ᠪᠠᠴᠢᠮ ᠪᠠᠶ᠋ᠢᠳᠠᠯ᠎ᠶᠢᠨ ᠬᠠᠮᠢᠶᠠᠷᠤᠯᠲᠠ   -   ᠪᠠᠴᠢᠮ ᠪᠠᠶ᠋ᠢᠳᠠᠯ᠎ᠤᠨ ᠶᠡᠷᠤ᠎ᠶᠢᠨ ᠮᠡᠳᠡᠯᠭᠡ
ᠴᠠᠬᠢᠯᠭ᠋ᠠᠨ ᠵᠤᠭᠰᠤᠬᠤ ᠡ᠊ᠨᠳᠡᠯ᠎ᠢ ᠶᠠᠭ᠋ᠠᠬᠢᠵᠤ ᠦᠢ᠍ᠯᠠᠭ᠋ᠠᠬᠤ ᠪᠤᠢ
ᠨᠡᠶ᠋ᠢᠲᠡᠯᠡᠭᠰᠡᠨ ᠴᠠᠭ᠄ 2015-03-02

      ᠴᠠᠬᠢᠯᠭ᠋ᠠᠨ ᠭᠡᠨᠡᠳᠳᠡ ᠵᠤᠭᠰᠤᠭᠰᠠᠨ᠎ᠠᠴᠠ ᠪᠤᠯᠵᠤ ᠴᠠᠬᠢᠯᠭ᠋ᠠᠨ ᠭᠡᠷᠡᠭᠰᠡᠯ ᠡᠪᠳᠡᠭᠳᠡᠵᠤ᠂ ᠡ᠊ᠨᠳᠡᠯ ᠠ᠋ᠬᠥᠰᠬᠥ ᠵᠢᠨ   ᠲᠠᠭ᠋ᠠᠤ ᠬᠥᠮᠥᠰ᠎ᠤᠨ ᠭᠡᠪ᠎ᠤᠨ ᠠᠮᠢᠳᠤᠷᠠᠯ᠎ᠢ ᠰᠢᠭᠤᠳ ᠨᠥᠯᠥᠭᠡᠯᠡᠳᠡᠭ᠃        
      ᠪᠠᠴᠢᠮ ᠪᠠᠢ᠍ᠢ᠍ᠳᠠᠯ᠎ᠢ ᠠᠷᠭ᠋ᠠᠴᠠᠬᠤ ᠭᠤᠤᠯᠳᠠᠯᠭ᠎ᠠ        
     ○ ᠴᠠᠬᠢᠯᠭ᠋ᠠᠨ ᠵᠤᠭᠰᠤᠬᠤ ᠤᠴᠢᠷ ᠲᠤᠬᠢᠶᠠᠯᠳᠤᠪᠠᠯ᠂ ᠭᠠᠷ ᠳ᠋ᠸᠩ ᠵᠡᠷᠭᠡ ᠭᠡᠷᠡᠯᠳᠥᠬᠥᠯᠭᠡ ᠵᠢᠨ ᠪᠠᠭ᠋ᠠᠵᠢ ᠵᠢ   ᠠᠰᠢᠭᠯᠠᠨ᠂ ᠠ᠋ᠩ ᠲᠡᠷᠢᠬᠥᠨ᠎ᠳᠤ ᠲᠤᠳᠤᠭ᠋ᠠᠳᠤ᠎ᠳᠠᠬᠢ ᠴᠠᠬᠢᠯᠭ᠋ᠠᠨ ᠲᠥᠭᠥᠬᠡᠭᠴᠢ ᠵᠢᠨ ᠨᠡᠭᠡᠭᠡᠯᠳᠡ ᠬᠠᠭ᠋ᠠᠯᠳᠠ᠂ ᠴᠠᠬᠢᠯᠭ᠋ᠠᠨ   ᠵᠢᠭᠤᠳᠠᠭᠤᠷ᠎ᠤᠨ ᠬᠠᠮᠠᠭ᠋ᠠᠯᠠᠭᠤᠷ ᠵᠢᠡᠨ   ᠪᠠᠢ᠌ᠴᠠᠭ᠋ᠠᠵᠤ ᠪᠠᠢ᠌ᠭ᠋ᠠᠷᠠᠢ᠃        
     ○ ᠬᠠᠮᠠᠭ᠋ᠠᠯᠠᠭᠤᠷ ᠤᠳᠠᠰᠤ᠎ᠨᠢ ᠬᠠᠢ᠍ᠢ᠍ᠯᠤᠭᠳᠠᠨ ᠲᠠᠰᠤᠷᠠᠭᠰᠠᠨ ᠪᠤᠯ ᠲᠡᠷᠤᠢ᠍ᠢ᠍ᠬᠠᠨ ᠰᠤᠯᠢᠬᠤ ᠭᠡᠷᠡᠭᠳᠡᠢ᠂ ᠭᠡᠪᠡᠴᠤ   ᠵᠡᠰ᠂ ᠲᠡᠮᠥᠷ᠂ ᠲᠤᠭᠤᠯᠭ᠋ᠠᠨ ᠤᠳᠠᠰᠤ᠎ᠪᠠᠷ ᠤᠷᠤᠯᠠᠭᠤᠯᠵᠤ ᠪᠤᠯᠬᠤ ᠥᠭᠡᠢ᠃ ᠬᠠᠮᠠᠭ᠋ᠠᠯᠠᠭᠤᠷ ᠤᠳᠠᠰᠤ ᠵᠢ ᠰᠤᠯᠢᠬᠤ  ᠎ᠳᠠᠭᠠᠨ ᠪᠡᠭᠡᠯᠢ ᠵᠡᠬᠥᠬᠥ ᠪᠤᠶᠤ ᠮᠤᠳᠤᠨ ᠰᠠᠨᠳᠠᠯᠢ ᠲᠡᠭᠡᠷ᠎ᠡ ᠵᠤᠭᠰᠤᠵᠤ᠂ ᠴᠠᠬᠢᠯᠭ᠋ᠠᠨ ᠥᠯᠥ ᠬᠥᠶᠥᠬᠥ ᠬᠥᠨᠳᠡᠢ᠍ᠢ᠍ᠷᠡᠬᠥᠯᠬᠥ   ᠠᠷᠭ᠎ᠠ ᠭᠡᠮᠵᠢᠶ᠎ᠡ ᠠᠪᠴᠤ᠂ ᠴᠠᠬᠢᠯᠭ᠋ᠠᠨ᠎ᠳᠤ ᠴᠤᠬᠢᠭᠳᠠᠬᠤ᠎ᠠᠴᠠ   ᠰᠡᠷᠭᠡᠢ᠌ᠯᠡᠨ᠎ᠡ᠃        
     ○ ᠴᠠᠬᠢᠯᠭ᠋ᠠᠨ ᠬᠥᠴᠥᠨ᠎ᠤ ᠰᠠᠯᠠᠭ᠎ᠠ ᠮᠥᠴᠢᠷ᠎ᠲᠤ ᠡ᠊ᠨᠳᠡᠯ᠎ᠤᠨ ᠪᠠᠴᠢᠮ ᠪᠠᠢ᠍ᠢ᠍ᠳᠠᠯ᠎ᠢ ᠠᠷᠭ᠋ᠠᠴᠠᠵᠤ ᠵᠠᠪᠳᠤᠨ   ᠠᠪᠤᠷᠠᠵᠤ ᠵᠠᠰᠠᠭᠤᠯᠬᠤ᠎ᠪᠠᠷ ᠤᠳᠠᠰᠤᠳᠠᠵᠤ ᠪᠤᠯᠤᠨ᠎ᠠ᠃        
    ᠲᠤᠰᠬᠠᠢ ᠮᠡᠷᠭᠡᠵᠢᠯᠳᠡᠨ᠎ᠤ ᠰᠠᠨᠠᠭᠤᠯᠤᠮᠵᠢ        
     ◇ ᠭᠡᠷ ᠠ᠋ᠷᠥᠭᠡ᠎ᠳᠡᠭᠡᠨ ᠯᠠ᠂ ᠭᠠᠷ ᠳ᠋ᠸᠩ ᠵᠡᠷᠭᠡ ᠪᠠᠴᠢᠮ ᠪᠠᠢ᠍ᠢ᠍ᠳᠠᠯ᠎ᠢ ᠠᠷᠭ᠋ᠠᠴᠠᠬᠤ᠎ᠳᠤ ᠭᠡᠷᠡᠭᠯᠡᠬᠥ ᠭᠡᠷᠡᠯᠳᠥᠬᠥᠯᠭᠡ   ᠵᠢᠨ ᠪᠠᠭ᠋ᠠᠵᠢ ᠪᠡᠯᠡᠳᠭᠡᠵᠤ᠂ ᠲᠤᠭᠳᠠᠭᠰᠠᠨ ᠭᠠᠵᠠᠷ᠎ᠲᠤ ᠲᠠᠯᠪᠢᠬᠤ   ᠵᠢ ᠠᠩᠬᠠᠷᠤᠭ᠋ᠠᠷᠠᠢ᠃

     ◇ ᠴᠠᠬᠢᠯᠭ᠋ᠠᠨ᠎ᠤ ᠤᠳᠠᠰᠤ ᠬᠠᠭᠤᠴᠢᠷᠠᠭᠰᠠᠨ᠎ᠠᠴᠠ ᠪᠤᠯᠵᠤ ᠴᠠᠬᠢᠯᠭ᠋ᠠᠨ ᠵᠤᠭᠰᠤᠬᠤ ᠡ᠊ᠨᠳᠡᠯ ᠠᠮᠠᠷᠬᠠᠨ ᠭᠠᠷᠳᠠᠭ   ᠲᠤᠯᠠ ᠬᠤᠯᠪᠤᠭᠳᠠᠯ ᠪᠥᠬᠥᠢ ᠰᠠᠯᠠᠭ᠎ᠠ ᠮᠥᠴᠢᠷ᠎ᠲᠤ ᠲᠥᠷᠭᠡᠨ ᠮᠡᠳᠡᠭᠳᠡᠵᠤ ᠰᠤᠯᠢᠬᠤ ᠭᠡᠷᠡᠭᠳᠡᠢ᠃

     ◇ ᠭᠡᠷᠪᠡ ᠭᠡᠷ ᠲᠤᠳᠤᠷᠠᠬᠢ ᠨᠥᠬᠥᠴᠡᠯ ᠰᠢᠯᠳᠠᠭ᠋ᠠᠨ᠎ᠠᠴᠠ ᠪᠤᠯᠵᠤ ᠴᠠᠬᠢᠯᠭ᠋ᠠᠨ ᠵᠤᠭᠰᠤᠭᠰᠠᠨ ᠪᠢᠰᠢ ᠪᠤᠯ ᠴᠠᠭ   ᠲᠤᠬᠠᠢ᠎ᠳᠤᠨᠢ ᠠᠳᠠᠯ ᠠᠬᠤᠢ ᠵᠢᠨ ᠥᠢ᠍ᠯᠡᠴᠢᠯᠡᠭᠡᠨ᠎ᠤ ᠬᠠᠮᠢᠶᠠᠷᠤᠯᠳᠠ ᠵᠢᠨ ᠭᠠᠵᠠᠷ ᠪᠤᠶᠤ ᠴᠠᠬᠢᠯᠭ᠋ᠠᠨ ᠬᠠᠨᠭ᠌ᠭ᠋ᠠᠬᠤ ᠰᠠᠯᠠᠭ᠎ᠠ   ᠮᠥᠴᠢᠷ᠎ᠲᠠᠢ ᠬᠤᠯᠪᠤᠭ᠎ᠠ ᠠᠪᠬᠤ ᠭᠡᠷᠡᠭᠳᠡᠢ᠃

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ