ᠪᠠᠴᠢᠮ ᠪᠠᠶ᠋ᠢᠳᠠᠯ᠎ᠶᠢᠨ ᠬᠠᠮᠢᠶᠠᠷᠤᠯᠲᠠ   -   ᠪᠠᠴᠢᠮ ᠪᠠᠶ᠋ᠢᠳᠠᠯ᠎ᠳᠤ ᠬᠠᠷᠢᠯᠴᠠᠬᠤ ᠤᠲᠠᠰᠤ
ᠲᠦᠭᠰᠢᠭᠥᠷᠢ ᠮᠡᠳᠡᠭᠦᠯᠬᠦ ᠶᠡᠷᠦ ᠵᠢᠨ ᠮᠡᠳᠡᠯᠭᠡ (110 ᠲᠦᠭᠰᠢᠭᠥᠷᠢ ᠮᠡᠳᠡᠭᠦᠯᠬᠦ ᠳ᠋ᠢᠶᠠᠩᠬᠤᠸᠠ ᠵᠢᠨ ᠬᠡᠰᠡᠭ)
ᠨᠡᠶ᠋ᠢᠲᠡᠯᠡᠭᠰᠡᠨ ᠴᠠᠭ᠄ 2015-01-29


      ᠣᠯᠠᠨ ᠨᠡᠢ᠌ᠲᠡ ᠵᠢᠨ ᠠᠮᠤᠷ ᠲᠦᠪᠰᠢᠨ ᠪᠠ ᠬᠤᠪᠢ ᠬᠥᠮᠥᠨ᠎ᠤ ᠪᠡᠶ᠎ᠡ᠂ ᠡᠳ᠋ ᠬᠥᠷᠥᠩᠭᠡ ᠵᠢᠨ ᠠᠮᠤᠷ ᠲᠥᠪᠰᠢᠨ᠎ᠳᠤ ᠠᠶᠤᠯᠲᠠᠢ ᠭᠡᠨᠡᠳᠲᠡ ᠵᠢᠨ ᠬᠡᠷᠡᠭ ᠭᠠᠷᠪᠠᠯ᠂ ᠴᠠᠭ ᠲᠤᠬᠠᠢ᠎ᠳᠤᠨᠢ ᠲᠦᠭᠰᠢᠭᠥᠷᠢ ᠮᠡᠳᠡᠭᠦᠯᠬᠦ ᠪᠣᠯ ᠨᠡᠢ᠌ᠭᠡᠮ᠎ᠤᠨ ᠪᠦᠷᠢᠯᠳᠦᠬᠦᠨ ᠨᠢᠭᠡᠪᠥᠷᠢ ᠵᠢᠨ ᠭᠦᠢ᠍ᠴᠡᠳᠬᠡᠪᠡᠰᠦ ᠵᠣᠬᠢᠬᠤ ᠡᠭᠦᠷᠭᠡ ᠪᠣᠯᠣᠨ᠎ᠠ᠃
      ᠠᠶᠤᠯ᠎ᠳᠤ ᠤᠴᠠᠷᠠᠪᠠᠯ 110 ᠵᠢ ᠨᠣᠮᠸᠷᠳᠠᠨ᠎ᠠ᠃ ᠲᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ 110᠂119᠂122 ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠳ᠋ᠢᠶᠠᠩᠬᠤᠸᠠ ᠵᠢᠨ 《ᠭᠤᠷᠪᠠᠨ ᠳᠠᠪᠴᠠᠩ᠎ᠢ ᠨᠢᠭᠡᠳᠬᠡᠬᠦ》 ᠵᠢ ᠬᠡᠷᠡᠭᠵᠢᠭᠥᠯᠵᠦ᠂ ᠠᠮᠤᠷ᠎ᠢ ᠬᠠᠮᠠᠭ᠋ᠠᠯᠠᠬᠤ᠂ ᠡᠷᠡᠭᠦᠦ ᠵᠢᠨ ᠬᠡᠷᠡᠭ᠂ ᠭᠠᠯ᠎ᠤᠨ ᠠᠶᠤᠯ ᠭᠠᠷᠬᠤ᠂ ᠵᠠᠮ ᠬᠠᠷᠢᠯᠴᠠᠭ᠋ᠠᠨ᠎ᠤ ᠡᠨᠳᠡᠯ᠂ ᠵᠢᠴᠢ ᠤᠰᠤ᠂ ᠴᠠᠬᠢᠯᠭ᠋ᠠᠨ᠂ ᠬᠡᠢ᠂ ᠢᠯᠴᠢ ᠵᠡᠷᠭᠡ ᠣᠯᠠᠨ ᠨᠡᠢ᠌ᠲᠡ ᠵᠢᠨ ᠪᠡᠯᠡᠳᠬᠡᠮᠵᠢ᠎ᠳᠤ ᠬᠥᠮᠥᠨ᠎ᠤ ᠪᠡᠶ᠎ᠡ᠂ ᠡᠳ᠋ ᠬᠥᠷᠥᠩᠭᠡ ᠵᠢᠨ ᠠᠮᠤᠷ ᠲᠥᠪᠰᠢᠨ᠎ᠳᠤ ᠠᠶᠤᠯᠲᠠᠢ ᠬᠦᠨᠳᠦ ᠶᠡᠬᠡ ᠲᠦᠭᠰᠢᠭᠦᠷᠢᠲᠦ ᠪᠠᠢ᠌ᠳᠠᠯ ᠭᠠᠷᠪᠠᠯ᠂ ᠴᠦᠮ 110 ᠵᠢ ᠨᠣᠮᠸᠷᠳᠠᠵᠤ ᠪᠣᠯᠣᠨ᠎ᠠ; ᠤᠰᠤᠨ᠎ᠳᠤ ᠵᠢᠪᠬᠦ᠂ ᠠᠰᠠᠷ᠎ᠠᠴᠠ ᠤᠨᠠᠬᠤ᠂ ᠠᠮᠢ᠎ᠪᠠᠨ ᠬᠣᠣᠷᠯᠠᠬᠤ᠂ ᠲᠥᠭᠡᠷᠢᠬᠦ ᠵᠢᠴᠢ ᠬᠤᠪᠢ ᠬᠥᠮᠥᠨ ᠲᠦᠭᠰᠢᠭᠦᠷᠢᠲᠦ ᠪᠠᠢ᠌ᠳᠠᠯ᠎ᠳᠤ ᠣᠷᠣᠪᠠᠯ᠂ ᠪᠠᠰᠠ 110 ᠵᠢ ᠨᠣᠮᠸᠷᠳᠠᠵᠤ ᠪᠣᠯᠣᠨ᠎ᠠ᠃ 《110》 ᠬᠢᠭᠡᠳ ᠡᠯ᠎ᠡ ᠡᠭᠥᠷᠭᠡ ᠴᠢᠳᠠᠪᠥᠷᠢᠲᠦ ᠰᠠᠯᠠᠭ᠎ᠠ ᠮᠥᠴᠢᠷ ᠬᠠᠮᠲᠤᠷᠠᠨ ᠬᠦᠳᠡᠯᠥᠯᠴᠡᠬᠦ ᠲᠣᠭᠲᠠᠴᠠ ᠪᠠᠢ᠌ᠭᠤᠯᠵᠤ᠂ ᠡᠯ᠎ᠡ ᠵᠦᠢ᠍ᠯ᠎ᠤᠨ ᠲᠦᠭᠰᠢᠭᠦᠷᠢᠲᠦ ᠪᠠᠢ᠌ᠳᠠᠯ᠎ᠳᠤ ᠴᠦᠮ ᠠᠪᠤᠷᠠᠨ ᠲᠤᠰᠠᠯᠠᠬᠤ ᠵᠢ ᠬᠠᠩᠭ᠋ᠠᠵᠤ ᠴᠢᠳᠠᠨ᠎ᠠ᠃
      ᠲᠦᠭᠰᠢᠭᠦᠷᠢ ᠮᠡᠳᠡᠭᠦᠯᠬᠦ ᠶᠡᠷᠦ ᠵᠢᠨ ᠮᠡᠳᠡᠯᠭᠡ
     (1) ᠴᠠᠭ ᠲᠤᠬᠠᠢ᠎ᠳᠤᠨᠢ ᠲᠦᠭᠰᠢᠭᠥᠷᠢ ᠮᠡᠳᠡᠭᠦᠯᠦᠨ᠎ᠡ᠃ ᠠᠶᠤᠯᠲᠠᠢ ᠪᠠᠢ᠌ᠳᠠᠯ ᠭᠠᠷᠪᠠᠯ ᠳᠠᠷᠤᠢ᠎ᠳᠤᠨᠢ ᠲᠦᠭᠰᠢᠭᠥᠷᠢ ᠮᠡᠳᠡᠭᠦᠯᠬᠦ ᠬᠡᠷᠡᠭᠲᠡᠢ᠃ ᠬᠡᠷᠪᠡ ᠪᠠᠢ᠌ᠳᠠᠯ ᠪᠠᠴᠢᠮ ᠲᠦᠭᠰᠢᠭᠦᠷᠢᠲᠡᠢ ᠪᠣᠯᠤᠭ᠋ᠠᠳ ᠳᠠᠷᠤᠢ᠎ᠳᠤᠨᠢ ᠲᠦᠭᠰᠢᠭᠥᠷᠢ ᠮᠡᠳᠡᠭᠦᠯᠬᠦ ᠵᠢᠨ ᠠᠷᠭ᠎ᠠ ᠦᠭᠡᠢ ᠪᠣᠯ ᠠᠶᠤᠯ᠎ᠠᠴᠠ ᠬᠡᠯᠲᠦᠷᠢᠭᠰᠡᠨ᠎ᠤ ᠳᠠᠷᠠᠭ᠎ᠠ ᠪᠤᠰᠢᠭᠤ ᠲᠦᠷᠭᠡᠨ ᠲᠦᠭᠰᠢᠭᠥᠷᠢ ᠮᠡᠳᠡᠭᠦᠯᠬᠦ ᠬᠡᠷᠡᠭᠲᠡᠢ᠃
     (2) ᠬᠡᠷᠡᠭ᠎ᠤᠨ ᠲᠠᠯᠠᠪᠠᠢ ᠵᠢ ᠬᠠᠮᠠᠭ᠋ᠠᠯᠠᠨ᠎ᠠ᠃ ᠲᠦᠭᠰᠢᠭᠥᠷᠢ ᠮᠡᠳᠡᠭᠦᠯᠦᠭᠰᠡᠨ᠎ᠤ ᠳᠠᠷᠠᠭ᠎ᠠ᠂ ᠲᠤᠬᠠᠢ ᠵᠢᠨ ᠲᠠᠯᠠᠪᠠᠢ ᠵᠢ ᠬᠠᠮᠠᠭ᠋ᠠᠯᠠᠬᠤ ᠵᠢ ᠠᠩᠬᠠᠷᠴᠤ᠂ ᠴᠠᠭᠳᠠᠭ᠎ᠠ ᠵᠢᠨ ᠲᠠᠯ᠎ᠠ ᠵᠢᠨ᠎ᠬᠢᠨ᠎ᠤ ᠰᠦᠪᠡᠭᠴᠢ ᠴᠤᠭᠯᠠᠭᠤᠯᠬᠤ᠎ᠳᠤ ᠳᠦᠭᠥᠮ ᠦᠵᠡᠭᠥᠯᠬᠦ ᠬᠡᠷᠡᠭᠲᠡᠢ᠃
     (3) ᠭᠠᠵᠠᠷ ᠵᠶ᠋ᠠᠨ ᠲᠣᠳᠣᠷᠬᠠᠢ ᠬᠡᠯᠡᠵᠦ ᠦᠭᠭᠥᠨ᠎ᠡ᠃ ᠠᠶᠤᠯᠲᠠᠢ ᠪᠠᠢ᠌ᠳᠠᠯ ᠭᠠᠷᠤᠭᠰᠠᠨ ᠴᠠᠭ᠂ ᠭᠠᠵᠠᠷ ᠣᠷᠣᠨ᠎ᠢ ᠲᠣᠳᠣᠷᠬᠠᠢ ᠬᠡᠯᠡᠵᠦ ᠦᠭᠬᠦ ᠬᠡᠷᠡᠭᠲᠡᠢ᠃ ᠬᠡᠷᠪᠡ ᠭᠠᠵᠠᠷ᠎ᠤᠨ ᠪᠠᠢ᠌ᠴᠠ᠂ ᠭᠠᠵᠠᠷ᠎ᠤᠨ ᠭᠠᠳᠠᠷᠭᠤ᠎ᠨᠢ ᠪᠤᠳᠤᠯᠢᠶᠠᠨᠲᠠᠢ ᠪᠣᠯ ᠡᠷᠭᠢᠨ ᠲᠣᠭᠣᠷᠢᠨ᠎ᠤ ᠲᠡᠮᠳᠡᠭ᠎ᠨᠢ ᠨᠡᠯᠢᠶᠡᠳ ᠢᠯᠡᠷᠬᠡᠢ ᠪᠠᠷᠢᠯᠭ᠎ᠠ᠂ ᠣᠯᠠᠨ ᠨᠡᠢ᠌ᠲᠡ ᠵᠢᠨ ᠮᠠᠰᠢᠨ ᠲᠡᠷᠭᠡᠨ᠎ᠤ ᠥᠷᠲᠡᠭᠡ᠂ ᠪᠠᠢ᠌ᠭᠤᠯᠭ᠎ᠠ ᠵᠢᠨ ᠨᠡᠷᠡᠢ᠌ᠳᠥᠯ᠂ ᠡᠭᠦᠳᠡᠨ᠎ᠤ ᠨᠣᠮᠧᠷ ᠪᠤᠶᠤ ᠢᠯᠡᠷᠬᠡᠢ ᠭᠠᠵᠠᠷ᠎ᠤᠨ ᠭᠠᠳᠠᠷᠭᠤ ᠵᠢᠨ ᠣᠨᠴᠠᠯᠢᠭ ᠵᠡᠷᠭᠡ ᠵᠢ ᠮᠡᠳᠡᠭᠳᠡᠬᠦ ᠬᠡᠷᠡᠭᠲᠡᠢ᠃
     (4) ᠪᠠᠴᠢᠮ ᠪᠠᠢ᠌ᠳᠠᠯ ᠵᠶ᠋ᠠᠨ ᠲᠣᠳᠣᠷᠬᠠᠢ᠌ᠯᠠᠨ᠎ᠠ᠃ ᠠᠶᠤᠯ ᠲᠦᠭᠰᠢᠭᠦᠷᠢ ᠭᠠᠷᠤᠭᠰᠠᠨ ᠰᠢᠯᠲᠠᠭ᠋ᠠᠨ᠂ ᠵᠢᠴᠢ ᠶᠠᠮᠠᠷ ᠲᠤᠰᠠᠯᠠᠮᠵᠢ ᠬᠡᠷᠡᠭᠴᠡᠭᠡ᠎ᠲᠠᠢ ᠪᠠᠢ᠌ᠭ᠎ᠠ᠎ᠪᠠᠨ ᠲᠣᠪᠴᠢᠬᠠᠨ ᠲᠣᠳᠣᠷᠬᠠᠢ᠌ᠯᠠᠬᠤ ᠬᠡᠷᠡᠭᠲᠡᠢ᠃
     (5) ᠣᠪᠣᠭ ᠨᠡᠷ᠎ᠡ᠎ᠪᠠᠷ ᠦᠯᠡᠳᠡᠭᠡᠨ᠎ᠡ᠃ ᠲᠦᠭᠰᠢᠭᠥᠷᠢ ᠮᠡᠳᠡᠭᠥᠯᠥᠭᠴᠢ ᠥᠪᠡᠷ᠎ᠤᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠵᠶ᠋ᠠᠨ ᠦᠯᠡᠳᠡᠭᠡᠬᠦ ᠬᠡᠷᠡᠭᠲᠡᠢ᠃
     (6) ᠬᠦᠯᠢᠶᠡᠵᠦ ᠪᠠᠢ᠌ᠭ᠋ᠠᠳ ᠵᠢᠭ᠋ᠠᠨ ᠳᠠᠭ᠋ᠠᠭᠤᠯᠤᠨ᠎ᠠ᠃ ᠠᠪᠤᠷᠠᠨ ᠲᠤᠰᠠᠯᠠᠬᠤ ᠬᠦᠮᠥᠰ᠎ᠤᠨ ᠶᠡᠬᠡ ᠲᠥᠯᠥᠪ ᠬᠦᠷᠴᠦ ᠢᠷᠡᠬᠦ ᠴᠠᠭ᠎ᠢ ᠣᠢ᠌ᠯᠠᠭ᠋ᠠᠨ ᠠᠪᠴᠦ᠂ ᠣᠢ᠌ᠷ᠎ᠠ ᠬᠠᠪᠢ ᠵᠢᠨ ᠨᠡᠯᠢᠶᠡᠳ ᠢᠯᠡᠷᠬᠡᠢ ᠲᠡᠮᠳᠡᠭ᠎ᠲᠠᠢ ᠭᠠᠵᠠᠷ᠂ ᠵᠢᠱ᠌ᠢᠶᠡᠯᠡᠪᠡᠯ ᠵᠠᠮ᠎ᠤᠨ ᠠᠭᠤᠯᠵᠠᠷ ᠪᠤᠶᠤ ᠭᠤᠳᠤᠮᠵᠢ ᠵᠢᠨ ᠠᠮᠠᠰᠠᠷ᠎ᠲᠤ ᠤᠷᠢᠳᠠᠪᠡᠷ ᠬᠦᠷᠴᠦ ᠠᠪᠤᠷᠠᠨ ᠲᠤᠰᠠᠯᠠᠬᠤ ᠬᠦᠮᠥᠰ᠎ᠢ ᠬᠦᠯᠢᠶᠡᠬᠦ ᠵᠢᠨ ᠬᠠᠮᠲᠤ ᠵᠢᠭ᠋ᠠᠨ ᠳᠠᠭ᠋ᠠᠭᠤᠯᠤᠨ᠎ᠠ᠃
      ᠬᠠᠯᠠᠭᠤᠮᠰᠤᠭ ᠰᠠᠨᠠᠭᠤᠯᠭ᠎ᠠ
      ᠵᠢᠵᠢᠭ ᠰᠠᠵᠢᠭ ᠶᠠᠪᠤᠳᠠᠯ᠎ᠳᠤ ᠴᠠᠭᠳᠠᠭ᠎ᠠ ᠨᠠᠷ᠎ᠢ ᠲᠦᠢ᠍ᠪᠡᠭᠡᠬᠦ ᠦᠭᠡᠢ ᠪᠠᠢ᠌ᠬᠤ ᠬᠡᠷᠡᠭᠲᠡᠢ᠂ ᠴᠠᠭᠳᠠᠭ᠎ᠠ ᠨᠠᠷ᠎ᠢ ᠲᠦᠢ᠍ᠪᠡᠭᠡᠪᠡᠯ ᠰᠢᠳᠭᠡᠨ ᠲᠣᠷᠭ᠋ᠠᠨ᠎ᠠ᠃ ᠥᠪᠡᠷ ᠵᠶ᠋ᠡᠨ ᠰᠢᠢ᠍ᠳᠪᠦᠷᠢᠯᠡᠵᠦ ᠪᠣᠯᠬᠤ ᠠᠰᠠᠭᠤᠳᠠᠯ ᠪᠣᠯ 110 ᠵᠢ ᠳᠤᠷ᠎ᠠ ᠮᠡᠳᠡᠨ ᠨᠣᠮᠸᠷᠳᠠᠬᠤ ᠦᠭᠡᠢ ᠪᠠᠢ᠌ᠬᠤ ᠬᠡᠷᠡᠭᠲᠡᠢ᠃ 110 ᠵᠢ ᠡᠷᠤᠢ ᠬᠤᠷᠤᠢ ᠦᠭᠡᠢ ᠨᠣᠮᠸᠷᠳᠠᠵᠤ᠂ 《110》᠎ᠤᠨ ᠬᠡᠪ᠎ᠤᠨ ᠶᠣᠰᠤᠭ᠋ᠠᠷ ᠠᠵᠢᠯᠯᠠᠬᠤ ᠵᠢ ᠰᠠᠮᠠᠭᠤᠷᠠᠭᠤᠯᠪᠠᠯ ᠰᠢᠳᠭᠡᠭᠳᠡᠨ ᠲᠣᠷᠭ᠋ᠠᠭᠳᠠᠨ᠎ᠠ᠃

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ