ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠨᠢᠨ ᠮᠡᠳᠡᠭᠡᠨ᠎ᠤ ᠠᠯᠪᠠᠨ ᠭᠡᠷ᠎ᠤᠨ 7 ᠳ᠋ᠤᠭᠠᠷ ᠰᠠᠷ᠎ᠠ᠎ᠶ᠋ᠢᠨ 18᠎ᠤ ᠡᠳᠤᠷ ᠬᠤᠷᠠᠯᠳᠤᠭᠤᠯᠤᠭᠰᠠᠨ《2025 ᠤᠨ᠎ᠤ ᠳᠡᠭᠡᠷ᠎ᠡ ᠬᠠᠭᠠᠰ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠭᠠᠳᠠᠭᠠᠳᠤ ᠠᠷᠠᠯᠵᠢᠶᠠᠨ᠎ᠤ ᠭᠠᠳᠠᠭᠠᠳᠤ ᠤᠷᠤᠭᠤᠯᠤᠯᠳᠠ ᠭᠠᠷᠭᠠᠯᠳᠠ᠎ᠶ᠋ᠢᠨ ᠪᠠᠢᠳᠠᠯ》᠎ᠤᠨ ᠲᠤᠬᠠᠢ ᠰᠤᠨᠢᠨ ᠮᠡᠳᠡᠭᠡ ᠨᠡᠢᠲᠡᠯᠡᠬᠦ ᠬᠤᠷᠠᠯ᠎ᠠᠴᠠ ᠤᠢᠯᠠᠭᠠᠭᠰᠠᠨ᠎ᠢᠶᠠᠷ᠂ ᠡᠨᠡ ᠵᠢᠯ᠎ᠤᠨ ᠲᠠᠬᠡᠷ᠎ᠠ ᠬᠠᠭᠠᠰ ᠵᠢᠯ᠎ᠳᠤ ᠮᠠᠨ᠎ᠤ ᠤᠷᠤᠨ᠎ᠤ ᠭᠠᠳᠠᠭᠠᠳᠤ ᠠᠷᠠᠯᠵᠢᠶᠠᠨ᠎ᠤ ᠶᠠᠷᠤᠩᠬᠡᠢ ᠬᠡᠮᠵᠢᠶ᠎ᠠ ᠮᠢᠩᠭᠠᠨ ᠳ᠋ᠦᠩᠱᠢᠭᠤᠷ ᠲᠥᠭᠥᠷᠢᠭ᠎ᠤᠨ ᠪᠣᠭᠣᠮᠲᠠ᠎ᠶ᠋ᠢ ᠳᠠᠪᠠᠵᠤ᠂ ᠲᠡᠤᠬᠡ᠎ᠶ᠋ᠢᠨ ᠠᠳᠠᠯᠢ ᠬᠤᠭᠤᠴᠠᠭᠠᠨ᠎ᠤ ᠰᠢᠨ᠎ᠠ ᠲᠡᠮᠳᠡᠭᠯᠡᠯ᠎ᠢ ᠡᠬᠦᠳᠪᠠ᠃
ᠡᠨᠡ ᠵᠢᠯ᠎ᠠᠴᠠ ᠨᠠᠭᠠᠰᠢ᠂ ᠮᠠᠨ᠎ᠤ ᠣᠷᠣᠨ ᠭᠠᠳᠠᠭᠠᠳᠤ ᠨᠡᠭᠡᠭᠡᠯᠲᠡᠢ ᠭᠦᠨᠵᠡᠭᠡᠢᠷᠡᠭᠦᠯᠬᠦ᠌ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠨ ᠭᠠᠳᠠᠭᠠᠳᠤ ᠠᠷᠠᠯᠵᠢᠶᠠᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠲᠣᠭ᠍ᠲᠠᠭᠤᠨ᠎ᠤ ᠳᠤᠮᠳᠠ ᠠᠬᠢᠯᠳᠠ ᠲᠠᠢ᠂ ᠲᠣᠭ᠍ᠲᠠᠭᠤᠨ᠎ᠤ ᠳᠤᠮᠳᠠ ᠶᠠᠰᠤ ᠴᠢᠨᠠᠷ᠎ᠤᠨ ᠳᠡᠭᠡᠭ᠌ᠰᠢᠯᠡᠯᠳᠠ ᠲᠠᠢ ᠪᠠᠢᠬᠤ᠎ᠶ᠋ᠢ ᠪᠠᠶᠡᠯᠡᠬᠦᠯᠪᠡ᠃ ᠪᠣᠭᠣᠮᠲᠠ᠎ᠶ᠋ᠢᠨ ᠪᠦᠷᠢᠳᠭᠡᠯ᠎ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ᠎ᠳᠤ ᠪᠦᠬᠦ ᠣᠷᠣᠨ᠎ᠤ ᠡᠳ᠋ ᠪᠡᠷᠠᠭ᠎ᠠ᠎ᠶ᠋ᠢᠨ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠬᠡᠮᠵᠢᠶ᠎ᠠ 1012.5 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠠᠴᠠ 0.4%᠎ᠪᠡᠷ ᠨᠡᠮᠡᠭ᠌ᠳᠡᠪᠡ᠃ ᠡᠭᠦᠨ᠎ᠳᠤ ᠭᠠᠳᠠᠭᠠᠳᠤ ᠭᠠᠷᠭᠠᠯᠲᠠ᠎ᠶ᠋ᠢᠨ ᠬᠡᠮᠵᠢᠶ᠎ᠠ 395.3 ᠳ᠋ᠦᠩᠱᠢᠭᠤᠷ ᠲᠥᠭᠥᠷᠢᠭ᠎ᠲᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠠᠴᠠ 3.6%᠎ᠪᠠᠷ ᠨᠡᠮᠡᠭ᠌ᠳᠡᠨ᠂ ᠭᠠᠳᠠᠭᠠᠳᠤ ᠣᠷᠣᠭᠤᠯᠤᠯᠲᠠ᠎ᠶ᠋ᠢᠨ ᠬᠡᠮᠵᠢᠶ᠎ᠠ 617.2 ᠳ᠋ᠦᠩᠱᠢᠭᠤᠷ ᠲᠥᠭᠥᠷᠢᠭ ᠪᠠᠢᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠠᠴᠠ 1.6%᠎ᠪᠡᠷ ᠪᠠᠭᠤᠷᠠᠵᠤ᠂ ᠪᠥᠬᠥ᠌ ᠤᠯᠤᠰ᠎ᠤᠨ ᠭᠠᠳᠠᠭᠠᠳᠤ ᠤᠷᠤᠭᠤᠯᠤᠯᠳᠠ ᠭᠠᠷᠭᠠᠯᠲᠠ᠎ᠶ᠋ᠢᠨ ᠪᠠᠢᠳᠠᠯ ᠲᠠᠶ ᠦᠨᠳᠦᠰᠦᠨ ᠳ᠋ᠡᠭᠡᠨ ᠠᠳᠠᠯᠢ ᠪᠠᠢᠨ᠎ᠠ᠃
ᠤᠢᠯᠠᠭᠠᠭᠰᠠᠨ᠎ᠢᠶᠠᠷ᠂ ᠳᠡᠭᠡᠷ᠎ᠡ ᠬᠠᠭᠠᠰ ᠵᠢᠯ᠎ᠳᠤ ᠮᠠᠨ᠎ᠤ ᠣᠷᠣᠨ ᠨᠡᠢᠲᠡ 168 ᠤᠯᠤᠰ ᠪᠠ ᠭᠠᠵᠠᠷ ᠣᠷᠣᠨ ᠲᠠᠢ ᠭᠠᠳᠠᠭᠠᠳᠤ ᠠᠷᠠᠯᠵᠢᠶ᠎ᠠ ᠥᠷᠨᠢᠭᠦᠯᠤᠨ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠠᠴᠠ 5 ᠨᠡᠮᠡᠭ᠌ᠳᠡᠵᠤ᠂ 《ᠨᠢᠭᠡ ᠪᠦᠰᠡ ᠨᠢᠭᠡ ᠵᠠᠮ》᠎ᠢ ᠬᠠᠮᠲᠤᠪᠡᠷ ᠪᠥᠲᠥᠭᠡᠨ ᠪᠠᠢᠭᠤᠯᠬᠤ ᠤᠯᠤᠰ᠎ᠯᠤᠭ᠎ᠠ᠎ᠶ᠋ᠢᠨ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠬᠡᠮᠵᠢᠶ᠎ᠠ 789.6 ᠳ᠋ᠦᠩᠱᠢᠭᠤᠷ ᠲᠥᠭᠥᠷᠢᠭ᠎ᠲᠦ ᠬᠦᠷᠴᠦ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠶᠡᠷᠦᠩᠬᠡᠶ ᠬᠡᠮᠵᠢᠶᠡᠨ᠎ᠤ 78%᠎ᠶ᠋ᠢ ᠡᠵᠡᠯᠡᠪᠡ᠃ ᠮᠠᠱᠢᠨ ᠴᠠᠬᠢᠯᠭᠠᠨ᠎ᠤ ᠦᠶ᠋ᠯᠡᠳᠬᠦᠨ᠂ ᠲᠠᠷᠢᠶᠠᠯᠠᠩ᠎ᠤᠨ ᠪᠦᠲᠦᠭᠡᠭ᠌ᠳᠡᠬᠦᠨ᠂ ᠦᠨᠳᠦᠰᠦᠨ ᠣᠷᠭᠠᠨᠢᠭ ᠬᠢᠮᠢ᠎ᠶ᠋ᠢᠨ ᠦᠶ᠋ᠯᠡᠳᠬᠦᠨ᠂ ᠪᠣᠯᠣᠳ ᠮᠠᠲ᠋ᠧᠷᠢᠶᠠᠯ᠂ ᠬᠥᠳᠡᠯᠮᠦᠷᠢ ᠬᠦᠴᠦ ᠨᠢᠭ᠍ᠲᠠᠷᠬᠠᠰᠠᠨ ᠬᠡᠯᠪᠡᠷᠢ᠎ᠶ᠋ᠢᠨ ᠦᠶ᠋ᠯᠡᠳᠬᠦᠨ ᠪᠤᠯ ᠮᠠᠨ᠎ᠤ ᠣᠷᠣᠨ᠎ᠤ ᠭᠠᠳᠠᠭᠠᠳᠤ ᠭᠠᠷᠭᠠᠯᠳᠠ᠎ᠶ᠋ᠢᠨ ᠲᠦᠷᠦᠭᠦᠦ ᠲᠠᠪᠤ᠎ᠳᠤ ᠵᠢᠭᠰᠠᠭᠰᠠᠨ ᠪᠠᠷᠠᠭ᠎ᠠ ᠲᠠᠸᠠᠷ ᠪᠠᠢᠵᠤ᠂ ᠭᠠᠳᠠᠭᠠᠳᠤ ᠭᠠᠷᠭᠠᠯᠳᠠ᠎ᠶ᠋ᠢᠨ ᠬᠡᠮᠵᠢᠶ᠎ᠠ ᠨᠢ 255.9 ᠳ᠋ᠦᠩᠱᠢᠭᠤᠷ ᠲᠥᠭᠥᠷᠢᠭ᠎ᠲᠦ ᠬᠦᠷᠴᠦ᠍᠂ ᠪᠦᠬᠦ ᠣᠷᠣᠨ᠎ᠤ ᠭᠠᠳᠠᠭᠠᠳᠤ ᠭᠠᠷᠭᠠᠯᠳᠠ᠎ᠶ᠋ᠢᠨ ᠶᠡᠷᠦᠩᠬᠡᠶ ᠬᠡᠮᠵᠢᠶᠡᠨ᠎ᠤ 64.7%᠎ᠶ᠋ᠢ ᠡᠵᠡᠯᠡᠪᠡ᠃ ᠭᠠᠳᠠᠭᠠᠳᠤ᠎ᠠᠴᠠ ᠣᠷᠣᠭᠤᠯᠤᠭ᠍ᠰᠠᠨ ᠵᠡᠰ᠎ᠤᠨ ᠬᠦᠳᠡᠷ᠂ ᠨᠡᠭᠦᠷᠡᠰᠦ ᠪᠠ ᠲᠡᠮᠦᠷ᠎ᠤᠨ ᠶᠡᠷᠦᠩᠬᠡᠶ ᠥᠷᠲᠡᠭ 457.3 ᠳ᠋ᠦᠩᠱᠢᠭᠤᠷ ᠲᠥᠭᠥᠷᠢᠭᠲᠤᠬᠦᠷᠴᠦ᠂ ᠭᠠᠳᠠᠭᠠᠳᠤ ᠤᠷᠤᠭᠤᠯᠤᠯᠳᠠ᠎ᠶ᠋ᠢᠨ ᠶᠡᠷᠦᠩᠬᠡᠶ ᠬᠡᠮᠵᠢᠶᠡᠨ᠎ᠤ 74.1%᠎ᠶ᠋ᠢ ᠡᠵᠡᠯᠡᠪᠡ᠃ ᠪᠣᠳᠠᠲᠤ ᠦᠷ᠎ᠡ ᠪᠦᠲᠦᠮᠵᠢ ᠣᠯᠤᠭ᠍ᠰᠠᠨ ᠪᠦᠬᠦ ᠣᠷᠣᠨ᠎ᠤ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ 2835 ᠪᠠᠢᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠠᠴᠠ 116 ᠨᠡᠮᠡᠭ᠌ᠳᠡᠵᠠᠢ᠃