ᠪᠠᠴᠢᠮ ᠪᠠᠶ᠋ᠢᠳᠠᠯ᠎ᠶᠢᠨ ᠬᠠᠮᠢᠶᠠᠷᠤᠯᠲᠠ   -   ᠪᠠᠴᠢᠮ ᠪᠠᠶ᠋ᠢᠳᠠᠯ᠎ᠤᠨ ᠶᠡᠷᠤ᠎ᠶᠢᠨ ᠮᠡᠳᠡᠯᠭᠡ
ᠭᠠᠵᠠᠷ ᠴᠥᠮᠥᠷᠡᠬᠥ ᠲᠤᠬᠠᠢ ᠮᠡᠳᠡᠯᠭᠡ
ᠨᠡᠶ᠋ᠢᠲᠡᠯᠡᠭᠰᠡᠨ ᠴᠠᠭ᠄ 2015-03-02

      ᠭᠠᠵᠠᠷ ᠴᠥᠮᠥᠷᠡᠬᠥ ᠭᠡᠳᠡᠭ ᠪᠤᠯ ᠭᠠᠵᠠᠷ᠎ᠤᠨ ᠭᠠᠳᠠᠷᠭᠤ ᠵᠢᠨ ᠴᠢᠯᠠᠭᠤ ᠪᠤᠶᠤ ᠬᠥᠷᠥᠰᠥ ᠰᠢᠷᠤᠢ᠎ᠨᠢ ᠪᠠᠢ᠍ᠢ᠍ᠭ᠋ᠠᠯᠢ   ᠵᠢᠨ ᠥᠢ᠍ᠯᠡᠳᠥᠯ ᠪᠤᠶᠤ ᠬᠥᠮᠥᠨ ᠲᠥᠷᠥᠯᠬᠢᠳᠡᠨ᠎ᠤ ᠥᠢ᠍ᠯᠡᠳᠴᠤ ᠬᠥᠳᠡᠯᠭᠡᠭᠰᠡᠨ ᠭᠠᠵᠠᠷ ᠲᠤᠤᠷᠠᠬᠢ ᠪᠠᠷᠢᠯᠭ᠎ᠠ ᠵᠢᠨ   ᠨᠥᠯᠥᠭᠡᠯᠡᠯ ᠵᠢᠡᠷ ᠴᠥᠮᠥᠷᠡᠵᠤ ᠤᠷᠤᠭᠰᠠᠨ᠎ᠠᠴᠠ ᠪᠤᠯᠵᠤ ᠭᠠᠵᠠᠷ᠎ᠤᠨ ᠭᠠᠳᠠᠷᠭᠤ᠎ᠳᠤ ᠴᠥᠮᠥᠷᠡᠵᠤ ᠤᠷᠤᠭᠰᠠᠨ ᠨᠥᠭᠡ   ᠭᠠᠷᠬᠤ ᠥᠵᠡᠭᠳᠡᠯ ᠪᠤᠶᠤ ᠶᠠᠪᠤᠴᠠ ᠵᠢ ᠭᠡᠯᠡᠨ᠎ᠡ᠃        
      ᠪᠠᠴᠢᠮ ᠪᠠᠢ᠍ᠢ᠍ᠳᠠᠯ᠎ᠢ ᠠᠷᠭ᠋ᠠᠴᠠᠬᠤ ᠭᠤᠤᠯᠳᠠᠯᠭ᠎ᠠ        
     ○ ᠪᠠᠷᠢᠯᠭ᠎ᠠ ᠵᠢᠨ ᠤᠢ᠍ᠢ᠍ᠷ᠎ᠠ ᠬᠠᠪᠢ᠎ᠪᠠᠷ ᠴᠥᠮᠥᠷᠡᠭᠰᠡᠨ ᠨᠥᠭᠡ ᠵᠢ ᠲᠡᠷᠤᠢ᠍ᠢ᠍ᠬᠠᠨ ᠪᠥᠭᠯᠡᠵᠤ᠂ ᠪᠠᠷᠢᠯᠭ᠎ᠠ ᠵᠢᠨ   ᠯᠠᠪᠳᠠᠭᠤᠨ ᠲᠤᠭᠳᠠᠭᠤᠨ ᠪᠠᠢ᠍ᠢ᠍ᠬᠤ ᠵᠢ ᠨᠥᠯᠥᠭᠡᠯᠡᠬᠥ᠎ᠠᠴᠠ ᠰᠡᠷᠭᠡᠢ᠍ᠢ᠍ᠯᠡᠬᠥ ᠭᠡᠷᠡᠭᠳᠡᠢ᠃        
     ○ ᠪᠠᠷᠢᠯᠭ᠎ᠠ ᠵᠢᠨ ᠤᠢ᠍ᠢ᠍ᠷ᠎ᠠ ᠬᠠᠪᠢ᠎ᠪᠠᠷ ᠭᠠᠷᠤᠭᠰᠠᠨ ᠭᠠᠵᠠᠷ᠎ᠤᠨ ᠠᠩ ᠵᠠᠪᠰᠠᠷ᠎ᠢ ᠲᠠᠷᠤᠢ᠍ᠢ᠍ᠬᠠᠨ ᠪᠥᠭᠯᠡᠵᠤ᠂   ᠤᠰᠤ ᠤᠷᠤᠰᠤᠨ ᠤᠷᠤᠬᠤ᠎ᠠᠴᠠ   ᠰᠡᠷᠭᠡᠢ᠌ᠯᠡᠨ᠎ᠡ᠃        
     ○ ᠬᠥᠳᠡᠭᠡ ᠭᠠᠳᠠᠨ᠎ᠠ ᠶᠠᠪᠤᠬᠤ ᠪᠤᠶᠤ ᠮᠠᠯ ᠬᠠᠷᠢᠭᠤᠯᠬᠤ᠎ᠳᠠᠭᠠᠨ ᠴᠥᠮᠥᠷᠡᠬᠥ ᠠᠶᠤᠯ᠎ᠲᠠᠢ ᠭᠠᠵᠠᠷ᠎ᠲᠤ ᠤᠴᠢᠵᠤ   ᠪᠤᠯᠬᠤ ᠥᠭᠡᠢ᠃        
    ᠲᠤᠰᠬᠠᠢ ᠮᠡᠷᠭᠡᠵᠢᠯᠳᠡᠨ᠎ᠤ ᠰᠠᠨᠠᠭᠤᠯᠤᠮᠵᠢ        
     ◇ ᠭᠠᠵᠠᠷ᠎ᠢ᠎ᠨᠢ ᠮᠠᠯᠳᠠᠵᠤ ᠬᠥᠨᠳᠡᠢ᠍ᠢ᠍ᠯᠡᠭᠰᠡᠨ ᠤᠷᠤᠨ᠎ᠳᠠᠬᠢ ᠰᠠᠭᠤᠭ᠋ᠠᠯᠢ ᠠᠷᠠᠳ ᠭᠡᠷ ᠪᠠᠢ᠍ᠢ᠍ᠰᠢᠩ᠎ᠤᠨ ᠵᠢᠡᠨ   ᠠ᠋ᠮᠥᠨᠡᠬᠥᠷ ᠬᠤᠢ᠍ᠢ᠍ᠭᠤᠷᠬᠢ ᠭᠠᠵᠠᠷ᠎ᠲᠤ ᠢᠯᠡᠷᠭᠡᠢ ᠬᠤᠪᠢᠷᠠᠯᠳᠠ ᠭᠠᠷᠬᠤ᠂ ᠠᠩ ᠵᠠᠪᠰᠠᠷ ᠭᠠᠷᠬᠤ ᠵᠡᠷᠭᠡ ᠥᠵᠡᠭᠳᠡᠯ᠎ᠢ   ᠥᠷᠬᠥᠯᠵᠢ ᠠᠨᠭ᠌ᠬᠠᠷᠬᠤ ᠭᠡᠷᠡᠭᠳᠡᠢ᠃        
     ◇ ᠶᠡᠭᠡ ᠪᠤᠷᠤᠭ᠋ᠠᠨ ᠤᠷᠤᠭᠰᠠᠨ ᠥᠶ᠎ᠡ᠎ᠳᠤ ᠭᠠᠵᠠᠷ ᠲᠡᠭᠡᠷᠡᠬᠢ ᠤᠰᠤ ᠶᠡᠭᠡ ᠭᠡᠮᠵᠢᠶ᠎ᠡ᠎ᠪᠠᠷ᠂ ᠮᠠᠰᠢ ᠲᠥᠷᠭᠡᠨ   ᠵᠢᠡᠷ ᠭᠠᠵᠠᠷ᠎ᠲᠤ ᠰᠢᠮᠡᠳᠥᠨ ᠤᠷᠤᠵᠤ ᠪᠠᠢ᠍ᠢ᠍ᠬᠤ ᠠ᠋ᠰᠡᠬᠥ ᠵᠢ   ᠠᠩᠬᠠᠷᠤᠭ᠋ᠠᠷᠠᠢ᠃        
     ◇ ᠭᠠᠵᠠᠷ᠎ᠤᠨ ᠭᠠᠳᠠᠷᠭᠤ᠎ᠳᠤ ᠴᠠᠭ᠋ᠠᠷᠢᠬ ᠭᠡᠯᠪᠡᠷᠢ᠎ᠲᠠᠢ ᠠᠩ ᠵᠠᠪᠰᠠᠷ ᠭᠠᠷᠴᠤ ᠲᠠᠰᠤᠷᠠᠯᠳᠠ ᠥᠭᠡᠢ ᠶᠡᠭᠡᠰᠴᠤ᠂   ᠵᠠᠷᠢᠮ ᠭᠡᠰᠡᠭ ᠭᠠᠵᠠᠷ᠎ᠲᠤᠨᠢ ᠬᠥᠳᠥᠢ᠍ᠢ᠍ᠬᠥ ᠪᠤᠶᠤ ᠬᠤᠳᠤᠢ᠍ᠢ᠍ᠵᠤ ᠪᠠᠢ᠍ᠢ᠍ᠪᠠᠯ᠂ ᠲᠠᠷᠤᠢ᠍ᠢ᠍ᠬᠠᠨ ᠵᠠᠢ᠍ᠢ᠍ᠯᠠᠬᠤ ᠵᠢᠨ ᠬᠠᠮᠳᠤ   ᠬᠤᠯᠪᠤᠭᠳᠠᠯ ᠪᠥᠬᠥᠢ ᠰᠠᠯᠠᠭ᠎ᠠ ᠮᠥᠴᠢᠷ᠎ᠲᠤ ᠮᠡᠳᠡᠬᠥᠯᠬᠥ ᠭᠡᠷᠡᠭᠳᠡᠢ᠂ ᠬᠠᠷᠢᠨ ᠭᠡᠨᠡᠨ ᠪᠤᠳᠤᠯ ᠵᠢᠡᠷ ᠤᠤᠯ ᠭᠠᠵᠠᠷ᠎ᠲᠠᠭᠠᠨ   ᠪᠤᠶᠤ ᠭᠡᠷ ᠤᠷᠤᠨ᠎ᠳᠠᠭᠠᠨ ᠬᠤᠷᠭᠤᠳᠠᠵᠤ ᠪᠤᠯᠬᠤ ᠥᠭᠡᠢ᠃


ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ