ᠲᠤᠭ᠎ᠠ ᠪᠦᠷᠢᠳᠬᠡᠯ   -   ᠲᠤᠭ᠎ᠠ ᠪᠦᠷᠢᠳᠬᠡᠯ
ᠳᠡᠭᠡᠳᠦ ᠬᠠᠭᠠᠰ ᠵᠢᠯ᠎ᠳᠦ ᠥᠪᠥᠷ ᠮᠣᠩᠭᠣᠯ᠎ᠤᠨ ᠡᠩ᠎ᠦᠨ ᠣᠯᠠᠨ ᠨᠡᠶ᠋ᠢᠲᠡ᠎ᠶᠢᠨ ᠲᠥᠰᠥᠪ᠎ᠦᠨ ᠣᠷᠣᠯᠭ᠎ᠠ 1605.3 ᠳ᠋ᠦᠩᠰᠢᠭᠤᠷ ᠲᠥᠭᠥᠷᠢᠭ᠎ᠲᠦ ᠬᠦᠷᠴᠦ ᠪᠥᠬᠥ ᠵᠢᠯ᠎ᠦᠨ ᠲᠥᠰᠥᠪ᠎ᠦᠨ 51%᠎ᠶᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2025-07-14

 

ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭᠰᠠᠨ᠎ᠢᠶᠠᠷ ᠄ ᠡᠨᠡ ᠵᠢᠯ᠎ᠦᠨ ᠳᠡᠭᠡᠳᠦ ᠬᠠᠭᠠᠰ ᠵᠢᠯ᠎ᠳᠦ᠂ ᠪᠥᠬᠥ ᠣᠷᠣᠨ᠎ᠤ ᠡᠩ᠎ᠦᠨ ᠣᠯᠠᠨ ᠨᠡᠶ᠋ᠢᠲᠡ᠎ᠶᠢᠨ ᠲᠥᠰᠥᠪ᠎ᠦᠨ ᠣᠷᠣᠯᠭ᠎ᠠ 1605.3 ᠳ᠋ᠦᠩᠰᠢᠭᠤᠷ ᠲᠥᠭᠥᠷᠢᠭ᠎ᠲᠦ ᠬᠦᠷᠴᠦ ᠂ ᠪᠥᠬᠥ ᠵᠢᠯ᠎ᠦᠨ ᠲᠥᠰᠥᠪ᠎ᠦᠨ 51%᠎ᠶᠢ ᠪᠡᠶᠡᠯᠡᠭᠦᠯᠵᠡᠢ᠂ ᠨᠢᠭᠡ ᠯᠡ ᠤᠳᠠᠭ᠎ᠠ᠎ᠶᠢᠨ ᠴᠢᠨᠠᠷᠲᠠᠢ ᠣᠨᠴᠠᠭᠠᠶ ᠬᠦᠴᠦᠨ ᠵᠦᠢᠯ᠎ᠳᠦ ᠨᠥᠯᠥᠭᠡᠯᠡᠭᠳᠡᠭᠰᠡᠨ ᠵᠦᠢᠯᠡᠰ᠎ᠢ ᠰᠠᠭᠤᠯᠭᠠᠨ ᠭᠠᠷᠭᠠᠭᠰᠠᠨ᠎ᠤ ᠳᠠᠷᠠᠭ᠎ᠠ᠂ ᠠᠳᠠᠯᠢ ᠪᠠᠷᠢᠮᠵᠢᠶ᠎ᠠ᠎ᠪᠠᠷ 3.3%᠎ᠪᠠᠷ ᠨᠡᠮᠡᠭᠳᠡᠪᠡ ᠃ 

ᠡᠨᠡ ᠵᠢᠯ᠎ᠡᠴᠡ ᠨᠠᠭᠠᠰᠢ ᠂ ᠥᠪᠥᠷ ᠮᠣᠩᠭᠣᠯ ᠲᠣᠭᠲᠠᠭᠤᠨ᠎ᠤ ᠳᠤᠮᠳᠠ ᠤᠷᠤᠭᠰᠢᠯᠠᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠨ ᠂ 《 ᠬᠣᠶᠠᠷ ᠶᠡᠬᠡ ᠶᠠᠪᠤᠳᠠᠯ》᠎ᠢ ᠰᠠᠢᠲᠤᠷ ᠬᠢᠬᠦ᠎ᠶᠢ ᠪᠠᠲᠤᠯᠠᠵᠤ ᠂ 《 ᠵᠢᠷᠭᠤᠭᠠᠨ ᠢᠨᠵᠧᠨᠧᠷᠢᠩ 》᠎ᠢ ᠦᠷᠭᠦᠯᠵᠢᠯᠡᠨ ᠬᠡᠷᠡᠭᠵᠢᠭᠦᠯᠵᠦ ᠂ 《 ᠵᠢᠷᠭᠤᠭᠠᠨ ᠠᠵᠢᠯᠯᠠᠭᠠᠨ》᠎ᠢ ᠵᠣᠬᠢᠶᠠᠨ ᠪᠠᠢᠭᠤᠯᠤᠨ ᠥᠷᠨᠢᠭᠦᠯᠦᠭᠰᠡᠨ ᠰᠠᠭᠤᠷᠢᠨ ᠳᠡᠭᠡᠷ᠎ᠡ ᠂ ᠭᠣᠣᠯᠳᠠᠯᠭ᠎ᠠ ᠪᠣᠯᠬᠤ ᠭᠠᠢᠯᠢ᠎ᠶᠢᠨ ᠢᠷᠡᠯᠲᠡ᠎ᠶᠢ ᠬᠢᠨᠠᠨ ᠡᠵᠡᠮᠳᠡᠬᠦ ᠵᠡᠷᠭᠡ ᠠᠷᠭ᠎ᠠ ᠬᠡᠮᠵᠢᠶ᠎ᠡ᠎ᠶᠢ ᠴᠢᠩᠭᠠᠳᠬᠠᠬᠤ᠎ᠪᠠᠷ ᠳᠠᠮᠵᠢᠭᠤᠯᠤᠨ ᠂ ᠣᠷᠣᠯᠭ᠎ᠠ᠎ᠶᠢ ᠴᠠᠭ ᠲᠤᠬᠠᠢ᠎ᠳᠤ ᠨᠢ ᠬᠥᠮᠥᠷᠭᠡ᠎ᠳᠦ ᠣᠷᠣᠭᠤᠯᠬᠤ᠎ᠶᠢ ᠦᠨᠡᠨ ᠬᠦ᠌ ᠪᠠᠲᠤᠯᠠᠪᠠ ᠃ ᠡᠭᠦᠨ᠎ᠦ ᠬᠠᠮᠲᠤ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠦᠳ ᠵᠠᠪᠠᠯ ᠵᠠᠷᠤᠴᠠᠭᠤᠯᠬᠤ ᠪᠤᠰᠤ᠂ ᠪᠠᠴᠢᠮ ᠬᠡᠷᠡᠭᠴᠡᠭᠡᠨ᠎ᠦ ᠪᠤᠰᠤ ᠵᠠᠷᠤᠯᠭ᠎ᠠ᠎ᠶᠢ ᠶᠡᠬᠡ᠎ᠪᠡᠷ ᠪᠠᠭᠠᠰᠬᠠᠵᠤ ᠂ ᠭᠣᠣᠯᠳᠠᠯᠭ᠎ᠠ ᠪᠣᠯᠬᠤ ᠬᠦᠷᠢᠶ᠎ᠡ ᠴᠠᠷᠠᠭ᠎ᠠ ᠂ ᠭᠣᠣᠯᠳᠠᠯᠭ᠎ᠠ ᠪᠣᠯᠬᠤ ᠲᠥᠷᠥᠯ ᠵᠦᠢᠯ᠎ᠦᠨ ᠵᠠᠷᠤᠯᠭ᠎ᠠ᠎ᠶᠢ ᠪᠥᠬᠥ ᠬᠦᠴᠦᠨ᠎ᠢᠶᠡᠷ᠎ᠢᠶᠡᠨ ᠪᠠᠲᠤᠯᠠᠪᠠ᠃ ᠡᠨᠡ ᠵᠢᠯ᠎ᠦᠨ ᠳᠡᠭᠡᠳᠦ ᠬᠠᠭᠠᠰ ᠵᠢᠯ᠎ᠳᠦ ᠂ ᠪᠥᠬᠥ ᠣᠷᠣᠨ᠎ᠤ ᠡᠩ᠎ᠦᠨ ᠣᠯᠠᠨ ᠨᠡᠶ᠋ᠢᠲᠡ᠎ᠶᠢᠨ ᠲᠥᠰᠥᠪ᠎ᠦᠨ ᠵᠠᠷᠤᠯᠭ᠎ᠠ 3096.7 ᠳ᠋ᠦᠩᠰᠢᠭᠤᠷ ᠲᠥᠭᠥᠷᠢᠭ᠎ᠲᠦ ᠬᠦᠷᠴᠦ ᠂ ᠠᠳᠠᠯᠢ ᠬᠤᠭᠤᠴᠠᠭᠠᠨ᠎ᠤ ᠬᠢ᠎ᠡᠴᠡ 2.1%᠎ᠪᠠᠷ ᠨᠡᠮᠡᠭᠳᠡᠪᠡ ᠃ ᠡᠭᠦᠨ᠎ᠳᠦ ᠂ ᠰᠤᠷᠭᠠᠨ ᠬᠥᠮᠦᠵᠢᠯ ᠂ ᠨᠡᠢᠭᠡᠮ᠎ᠦᠨ ᠪᠠᠲᠤᠯᠠᠭ᠎ᠠ ᠬᠢᠭᠡᠳ ᠠᠵᠢᠯ ᠣᠯᠭᠣᠯᠲᠠ ᠂ ᠡᠷᠡᠭᠦᠯ ᠬᠠᠮᠠᠭᠠᠯᠠᠯ ᠡᠷᠡᠭᠦᠯ ᠮᠡᠨᠳᠦ ᠂ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭᠠᠯᠠᠬᠤ ᠪᠠ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢᠶᠠᠨ ᠪᠡᠬᠢᠵᠢᠭᠦᠯᠬᠦ᠎ᠶᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠯᠤᠭ᠎ᠠ ᠵᠣᠯᠭᠠᠭᠤᠯᠬᠤ ᠵᠡᠷᠭᠡ ᠲᠠᠯ᠎ᠠ᠎ᠶᠢᠨ ᠵᠠᠷᠤᠯᠭ᠎ᠠ ᠴᠥᠮ ᠠᠳᠠᠯᠢ ᠬᠤᠭᠤᠴᠠᠭᠠᠨ᠎ᠤ ᠬᠢ᠎ᠡᠴᠡ 5% ᠭᠠᠷᠤᠢ᠎ᠪᠠᠷ ᠨᠡᠮᠡᠭᠳᠡᠪᠡ ᠃ 

 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ