ᠲᠤᠭ᠎ᠠ ᠪᠦᠷᠢᠳᠬᠡᠯ   -   ᠲᠤᠭ᠎ᠠ ᠪᠦᠷᠢᠳᠬᠡᠯ
ᠲᠦᠷᠦᠭᠦᠸ᠋ ᠬᠠᠭᠠᠰ ᠵᠢᠯ᠎ᠳᠦ ᠥᠪᠥᠷ ᠮᠣᠩᠭᠣᠯ ᠡᠳ᠋᠎ᠦᠨ ᠵᠠᠰᠠᠭ᠎ᠤᠨ ᠬᠣᠶᠠᠷ ᠵᠦᠢᠯ᠎ᠦᠨ ᠣᠷᠣᠯᠭ᠎ᠠ ᠎ᠤᠨ ᠬᠠᠭᠠᠰ ᠵᠢᠯ᠎ᠦᠨ ᠡᠭᠦᠷᠭᠡ᠎ᠪᠡᠨ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2025-07-10

 

ᠡᠨᠡ ᠵᠢᠯ᠎ᠡᠴᠡ ᠨᠠᠭᠠᠰᠢ ᠂ ᠪᠦᠬᠦ ᠣᠷᠣᠨ᠎ᠤ ᠡᠯ᠎ᠡ ᠱᠠᠲᠤᠨ᠎ᠤ ᠡᠳ᠋᠎ᠦᠨ ᠵᠠᠰᠠᠭ ᠭᠠᠢᠯᠢ᠎ᠶᠢᠨ ᠶᠠᠪᠤᠳᠠᠯ᠎ᠤᠨ ᠰᠠᠯᠠᠭ᠎ᠠ ᠮᠥᠴᠢᠷ᠎ᠤᠳ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠬᠢᠭᠡᠳ ᠵᠠᠰᠠᠭ᠎ᠤᠨ ᠣᠷᠳᠣᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ 《 ᠬᠣᠶᠠᠷ ᠶᠡᠬᠡ ᠶᠠᠪᠤᠳᠠᠯ》᠎ᠢ ᠰᠠᠢᠲᠤᠷ ᠬᠢᠬᠦ᠎ᠶᠢ ᠪᠠᠲᠤᠯᠠᠵᠤ ᠂ 《 ᠲᠠᠪᠤᠨ ᠶᠡᠬᠡ ᠡᠭᠦᠷᠭᠡ》᠎ᠶᠢ ᠦᠷᠭᠦᠯᠵᠢᠯᠡᠨ ᠨᠠᠢᠳᠠᠪᠤᠷᠢᠵᠢᠭᠤᠯᠤᠨ ᠂ 《 ᠵᠢᠷᠭᠤᠭᠠᠨ ᠢᠨᠵᠧᠨᠧᠷᠢᠩ》᠎ᠢ ᠦᠷᠭᠦᠯᠵᠢᠯᠡᠨ ᠬᠡᠷᠡᠭᠵᠢᠭᠦᠯᠵᠦ ᠂ 《ᠵᠢᠷᠭᠤᠭᠠᠨ ᠠᠵᠢᠯᠯᠠᠭᠠᠨ》᠎ᠢ ᠵᠣᠬᠢᠶᠠᠨ ᠪᠠᠢᠭᠤᠯᠤᠨ ᠥᠷᠨᠢᠭᠦᠯᠵᠦ ᠂ ᠭᠣᠣᠯᠳᠠᠯᠭ᠎ᠠ ᠪᠣᠯᠬᠤ ᠭᠠᠢᠯᠢ᠎ᠶᠢᠨ ᠪᠠ ᠰᠦᠢᠳᠬᠡᠯ᠎ᠦᠨ ᠢᠷᠡᠯᠲᠡ᠎ᠶᠢ ᠬᠢᠨᠠᠨ ᠡᠵᠡᠮᠳᠡᠬᠦ᠎ᠪᠠᠨ ᠴᠢᠩᠭᠠᠷᠠᠭᠤᠯᠤᠨ ᠂ ᠣᠷᠣᠯᠭ᠎ᠠ᠎ᠶᠢᠨ ᠵᠣᠬᠢᠶᠠᠨ ᠪᠠᠢᠭᠤᠯᠬᠤ ᠠᠵᠢᠯ᠎ᠢᠶᠠᠨ ᠬᠠᠤᠯᠢ ᠲᠣᠭᠲᠠᠭᠠᠯ ᠶᠣᠰᠣᠭᠠᠷ ᠰᠠᠢᠲᠤᠷ ᠬᠢᠭᠰᠡᠨ᠎ᠢᠶᠡᠷ ᠳᠡᠭᠡᠷ᠎ᠡ ᠬᠠᠭᠠᠰ ᠵᠢᠯ᠎ᠳᠦ ᠪᠥᠬᠥ ᠣᠷᠣᠨ᠎ᠤ ᠡᠩ᠎ᠦᠨ ᠣᠯᠠᠨ ᠨᠡᠶ᠋ᠢᠲᠡ᠎ᠶᠢᠨ ᠲᠥᠰᠥᠪ᠎ᠦᠨ ᠣᠷᠣᠯᠭ᠎ᠠ 1605.3 ᠳ᠋ᠦᠩᠰᠢᠭᠤᠷ ᠲᠥᠭᠥᠷᠢᠭ᠎ᠲᠤ ᠬᠦᠷᠴᠦ ᠂ ᠪᠥᠬᠥ ᠵᠢᠯ᠎ᠦᠨ ᠲᠥᠰᠥᠪ᠎ᠦᠨ 51%᠎ᠶᠢ ᠪᠡᠶᠡᠯᠡᠭᠦᠯᠵᠡᠢ ᠂ ᠨᠢᠭᠡ ᠯᠡ ᠤᠳᠠᠭ᠎ᠠ᠎ᠶᠢᠨ ᠴᠢᠨᠠᠷᠲᠠᠢ ᠣᠨᠴᠠᠭᠠᠢ ᠡᠯᠸᠮᠸᠨ᠋ᠲ᠎ᠲᠤ ᠨᠥᠯᠥᠭᠡᠯᠡᠭᠳᠡᠭᠰᠡᠨ ᠵᠦᠢᠯᠡᠰ᠎ᠢ ᠰᠠᠭᠤᠯᠭᠠᠨ ᠭᠠᠷᠭᠠᠭᠰᠠᠨ᠎ᠤ ᠳᠠᠷᠠᠭ᠎ᠠ ᠂ ᠠᠳᠠᠯᠢ ᠪᠠᠷᠢᠮᠵᠢᠶ᠎ᠠ᠎ᠪᠠᠷ 3.3%᠎ᠪᠠᠷ ᠨᠡᠮᠡᠭᠳᠡᠪᠡ ᠃ ᠡᠭᠦᠨ᠎ᠦ ᠬᠠᠮᠲᠤ᠂ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠦᠨ ᠬᠢᠨ ᠠᠷᠪᠢᠯᠠᠨ ᠭᠠᠮᠨᠠᠬᠤ ᠱᠠᠭᠠᠷᠳᠠᠯᠭ᠎ᠠ᠎ᠶᠢ ᠴᠢᠩᠭ᠎ᠠ ᠲᠤᠭᠤᠰᠢᠯᠠᠭᠤᠯᠵᠤ᠂ ᠵᠠᠢᠯᠠᠰᠢ ᠦᠭᠡᠢ᠎ᠶᠢᠨ ᠪᠤᠰᠤ᠂ ᠪᠠᠴᠢᠮ ᠬᠡᠷᠡᠭᠴᠡᠭᠡᠨ᠎ᠦ ᠪᠤᠰᠤ ᠵᠠᠷᠤᠯᠭ᠎ᠠ᠎ᠪᠡᠨ ᠶᠡᠬᠡ᠎ᠪᠡᠷ ᠪᠠᠭᠠᠰᠬᠠᠵᠤ᠂ ᠭᠣᠣᠯᠳᠠᠯᠭ᠎ᠠ ᠪᠣᠯᠬᠤ ᠵᠠᠷᠤᠯᠭ᠎ᠠ᠎ᠶᠢ ᠪᠦᠬᠦ ᠬᠦᠴᠦᠨ᠎ᠢᠶᠡᠷ᠎ᠢᠶᠡᠨ ᠪᠠᠲᠤᠯᠠᠭᠰᠠᠨ᠎ᠠᠴᠠ ᠳᠡᠭᠡᠷ᠎ᠡ ᠬᠠᠭᠠᠰ ᠵᠢᠯ᠎ᠳᠦ ᠪᠦᠬᠦ ᠣᠷᠣᠨ᠎ᠤ ᠡᠩ᠎ᠦᠨ ᠤᠯᠠᠨ ᠨᠡᠶ᠋ᠢᠲᠡ᠎ᠶᠢᠨ ᠲᠥᠰᠥᠪ᠎ᠦᠨ ᠵᠠᠷᠤᠯᠭ᠎ᠠ 3096.7 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 2.1%᠎ᠪᠠᠷ ᠨᠡᠮᠡᠭᠳᠡᠵᠡᠢ᠂ ᠰᠤᠷᠭᠠᠨ ᠬᠥᠮᠦᠵᠢᠯ᠂ ᠨᠡᠢᠭᠡᠮ᠎ᠦᠨ ᠪᠠᠲᠤᠯᠠᠭ᠎ᠠ ᠪᠠ ᠠᠵᠢᠯ ᠣᠯᠭᠣᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭᠠᠯᠠᠬᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠠᠭᠰᠠᠨ ᠦᠷ᠎ᠡ ᠪᠦᠲᠦᠭᠡᠯ᠎ᠢᠶᠡᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠯᠤᠭ᠎ᠠ ᠵᠣᠯᠭᠠᠭᠤᠯᠬᠤ ᠵᠡᠷᠭᠡ ᠵᠠᠷᠤᠯᠭ᠎ᠠ ᠴᠥᠮ 5%᠎ᠡᠴᠡ ᠳᠡᠭᠡᠭᠰᠢ᠎ᠪᠠᠷ ᠨᠡᠮᠡᠭᠳᠡᠪᠡ᠃ 

 

ᠢᠷᠡᠯᠲᠡ᠄ ᠥᠪᠥᠷ ᠮᠣᠩᠭᠣᠯ᠎ᠤᠨ ᠡᠳ᠋᠎ᠦᠨ ᠵᠠᠰᠠᠭ