ᠪᠠᠴᠢᠮ ᠪᠠᠶ᠋ᠢᠳᠠᠯ᠎ᠶᠢᠨ ᠬᠠᠮᠢᠶᠠᠷᠤᠯᠲᠠ   -   ᠪᠠᠴᠢᠮ ᠪᠠᠶ᠋ᠢᠳᠠᠯ᠎ᠤᠨ ᠶᠡᠷᠤ᠎ᠶᠢᠨ ᠮᠡᠳᠡᠯᠭᠡ
ᠪᠤᠵᠠᠷ ᠰᠤᠮᠤ ᠵᠢᠨ ᠲᠤᠬᠠᠢ ᠮᠡᠳᠡᠯᠭᠡ
ᠨᠡᠶ᠋ᠢᠲᠡᠯᠡᠭᠰᠡᠨ ᠴᠠᠭ᠄ 2015-03-02

      ᠪᠤᠵᠠᠷ ᠰᠤᠮᠤ ᠵᠢᠨ ᠰᠢᠨᠵᠢᠯᠡᠭᠡᠨ᠎ᠤ ᠨᠡᠷ᠎ᠡ᠎ᠨᠢ 《ᠰᠠᠴᠤᠷᠠᠭ ᠲᠠᠷᠬᠠᠭ᠋ᠠᠳᠠᠭ ᠲᠤᠨᠤᠭᠯᠠᠯ》 ᠭᠡᠳᠡᠭ᠂ ᠲᠡᠷᠡ᠎ᠨᠢ ᠨᠢᠭᠡ ᠵᠥᠢ᠍ᠯ᠎ᠤᠨ ᠰᠠᠴᠤᠷᠠᠭ ᠪᠤᠳᠠᠰ᠎ᠢ ᠥᠷᠭᠡᠨ ᠬᠡᠪᠴᠢᠶ᠎ᠡ᠎ᠪᠠᠷ ᠲᠡᠷᠬᠠᠭ᠋ᠠᠳᠠᠭ ᠵᠡᠪᠰᠡᠭ ᠪᠤᠯᠤᠨ᠎ᠠ᠃ ᠲᠡᠭᠡᠬᠥ᠎ᠳᠡᠭᠡᠨ ᠴᠥᠮ᠎ᠡ ᠵᠢᠨ ᠲᠡᠯᠪᠡᠷᠡᠯᠳᠡ ᠠ᠋ᠬᠥᠰᠭᠡᠳᠡᠭ ᠥᠭᠡᠢ᠃ ᠪᠤᠵᠠᠷ ᠰᠤᠮᠤ ᠲᠡᠯᠪᠡᠷᠡᠭᠰᠡᠨ᠎ᠤ ᠰᠡᠬᠥᠯᠡᠷ᠂ ᠰᠠᠴᠤᠷᠠᠭ ᠴᠢᠨᠠᠷᠳᠠᠢ ᠮᠥᠬᠥᠯᠢᠭ᠎ᠢ ᠥᠷᠭᠡᠨ ᠵᠢᠡᠷ ᠲᠡᠷᠬᠠᠭ᠋ᠠᠵᠤ᠂ ᠬᠥᠮᠥᠰ᠎ᠤᠨ ᠪᠡᠶ᠎ᠡ ᠮᠠᠬᠠᠪᠤᠳ᠎ᠢ ᠬᠤᠤᠷᠳᠠᠭᠤᠯᠳᠠᠭ ᠪᠠᠢ᠍ᠢ᠍ᠨ᠎ᠠ᠃          
      ᠪᠠᠴᠢᠮ ᠪᠠᠢ᠍ᠢ᠍ᠳᠠᠯ᠎ᠢ ᠠᠷᠭ᠋ᠠᠴᠠᠬᠤ ᠭᠤᠤᠯᠳᠠᠯᠭ᠎ᠠ          
     ● ᠪᠤᠵᠠᠷ ᠰᠤᠮᠤᠨ᠎ᠤ ᠲᠠᠭ᠋ᠠᠷᠢᠯᠳᠠ᠎ᠳᠤ ᠤᠴᠠᠷᠠᠬᠤ ᠥᠶᠡᠰ᠂ ᠲᠡᠷᠤᠢ᠍ᠢ᠍ᠬᠠᠨ ᠠ᠋ᠷᠥᠭᠡ ᠭᠡᠷ᠂ ᠬᠠᠮᠤᠭ᠎ᠤᠨ ᠰᠠᠢ᠍ᠢ᠍ᠨ᠎ᠨᠢ ᠨᠥᠭᠡᠨ ᠭᠡᠷ᠎ᠲᠤ ᠨᠢᠭᠤᠨ ᠲᠠᠯᠳᠠᠯᠠᠵᠤ᠂ ᠠ᠋ᠬᠥᠳᠡ ᠴᠤᠨᠭ᠌ᠬᠤ ᠪᠠ ᠪᠤᠰᠤᠳ ᠰᠠᠯᠬᠢ ᠨᠡᠪᠳᠡᠷᠡᠬᠥ ᠰᠢᠰᠲᠸᠮ᠎ᠢ ᠨᠢᠭᠳᠠ ᠬᠠᠭ᠋ᠠᠵᠤ ᠪᠢᠳᠡᠬᠥᠮᠵᠢᠯᠡᠵᠤ᠂ ᠠᠮᠤᠷ ᠲᠥᠪᠰᠢᠨ ᠵᠢᠡᠷ ᠵᠠᠢ᠍ᠢ᠍ᠯᠠᠵᠤ ᠴᠢᠳᠠᠬᠤ ᠥᠶᠡᠰ ᠲᠡᠷᠤᠢ᠍ᠢ᠍ᠬᠠᠨ ᠭᠠᠷᠴᠤ   ᠵᠠᠢ᠌ᠯᠠᠨ᠎ᠠ᠃          
     ● ᠲᠡᠯᠪᠡᠷᠡᠯᠳᠡ ᠵᠢᠨ ᠤᠷᠤᠨ᠎ᠠᠴᠠ ᠬᠤᠯᠠ   ᠵᠠᠢ᠌ᠯᠠᠨ᠎ᠠ᠃ ᠰᠠᠴᠤᠷᠠᠭ ᠮᠥᠬᠥᠯᠢᠭ᠎ᠨᠢ ᠰᠠᠯᠬᠢ ᠤᠷᠤᠭᠤ   ᠲᠠᠷᠬᠠᠭ᠋ᠠᠳᠠᠭ ᠪᠤᠯᠬᠤᠷ ᠪᠤᠯᠤᠯᠴᠠᠭ᠎ᠠ᠎ᠲᠠᠢ ᠪᠤᠯ ᠰᠠᠯᠬᠢᠨ᠎ᠤ ᠲᠡᠭᠡᠷ᠎ᠡ ᠲᠡᠯ᠎ᠠ᠎ᠳᠤ ᠭᠠᠷᠬᠤ ᠵᠢ ᠠᠩᠬᠠᠷᠤᠨ᠎ᠠ᠃
     ● ᠭᠡᠷᠪᠡ ᠪᠠᠶᠠᠨ ᠲᠡᠭᠡᠷ᠎ᠡ ᠪᠤᠬᠢᠷᠳᠤᠭᠰᠠᠨ ᠪᠤᠯ ᠲᠡᠷᠤᠢ᠍ᠢ᠍ᠬᠠᠨ ᠪᠤᠬᠢᠷᠳᠤᠭᠰᠠᠨ ᠬᠤᠪᠴᠠᠰᠤ ᠬᠤᠨᠠᠷ ᠵᠢᠡᠨ ᠲᠡᠢ᠍ᠢ᠍ᠯᠵᠤ᠂ ᠰᠠᠪᠤᠩ ᠵᠢᠡᠷ ᠪᠥᠬᠥ ᠪᠡᠶ᠎ᠡ᠎ᠪᠠᠨ ᠬᠥᠢ᠍ᠴᠡᠳ ᠤᠬᠢᠶᠠᠨ ᠴᠡᠪᠡᠷᠯᠡᠬᠥ ᠭᠡᠷᠡᠭᠳᠡᠢ᠃
     ● ᠪᠤᠬᠢᠷᠳᠤᠭᠰᠠᠨ ᠢᠳᠡᠭᠡᠨ᠂ ᠪᠤᠬᠢᠷᠳᠤᠭᠰᠠᠨ ᠤᠮᠳᠠᠭ᠋ᠠᠨ᠎ᠢ ᠢᠳᠡᠵᠤ ᠤᠤᠭᠤᠬᠤ ᠥᠭᠡᠢ ᠪᠠᠢ᠍ᠢ᠍ᠵᠤ᠂   ᠰᠠᠴᠤᠷᠠᠭ ᠪᠤᠳᠠᠰ ᠲᠡᠮ ᠵᠢᠡᠷ ᠰᠢᠨᠭᠭᠡᠬᠥ ᠵᠢ ᠰᠡᠷᠭᠡᠢ᠍ᠢ᠍ᠯᠡᠬᠥ ᠭᠡᠷᠡᠭᠳᠡᠢ᠃          
     ● ᠪᠤᠬᠢᠷᠳᠤᠯ᠎ᠳᠤ ᠤᠴᠠᠷᠠᠭᠰᠠᠨ ᠪᠤᠯ ᠢᠯᠡᠬᠥᠭᠡᠨ ᠤᠰᠤ ᠤᠤᠭᠤᠵᠤ᠂ ᠪᠠᠶᠡᠨ᠎ᠳᠠᠬᠢ ᠰᠠᠴᠤᠷᠠᠭ ᠪᠤᠵᠠᠷ᠎ᠢ   ᠲᠥᠷᠭᠡᠭᠡᠨ ᠲᠠᠭᠤᠵᠤ ᠭᠠᠷᠭ᠋ᠠᠬᠤ ᠭᠡᠷᠡᠭᠳᠡᠢ᠃          
      ᠲᠤᠰᠬᠠᠢ ᠮᠡᠷᠭᠡᠵᠢᠯᠳᠡᠨ᠎ᠤ ᠰᠠᠨᠠᠭᠤᠯᠤᠮᠵᠢ          
     ◇ ᠪᠤᠵᠠᠷ ᠰᠤᠮᠤᠨ᠎ᠤ ᠲᠠᠭ᠋ᠠᠷᠢᠯᠳᠠ᠎ᠳᠤ ᠤᠴᠠᠷᠠᠭᠰᠠᠨ ᠥᠶᠡᠰ᠂ ᠠᠶᠤᠵᠤ ᠰᠤᠴᠢᠬᠤ ᠪᠠ ᠠ᠋ᠮᠬᠢ ᠵᠠᠮᠪᠠᠷᠠᠭ᠎ᠠ᠎ᠪᠠᠨ ᠠᠯᠳᠠᠵᠤ ᠪᠤᠯᠬᠤ ᠥᠭᠡᠢ᠂ ᠲᠤᠰᠬᠠᠢ ᠠᠵᠢᠯᠳᠠᠳ᠎ᠤᠨ ᠵᠢᠯᠤᠭᠤᠳᠤᠯᠭ᠎ᠠ ᠵᠢ ᠲᠠᠭ᠋ᠠᠬᠤ ᠭᠡᠷᠡᠭᠳᠡᠢ᠃        
     ◇ ᠪᠤᠵᠠᠷ ᠰᠤᠮᠤᠨ᠎ᠤ ᠲᠠᠭ᠋ᠠᠷᠢᠯᠳᠠ ᠥᠨᠭᠭᠡᠷᠡᠭᠰᠡᠨ᠎ᠤ ᠰᠡᠬᠥᠯᠡᠷ᠂ ᠲᠤᠰᠬᠠᠢ ᠠᠵᠢᠯ᠎ᠤᠨ ᠪᠤᠰᠤ ᠬᠥᠮᠥᠰ ᠬᠥᠨᠳᠤ ᠨᠤᠴᠢᠳᠠᠢ ᠪᠤᠬᠢᠷᠳᠤᠭᠰᠠᠨ ᠭᠠᠵᠠᠷ ᠤᠷᠤᠨ᠎ᠳᠤ ᠤᠴᠢᠵᠤ ᠪᠤᠯᠬᠤ ᠥᠭᠡᠢ᠃

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ