᠯ᠎ᠤᠨ ᠬᠦᠴᠦᠨ ᠴᠢᠳᠠᠪᠤᠷᠢ᠎ᠪᠠᠨ ᠦᠷᠭᠦᠯᠵᠢᠯᠡᠨ ᠳᠡᠭᠡᠭᠰᠢᠯᠡᠭᠦᠯᠵᠦ᠂ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠡᠯ᠎ᠡ ᠵᠦᠢᠯ᠎ᠦᠨ ᠲᠦᠷᠦ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ᠂ ᠠᠵᠤ ᠠᠬᠤᠢᠯᠠᠯ᠎ᠤᠨ ᠠᠩᠬᠠᠷᠴᠤ ᠪᠠᠢᠭ᠎ᠠ ᠠᠰᠠᠭᠤᠳᠠᠯ᠎ᠤᠳ ᠪᠠ ᠬᠦᠰᠡᠯ ᠱᠠᠭᠠᠷᠳᠠᠯᠭ᠎ᠠ᠎ᠨᠤᠭᠤᠳ᠎ᠢ ᠨᠢ ᠰᠠᠢᠲᠤᠷ ᠰᠢᠢᠳᠪᠦᠷᠢᠯᠡᠬᠦ ᠬᠡᠷᠡᠭᠲᠡᠢ᠃ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠪᠠᠷ ᠭᠣᠣᠯᠳᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠯᠦ᠍ᠭᠡ ᠤᠶᠠᠯᠳᠤᠭᠤᠯᠤᠨ᠂ ᠨᠢᠭᠡ ᠪᠦᠯᠦᠭ ᠴᠢᠬᠤᠯᠠ ᠶᠡᠬᠡ ᠠᠷᠭ᠎ᠠ ᠬᠡᠮᠵᠢᠶ᠎ᠡ᠂ ᠴᠢᠬᠤᠯᠠ ᠶᠡᠬᠡ ᠲᠦᠷᠦᠯ ᠵᠦᠢᠯ᠎ᠢ ᠭᠦᠨᠵᠡᠭᠡᠢ ᠲᠥᠯᠥᠪᠵᠢᠭᠦᠯᠵᠦ᠂ ᠭᠠᠵᠠᠷ ᠣᠷᠣᠨ᠎ᠤ ᠪᠠᠢᠳᠠᠯ᠎ᠳᠤ᠎ᠪᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠂ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠢ ᠬᠦᠴᠦᠷᠬᠡᠭᠵᠢᠭᠦᠯᠬᠦ᠂ ᠰᠠᠭᠤᠭᠠᠯᠢ ᠠᠷᠠᠳ᠎ᠤᠨ ᠠᠵᠢᠯ ᠣᠯᠭᠣᠯᠲᠠ ᠣᠷᠣᠯᠭ᠎ᠠ᠎ᠶᠢᠨ ᠨᠡᠮᠡᠭᠳᠡᠯ᠎ᠢ ᠠᠬᠢᠭᠤᠯᠬᠤ ᠵᠡᠷᠭᠡ ᠭᠣᠣᠯᠳᠠᠯᠭ᠎ᠠ ᠪᠣᠯᠬᠤ ᠬᠦᠷᠢᠶᠡᠨ᠎ᠳᠦ ᠨᠡᠩ ᠶᠡᠬᠡ ᠠᠬᠢᠴᠠ᠎ᠲᠠᠢ ᠪᠣᠯᠭᠠᠵᠤ᠂ ᠢᠷᠡᠭᠡᠳᠦᠢ᠎ᠶᠢᠨ ᠬᠥᠭᠵᠢᠯᠲᠡ᠎ᠳᠦ ᠰᠠᠭᠤᠷᠢ᠎ᠶᠢ ᠨᠢ ᠪᠡᠬᠢᠵᠢᠭᠦᠯᠵᠦ᠂ ᠬᠥᠳᠡᠯᠭᠡᠭᠴᠢ ᠡᠨ᠋ᠸᠷᠬᠢ ᠬᠤᠷᠠᠮᠳᠤᠭᠤᠯᠵᠤ ᠥᠭᠬᠦ ᠬᠡᠷᠡᠭᠲᠡᠢ᠃ ᠯᠢ ᠴᠢᠶᠠᠩ ᠴᠢᠬᠤᠯᠠᠴᠢᠯᠠᠬᠤ᠎ᠳᠤ᠎ᠪᠠᠨ᠂ ᠣᠷᠣᠨ ᠨᠤᠲᠤᠭ᠎ᠤᠨ ᠵᠠᠰᠠᠭ᠎ᠤᠨ ᠣᠷᠳᠣᠨ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ᠎ᠳᠦ᠎ᠪᠡᠨ ᠦᠨᠡᠨ᠎ᠡᠴᠡ ᠵᠥᠪ᠎ᠢ ᠡᠷᠢᠬᠦ᠎ᠶᠢ ᠪᠠᠷᠢᠮᠲᠠᠯᠠᠵᠤ᠂ ᠰᠢᠰᠲᠸᠮᠵᠢᠭᠦᠯᠦᠨ ᠬᠤᠷᠠᠭᠤᠯᠬᠤ᠎ᠶᠢ ᠴᠢᠬᠤᠯᠠᠴᠢᠯᠠᠬᠤ ᠬᠡᠷᠡᠭᠲᠡᠢ᠂ ᠢᠯᠠᠩᠭᠤᠶ᠎ᠠ ᠦᠨᠳᠦᠰᠦᠨ ᠱᠠᠲᠤᠨ᠎ᠤ ᠲᠤᠰᠬᠠᠢ ᠵᠦᠢᠯ᠎ᠦᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ᠎ᠳᠦ᠎ᠪᠠᠨ ᠠᠪᠰᠠᠷᠬᠠᠨ ᠪᠥᠭᠡᠳ ᠴᠢᠨᠠᠷᠵᠢᠭᠤᠨ ᠪᠠᠢᠬᠤ᠎ᠶᠢ ᠪᠠᠷᠢᠮᠲᠠᠯᠠᠬᠤ ᠬᠡᠷᠡᠭᠲᠡᠢ᠂ ᠶᠡᠬᠡ ᠪᠥᠭᠡᠳ ᠪᠦᠷᠢᠨ ᠪᠠᠢᠯᠭᠠᠬᠤ᠎ᠶᠢ ᠬᠥᠭᠡᠭᠡᠴᠡᠯᠳᠦᠵᠦ ᠪᠣᠯᠬᠤ ᠦᠭᠡᠢ ᠭᠡᠪᠡ᠃ 

ᠦ᠋ ᠵᠧᠩ ᠯᠦᠩ ᠪᠠᠷ᠎ᠠ ᠪᠣᠯᠵᠤ ᠪᠠᠢᠴᠠᠭᠠᠨ ᠰᠤᠳᠤᠯᠤᠯᠲᠠ ᠬᠢᠪᠡ᠃ 

 

ᠢᠷᠡᠯᠲᠡ᠄ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ