ᠵᠠᠮ ᠬᠠᠷᠢᠯᠴᠠᠭ᠋ᠠᠨ᠎ᠤ ᠡᠨᠳᠡᠯ ᠪᠤᠶᠤ ᠵᠠᠮ ᠬᠠᠷᠢᠯᠴᠠᠭ᠋ᠠᠨ᠎ᠤ ᠵᠢᠭᠤᠷᠠᠯᠳᠤᠭ᠋ᠠᠨ ᠭᠠᠷᠴᠦ᠂ ᠪᠠᠢ᠌ᠳᠠᠯ᠎ᠨᠢ ᠬᠦᠩᠭᠡᠨ ᠰᠢᠭ ᠪᠣᠯ ᠨᠥᠬᠥᠷᠰᠡᠭ ᠵᠶ᠋ᠡᠷ ᠵᠥᠪᠳᠡᠯᠴᠡᠭᠡᠳ ᠰᠢᠢ᠍ᠳᠪᠦᠷᠢᠯᠡᠵᠦ ᠪᠣᠯᠤᠨ᠎ᠠ; ᠲᠦᠭᠰᠢᠭᠦᠷᠢ ᠮᠡᠳᠡᠭᠦᠯᠬᠦ ᠴᠢᠬᠤᠯᠠᠲᠠᠢ ᠪᠣᠯ 122 ᠪᠤᠶᠤ 110 ᠲᠦᠭᠰᠢᠭᠦᠷᠢ ᠮᠡᠳᠡᠭᠦᠯᠬᠦ ᠳ᠋ᠢᠶᠠᠩᠬᠤᠸᠠ ᠵᠢ ᠤᠲᠠᠰᠤᠳᠠᠵᠦ ᠪᠤᠯᠤᠨ᠎ᠠ᠃
ᠲᠦᠭᠰᠢᠭᠦᠷᠢ ᠮᠡᠳᠡᠭᠦᠯᠬᠦ ᠶᠡᠷᠦ ᠵᠢᠨ ᠮᠡᠳᠡᠯᠭᠡ
(1) ᠲᠦᠭᠰᠢᠭᠦᠷᠢ ᠵᠢ ᠴᠠᠭ ᠲᠤᠬᠠᠢᠳᠤᠨᠢ ᠮᠡᠳᠡᠭᠦᠯᠦᠨ᠎ᠡ᠃
(2) ᠭᠠᠵᠠᠷ᠎ᠢ᠎ᠨᠢ ᠲᠣᠲᠣᠷᠬᠠᠢ ᠬᠡᠯᠡᠵᠦ ᠦᠭᠭᠥᠨ᠎ᠡ᠃
(3) ᠠᠶᠤᠯ᠎ᠤᠨ ᠪᠠᠢ᠌ᠳᠠᠯ᠎ᠢ ᠲᠣᠳᠤᠷᠬᠠᠢ ᠬᠡᠯᠡᠵᠦ ᠦᠭᠭᠥᠨ᠎ᠡ᠃ ᠡᠨᠳᠡᠯ᠎ᠤᠨ ᠰᠢᠯᠲᠠᠭ᠋ᠠᠨ ᠪᠠ ᠬᠦᠮᠦᠨ ᠬᠠᠷ᠎ᠠ᠂ ᠮᠠᠰᠢᠨ ᠲᠡᠷᠭᠡᠨ᠎ᠤ ᠭᠡᠮᠲᠦᠵᠦ ᠰᠦᠢ᠍ᠳᠦᠭᠰᠡᠨ ᠪᠠᠢ᠌ᠳᠠᠯ᠎ᠢ ᠮᠡᠳᠡᠭᠦᠯᠦᠨ᠎ᠡ᠃
(4) ᠣᠪᠣᠭ ᠨᠡᠷ᠎ᠡ᠎ᠪᠠᠨ ᠦᠯᠡᠳᠡᠭᠡᠨ᠎ᠡ᠃
(5) ᠲᠤᠬᠠᠢ ᠵᠢᠨ ᠲᠠᠯᠠᠪᠠᠢ ᠵᠢ ᠬᠠᠮᠠᠭ᠋ᠠᠯᠠᠨ᠎ᠠ᠃ ᠵᠠᠮ ᠬᠠᠷᠢᠯᠴᠠᠭ᠋ᠠᠨ᠎ᠤ ᠡᠨᠳᠡᠯ ᠭᠠᠷᠤᠭᠰᠠᠨ᠎ᠤ ᠲᠠᠷᠠᠭ᠎ᠠ᠂ ᠬᠡᠷᠡᠭ ᠭᠠᠷᠭ᠋ᠠᠭᠴᠢ ᠬᠢᠭᠡᠳ ᠡᠷᠬᠢᠨ ᠲᠣᠭᠤᠷᠢᠨ᠎ᠳᠤ ᠪᠠᠢ᠌ᠭ᠎ᠠ ᠤᠯᠠᠨ ᠲᠦᠮᠡᠨ ᠲᠤᠬᠠᠢ ᠵᠢᠨ ᠲᠠᠯᠠᠪᠠᠢ ᠵᠢ ᠠᠯᠢ ᠴᠢᠳᠠᠬᠤᠢ᠌ᠴᠠ ᠤᠤᠯ᠎ᠤᠨ ᠬᠡᠪ ᠵᠶ᠋ᠡᠷ᠎ᠨᠢ ᠪᠠᠢ᠌ᠯᠭ᠋ᠠᠬᠤ᠎ᠪᠠᠷ ᠬᠠᠮᠠᠭ᠋ᠠᠯᠠᠵᠤ᠂ ᠠᠷᠠᠳ᠎ᠤᠨ ᠴᠠᠭᠳᠠᠭ᠎ᠠ ᠡᠨᠳᠡᠯ ᠰᠢᠢ᠍ᠳᠪᠦᠷᠢᠯᠡᠬᠦ᠎ᠳᠡᠭᠡᠨ ᠪᠤᠳᠠᠰ᠎ᠤᠨ ᠭᠡᠷᠡᠴᠢ ᠴᠤᠭᠯᠠᠭᠤᠯᠵᠤ᠂ ᠡᠨᠳᠡᠯ᠎ᠤᠨ ᠰᠢᠨᠵᠢ ᠴᠢᠨᠠᠷ᠎ᠢ ᠮᠠᠭ᠋ᠠᠳᠯᠠᠬᠤ᠎ᠳᠤ ᠳᠦᠭᠦᠮ ᠦᠵᠡᠭᠦᠯᠬᠦ ᠬᠡᠷᠡᠭᠲᠡᠢ; ᠡᠭᠦᠨ᠎ᠤ ᠬᠠᠮᠲᠤ ᠵᠠᠮ ᠬᠠᠷᠢᠯᠴᠠᠭ᠋ᠠᠨ᠎ᠤ ᠡᠮᠬᠢ ᠳᠢᠭᠯᠢᠮ᠎ᠢ ᠠᠯᠢ ᠪᠣᠯᠬᠤᠢ᠌ᠴᠠ ᠬᠠᠷᠰᠢᠯᠠᠬᠤ ᠦᠭᠡᠢ ᠪᠠᠢ᠌ᠬᠤ ᠵᠢ ᠠᠩᠬᠠᠷᠤᠨ᠎ᠠ᠃ ᠵᠠᠮ ᠬᠠᠷᠢᠯᠴᠠᠭ᠎ᠠ ᠵᠢ ᠬᠠᠷᠰᠢᠯᠠᠭᠰᠠᠨ᠎ᠠᠴᠠ ᠪᠣᠯᠵᠤ ᠲᠤᠬᠠᠢ ᠵᠢᠨ ᠲᠠᠯᠠᠪᠠᠢ ᠵᠢ ᠰᠢᠯᠵᠢᠭᠦᠯᠬᠦ ᠦᠭᠡᠢ ᠪᠠᠢ᠌ᠬᠤ ᠵᠢᠨ ᠠᠷᠭ᠎ᠠ ᠦᠭᠡᠢ ᠪᠣᠯ ᠤᠷᠢᠳᠠᠪᠡᠷ ᠡᠨᠳᠡᠯ ᠭᠠᠷᠤᠭᠰᠠᠨ ᠲᠤᠬᠠᠢ ᠵᠢᠨ ᠲᠠᠯᠠᠪᠠᠢ ᠵᠢᠨ ᠤᠷᠤᠨ ᠪᠠᠢ᠌ᠷᠢ ᠵᠢ ᠲᠡᠮᠳᠡᠭᠯᠡᠨ ᠲᠤᠲᠤᠷᠬᠠᠢ᠌ᠯᠠᠬᠤ᠂ ᠡᠰᠡᠬᠦᠯ᠎ᠡ ᠭᠠᠷ ᠤᠲᠠᠰᠤ ᠪᠤᠶᠤ ᠭᠡᠷᠡᠯ ᠵᠢᠷᠤᠭ᠎ᠤᠨ ᠮᠠᠰᠢᠨ ᠵᠶ᠋ᠠᠷ ᠡᠨᠳᠡᠯ ᠭᠠᠷᠤᠭᠰᠠᠨ ᠲᠤᠬᠠᠢ ᠵᠢᠨ ᠲᠠᠯᠠᠪᠠᠢ ᠵᠢᠨ ᠤᠷᠤᠨ ᠪᠠᠢ᠌ᠷᠢ ᠵᠢ ᠰᠡᠭᠦᠳᠡᠷᠯᠡᠵᠦ ᠠᠪᠤᠭ᠋ᠠᠳ ᠬᠡᠷᠡᠭ ᠭᠠᠷᠤᠭᠰᠠᠨ ᠮᠠᠰᠢᠨ ᠲᠡᠷᠭᠡ᠎ᠪᠠᠨ ᠵᠠᠮ ᠬᠠᠷᠢᠯᠴᠠᠭ᠎ᠠ ᠵᠢ ᠬᠠᠷᠰᠢᠯᠠᠬᠤ ᠦᠭᠡᠢ ᠭᠠᠵᠠᠷ᠎ᠲᠤ ᠰᠢᠯᠵᠢᠭᠦᠯᠦᠨ᠎ᠡ᠃
(6) ᠰᠡᠷᠡᠮᠵᠢᠯᠡᠭᠦᠯᠬᠦ ᠲᠡᠮᠳᠡᠭ᠃ ᠵᠠᠮ ᠬᠠᠷᠢᠯᠴᠠᠭ᠋ᠠᠨ᠎ᠤ ᠡᠨᠳᠡᠯ ᠭᠠᠷᠪᠠᠯ ᠮᠠᠰᠢᠨ ᠲᠡᠷᠭᠡᠨ᠎ᠤ᠎ᠪᠠᠨ ᠡᠷᠬᠢᠨ ᠲᠣᠭᠣᠷᠢᠨ᠎ᠳᠤ ᠰᠡᠷᠡᠮᠵᠢᠯᠡᠭᠦᠯᠬᠦ ᠲᠡᠮᠳᠡᠭ ᠲᠠᠯᠪᠢᠵᠤ᠂ ᠳᠠᠬᠢᠭ᠋ᠠᠳ ᠡᠨᠳᠡᠯ ᠪᠣᠯᠬᠤ᠎ᠠᠴᠠ ᠵᠠᠢ᠌ᠯᠠᠰᠬᠢᠯᠭᠡᠬᠦ ᠬᠡᠷᠡᠭᠲᠡᠢ᠃
(7) ᠲᠡᠷᠭᠡᠨ᠎ᠤ ᠫᠠᠢ᠌ᠰᠠ ᠵᠢ ᠴᠡᠭᠡᠵᠢᠯᠡᠵᠦ ᠠᠪᠤᠨ᠎ᠠ᠃ ᠬᠡᠷᠡᠭ ᠭᠠᠷᠭ᠋ᠠᠭᠰᠠᠨ ᠮᠠᠰᠢᠨ ᠲᠡᠷᠭᠡ ᠲᠤᠲᠠᠭ᠋ᠠᠭᠰᠠᠨ ᠪᠠᠢ᠌ᠪᠠᠯ᠂ ᠮᠠᠰᠢᠨ ᠲᠡᠷᠭᠡᠨ᠎ᠤ ᠫᠠᠢ᠌ᠰᠠ᠂ ᠲᠡᠷᠭᠡᠨ᠎ᠤ ᠬᠡᠯᠪᠡᠷᠢ᠂ ᠥᠩᠭᠡ ᠪᠤᠳᠤᠭ ᠵᠡᠷᠭᠡ ᠭᠣᠣᠯ ᠪᠣᠯᠬᠤ ᠣᠨᠴᠠᠯᠢᠭ᠎ᠢ ᠴᠡᠭᠡᠵᠢᠯᠡᠵᠦ ᠠᠪᠬᠤ ᠬᠡᠷᠡᠭᠲᠡᠢ᠃
ᠬᠠᠯᠠᠭᠤᠮᠰᠤᠭ ᠰᠠᠨᠠᠭᠤᠯᠤᠮᠵᠢ
ᠰᠢᠷᠠᠭᠳᠤᠭᠰᠠᠳᠢ ᠠᠪᠤᠷᠠᠨ᠎ᠠ᠃ ᠵᠠᠮ ᠬᠠᠷᠢᠯᠴᠠᠭ᠋ᠠᠨ᠎ᠤ ᠡᠨᠳᠡᠯ᠎ᠠᠴᠠ ᠪᠣᠯᠵᠤ ᠬᠥᠮᠥᠰ ᠰᠢᠷᠬᠠᠲᠤᠭᠰᠠᠨ ᠪᠣᠯ ᠰᠢᠷᠠᠭᠳᠤᠭᠰᠠᠳᠢ ᠴᠠᠭ ᠲᠣᠬᠠᠢᠳᠤᠨᠢ ᠠᠪᠤᠷᠠᠬᠤ ᠵᠢᠨ ᠬᠠᠮᠲᠤ 120 ᠡᠮᠴᠢᠯᠡᠭᠡᠨ᠎ᠤ ᠲᠦᠷᠭᠡᠨ ᠠᠪᠤᠷᠠᠬᠤ ᠳ᠋ᠢᠶᠠᠩᠬᠤᠸᠠ ᠵᠢ ᠳᠠᠷᠤᠢ ᠲᠦᠷᠭᠡᠨ ᠤᠲᠠᠰᠤᠳᠠᠬᠤ ᠬᠡᠷᠡᠭᠲᠡᠢ᠃