ᠲᠤᠭ᠎ᠠ ᠪᠦᠷᠢᠳᠬᠡᠯ   -   ᠲᠤᠭ᠎ᠠ ᠪᠦᠷᠢᠳᠬᠡᠯ
ᠲᠦᠷᠦᠭᠦᠸ᠋ ᠬᠠᠭᠠᠰ ᠵᠢᠯ᠎ᠳᠦ ᠥᠪᠥᠷ ᠮᠣᠩᠭᠣᠯ᠎ᠤᠨ ᠭᠠᠷ ᠳᠠᠮᠵᠢᠭ᠍ᠰᠠᠨ ᠮᠠᠰᠢᠨ ᠲᠡᠷᠭᠡᠨ᠎ᠦ ᠭᠠᠳᠠᠭᠠᠳᠤ ᠭᠠᠷᠭᠠᠯᠲᠠ ᠠᠳᠠᠯᠢ ᠬᠤᠭᠤᠴᠠᠭᠠᠨ᠎ᠤ ᠬᠢ᠎ᠡᠴᠡ 65.7%᠎ᠪᠠᠷ ᠨᠡᠮᠡᠭᠳᠡᠪᠡ
ᠨᠡᠶ᠋ᠢᠲᠡᠯᠡᠭᠰᠡᠨ ᠴᠠᠭ᠄ 2025-07-16

 

ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ ᠡᠨᠡ ᠵᠢᠯ᠎ᠡᠴᠡ ᠨᠠᠭᠠᠰᠢ᠂ ᠥᠪᠥᠷ ᠮᠣᠩᠭᠣᠯ᠎ᠤᠨ ᠭᠠᠷ ᠳᠠᠮᠵᠢᠭ᠍ᠰᠠᠨ ᠮᠠᠰᠢᠨ ᠲᠡᠷᠭᠡ᠎ᠶᠢᠨ ᠭᠠᠳᠠᠭᠠᠳᠤ ᠭᠠᠷᠭᠠᠯᠲᠠ ᠨᠢᠳᠤᠨᠤᠨ᠎ᠤ ᠨᠡᠯᠢᠶᠡᠳ ᠥᠨᠳᠥᠷ ᠰᠠᠭᠤᠷᠢ ᠲᠣᠭ᠎ᠠ᠎ᠶᠢᠨ ᠰᠠᠭᠤᠷᠢᠨ ᠳᠡᠭᠡᠷ᠎ᠡ ᠦᠷᠭᠦᠯᠵᠢᠯᠡᠨ ᠲᠦᠷᠭᠡᠨ᠎ᠢᠶᠡᠷ ᠨᠡᠮᠡᠭᠳᠡᠵᠦ᠂ 1—6 ᠳ᠋ᠤᠭᠠᠷ ᠰᠠᠷ᠎ᠠ᠎ᠳᠤ ᠭᠠᠷ ᠳᠠᠮᠵᠢᠭ᠍ᠰᠠᠨ ᠮᠠᠰᠢᠨ ᠲᠡᠷᠭᠡ᠎ᠶᠢ ᠭᠠᠳᠠᠭᠠᠳᠤ᠎ᠳᠤ ᠨᠡᠢ᠍ᠢᠳᠡ 5892 ᠭᠠᠷᠭᠠᠵᠤ᠂ ᠭᠠᠳᠠᠭᠠᠳᠤ ᠭᠠᠷᠭᠠᠯᠲᠠ᠎ᠶᠢᠨ ᠬᠡᠮᠵᠢᠶ᠎ᠡ 5.8 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠲᠤᠰ ᠲᠤᠰ 65.7%᠂ 49.3% ᠪᠠᠷ ᠨᠡᠮᠡᠭᠳᠡᠵᠡᠢ᠃ 

ᠣᠢᠷ᠎ᠠ᠎ᠶᠢᠨ ᠵᠢᠯ᠎ᠦᠳ᠎ᠲᠦ᠂ ᠥᠪᠥᠷ ᠮᠣᠩᠭᠣᠯ᠎ᠤᠨ ᠬᠤᠳᠠᠯᠳᠤᠭᠠᠨ᠎ᠤ ᠶᠠᠪᠤᠳᠠᠯ᠎ᠤᠨ ᠰᠠᠯᠠᠭ᠎ᠠ ᠮᠥᠴᠢᠷ ᠨᠢ ᠤᠯᠤᠰ᠎ᠤᠨ ᠭᠠᠷ ᠳᠠᠮᠵᠢᠭ᠍ᠰᠠᠨ ᠮᠠᠰᠢᠨ ᠲᠡᠷᠭᠡ᠎ᠶᠢ ᠭᠠᠳᠠᠭᠠᠳᠤ᠎ᠳᠤ ᠭᠠᠷᠭᠠᠬᠤ᠎ᠶᠢ ᠳᠠᠮᠵᠢᠬᠤ ᠲᠥᠷᠥ᠎ᠶᠢᠨ ᠪᠣᠳᠣᠯᠭ᠎ᠠ᠎ᠶᠢᠨ ᠠᠵᠠ ᠲᠣᠬᠢᠶᠠᠯ᠎ᠢ ᠠᠳᠬᠤᠨ᠂ ᠭᠠᠷ ᠳᠠᠮᠵᠢᠭ᠍ᠰᠠᠨ ᠮᠠᠰᠢᠨ ᠲᠡᠷᠭᠡ᠎ᠶᠢ ᠭᠠᠳᠠᠭᠠᠳᠤ᠎ᠳᠤ ᠭᠠᠷᠭᠠᠬᠤ᠎ᠪᠡᠨ ᠭᠠᠳᠠᠭᠠᠳᠤ ᠠᠷᠠᠯᠵᠢᠶ᠎ᠠ᠎ᠶᠢᠨ ᠬᠡᠪᠴᠢᠶ᠎ᠡ᠎ᠶᠢ ᠲᠣᠭᠲᠠᠪᠤᠷᠢᠵᠢᠭᠤᠯᠬᠤ᠂ ᠪᠦᠲᠦᠴᠡ᠎ᠶᠢ ᠰᠢᠯᠢᠳᠡᠭᠵᠢᠭᠦᠯᠬᠦ ᠵᠢᠴᠢ ᠤᠯᠤᠰ᠎ᠤᠨ ᠳᠣᠲᠣᠭᠠᠳᠤ᠎ᠳᠡᠬᠢ ᠮᠠᠰᠢᠨ ᠲᠡᠷᠭᠡ᠎ᠶᠢᠨ ᠬᠡᠷᠡᠭᠯᠡᠭᠡ᠎ᠶᠢᠨ ᠲᠠᠰ ᠳᠠᠪᠰᠢᠬᠤ᠎ᠶᠢ ᠠᠬᠢᠭᠤᠯᠬᠤ ᠭᠣᠣᠯᠳᠠᠯᠭ᠎ᠠ ᠪᠣᠯᠬᠤ ᠠᠵᠢᠯ ᠪᠣᠯᠭᠠᠨ ᠠᠳᠬᠤᠵᠤ᠂ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠭᠠᠷ ᠳᠠᠮᠵᠢᠭ᠍ᠰᠠᠨ ᠮᠠᠰᠢᠨ ᠲᠡᠷᠭᠡ᠎ᠶᠢ ᠭᠠᠳᠠᠭᠠᠲᠤ᠎ᠳᠤ ᠭᠠᠷᠭᠠᠬᠤ ᠬᠡᠪᠴᠢᠶ᠎ᠡ᠎ᠪᠡᠨ ᠦᠷᠭᠡᠳᠭᠡᠪᠡ᠃ ᠨᠢᠭᠡ᠎ᠳᠦ ᠦᠢᠯᠡᠴᠢᠯᠡᠭᠡᠨ᠎ᠢ ᠪᠠᠲᠤᠯᠠᠵᠤ ᠳᠠᠭᠠᠭᠠᠴᠢᠯᠠᠬᠤ ᠲᠣᠭᠲᠠᠴᠠ᠎ᠶᠢ ᠪᠠᠢᠭᠤᠯᠵᠤ ᠠᠰᠠᠭᠤᠳᠠᠯ᠎ᠢ ᠮᠥᠷᠳᠡᠨ ᠰᠢᠢᠳᠪᠤᠷᠢᠯᠡᠪᠡ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠵᠢᠴᠢ ᠬᠣᠯᠪᠣᠭᠳᠠᠯ ᠪᠦᠬᠦᠢ ᠠᠢᠮᠠᠭ ᠬᠣᠲᠠ᠎ᠨᠤᠭᠤᠳ ᠲᠣᠰ ᠲᠣᠰ 17 ᠭᠣᠣᠯᠳᠠᠯᠭ᠎ᠠ ᠪᠣᠯᠵᠤ ᠠᠵᠤ ᠠᠬᠤᠢᠯᠠᠯ ᠯᠤᠭ᠎ᠠ ᠦᠢᠯᠡᠴᠢᠯᠡᠭᠡᠨ᠎ᠢ ᠪᠠᠲᠤᠯᠠᠵᠤ ᠳᠠᠭᠠᠭᠠᠴᠢᠯᠠᠬᠤ ᠵᠥᠪᠯᠡᠯᠴᠡᠭᠡᠷ ᠲᠣᠭᠲᠠᠵᠤ᠂ ᠠᠵᠤ ᠠᠬᠤᠢᠯᠠᠯ᠎ᠳᠤ ᠪᠥᠬᠥ ᠲᠠᠯ᠎ᠠ᠎ᠪᠠᠷ ᠮᠥᠷᠳᠡᠨ ᠦᠢᠯᠡᠴᠢᠯᠡᠪᠡ᠃ ᠬᠣᠶᠠᠷ᠎ᠲᠤ ᠭᠠᠷ ᠳᠠᠮᠵᠢᠭ᠍ᠰᠠᠨ ᠮᠠᠰᠢᠨ ᠲᠡᠷᠭᠡ᠎ᠶᠢ ᠭᠠᠳᠠᠭᠠᠳᠤ᠎ᠳᠤ ᠭᠠᠷᠭᠠᠬᠤ ᠠᠵᠢᠯ᠎ᠤᠨ ᠲᠣᠭᠲᠠᠴᠠ᠎ᠶᠢᠨ ᠦᠢᠯᠡᠳᠦᠯ᠎ᠢ ᠪᠠᠳᠠᠷᠠᠭᠤᠯᠪᠠ᠃《ᠭᠠᠷ ᠳᠠᠮᠵᠢᠭ᠍ᠰᠠᠨ ᠮᠠᠰᠢᠨ ᠲᠡᠷᠭᠡᠨ᠎ᠦ ᠭᠠᠳᠠᠭᠠᠳᠤ ᠭᠠᠷᠭᠠᠯᠲᠠ᠎ᠶᠢ ᠲᠦᠷᠭᠡᠪᠴᠢᠯᠡᠨ ᠬᠥᠭᠵᠢᠭᠦᠯᠬᠦ᠎ᠶᠢ ᠠᠬᠢᠭᠤᠯᠬᠤ ᠲᠤᠬᠠᠢ ᠰᠠᠨᠠᠯ᠎ᠤᠳ》᠎ᠢ ᠲᠣᠭᠲᠠᠭᠠᠵᠤ᠂ ᠠᠷᠠᠯᠵᠢᠶᠠᠨ᠎ᠤ ᠳᠥᠭᠥᠮᠴᠢᠯᠡᠯᠲᠡ᠎ᠶᠢᠨ ᠬᠢᠷᠢ ᠲᠦᠪᠰᠢᠨ᠎ᠢ 5 ᠲᠠᠯ᠎ᠠ᠎ᠪᠠᠷ ᠤᠯᠠᠮ ᠨᠢᠭᠡ ᠠᠯᠬᠤᠮ ᠳᠡᠭᠡᠭᠰᠢᠯᠡᠭᠦᠯᠦᠨ ᠠᠬᠢᠭᠤᠯᠵᠤ᠂ ᠢᠵᠢ ᠪᠦᠷᠢᠨ ᠶᠡᠷᠦᠩᠬᠡᠢᠯᠡᠭᠰᠡᠨ ᠦᠢᠯᠡᠴᠢᠯᠡᠭᠡ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠪᠡᠭᠡᠵᠢᠩ᠎ᠳᠦ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠭᠠᠷ ᠳᠠᠮᠵᠢᠭ᠍ᠰᠠᠨ ᠮᠠᠰᠢᠨ ᠲᠡᠷᠭᠡᠨ᠎ᠦ ᠢᠷᠡᠯᠲᠡ᠎ᠶᠢ ᠵᠣᠯᠭᠠᠭᠤᠯᠬᠤ ᠬᠤᠷᠠᠯ᠎ᠢ ᠬᠤᠷᠠᠯᠳᠤᠭᠤᠯᠵᠤ᠂ ᠳᠤᠮᠳᠠᠳᠤ ᠤᠯᠤᠰ᠎ᠤᠨ ᠮᠠᠰᠢᠨ ᠲᠡᠷᠭᠡ ᠳᠦᠷᠢᠶᠡᠰᠦᠯᠡᠭᠦᠯᠬᠦ ᠨᠡᠢᠭᠡᠮᠯᠢᠭ᠎ᠦᠨ ᠬᠣᠯᠪᠣᠭᠳᠠᠯ ᠪᠦᠬᠦᠢ ᠠᠵᠤ ᠠᠬᠤᠢᠯᠠᠯ ᠪᠣᠯᠣᠨ ᠪᠡᠭᠡᠵᠢᠩ ᠲᠢᠶᠠᠨᠵᠢᠨ ᠾᠧᠪᠧᠢ᠎ᠶᠢᠨ ᠭᠠᠷ ᠳᠠᠮᠵᠢᠭ᠍ᠰᠠᠨ ᠮᠠᠰᠢᠨ ᠲᠡᠷᠭᠡᠨ᠎ᠦ ᠳᠠᠭᠠᠭᠤᠯᠤᠭ᠍ᠴᠢ ᠪᠣᠯᠬᠤ19 ᠠᠵᠤ ᠠᠬᠤᠢᠯᠠᠯ᠎ᠢ ᠤᠷᠢᠵᠤ ᠡᠷᠢᠶᠡᠨ ᠬᠤᠳᠠ᠂ ᠮᠠᠨᠵᠤᠤᠷ ᠬᠤᠳᠠ᠎ᠳᠤ ᠬᠦᠷᠴᠦ ᠲᠤᠬᠠᠢ᠎ᠶᠢᠨ ᠲᠠᠯᠠᠪᠤᠷ᠎ᠢᠶᠠᠷ ᠰᠢᠨᠵᠢᠯᠡᠨ ᠪᠠᠢᠴᠠᠭᠠᠯᠲᠠ ᠬᠢᠵᠦ ᠰᠠᠨᠠᠯ᠎ᠢᠶᠠᠨ ᠰᠣᠯᠢᠯᠴᠠᠨ᠂ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠠᠵᠤ ᠠᠬᠤᠢᠯᠠᠯ᠎ᠤᠨ ᠳᠠᠪᠠᠭᠤᠯᠢᠭ᠋ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ᠎ᠶᠢ ᠪᠡᠶᠡᠯᠡᠭᠦᠯᠬᠦ᠎ᠳᠦ ᠰᠣᠯᠢᠯᠴᠠᠭ᠎ᠠ ᠬᠠᠮᠲᠤᠷᠠᠯᠴᠠᠭᠠᠨ᠎ᠤ ᠲᠠᠪᠴᠠᠩ᠎ᠢ ᠪᠠᠢᠭᠤᠯᠪᠠ᠃ ᠭᠤᠷᠪᠠ᠎ᠳᠤ ᠠᠵᠢᠯ᠎ᠤᠨ ᠠᠷᠭ᠎ᠠ ᠬᠡᠮᠵᠢᠶ᠎ᠡ᠎ᠶᠢᠨ ᠲᠠᠯ᠎ᠠ᠎ᠪᠠᠷ ᠰᠢᠨ᠎ᠡ᠎ᠶᠢ ᠡᠭᠦᠳᠪᠡ᠃ ᠬᠥᠯᠥᠨ ᠪᠣᠶ᠋ᠢᠷ ᠬᠣᠲᠠ᠂ ᠮᠠᠨᠵᠤᠤᠷ ᠬᠣᠲᠠ᠂ ᠡᠷᠢᠶᠡᠨ ᠬᠣᠲᠠ᠎ᠳᠤ ᠭᠠᠷ ᠳᠠᠮᠵᠢᠭ᠍ᠰᠠᠨ ᠮᠠᠰᠢᠨ ᠲᠡᠷᠭᠡ᠎ᠶᠢ ᠭᠠᠳᠠᠭᠠᠳᠤ᠎ᠳᠤ ᠭᠠᠷᠭᠠᠬᠤ 3 ᠰᠠᠭᠤᠷᠢᠨ ᠭᠠᠵᠠᠷ ᠪᠠᠢᠭᠤᠯᠵᠤ᠂ ᠠᠵᠤ ᠠᠬᠤᠢᠯᠠᠯ᠎ᠤᠨ ᠭᠠᠷ ᠳᠠᠮᠵᠢᠭ᠍ᠰᠠᠨ ᠮᠠᠰᠢᠨ ᠲᠡᠷᠭᠡ᠎ᠶᠢ ᠳᠡᠯᠭᠡᠨ ᠦᠵᠡᠭᠦᠯᠵᠦ ᠠᠷᠠᠯᠵᠢᠶᠠᠯᠠᠬᠤ᠂ ᠰᠡᠯᠪᠢᠨ ᠵᠠᠰᠠᠵᠤ ᠡᠮᠬᠢᠯᠡᠨ ᠪᠡᠯᠡᠳᠬᠡᠬᠦ᠂ ᠪᠠᠢᠴᠠᠭᠠᠨ ᠰᠢᠯᠭᠠᠵᠤ ᠭᠡᠷᠡᠴᠢᠯᠡᠬᠦ᠂ ᠪᠣᠭᠣᠮᠲᠠ᠎ᠳᠤ ᠮᠡᠳᠡᠭᠦᠯᠵᠦ ᠭᠠᠳᠠᠭᠠᠳᠤ᠎ᠳᠤ ᠭᠠᠷᠭᠠᠬᠤ᠂ ᠬᠥᠮᠥᠷᠭᠡᠯᠡᠨ ᠬᠠᠳᠠᠭᠠᠯᠠᠬᠤ ᠪᠠ ᠪᠠᠷᠠᠭᠠᠨ᠎ᠤ ᠭᠦᠢᠯᠭᠡᠭᠡᠨ ᠵᠡᠷᠭᠡ ᠲᠤᠬᠠᠢᠯᠠᠭᠰᠠᠨ ᠠᠵᠢᠯ ᠥᠷᠨᠢᠭᠦᠯᠬᠦ᠎ᠳᠦ ᠲᠥᠬᠥᠮ ᠦᠵᠡᠭᠦᠯᠪᠡ᠃ ᠭᠠᠷ ᠳᠠᠮᠵᠢᠭ᠍ᠰᠠᠨ ᠮᠠᠰᠢᠨ ᠲᠡᠷᠭᠡ᠎ᠶᠢ ᠭᠠᠳᠠᠭᠠᠳᠤ᠎ᠳᠤ ᠭᠠᠷᠭᠠᠬᠤ ᠠᠵᠢᠯ ᠲᠥᠷᠥᠯ᠎ᠦᠨ ᠨᠡᠢᠭᠡᠮᠯᠢᠭ᠎ᠢ ᠪᠠᠢᠭᠤᠯᠵᠤ᠂ ᠠᠵᠢᠯ ᠲᠥᠷᠥᠯ᠎ᠦᠨ ᠨᠡᠢᠭᠡᠮᠯᠢᠭ᠎ᠡᠴᠡ ᠠᠵᠤ ᠠᠬᠤᠢᠯᠠᠯ᠎ᠤᠨ ᠬᠡᠷᠡᠭᠴᠡᠭᠡ᠎ᠳᠦ ᠦᠢᠯᠡᠴᠢᠯᠡᠬᠦ᠎ᠪᠡᠷ ᠳᠠᠮᠵᠢᠭᠤᠯᠤᠨ᠂ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ ᠪᠠ ᠣᠷᠣᠰᠢᠵᠤ ᠪᠠᠢᠭ᠎ᠠ ᠠᠰᠠᠭᠤᠳᠠᠯ᠎ᠢ ᠨᠢ ᠰᠢᠢᠳᠪᠦᠷᠢᠯᠡᠵᠦ᠂ ᠠᠵᠢᠯ ᠲᠥᠷᠥᠯ᠎ᠦᠨ ᠡᠷᠡᠭᠦᠯ ᠪᠥᠭᠡᠳ ᠡᠮᠬᠢ ᠵᠢᠷᠤᠮ᠎ᠲᠠᠢ᠎ᠪᠠᠷ ᠬᠥᠭᠵᠢᠬᠦ᠎ᠶᠢ ᠠᠬᠢᠭᠤᠯᠪᠠ ᠃ 

《 ᠣᠳᠣᠬᠠᠨ᠎ᠳᠤ ᠥᠪᠥᠷ ᠮᠣᠩᠭᠣᠯ᠎ᠤᠨ ᠭᠠᠷ ᠳᠠᠮᠵᠢᠭ᠍ᠰᠠᠨ ᠮᠠᠰᠢᠨ ᠲᠡᠷᠭᠡᠨ᠎ᠦ ᠭᠠᠳᠠᠭᠠᠳᠤ ᠭᠠᠷᠭᠠᠯᠲᠠ᠎ᠳᠤ ᠠᠷᠠᠯᠵᠢᠶᠠᠨ᠎ᠤ ᠭᠣᠣᠯ ᠴᠣᠭᠴᠠ ᠲᠦᠷᠭᠡᠨ᠎ᠢᠶᠡᠷ ᠥᠷᠭᠡᠳᠴᠦ᠂ ᠬᠠᠮᠤᠷᠤᠭᠳᠠᠬᠤ ᠠᠢᠮᠠᠭ ᠬᠣᠲᠠ᠎ᠶᠢ ᠲᠠᠰᠤᠷᠠᠯᠲᠠ ᠦᠭᠡᠢ ᠨᠡᠮᠡᠭᠳᠡᠵᠦ ᠂ ᠠᠷᠠᠯᠵᠢᠶᠠᠯᠠᠬᠤ ᠤᠯᠤᠰ᠎ᠤᠳ ᠲᠠᠰᠤᠷᠠᠯᠲᠠ ᠦᠭᠡᠢ ᠥᠷᠭᠡᠳᠴᠦ᠂ ᠭᠠᠳᠠᠭᠠᠳᠤ᠎ᠳᠤ ᠭᠠᠷᠭᠠᠬᠤ ᠮᠠᠰᠢᠨ ᠲᠡᠷᠭᠡᠨ᠎ᠦ ᠶᠠᠩᠵᠤ ᠬᠡᠯᠪᠡᠷᠢ ᠲᠠᠰᠤᠷᠠᠯᠲᠠ ᠦᠭᠡᠢ  ᠣᠯᠠᠰᠢᠷᠠᠵᠤ ᠪᠠᠢᠭ᠎ᠠ ᠣᠨᠴᠠᠯᠢᠭ᠋ ᠢᠯᠡᠷᠡᠵᠦ ᠪᠠᠢᠨ᠎ᠠ᠂ ᠪᠢᠳᠡ ᠬᠠᠷᠠᠯᠲᠠ᠎ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠤᠶᠠᠯᠳᠤᠭᠤᠯᠬᠤ᠎ᠪᠠᠨ ᠦᠷᠭᠦᠯᠵᠢᠯᠡᠨ ᠪᠠᠷᠢᠮᠲᠠᠯᠠᠵᠤ᠂ ᠪᠥᠬᠥ ᠵᠢᠯ᠎ᠳᠦ ᠭᠠᠷ ᠳᠠᠮᠵᠢᠭ᠍ᠰᠠᠨ ᠮᠠᠰᠢᠨ ᠲᠡᠷᠭᠡ᠎ᠶᠢ ᠭᠠᠳᠠᠭᠠᠳᠤ᠎ᠳᠤ1 ᠲᠦᠮᠡ ᠭᠠᠷᠭᠠᠵᠤ᠂ ᠠᠷᠠᠯᠵᠢᠶᠠᠨ᠎ᠤ ᠬᠡᠮᠵᠢᠶ᠎ᠡ᠎ᠶᠢ 10 ᠳ᠋ᠦᠩᠰᠢᠭᠤᠷ ᠲᠥᠭᠥᠷᠢᠭ᠎ᠲᠦ ᠬᠦᠷᠭᠡᠬᠦ ᠠᠵᠢᠯ᠎ᠤᠨ ᠬᠠᠷᠠᠯᠲᠠ᠎ᠶᠢ ᠪᠡᠶᠡᠯᠡᠭᠦᠯᠬᠦ᠎ᠪᠡᠷ ᠴᠢᠷᠮᠠᠢᠨ᠎ᠠ 》ᠭᠡᠵᠦ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠬᠡᠯᠡᠪᠡ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ