ᠳᠡᠭᠡᠷ᠎ᠡ ᠬᠠᠭᠠᠰ ᠵᠢᠯ᠎ᠳᠦ ᠪᠥᠬᠥ ᠣᠷᠣᠨ᠎ᠤ ᠠᠵᠤ ᠠᠬᠤᠢ ᠳᠠᠷᠤᠯᠲᠠ᠎ᠶᠢ ᠲᠤᠯᠤᠨ ᠤᠷᠤᠭᠰᠢᠯᠠᠵᠤ᠂ ᠲᠣᠭᠲᠠᠭᠤᠨ᠎ᠢᠶᠠᠷ ᠨᠡᠮᠡᠭᠳᠡᠪᠡ
(2025ᠣᠨ᠎ᠤ 7᠎ᠳ᠋ᠤᠭᠠᠷ ᠰᠠᠷ᠎ᠠ᠎ᠶᠢᠨ 21᠎ᠦ ᠡᠳᠦᠷ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠦᠨ ᠲᠣᠪᠴᠢᠶ᠎ᠠ
ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶᠠᠨ᠎ᠤ ᠥᠪᠥᠷ ᠮᠣᠩᠭᠣᠯ᠎ᠤᠨ ᠪᠠᠢᠴᠠᠭᠠᠯᠲᠠ᠎ᠶᠢᠨ ᠶᠡᠷᠦᠩᠬᠡᠢ ᠠᠩᠭᠢ
ᠳᠡᠭᠡᠷ᠎ᠡ ᠬᠠᠭᠠᠰ ᠵᠢᠯ᠎ᠳᠦ᠂ ᠪᠦᠬᠦ ᠣᠷᠣᠨ᠎ᠢᠶᠠᠷ᠎ᠢᠶᠠᠨ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠨ᠂ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠱᠠᠭᠠᠷᠳᠠᠯᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ᠎ᠶᠢᠨ ᠠᠵᠢᠯ᠎ᠤᠨ ᠬᠤᠷᠠᠯᠳᠤᠭᠠᠨ ᠪᠣᠯᠣᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠪᠠᠢᠷᠢᠯᠠᠭᠤᠯᠤᠯᠲᠠ ᠶᠣᠰᠣᠭᠠᠷ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠡᠷ ᠠᠵᠢᠯ᠎ᠤᠨ ᠭᠣᠣᠯ ᠰᠢᠵᠢᠮ᠎ᠢᠶᠡᠨ ᠪᠣᠯᠭᠠᠵᠤ᠂ 《ᠬᠣᠶᠠᠷ ᠶᠡᠬᠡ ᠶᠠᠪᠤᠳᠠᠯ》᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠵᠦ᠂ 《ᠵᠢᠷᠭᠤᠭᠠᠨ ᠢᠨᠵᠧᠨᠧᠷᠢᠩ》᠎ᠢ ᠦᠷᠭᠦᠯᠵᠢᠯᠡᠨ ᠬᠡᠷᠡᠭᠵᠢᠭᠦᠯᠵᠦ᠂ 《ᠵᠢᠷᠭᠤᠭᠠᠨ ᠠᠵᠢᠯᠯᠠᠭᠠᠨ》᠎ᠢ ᠭᠦᠨᠵᠡᠭᠡᠢ ᠦᠷᠨᠢᠭᠦᠯᠦᠨ᠂ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ᠎ᠶᠢ ᠲᠣᠭᠲᠠᠪᠤᠷᠢᠵᠢᠭᠤᠯᠬᠤ ᠠᠵᠢᠯ᠎ᠢ ᠳᠣᠪᠣᠢᠯᠭᠠᠨ ᠰᠠᠢᠲᠤᠷ ᠬᠢᠵᠦ᠂ ᠭᠠᠳᠠᠭᠠᠲᠤ ᠣᠷᠴᠢᠨ ᠨᠦᠭᠦᠴᠡᠯ᠎ᠦᠨ ᠬᠤᠪᠢᠷᠠᠯᠲᠠ᠎ᠶᠢ ᠢᠳᠡᠪᠬᠢᠲᠡᠢ ᠠᠷᠭᠠᠴᠠᠭᠠᠨ᠂ ᠨᠠᠩ ᠢᠳᠡᠪᠬᠢᠲᠡᠢ ᠪᠥᠭᠡᠳ ᠪᠦᠲᠦᠮᠵᠢᠲᠡᠶ ᠬᠣᠷᠸ᠎ᠠ ᠲᠥᠷᠥ᠎ᠶᠢᠨ ᠪᠣᠳᠣᠯᠭ᠎ᠠ᠎ᠶᠢ ᠱᠠᠯᠠᠪᠳᠠᠨ ᠨᠠᠢᠳᠠᠪᠤᠷᠢᠵᠢᠭᠤᠯᠵᠤ᠂ ᠪᠥᠬᠥ ᠣᠷᠣᠨ᠎ᠤ ᠠᠵᠤ ᠠᠬᠤᠢ ᠳᠠᠷᠤᠯᠲᠠ᠎ᠶᠢ ᠲᠤᠯᠵᠤ ᠯᠠᠪᠳᠠᠭᠤᠨ᠎ᠢᠶᠠᠷ ᠤᠷᠤᠭᠰᠢᠯᠠᠵᠤ᠂ ᠲᠣᠭᠲᠠᠭᠤᠨ᠎ᠤ ᠳᠤᠮᠳᠠ ᠳᠠᠪᠰᠢᠯᠲᠠ ᠲᠠᠢ᠂ ᠲᠣᠭᠲᠠᠭᠤᠨ᠎ᠢᠶᠠᠷ ᠰᠠᠢᠵᠢᠷᠠᠬᠤ ᠬᠥᠭᠵᠢᠯᠲᠡ᠎ᠶᠢᠨ ᠬᠠᠨᠳᠤᠰᠢ ᠢᠯᠡᠷᠡᠵᠦ᠂ ᠦᠢᠯᠡᠳᠪᠦᠷᠢᠯᠡᠯ᠎ᠦᠨ ᠬᠡᠷᠡᠭᠴᠡᠭᠡ ᠦᠷᠭᠦᠯᠵᠢᠯᠡᠨ ᠨᠡᠮᠡᠭᠳᠡᠵᠦ᠂ ᠰᠢᠨ᠎ᠡ ᠠᠵᠤ ᠦᠢᠯᠡᠰ ᠰᠢᠨ᠎ᠡ ᠬᠥᠳᠡᠯᠭᠡᠭᠴᠢ ᠡᠨᠧᠷᠭᠢ ᠲᠦᠷᠭᠡᠬᠡᠨ ᠪᠣᠢᠵᠢᠵᠤ᠂ ᠴᠢᠨᠠᠷ ᠰᠠᠢᠲᠠᠢ ᠬᠥᠭᠵᠢᠯᠲᠡ ᠲᠣᠭᠲᠠᠭᠤᠨ᠎ᠢᠶᠠᠷ ᠠᠬᠢᠪᠠ᠃
ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠥᠷᠲᠡᠭ᠎ᠦᠨ ᠨᠢᠭᠡᠳᠦᠯᠲᠡᠢ ᠬᠠᠷᠭᠤᠭᠤᠯᠤᠨ ᠪᠣᠳᠣᠭᠰᠠᠨ ᠦᠷ᠎ᠡ ᠳ᠋ᠦᠩ᠎ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ᠎ᠦᠨ ᠪᠥᠬᠥ ᠣᠷᠣᠨ᠎ᠤ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠥᠷᠲᠡᠭ 12077.6 ᠳ᠋ᠦᠩᠰᠢᠭᠤᠷ ᠲᠥᠭᠥᠷᠢᠭ᠎ᠲᠦ ᠬᠦᠷᠴᠦ᠂ ᠦᠯᠦ᠍ ᠬᠤᠪᠢᠰᠭᠤ ᠦᠨ᠎ᠡ᠎ᠪᠡᠷ ᠪᠤᠳᠤᠪᠠᠯ᠂ ᠠᠳᠠᠯᠢ ᠬᠤᠭᠤᠴᠠᠭᠠᠨ᠎ᠤ ᠬᠢ᠎ᠡᠴᠡ 5.4%᠎ᠪᠠᠷ ᠨᠡᠮᠡᠭᠳᠡᠪᠡ᠃ ᠠᠵᠤ ᠦᠢᠯᠡᠰ᠎ᠢᠶᠡᠷ ᠠᠩᠭᠢᠯᠠᠨ ᠦᠵᠡᠪᠡᠯ᠂ ᠨᠢᠭᠡᠳᠦᠭᠡᠷ ᠠᠵᠤ ᠦᠢᠯᠡᠰ᠎ᠦᠨ ᠨᠡᠮᠡᠭᠳᠡᠯ ᠥᠷᠲᠡᠭ 406.0 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 5.5%᠎ᠪᠠᠷ ᠨᠡᠮᠡᠭᠳᠡᠪᠡ; ᠬᠣᠶᠠᠳᠤᠭᠠᠷ ᠠᠵᠤ ᠦᠢᠯᠡᠰ᠎ᠦᠨ ᠨᠡᠮᠡᠭᠳᠡᠯ ᠥᠷᠲᠡᠭ 5537.2 ᠳ᠋ᠦᠩᠰᠢᠭᠤᠷ ᠲᠥᠭᠥᠷᠢᠭ᠎ᠲᠦ ᠬᠦᠷᠴᠦ᠂ 6.3%᠎ᠪᠠᠷ ᠨᠡᠮᠡᠭᠳᠡᠪᠡ; ᠭᠤᠷᠪᠠᠳᠤᠭᠠᠷ ᠠᠵᠤ ᠦᠢᠯᠡᠰ᠎ᠦᠨ ᠨᠡᠮᠡᠭᠳᠡᠯ ᠦᠷᠳᠡᠭ 6134.5 ᠳ᠋ᠦᠩᠰᠢᠭᠤᠷ ᠲᠥᠭᠥᠷᠢᠭ᠎ᠲᠦ ᠬᠦᠷᠴᠦ᠂ 4.6%᠎ᠪᠡᠷ ᠨᠡᠮᠡᠭᠳᠡᠪᠡ᠃
ᠲᠠᠷᠢᠶᠠᠯᠠᠩ ᠠᠵᠤ ᠠᠬᠤᠢ᠎ᠶᠢᠨ ᠦᠨᠳᠦᠰᠦᠨ ᠪᠠᠢᠳᠠᠯ ᠪᠠᠲᠤ ᠪᠡᠬᠢ ᠪᠠᠢᠵᠤ
ᠮᠠᠯ ᠠᠵᠤ ᠠᠬᠤᠢ᠎ᠶᠢᠨ ᠦᠢᠯᠡᠳᠪᠦᠷᠢᠯᠡᠯ ᠲᠣᠭᠲᠠᠭᠤᠨ᠎ᠤ ᠳᠤᠮᠳᠠ ᠳᠠᠪᠰᠢᠯᠲᠠ᠎ᠲᠠᠢ ᠪᠣᠯᠪᠠ
ᠳᠡᠭᠡᠷ᠎ᠡ ᠬᠠᠭᠠᠰ ᠵᠢᠯ᠎ᠳᠦ᠂ ᠪᠥᠬᠥ ᠣᠷᠣᠨ᠎ᠤ ᠲᠠᠷᠢᠶᠠᠯᠠᠩ᠂ ᠣᠶ ᠰᠢᠭᠤᠢ᠂ ᠮᠠᠯ ᠠᠵᠤ ᠠᠬᠤᠢ᠂ ᠵᠢᠭᠠᠰᠤᠨ᠎ᠤ ᠠᠵᠤ ᠠᠬᠤᠢ᠎ᠶᠢᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ᠎ᠤ ᠬᠢ᠎ᠡᠴᠡ 5.5%᠎ᠪᠠᠷ ᠨᠡᠮᠡᠭᠳᠡᠪᠡ᠃ ᠲᠠᠯᠠᠪᠠᠢ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ ᠢᠨᠵᠧᠨᠧᠷᠢᠩ᠎ᠢ ᠦᠷᠭᠦᠯᠵᠢᠯᠡᠨ ᠥᠷᠨᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠢᠴᠢ ᠪᠡᠯᠡᠳᠬᠡᠮᠵᠢᠲᠦ ᠲᠠᠷᠢᠶᠠᠯᠠᠩ᠎ᠤᠨ ᠪᠦᠲᠦᠭᠡᠨ ᠪᠠᠢᠭᠤᠯᠤᠯᠲᠠ ᠯᠠᠪᠳᠠᠭᠤᠨ᠎ᠢᠶᠠᠷ ᠠᠬᠢᠪᠠ᠃ ᠳᠡᠭᠡᠷ᠎ᠡ ᠬᠠᠭᠠᠰ ᠵᠢᠯ᠎ᠳᠦ᠂ ᠭᠠᠬᠠᠢ᠂ ᠦᠬᠡᠷ᠂ ᠬᠣᠨᠢ᠂ ᠵᠢᠭᠦᠷᠲᠡᠨ᠎ᠦ ᠮᠢᠬᠠᠨ᠎ᠤ ᠭᠠᠷᠤᠯᠲᠠ 108.8 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 6.5%᠎ᠪᠠᠷ ᠨᠡᠮᠡᠭᠳᠡᠵᠡᠢ᠃ ᠡᠭᠦᠨ᠎ᠳᠦ ᠦᠬᠡᠷ᠎ᠦᠨ ᠮᠢᠬ᠎ᠠ᠂ ᠬᠤᠨᠢᠨ ᠮᠢᠬ᠎ᠠ᠂ ᠭᠠᠬᠠᠢ᠎ᠶᠢᠨ ᠮᠢᠬᠠᠨ᠎ᠤ ᠭᠠᠷᠤᠯᠲᠠ ᠲᠤᠰ ᠲᠤᠰ 9.7%᠂ 3.8% ᠪᠠ 4.9%᠎ᠪᠡᠷ ᠨᠡᠮᠡᠭᠳᠡᠪᠡ᠃ ᠦᠨᠢᠶᠡᠨ ᠰᠦ᠎ᠶᠢᠨ ᠭᠠᠷᠤᠯᠲᠠ 3.6%᠎ᠪᠠᠷ ᠨᠡᠮᠡᠭᠳᠡᠪᠡ᠃ ᠳᠡᠭᠡᠷ᠎ᠡ ᠬᠠᠭᠠᠰ ᠵᠢᠯ᠎ᠦᠨ ᠰᠡᠭᠦᠯᠴᠢ᠎ᠪᠡᠷ᠂ ᠪᠥᠬᠥ ᠣᠷᠣᠨ᠎ᠤ ᠦᠬᠡᠷ᠎ᠦᠨ ᠲᠣᠭ᠎ᠠ ᠲᠣᠯᠣᠭᠠᠢ 1032.1 ᠲᠦᠮᠡ᠎ᠳᠦ ᠬᠦᠷᠴᠦ᠂ 6.3%᠎ᠪᠠᠷ ᠨᠡᠮᠡᠭᠳᠡᠪᠡ; ᠬᠣᠨᠢᠨ᠎ᠤ ᠲᠣᠭ᠎ᠠ ᠲᠣᠯᠣᠭᠠᠢ 6440.7ᠲᠦᠮᠡ᠎ᠳᠦ ᠬᠦᠷᠴᠦ᠂ 5.2%᠎ᠢᠶᠠᠷ ᠪᠠᠭᠤᠷᠠᠪᠠ; ᠠᠮᠢᠳᠤ ᠭᠠᠬᠠᠢ᠎ᠶᠢᠨ ᠲᠣᠭ᠎ᠠ ᠲᠣᠯᠣᠭᠠᠢ 688.9 ᠲᠦᠮᠡ᠎ᠳᠦ ᠬᠦᠷᠴᠦ᠂ 7.4%᠎ᠪᠡᠷ ᠨᠡᠮᠡᠭᠳᠡᠪᠡ᠃
ᠠᠵᠤ ᠦᠢᠯᠡᠳᠪᠦᠷᠢ᠎ᠶᠢᠨ ᠦᠢᠯᠡᠳᠪᠦᠷᠢᠯᠡᠯ ᠲᠣᠭᠲᠠᠭᠤᠨ ᠪᠠᠢᠳᠠᠯ᠎ᠢᠶᠠᠨ ᠪᠠᠷᠢᠮᠲᠠᠯᠠᠵᠤ
ᠰᠢᠨ᠎ᠡ ᠡᠨᠧᠷᠭᠢ᠎ᠶᠢᠨ ᠠᠵᠤ ᠦᠢᠯᠡᠰ᠎ᠦᠨ ᠨᠡᠮᠡᠭᠳᠡᠯ᠎ᠦᠨ ᠬᠠᠨᠳᠤᠰᠢ ᠨᠡᠯᠢᠶᠡᠳ ᠰᠠᠢᠨ ᠪᠠᠢᠨ᠎ᠠ
ᠳᠡᠭᠡᠷ᠎ᠡ ᠬᠠᠭᠠᠰ ᠵᠢᠯ᠎ᠳᠦ᠂ ᠪᠥᠬᠥ ᠣᠷᠣᠨ᠎ᠤ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 7.1%᠎ᠪᠡᠷ ᠨᠡᠮᠡᠭᠳᠡᠪᠡ᠃ ᠭᠤᠷᠪᠠᠨ ᠶᠡᠬᠡ ᠲᠦᠷᠦᠯ᠎ᠢᠶᠡᠷ ᠠᠩᠭᠢᠯᠠᠨ ᠦᠵᠡᠪᠡᠯ᠂ ᠠᠭᠤᠷᠬᠠᠢ ᠮᠠᠯᠲᠠᠬᠤ ᠦᠢᠯᠡᠰ᠎ᠦᠨ ᠨᠡᠮᠡᠭᠳᠡᠯ ᠦᠷᠳᠡᠭ ᠠᠳᠠᠯᠢ ᠬᠤᠭᠤᠴᠠᠭᠠᠨ᠎ᠤ ᠬᠢ᠎ᠡᠴᠡ 5.2%ᠵᠢᠡᠷ ᠨᠡᠮᠡᠭᠳᠡᠵᠦ᠂ ᠦᠢᠯᠡᠳᠬᠦ ᠦᠢᠯᠡᠰ 10.4%᠎ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠎ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ᠎ᠤ ᠦᠢᠯᠡᠳᠪᠦᠷᠢᠯᠡᠯ ᠪᠠ ᠬᠠᠩᠭᠠᠯᠭ᠎ᠠ᠎ᠶᠢᠨ ᠦᠢᠯᠡᠰ 6.9%᠎ᠪᠠᠷ ᠨᠡᠮᠡᠭᠳᠡᠵᠡᠢ᠃ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠨᠡᠮᠡᠭᠳᠡᠯ᠎ᠦᠨ ᠬᠠᠨᠳᠤᠰᠢ ᠨᠡᠯᠢᠶᠡᠳ ᠰᠠᠢᠨ ᠪᠠᠢᠵᠤ᠂ ᠰᠢᠨ᠎ᠡ ᠡᠨᠧᠷᠭᠢ ᠵᠢᠴᠢ ᠬᠠᠮᠢᠶ᠎ᠠ ᠪᠦᠬᠦᠢ ᠠᠵᠤ ᠦᠢᠯᠡᠰ᠎ᠦᠨ ᠨᠡᠮᠡᠭᠳᠡᠯ ᠦᠷᠳᠡᠭ 18.8%᠎ᠪᠡᠷ ᠨᠡᠮᠡᠭᠳᠡᠪᠡ᠃ ᠡᠭᠦᠨ᠎ᠳᠦ᠂ ᠰᠢᠨ᠎ᠡ ᠡᠨᠧᠷᠭᠢ᠎ᠶᠢᠨ ᠲᠣᠨᠣᠭ ᠲᠥᠬᠥᠭᠡᠷᠦᠮᠵᠢ ᠦᠢᠯᠡᠳᠬᠦ ᠦᠢᠯᠡᠰ᠎ᠦᠨ ᠨᠡᠮᠡᠭᠳᠡᠯ ᠥᠷᠲᠡᠭ 22.1%᠎ᠪᠡᠷ ᠨᠡᠮᠡᠭᠳᠡᠪᠡ᠃ ᠠᠵᠤ ᠠᠬᠤᠢ᠎ᠶᠢᠨ ᠲᠥᠷᠥᠯ ᠵᠦᠢᠯ᠎ᠢᠶᠡᠷ ᠠᠩᠭᠢᠯᠠᠨ ᠦᠵᠡᠪᠡᠯ᠂ ᠤᠯᠤᠰ᠎ᠤᠨ ᠦᠮᠴᠢᠯᠡᠯᠲᠦ ᠬᠣᠪᠢᠴᠠᠭ᠎ᠠ ᠡᠵᠡᠮᠳᠡᠭᠰᠡᠨ ᠠᠵᠤ ᠠᠬᠤᠢᠯᠠᠯ᠎ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 7.2%᠎ᠢᠶᠡᠷ ᠨᠡᠮᠡᠭᠳᠡᠪᠡ; ᠬᠣᠪᠢᠴᠠᠭᠠᠲᠤ ᠳᠦᠷᠢᠮᠲᠦ ᠠᠵᠤ ᠠᠬᠤᠢᠯᠠᠯ 7.0%᠎ᠢᠶᠠᠷ ᠨᠡᠮᠡᠭᠳᠡᠵᠦ᠂ ᠭᠠᠳᠠᠭᠠᠳᠤ᠎ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠢᠸᠠᠨ᠎ᠤ ᠪᠡᠯᠡ ᠣᠷᠣᠭᠤᠯᠤᠭᠰᠠᠨ ᠠᠵᠤ ᠠᠬᠤᠢᠯᠠᠯ 10.3%᠎ᠪᠡᠷ ᠨᠡᠮᠡᠭᠳᠡᠪᠡ᠃ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠭᠣᠣᠯ ᠦᠢᠯᠡᠳᠬᠦᠨ᠎ᠦ ᠦᠢᠯᠡᠳᠪᠦᠷᠢᠯᠡᠯ᠎ᠦᠨ ᠬᠡᠮᠵᠢᠶ᠎ᠡ᠎ᠠᠴᠠ ᠦᠵᠡᠪᠡᠯ᠂ ᠲᠦᠭᠦᠬᠡᠢ ᠨᠡᠭᠦᠷᠡᠰᠦᠨ᠎ᠦ ᠭᠠᠷᠤᠯᠲᠠ 6.4ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 0.7%᠎ᠪᠠᠷ ᠨᠡᠮᠡᠭᠳᠡᠪᠡ; ᠴᠠᠬᠢᠯᠭᠠᠨ ᠭᠠᠷᠭᠠᠭᠰᠠᠨ ᠬᠡᠮᠵᠢᠶ᠎ᠡ 4052.7 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ 2.6%᠎ᠪᠡᠷ ᠨᠡᠮᠡᠭᠳᠡᠪᠡ᠂ ᠡᠭᠦᠨ᠎ᠳᠦ᠂ ᠰᠠᠯᠬᠢᠨ᠎ᠤ ᠬᠦᠴᠦ᠎ᠪᠡᠷ ᠴᠠᠬᠢᠯᠭᠠᠨ ᠭᠠᠷᠭᠠᠭᠰᠠᠨ ᠬᠡᠮᠵᠢᠶ᠎ᠡ 1063.0 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ 27.9%᠎ᠪᠡᠷ ᠨᠡᠮᠡᠭᠳᠡᠪᠡ; ᠰᠠᠯᠬᠢᠨ᠎ᠤ ᠬᠦᠴᠦ᠎ᠪᠡᠷ ᠴᠠᠬᠢᠯᠭᠠᠨ ᠭᠠᠷᠭᠠᠭᠰᠠᠨ ᠮᠠᠰᠢᠨ ᠪᠦᠯᠦᠭ 207.6 ᠲᠦᠮᠡᠨ ᠺᠢᠯᠣᠸᠠᠲ ᠴᠠᠭ᠎ᠲᠤ ᠬᠦᠷᠭᠡᠵᠦ᠂ 85.0%᠎ᠢᠶᠠᠷ ᠨᠡᠮᠡᠭᠳᠡᠪᠡ; ᠮᠠᠰᠢᠨ ᠲᠡᠷᠭᠡᠨ᠎ᠦ ᠦᠢᠯᠡᠳᠪᠦᠷᠢᠯᠡᠯ᠎ᠦᠨ ᠬᠡᠮᠵᠢᠶ᠎ᠡ 4.9 ᠲᠦᠮᠡ᠎ᠳᠦ ᠬᠦᠷᠴᠦ᠂ 17.7%᠎ᠪᠡᠷ ᠨᠡᠮᠡᠭᠳᠡᠪᠡ᠃ 1 - 5 ᠳ᠋ᠤᠭᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠠᠵᠤ ᠠᠬᠤᠢᠯᠠᠯ᠎ᠦᠨ ᠡᠵᠡᠩᠨᠡᠯᠲᠡ᠎ᠶᠢᠨ ᠣᠷᠣᠯᠭ᠎ᠠ 11539.7 ᠳ᠋ᠦᠩᠰᠢᠭᠤᠷ ᠲᠥᠭᠥᠷᠢᠭ᠎ᠲᠤ ᠬᠦᠷᠴᠦ᠂ ᠠᠰᠢᠭ᠋ ᠬᠣᠨᠵᠢᠪᠤᠷᠢ᠎ᠶᠢᠨ ᠶᠡᠷᠦᠩᠬᠡᠢ ᠲᠣᠭ᠎ᠠ 1168.4 ᠳ᠋ᠦᠩᠰᠢᠭᠤᠷ ᠲᠥᠭᠥᠷᠢᠭ᠎ᠲᠤ ᠬᠥᠷᠪᠡ᠃
ᠦᠢᠯᠡᠴᠢᠯᠡᠭᠡᠨ᠎ᠦ ᠦᠢᠯᠡᠰ ᠲᠣᠭᠲᠠᠭᠤᠨ᠎ᠢᠶᠠᠷ ᠨᠡᠮᠡᠭᠳᠡᠵᠦ
ᠣᠲᠣ᠌ ᠦᠶ᠎ᠡ᠎ᠶᠢᠨ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ ᠰᠠᠢᠨ ᠪᠠᠢᠨ᠎ᠠ
ᠳᠡᠭᠡᠷ᠎ᠡ ᠬᠠᠭᠠᠰ ᠵᠢᠯ᠎ᠳᠦ᠂ ᠪᠥᠬᠥ ᠣᠷᠣᠨ᠎ᠤ ᠦᠢᠯᠡᠴᠢᠯᠡᠭᠡᠨ᠎ᠦ ᠦᠢᠯᠡᠰ᠎ᠦᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 4.6%᠎ᠪᠠᠷ ᠨᠡᠮᠡᠭᠳᠡᠪᠡ᠃ ᠡᠭᠦᠨ᠎ᠳᠦ᠂ ᠪᠦᠯᠦᠭᠯᠡᠨ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠎ᠦᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 5.0%᠎ᠢᠶᠡᠷ ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ᠂ ᠨᠦᠬᠡᠴᠡᠯᠡᠯᠲᠡ ᠪᠠ ᠰᠢᠤᠳᠠᠨ᠎ᠤ ᠦᠢᠯᠡᠰ 4.7%᠎ᠪᠡᠷ ᠨᠡᠮᠡᠭᠳᠡᠵᠦ᠂ ᠬᠣᠨᠣᠭ ᠪᠠᠭᠤᠳᠠᠯ ᠪᠠ ᠢᠳᠡᠭᠡᠨ ᠤᠮᠳᠠᠭᠠᠨ᠎ᠤ ᠦᠢᠯᠡᠰ 3.0%᠎ᠢᠶᠡᠷ ᠨᠡᠮᠡᠭᠳᠡᠵᠡᠢ᠃ 1 - 5 ᠳ᠋ᠤᠭᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠡᠴᠡ ᠳᠡᠭᠡᠭᠰᠢᠬᠢ ᠦᠢᠯᠡᠴᠢᠯᠡᠭᠡᠨ᠎ᠦ ᠦᠢᠯᠡᠰ᠎ᠦᠨ ᠡᠵᠡᠩᠨᠡᠯᠲᠡ᠎ᠶᠢᠨ ᠣᠷᠣᠯᠭ᠎ᠠ ᠠᠳᠠᠯᠢ ᠬᠤᠭᠤᠴᠠᠭᠠᠨ᠎ᠤ ᠬᠢ᠎ᠡᠴᠡ 9.8%᠎ᠪᠠᠷ ᠨᠡᠮᠡᠭᠳᠡᠪᠡ᠃ ᠪᠥᠬᠥ ᠣᠷᠣᠨ᠎ᠤ ᠬᠡᠪᠴᠢᠶᠡᠵᠢᠯ᠎ᠡᠴᠡ ᠳᠡᠭᠡᠭᠰᠢᠬᠢ ᠦᠢᠯᠡᠴᠢᠯᠡᠭᠡᠨ᠎ᠦ ᠦᠢᠯᠡᠰ᠎ᠦᠨ 10 ᠠᠵᠢᠯ ᠲᠥᠷᠥᠯ᠎ᠦᠨ ᠬᠡᠯᠪᠡᠷᠢ ᠳᠣᠲᠣᠷ᠎ᠠ᠂ 8 ᠠᠵᠢᠯ ᠲᠥᠷᠥᠯ᠎ᠦᠨ ᠡᠵᠡᠩᠨᠡᠯᠲᠡ᠎ᠶᠢᠨ ᠣᠷᠣᠯᠭ᠎ᠠ ᠨᠢ ᠠᠳᠠᠯᠢ ᠬᠤᠭᠤᠴᠠᠭᠠᠨ᠎ᠤ ᠬᠢ᠎ᠡᠴᠡ ᠨᠡᠮᠡᠭᠳᠡᠵᠡᠢ᠃ ᠡᠭᠦᠨ᠎ᠳᠦ᠂ ᠰᠢᠨᠵᠢᠯᠡᠬᠦ ᠤᠬᠠᠭᠠᠨ᠎ᠤ ᠰᠤᠳᠤᠯᠭᠠᠨ ᠪᠠ ᠮᠡᠷᠭᠡᠵᠢᠯ᠎ᠦᠨ ᠦᠢᠯᠡᠴᠢᠯᠡᠭᠡᠨ᠎ᠦ ᠦᠢᠯᠡᠰ᠎ᠦᠨ ᠡᠵᠡᠩᠨᠡᠯᠲᠡ᠎ᠶᠢᠨ ᠣᠷᠣᠯᠭ᠎ᠠ ᠠᠳᠠᠯᠢ ᠬᠤᠭᠤᠴᠠᠭᠠᠨ᠎ᠤ ᠬᠢ᠎ᠡᠴᠡ 61.8%᠎ᠪᠠᠷ ᠨᠡᠮᠡᠭᠳᠡᠵᠦ᠂ ᠲᠦᠷᠢᠶᠡᠰᠦᠯᠡᠯ ᠪᠠ ᠬᠤᠳᠠᠯᠳᠤᠭᠠᠨ᠎ᠤ ᠶᠠᠪᠤᠳᠠᠯ᠎ᠤᠨ ᠦᠢᠯᠡᠴᠢᠯᠡᠭᠡᠨ᠎ᠦ ᠦᠢᠯᠡᠰ 13.1%᠎ᠪᠠᠷ ᠨᠡᠮᠡᠭᠳᠡᠵᠡᠢ᠃
ᠲᠣᠭᠲᠠᠮᠠᠯ ᠬᠦᠷᠦᠩᠭᠡ᠎ᠶᠢᠨ ᠪᠡᠯᠡ ᠣᠷᠣᠭᠤᠯᠤᠯᠲᠠ ᠦᠷᠭᠦᠯᠵᠢᠯᠡᠨ ᠥᠷᠭᠡᠳᠴᠦ
ᠭᠤᠷᠪᠠᠨ ᠠᠵᠤ ᠦᠢᠯᠡᠰ᠎ᠦᠨ ᠪᠡᠯᠡ ᠣᠷᠣᠭᠤᠯᠤᠯᠲᠠ᠎ᠶᠢᠨ ᠨᠡᠮᠡᠭᠳᠡᠯ᠎ᠦᠨ ᠬᠠᠨᠳᠤᠰᠢ ᠰᠠᠢᠨ ᠪᠠᠢᠨ᠎ᠠ
ᠳᠡᠭᠡᠷ᠎ᠡ ᠬᠠᠭᠠᠰ ᠵᠢᠯ᠎ᠳᠦ᠂ ᠪᠥᠬᠥ ᠣᠷᠣᠨ᠎ᠤ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ (ᠲᠠᠷᠢᠶᠠᠴᠢᠨ ᠡᠷᠦᠬᠡ ᠪᠠᠭᠲᠠᠬᠤ ᠦᠭᠡᠢ) ᠠᠳᠠᠯᠢ ᠬᠤᠭᠤᠴᠠᠭᠠᠨ᠎ᠤ ᠬᠢ᠎ᠡᠴᠡ 14.8%᠎ᠪᠠᠷ ᠨᠡᠮᠡᠭᠳᠡᠪᠡ᠃ ᠬᠦᠷᠢᠶ᠎ᠡ ᠴᠠᠷᠠᠭ᠎ᠠ᠎ᠪᠠᠷ ᠨᠢ ᠠᠩᠭᠢᠯᠠᠨ ᠦᠵᠡᠪᠡᠯ᠂ ᠰᠠᠭᠤᠷᠢ ᠪᠡᠯᠡᠳᠭᠡᠮᠵᠢ᠎ᠶ᠋ᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ᠎ᠤ ᠬᠢ᠎ᠡᠴᠡ 27.4%᠎ᠪᠠᠷ ᠨᠡᠮᠡᠭᠳᠡᠵᠦ᠂ ᠠᠵᠤ ᠦᠢᠯᠡᠳᠪᠦᠷᠢ᠎ᠶᠢᠨ ᠪᠡᠯᠡ ᠣᠷᠣᠭᠤᠯᠤᠯᠲᠠ 15.3%᠎ᠪᠠᠷ ᠨᠡᠮᠡᠭᠳᠡᠵᠦ᠂ ᠭᠡᠷ ᠪᠠᠢᠱᠢᠩ ᠭᠠᠵᠠᠷ ᠬᠥᠷᠥᠩᠭᠡ᠎ᠶᠢᠨ ᠨᠡᠭᠡᠭᠡᠨ ᠬᠥᠭᠵᠢᠯᠲᠡ᠎ᠶᠢᠨ ᠪᠡᠯᠡ ᠣᠷᠣᠭᠤᠯᠤᠯᠲᠠ 0.6%᠎ᠪᠠᠷ ᠪᠠᠭᠤᠷᠠᠵᠠᠢ᠃ ᠠᠵᠤ ᠦᠢᠯᠡᠰ᠎ᠢᠶᠡᠷ ᠠᠩᠭᠢᠯᠠᠨ ᠦᠵᠡᠪᠡᠯ᠂ ᠨᠢᠭᠡᠳᠦᠭᠡᠷ ᠠᠵᠤ ᠦᠢᠯᠡᠰ᠎ᠦᠨ ᠪᠡᠯᠡ ᠣᠷᠣᠭᠤᠯᠤᠯᠲᠠ 47.2%᠎ᠢᠶᠠᠷ ᠨᠡᠮᠡᠭᠳᠡᠪᠡ; ᠬᠣᠶᠠᠳᠤᠭᠠᠷ ᠠᠵᠤ ᠦᠢᠯᠡᠰ᠎ᠦᠨ ᠪᠡᠯᠡ ᠣᠷᠣᠭᠤᠯᠤᠯᠲᠠ 15.3%᠎ᠪᠠᠷ ᠨᠡᠮᠡᠭᠳᠡᠪᠡ; ᠭᠤᠷᠪᠠᠳᠤᠭᠠᠷ ᠠᠵᠤ ᠦᠢᠯᠡᠰ᠎ᠦᠨ ᠪᠡᠯᠡ ᠣᠷᠣᠭᠤᠯᠤᠯᠲᠠ 9.1%᠎ᠪᠠᠷ ᠨᠡᠮᠡᠭᠳᠡᠪᠡ᠃ ᠠᠷᠠᠳ᠎ᠤᠨ ᠳᠣᠮᠳᠠᠬᠢ ᠪᠡᠯᠡ ᠣᠷᠣᠭᠤᠯᠤᠯᠲᠠ ᠠᠳᠠᠯᠢ ᠬᠤᠭᠤᠴᠠᠭᠠᠨ᠎ᠤ ᠬᠢ᠎ᠡᠴᠡ 8.6%᠎ᠪᠠᠷ ᠨᠡᠮᠡᠭᠳᠡᠪᠡ; ᠭᠡᠷ ᠪᠠᠢᠰᠢᠩ ᠭᠠᠵᠠᠷ ᠬᠥᠷᠥᠩᠭᠡ᠎ᠶᠢ ᠨᠡᠭᠡᠭᠡᠨ ᠠᠰᠢᠭ᠍ᠯᠠᠬᠤ ᠪᠡᠯᠡ ᠣᠷᠣᠭᠤᠯᠤᠯᠲᠠ᠎ᠶᠢ ᠬᠠᠰᠤᠪᠠᠯ᠂ ᠠᠷᠠᠳ᠎ᠤᠨ ᠳᠣᠮᠳᠠᠬᠢ ᠪᠡᠯᠡ ᠣᠷᠣᠭᠤᠯᠤᠯᠲᠠ 10.7%᠎ᠪᠠᠷ ᠨᠡᠮᠡᠭᠳᠡᠪᠡ᠃
ᠵᠠᠬ᠎ᠠ ᠳᠡᠯᠭᠡᠭᠦᠷ᠎ᠦᠨ ᠪᠣᠷᠣᠯᠠᠭᠣᠯᠭ᠎ᠠ ᠦᠷᠭᠦᠯᠵᠢᠯᠡᠨ ᠳᠡᠭᠡᠭᠰᠢᠯᠡᠵᠦ
ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠬᠠᠮᠢᠶ᠎ᠠ ᠪᠦᠬᠦᠢ ᠲᠠᠸᠠᠷ᠎ᠤᠨ ᠪᠣᠷᠣᠯᠠᠭᠣᠯᠭ᠎ᠠ᠎ᠶ᠋ᠢᠨ ᠪᠠᠢᠳᠠᠯ ᠨᠡᠯᠢᠶᠡᠳ ᠰᠠᠢᠨ ᠪᠠᠢᠨ᠎ᠠ
ᠳᠡᠭᠡᠷ᠎ᠡ ᠬᠠᠭᠠᠰ ᠵᠢᠯ᠎ᠳᠦ᠂ ᠪᠥᠬᠥ ᠣᠷᠣᠨ᠎ᠤ ᠨᠡᠢᠭᠡᠮ᠎ᠦᠨ ᠬᠡᠷᠡᠭᠯᠡᠭᠡ᠎ᠶ᠋ᠢᠨ ᠵᠦᠢᠯ᠎ᠦᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭ᠎ᠠ 2508.1 ᠳ᠋ᠦᠩᠰᠢᠭᠤᠷ ᠲᠦᠭᠦᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 7.7%᠎ᠪᠠᠷ ᠨᠡᠮᠡᠭᠳᠡᠪᠡ᠃ ᠡᠵᠡᠩᠨᠡᠯᠲᠡ᠎ᠶ᠋ᠢᠨ ᠨᠢᠭᠡᠴᠢ᠎ᠶᠢᠨ ᠪᠠᠢᠭ᠎ᠠ ᠭᠠᠵᠠᠷ᠎ᠢᠶᠠᠷ ᠠᠩᠭᠢᠯᠠᠪᠠᠯ᠂ ᠬᠣᠲᠠ ᠪᠠᠯᠭᠠᠰᠤᠨ᠎ᠤ ᠬᠡᠷᠡᠭ᠌ᠯᠡᠭᠡ᠎ᠶᠢᠨ ᠵᠦᠢᠯ᠎ᠦᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭᠠᠨ᠎ᠤ ᠬᠢ᠎ᠡᠴᠡ 7.6%᠎ᠪᠡᠷ ᠨᠡᠮᠡᠭᠳᠡᠵᠦ᠂ ᠬᠥᠳᠡᠭᠡ ᠲᠣᠰᠬᠣᠨ᠎ᠦ ᠬᠡᠷᠡᠭ᠌ᠯᠡᠭᠡ᠎ᠶ᠋ᠢᠨ ᠵᠦᠢᠯ᠎ᠦᠨ ᠵᠢᠵᠢᠭᠯᠡᠨ ᠬᠤᠳᠠᠯᠳᠤᠭᠰᠠᠨ ᠲᠣᠭ᠎ᠠ 8.5%᠎ᠪᠡᠷ ᠨᠡᠮᠡᠭᠳᠡᠵᠡᠢ᠃ ᠬᠡᠷᠡᠭ᠌ᠯᠡᠭᠡ᠎ᠶ᠋ᠢᠨ ᠲᠥᠷᠥᠯ ᠬᠡᠯᠪᠡᠷᠢ᠎ᠪᠡᠷ ᠠᠩᠭᠢᠯᠠᠪᠠᠯ᠂ ᠢᠳᠡᠭᠡᠨ ᠤᠮᠳᠠᠭᠠᠨ᠎ᠤ ᠣᠷᠣᠯᠭ᠎ᠠ ᠠᠳᠠᠯᠢ ᠬᠤᠭᠤᠴᠠᠭᠠᠨ᠎ᠤ ᠬᠢ᠎ᠡᠴᠡ 4.0%᠎ᠢᠶᠡᠷ ᠨᠡᠮᠡᠭ᠌ᠳᠡᠵᠡᠢ᠂ ᠲᠠᠸᠠᠷ᠎ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 8.2%᠎ᠢᠶᠡᠷ ᠨᠡᠮᠡᠭ᠌ᠳᠡᠵᠡᠢ᠃ ᠬᠡᠷᠡᠭ᠌ᠯᠡᠭᠡ᠎ᠶ᠋ᠢᠨ ᠵᠦᠢᠯ᠎ᠦᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠲᠥᠷᠥ᠎ᠶᠢᠨ ᠪᠣᠳᠣᠯᠭ᠎ᠠ ᠦᠷᠭᠦᠯᠵᠢᠯᠡᠨ ᠦᠷ᠎ᠡ ᠪᠦᠲᠦᠮᠵᠢ ᠭᠠᠷᠭᠠᠵᠣ᠂ ᠬᠢᠵᠠᠭᠠᠷᠯᠠᠬᠣ ᠬᠡᠪᠴᠢᠶᠡᠨ᠎ᠡᠴᠡ ᠳᠠᠪᠠᠭᠰᠠᠨ ᠨᠢᠭᠡᠴᠢ ᠮᠠᠰᠢᠨ ᠲᠡᠷᠭᠡᠨ᠎ᠦ ᠲᠥᠷᠥᠯ᠂ ᠭᠡᠷ᠎ᠦᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ᠎ᠶᠢᠨ ᠪᠠᠭᠠᠵᠢ ᠬᠡᠷᠡᠭᠰᠡᠯ᠎ᠦᠨ ᠲᠥᠷᠥᠯ᠂ ᠴᠢᠮᠡᠭᠡ ᠬᠤᠯᠪᠣᠭᠠᠨ᠎ᠤ ᠪᠠᠭᠠᠵᠢ ᠬᠡᠷᠡᠭᠰᠡᠯ᠎ᠦᠨ ᠲᠥᠷᠥᠯ᠎ᠦᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠣᠰ ᠲᠣᠰ 25.1%᠂ 39.7% ᠪᠠ 82.2%᠎ᠢᠶᠠᠷ ᠨᠡᠮᠡᠭᠳᠡᠪᠡ᠃ ᠡᠭᠦᠨ᠎ᠳᠦ᠂ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠲᠦᠷᠦᠯ᠎ᠦᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ 69.8%᠎ᠪᠠᠷ ᠨᠡᠮᠡᠭᠳᠡᠪᠡ᠃
ᠰᠠᠭᠤᠭᠠᠯᠢ ᠠᠷᠠᠳ᠎ᠤᠨ ᠬᠡᠷᠡᠭᠯᠡᠭᠡ ᠬᠢᠮᠳᠠᠷᠠᠯ ᠲᠠᠢ ᠪᠠᠢᠵᠤ
ᠠᠵᠤ ᠦᠢᠯᠡᠳᠪᠦᠷᠢ᠎ᠶᠢᠨ ᠥᠢᠯᠡᠳᠪᠦᠷᠢᠯᠡᠭ᠌ᠴᠢᠳᠦᠨ ᠦᠨ᠎ᠡ ᠪᠠᠭᠣᠷᠠᠵᠠᠢ
ᠳᠡᠭᠡᠷ᠎ᠡ ᠬᠠᠭᠠᠰ ᠵᠢᠯ᠎ᠳᠦ᠂ ᠪᠥᠬᠥ ᠣᠷᠣᠨ᠎ᠤ ᠰᠠᠭᠤᠭᠠᠯᠢ ᠠᠷᠠᠳ᠎ᠤᠨ ᠬᠡᠷᠡᠭᠯᠡᠭᠡ᠎ᠶ᠋ᠢᠨ ᠦᠨ᠎ᠡ ᠬᠠᠩᠰᠢ (CPI) ᠠᠳᠠᠯᠢ ᠬᠤᠭᠤᠴᠠᠭᠠᠨ᠎ᠤ ᠬᠢ᠎ᠡᠴᠡ 0.4%᠎ᠪᠠᠷ ᠪᠠᠭᠤᠷᠠᠪᠠ᠃ ᠲᠥᠷᠥᠯ ᠠᠩᠭᠢᠯᠠᠨ ᠦᠵᠡᠪᠡᠯ᠂ ᠢᠳᠡᠭᠡᠨ᠎ᠦ ᠵᠦᠢᠯ ᠠᠷᠢᠬᠢ ᠲᠠᠮᠠᠬᠢᠨ᠎ᠤ ᠦᠨ᠎ᠡ ᠬᠠᠩᠰᠢ ᠠᠳᠠᠯᠢ ᠬᠤᠭᠤᠴᠠᠭᠠᠨ᠎ᠤ ᠬᠢ᠎ᠡᠴᠡ 1.2%᠎ᠢᠶᠠᠷ ᠪᠠᠭᠤᠷᠠᠵᠤ᠂ ᠬᠤᠪᠴᠠᠰᠤ ᠬᠤᠨᠠᠷ᠎ᠤᠨ ᠦᠨ᠎ᠡ 0.7%᠎ᠪᠠᠷ ᠥᠰᠴᠦ᠂ ᠣᠷᠣᠨ ᠰᠠᠭᠤᠴᠠ᠎ᠶᠢᠨ ᠦᠨ᠎ᠡ ᠬᠠᠩᠰᠢ ᠠᠳᠠᠯᠢ ᠬᠤᠭᠤᠴᠠᠭᠠᠨ᠎ᠤ ᠬᠢ᠎ᠲᠠᠢ ᠪᠠᠨ ᠲᠡᠩᠴᠡᠵᠣ᠂ ᠠᠮᠢᠳᠤᠷᠠᠯ᠎ᠤᠨ ᠬᠡᠷᠡᠭᠰᠡᠯ ᠵᠢᠴᠢ ᠦᠢᠯᠡᠴᠢᠯᠡᠭᠡᠨ᠎ᠦ ᠦᠨ᠎ᠡ ᠬᠠᠩᠰᠢ 0.7%᠎ᠪᠠᠷ ᠥᠰᠴᠦ᠂ ᠵᠠᠮ ᠬᠠᠷᠢᠯᠴᠠᠭ᠎ᠠ ᠴᠢᠮᠡᠭᠡ ᠬᠣᠯᠪᠣᠭᠠᠨ᠎ᠤ ᠦᠨ᠎ᠡ ᠬᠠᠩᠰᠢ 3.2%᠎ᠢᠶᠠᠷ ᠪᠠᠭᠤᠷᠠᠵᠤ᠂ ᠰᠤᠷᠭᠠᠨ ᠬᠥᠮᠦᠵᠢᠯ ᠰᠣᠶᠣᠯ ᠵᠤᠭ᠎ᠠ ᠴᠡᠩᠭᠡᠯ᠎ᠦᠨ ᠦᠨ᠎ᠡ ᠬᠠᠩᠰᠢ 0.3%᠎ᠪᠠᠷ ᠥᠰᠴᠦ᠂ ᠡᠮᠴᠢᠯᠡᠭᠡ ᠡᠷᠡᠭᠦᠯᠵᠢᠯ᠎ᠦᠨ ᠦᠨ᠎ᠡ ᠬᠠᠩᠰᠢ 0.6%᠎ᠪᠠᠷ ᠦᠰᠦᠨ᠂ ᠪᠤᠰᠤᠳ ᠬᠡᠷᠡᠭᠯᠡᠭᠡᠨ᠎ᠦ ᠵᠦᠢᠯ ᠵᠢᠴᠢ ᠦᠢᠯᠡᠴᠢᠯᠡᠭᠡᠨ᠎ᠦ ᠦᠨ᠎ᠡ ᠬᠠᠩᠰᠢ 8.0%᠎ᠪᠠᠷ ᠥᠰᠴᠡᠢ᠃ ᠳᠡᠭᠡᠷ᠎ᠡ ᠬᠠᠭᠠᠰ ᠵᠢᠯ᠎ᠳᠦ᠂ ᠪᠥᠬᠥ ᠣᠷᠣᠨ᠎ᠤ ᠠᠵᠤ ᠦᠢᠯᠡᠳᠪᠦᠷᠢ᠎ᠶᠢᠨ ᠦᠢᠯᠡᠳᠪᠦᠷᠢᠯᠡᠭᠴᠢᠳ᠎ᠦᠨ ᠦᠢᠯᠡᠳᠪᠦᠷᠢ᠎ᠡᠴᠡ ᠭᠠᠷᠭᠠᠭᠰᠠᠨ ᠦᠨ᠎ᠡ ᠬᠠᠩᠰᠢ ᠠᠳᠠᠯᠢ ᠬᠤᠭᠤᠴᠠᠭᠠᠨ᠎ᠤ ᠬᠢ᠎ᠡᠴᠡ 6.9%᠎ᠪᠠᠷ ᠪᠠᠭᠤᠷᠠᠵᠤ᠂ ᠠᠵᠤ ᠦᠢᠯᠡᠳᠪᠦᠷᠢ᠎ᠶᠢᠨ ᠦᠢᠯᠡᠳᠪᠦᠷᠢᠯᠡᠭᠴᠢᠳ᠎ᠦᠨ ᠬᠤᠳᠠᠯᠳᠤᠨ ᠠᠪᠴᠤ ᠬᠡᠷᠡᠭᠯᠡᠭᠰᠡᠨ ᠦᠨ᠎ᠡ ᠬᠠᠩᠰᠢ ᠠᠳᠠᠯᠢ ᠬᠤᠭᠤᠴᠠᠭᠠᠨ᠎ᠤ ᠬᠢ᠎ᠡᠴᠡ 6.1%᠎ᠪᠠᠷ ᠪᠠᠭᠤᠷᠠᠪᠠ᠃
ᠰᠠᠭᠤᠭᠠᠯᠢ ᠠᠷᠠᠳ᠎ᠤᠨ ᠣᠷᠣᠯᠭ᠎ᠠ ᠲᠣᠭᠲᠠᠭᠤᠨ᠎ᠢᠶᠠᠷ ᠨᠡᠮᠡᠭ᠌ᠳᠡᠵᠦ᠍
ᠬᠥᠳᠡᠭᠡ ᠲᠣᠰᠬᠣᠨ᠎ᠤ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠦᠰᠦᠯᠲᠡ ᠨᠢ ᠬᠣᠲᠠ ᠪᠠᠯᠭᠠᠰᠤᠨ᠎ᠤ ᠰᠠᠭᠤᠭᠠᠯᠢ ᠠᠷᠠᠳ᠎ᠤᠨ ᠬᠢ᠎ᠠᠴᠠ ᠲᠦᠷᠭᠡᠨ ᠪᠠᠢᠨ᠎ᠠ
ᠳᠡᠭᠡᠷ᠎ᠡ ᠬᠠᠭᠠᠰ ᠵᠢᠯ᠎ᠳᠦ᠂ ᠪᠥᠬᠥ ᠣᠷᠣᠨ᠎ᠤ ᠪᠥᠬᠥ ᠰᠠᠭᠤᠭᠠᠯᠢ ᠠᠷᠠᠳ᠎ᠤᠨ ᠬᠥᠮᠥᠨ ᠳᠣᠮᠳᠠᠴᠢ᠎ᠶ᠋ᠢᠨ ᠡᠵᠡᠮᠳᠡᠵᠦ ᠪᠣᠯᠬᠤᠢᠴᠠ ᠣᠷᠣᠯᠭ᠎ᠠ 20042 ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠨᠡᠷ᠎ᠡ ᠳᠡᠭᠡᠷ᠎ᠡ᠎ᠪᠡᠨ 5.2%᠎ᠢᠶᠠᠷ ᠨᠡᠮᠡᠭᠳᠡᠪᠡ᠃ ᠪᠠᠢᠩᠭᠤ ᠰᠠᠭᠣᠭ᠎ᠠ ᠭᠠᠵᠠᠷ᠎ᠢᠶᠠᠷ ᠬᠤᠪᠢᠶᠠᠪᠠᠯ᠂ ᠬᠣᠲᠠ ᠪᠠᠯᠭᠠᠰᠤᠨ᠎ᠤ ᠪᠠᠢᠩᠭᠤ ᠰᠠᠭᠣᠭ᠎ᠠ ᠰᠠᠭᠤᠭᠠᠯᠢ ᠠᠷᠠᠳ᠎ᠤᠨ ᠬᠥᠮᠥᠨ ᠳᠣᠮᠳᠠᠴᠢ᠎ᠶ᠋ᠢᠨ ᠡᠵᠡᠮᠳᠡᠵᠦ ᠪᠣᠯᠬᠤᠢᠴᠠ ᠣᠷᠣᠯᠭ᠎ᠠ 26526 ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠨᠡᠷ᠎ᠡ ᠳᠡᠭᠡᠷ᠎ᠡ᠎ᠪᠡᠨ 4.5%᠎ᠪᠡᠷ ᠨᠡᠮᠡᠭᠳᠡᠵᠡᠢ᠂ ᠮᠠᠯᠵᠢᠬᠤ ᠲᠠᠷᠢᠶᠠᠯᠠᠬᠤ ᠣᠷᠣᠨ᠎ᠤ ᠪᠠᠢᠩᠭᠤ ᠰᠠᠭᠣᠭ᠎ᠠ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤᠢᠴᠠ ᠣᠷᠣᠯᠭ᠎ᠠ 9436 ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠨᠡᠷ᠎ᠡ ᠳᠡᠭᠡᠷ᠎ᠡ᠎ᠪᠡᠨ 5.6%᠎ᠪᠠᠷ ᠨᠡᠮᠡᠭᠳᠡᠪᠡ᠃ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠬᠠᠷᠢᠴᠠᠯ ᠨᠢ 2.81 ᠪᠠᠢᠵᠤ᠂ ᠳᠡᠭᠡᠷ᠎ᠡ ᠵᠢᠯ᠎ᠦᠨ ᠠᠳᠠᠯᠢ ᠬᠤᠭᠤᠴᠠᠭᠠᠨ᠎ᠤ ᠬᠢ᠎ᠡᠴᠡ 0.03᠎ᠪᠡᠷ ᠪᠠᠭᠠᠰᠪᠠ᠃
ᠶᠡᠷᠦᠩᠬᠡᠢ᠎ᠳᠤ ᠨᠢ ᠠᠪᠴᠤ ᠦᠵᠡᠪᠡᠯ᠂ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠳᠣᠲᠣᠭᠠᠳᠤ ᠭᠠᠳᠠᠭᠠᠳᠤ᠎ᠶᠢᠨ ᠬᠦᠭ᠌ᠵᠢᠯᠲᠡ᠎ᠶ᠋ᠢᠨ ᠣᠷᠴᠢᠨ ᠨᠥᠬᠥᠴᠡᠯ᠎ᠦᠨ ᠡᠮᠤᠨ᠎ᠡ᠂ ᠪᠦᠬᠦ ᠣᠷᠣᠨ᠎ᠢᠶᠠᠷ᠎ᠢᠶᠡᠨ ᠴᠢᠨᠠᠷ ᠰᠠᠢᠲᠠᠢ ᠬᠥᠭᠵᠢᠯᠲᠡ᠎ᠶᠢᠨ ᠲᠣᠭᠲᠠᠭᠠᠯᠲᠤ ᠴᠢᠨᠠᠷ᠎ᠢᠶᠠᠷ ᠲᠦᠭᠰᠢᠭᠦᠷᠢ ᠥᠷᠢᠰᠦᠯᠳᠦᠭᠡᠨ᠎ᠢ ᠢᠳᠡᠪᠬᠢᠲᠡᠢ ᠠᠷᠭᠠᠴᠠᠵᠣ᠂ ᠳᠡᠭᠡᠷ᠎ᠡ ᠬᠠᠭᠠᠰ ᠵᠢᠯ᠎ᠳᠦ ᠪᠦᠬᠦ ᠣᠷᠣᠨ᠎ᠤ ᠠᠵᠤ ᠠᠬᠤᠢ ᠳᠠᠷᠣᠯᠲᠠ᠎ᠶᠢ ᠲᠤᠯᠤᠨ ᠤᠷᠤᠭᠰᠢᠯᠠᠵᠤ᠂ ᠲᠣᠭᠲᠠᠭᠤᠨ᠎ᠢᠶᠠᠷ ᠨᠡᠮᠡᠭᠳᠡᠨ᠂ ᠦᠨᠡᠬᠡᠷ ᠬᠢᠯᠪᠠᠷ ᠪᠤᠰᠤ ᠶᠣᠮ᠃ ᠳᠠᠷᠠᠭᠠᠴᠢ᠎ᠶ᠋ᠢᠨ ᠱᠠᠲᠤᠨ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ᠎ᠶ᠋ᠢᠨ ᠳᠣᠮᠳᠠᠲᠣ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠪᠠᠨ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ᠂ ᠭᠣᠷᠪᠠᠳᠣᠭᠠᠷ ᠪᠥᠬᠥᠳᠡ ᠬᠤᠷᠠᠯ᠂ ᠪᠥᠬᠥ ᠤᠯᠤᠰ᠎ᠤᠨ ᠬᠤᠶᠠᠷ ᠬᠤᠷᠠᠯ᠎ᠤᠨ ᠵᠣᠷᠢᠭ᠋ ᠰᠠᠨᠠᠭ᠎ᠠ᠎ᠶ᠋ᠢ ᠪᠥᠬᠥ ᠲᠠᠯ᠎ᠠ᠎ᠪᠠᠷ ᠲᠣᠭᠣᠱᠢᠯᠠᠭᠣᠯᠣᠨ ᠨᠠᠢᠳᠠᠪᠤᠷᠢᠵᠢᠭᠤᠯᠵᠤ᠂ ᠲᠣᠭᠲᠠᠭᠤᠨ ᠪᠠᠢᠯᠭᠠᠬᠤ᠎ᠶᠢᠨ ᠳᠠᠭᠠᠣ ᠣᠷᠣᠭ᠍ᠰᠢᠯᠠᠬᠣ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠨ᠂ ᠡᠯ᠎ᠡ ᠲᠠᠯ᠎ᠠ᠎ᠶ᠋ᠢᠨ ᠬᠢᠨ᠎ᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢ ᠭᠦᠢᠴᠡᠳ ᠬᠥᠭᠵᠢᠭᠡᠵᠦ᠂ ᠨᠠᠩ ᠶᠡᠬᠡ ᠡᠷᠴᠢᠮ᠂ ᠨᠡᠩ ᠪᠣᠲᠠᠲᠠᠢ ᠠᠷᠭ᠎ᠠ ᠬᠡᠮᠵᠢᠶ᠎ᠡ᠎ᠪᠡᠷ ᠪᠥᠬᠥ ᠣᠷᠣᠨ᠎ᠤ ᠠᠵᠤ ᠠᠬᠣᠢ᠎ᠶ᠋ᠢᠨ ᠦᠷᠭᠦᠯᠵᠢᠯᠡᠨ ᠲᠣᠭᠲᠠᠭᠤᠨ ᠪᠥᠭᠡᠳ ᠡᠷᠡᠭᠦᠯ᠎ᠢᠶᠡᠷ ᠬᠥᠭᠵᠢᠬᠦ᠎ᠶᠢ ᠠᠬᠢᠭᠤᠯᠤᠨ᠎ᠠ᠃