ᠲᠤᠭ᠎ᠠ ᠪᠦᠷᠢᠳᠬᠡᠯ   -   ᠲᠤᠭ᠎ᠠ ᠪᠦᠷᠢᠳᠬᠡᠯ
ᠳᠡᠭᠡᠷ᠎ᠡ ᠬᠠᠭᠠᠰ ᠵᠢᠯ ᠱᠢᠨ᠎ᠡ᠎ᠪᠡᠷ ᠪᠠᠢᠭᠤᠯᠤᠭᠰᠠᠨ ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠣᠭᠤᠯᠤᠭᠰᠠᠨ ᠠᠵᠤ ᠠᠬᠤᠢᠯᠠᠯ 11.7%᠎ᠪᠠᠷ ᠨᠡᠮᠡᠭ᠌ᠳᠡᠪᠡ
ᠨᠡᠶ᠋ᠢᠲᠡᠯᠡᠭᠰᠡᠨ ᠴᠠᠭ᠄ 2025-07-21

ᠠᠷᠠᠳ᠎ᠤᠨ ᠡᠳᠦᠷ᠎ᠦᠨ ᠰᠣᠨᠢᠨ᠎ᠤ ᠪᠡᠭᠡᠵᠢᠩ᠎ᠦᠨ 7 ᠳ᠋ᠤᠭᠠᠷ ᠰᠠᠷ᠎ᠠ᠎ᠶᠢᠨ 20 ᠎ᠤ ᠡᠳᠦᠷ᠎ᠦᠨ ᠮᠡᠳᠡᠭᠡ  ᠰᠤᠷᠪᠤᠯᠵᠢᠯᠠᠭ᠍ᠴᠢ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠠᠴᠠ ᠣᠢᠯᠠᠭᠠᠭᠰᠠᠨ᠎ᠢᠶᠠᠷ᠄ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ᠂ ᠪᠥᠬᠥ ᠤᠯᠤᠰ᠎ᠲᠤ ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠣᠭᠤᠯᠤᠭᠰᠠᠨ ᠠᠵᠤ ᠠᠬᠤᠢᠯᠠᠯ᠎ᠢ ᠰᠢᠨ᠎ᠡ᠎ᠪᠡᠷ 30014 ᠪᠠᠢᠭᠤᠯᠵᠤ᠂ ᠠᠳᠠᠯᠢ ᠬᠤᠭᠤᠴᠠᠭᠠᠨ᠎ᠤ ᠬᠢ᠎ᠡᠴᠡ 11.7%᠎ᠪᠠᠷ ᠨᠡᠮᠡᠭᠳᠡᠪᠡ; ᠪᠣᠳᠠᠲᠠᠢ ᠬᠡᠷᠡᠭᠯᠡᠭᠰᠡᠨ ᠭᠠᠳᠠᠭᠠᠳᠤ᠎ᠶᠢᠨ ᠪᠡᠯᠡ ᠮᠥᠩᠭᠥ 4232.3 ᠳ᠋ᠦᠩᠰᠢᠭᠤᠷ ᠲᠥᠭᠥᠷᠢᠭ᠎ᠲᠦ ᠬᠦᠷᠴᠡᠢ᠃

ᠠᠵᠢᠯ ᠲᠦᠷᠦᠯ᠎ᠦᠨ ᠲᠠᠯ᠎ᠠ᠎ᠠᠴᠠ ᠦᠵᠡᠪᠡᠯ᠂ ᠦᠢᠯᠡᠳᠬᠦ ᠦᠢᠯᠡᠰ᠎ᠦᠨ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ 1090.6 ᠳ᠋ᠦᠩᠰᠢᠭᠤᠷ ᠲᠥᠭᠥᠷᠢᠭ᠎ᠲᠦ ᠬᠦᠷᠴᠦ᠂ ᠦᠢᠯᠡᠴᠢᠯᠡᠭᠡᠨ᠎ᠦ ᠦᠢᠯᠡᠰ᠎ᠦᠨ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ 3058.7 ᠳ᠋ᠦᠩᠰᠢᠭᠤᠷ ᠲᠥᠭᠥᠷᠢᠭ᠎ᠲᠦ ᠬᠦᠷᠴᠡᠢ᠃ ᠳᠡᠭᠡᠳᠦ ᠮᠡᠷᠭᠡᠵᠢᠯ᠎ᠦᠨ ᠠᠵᠤ ᠦᠢᠯᠡᠰ᠎ᠦᠨ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ 1278.7 ᠳ᠋ᠦᠩᠰᠢᠭᠤᠷ ᠲᠥᠭᠥᠷᠢᠭ᠎ᠲᠦ ᠬᠦᠷᠴᠦ᠂ ᠡᠭᠦᠨ᠎ᠦ ᠳᠣᠲᠣᠷ᠎ᠠ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠦᠢᠯᠡᠴᠢᠯᠡᠭᠡᠨ᠎ᠦ ᠦᠢᠯᠡᠰ᠂ ᠬᠢᠮᠢ᠎ᠶᠢᠨ ᠡᠮ᠎ᠦᠨ ᠵᠦᠢᠯ ᠦᠢᠯᠡᠳᠬᠦ ᠦᠢᠯᠡᠰ᠂ ᠠᠭᠠᠷ ᠠᠶᠠᠯᠠᠯ ᠰᠠᠨᠰᠠᠷ᠎ᠤᠨ ᠨᠢᠰᠦᠭᠦᠷ ᠵᠢᠴᠢ ᠲᠥᠬᠦᠭᠡᠷᠦᠮᠵᠢ ᠦᠢᠯᠡᠳᠬᠦ ᠦᠢᠯᠡᠰ᠂ ᠡᠮᠴᠢᠯᠡᠭᠡᠨ᠎ᠦ ᠬᠡᠮᠵᠢᠭᠦᠷᠯᠢᠭ ᠲᠥᠬᠦᠭᠡᠷᠦᠮᠵᠢ ᠵᠢᠴᠢ ᠪᠠᠭᠠᠵᠢ ᠬᠡᠷᠡᠭᠰᠡᠯ ᠦᠢᠯᠡᠳᠬᠦ ᠦᠢᠯᠡᠰ᠎ᠦᠨ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠲᠤᠰ ᠲᠤᠰ 127.1%᠂ 53%᠂ 36.2%᠂ 17.7% ᠪᠡᠷ ᠨᠡᠮᠡᠭᠳᠡᠪᠡ᠃

ᠢᠷᠡᠯᠲᠡ᠎ᠶ᠋ᠢᠨ ᠭᠠᠵᠠᠷ᠎ᠠᠴᠠ ᠨᠢ ᠦᠵᠡᠪᠡᠯ᠂ ᠳᠤᠮᠳᠠᠳᠤ ᠤᠯᠤᠰ᠎ᠲᠠᠬᠢ ᠵᠡᠭᠦᠨ ᠡᠮᠦᠨᠡᠲᠦ ᠠᠽᠢᠶ᠎ᠠ᠎ᠶᠢᠨ ᠤᠯᠤᠰ᠎ᠤᠳ᠎ᠤᠨ ᠬᠣᠯᠪᠣᠭ᠎ᠠ᠎ᠶᠢᠨ ᠭᠠᠵᠠᠷ ᠣᠷᠣᠨ᠎ᠤ ᠪᠣᠳᠠᠲᠠᠢ ᠪᠡᠯᠡ ᠣᠷᠣᠭᠤᠯᠤᠯᠲᠠ 8.8%᠎ᠪᠠᠷ ᠨᠡᠮᠡᠭᠳᠡᠵᠦ᠂ ᠳᠤᠮᠳᠠᠳᠤ ᠤᠯᠤᠰ᠎ᠲᠠᠬᠢ ᠰᠸᠢᠰ᠂ ᠶᠠᠫᠤᠨ᠂ ᠠᠩᠭ᠌ᠯᠢ᠂ ᠭᠧᠷᠮᠠᠨ᠂ ᠺᠣᠷᠢᠶᠠ᠎ᠶᠢᠨ ᠪᠣᠳᠠᠲᠠᠢ ᠪᠡᠯᠡ ᠣᠷᠣᠭᠤᠯᠤᠯᠲᠠ ᠲᠤᠰ ᠲᠤᠰ 68.6%᠂ 59.1%᠂ 37.6%᠂ 6.3%᠂ 2.7%᠎ᠪᠠᠷ ᠨᠡᠮᠡᠭᠳᠡᠵᠡᠢ᠃

ᠢᠷᠡᠯᠲᠡ᠄ ᠠᠷᠠᠳ᠎ᠤᠨ ᠡᠳᠦᠷ᠎ᠦᠨ ᠰᠣᠨᠢᠨ