ᠵᠠᠮ ᠬᠠᠷᠢᠯᠴᠠᠭ᠋ᠠᠨ᠎ᠤ ᠡᠨᠳᠡᠯ ᠪᠤᠶᠤ ᠵᠠᠮ ᠬᠠᠷᠢᠯᠴᠠᠭ᠋ᠠᠨ᠎ᠤ ᠵᠢᠭᠤᠷᠠᠯᠳᠤᠭ᠋ᠠᠨ ᠭᠠᠷᠴᠦ᠂ ᠦᠢ᠍ᠯᠡ ᠪᠠᠢ᠌ᠳᠠᠯ᠎ᠨᠢ ᠬᠦᠩᠭᠡᠨ ᠰᠢᠭ ᠪᠠᠢ᠌ᠪᠠᠯ ᠨᠦᠭᠦᠷᠰᠡᠭ ᠵᠶ᠋ᠠᠷ ᠵᠦᠪᠳᠡᠯᠴᠡᠭᠡᠳ ᠰᠢᠢ᠍ᠳᠪᠦᠷᠢᠯᠡᠵᠤ ᠪᠤᠯᠤᠨ᠎ᠠ; ᠲᠦᠭᠰᠢᠭᠦᠷᠢ ᠮᠡᠳᠡᠭᠦᠯᠬᠦ ᠴᠢᠬᠤᠯᠠᠲᠠᠢ ᠪᠣᠯ 122 ᠪᠤᠶᠤ 110 ᠲᠦᠭᠰᠢᠬᠦᠷᠢ ᠮᠡᠳᠡᠭᠦᠯᠬᠦ ᠳ᠋ᠢᠶᠠᠨᠭ᠌ᠬᠤᠸᠠ᠎ᠳᠤ ᠤᠲᠠᠰᠤᠳᠠᠵᠤ ᠪᠤᠯᠤᠨ᠎ᠠ᠃
ᠲᠦᠭᠰᠢᠭᠦᠷᠢ ᠮᠡᠳᠡᠭᠦᠯᠬᠦ ᠶᠡᠷᠦ ᠵᠢᠨ ᠮᠡᠳᠡᠯᠭᠡ
(1) ᠲᠦᠭᠰᠢᠭᠦᠷᠢ ᠵᠢ ᠴᠠᠭ ᠲᠤᠬᠠᠢᠳᠤᠨᠢ ᠮᠡᠳᠡᠭᠦᠯᠥᠨ᠎ᠡ᠃
(2) ᠭᠠᠵᠠᠷ ᠵᠶ᠋ᠠᠨ ᠲᠤᠲᠤᠷᠬᠠᠢ ᠬᠡᠯᠡᠵᠦ ᠦᠭᠭᠥᠨ᠎ᠡ᠃
(3) ᠲᠦᠭᠰᠢᠭᠦᠷᠢ ᠵᠢᠨ ᠪᠠᠢ᠌ᠳᠠᠯ᠎ᠢ ᠲᠣᠳᠤᠷᠬᠠᠢ᠌ᠯᠠᠨ᠎ᠠ᠃ ᠡᠨᠳᠡᠯ ᠭᠠᠷᠤᠭᠰᠠᠨ ᠰᠢᠯᠲᠠᠭ᠋ᠠᠨ ᠬᠢᠭᠡᠳ ᠬᠦᠮᠥᠰ᠂ ᠲᠡᠷᠭᠡ ᠬᠦᠰᠭᠡ ᠵᠢᠨ ᠭᠡᠮᠲᠥᠵᠦ ᠬᠣᠬᠢᠷᠠᠭᠰᠠᠨ ᠪᠠᠢ᠌ᠳᠠᠯ᠎ᠢ ᠲᠤᠪᠴᠢᠬᠠᠨ ᠮᠡᠳᠡᠭᠦᠯᠥᠨ᠎ᠡ᠃
(4) ᠣᠪᠣᠭ ᠨᠡᠷ᠎ᠡ᠎ᠪᠠᠨ ᠦᠯᠡᠳᠡᠭᠡᠨ᠎ᠡ᠃
(5) ᠲᠤᠬᠠᠢ ᠵᠢᠨ ᠲᠠᠯᠠᠪᠠᠢ ᠵᠢ ᠬᠠᠮᠠᠭ᠋ᠠᠯᠠᠨ᠎ᠠ᠃ ᠵᠠᠮ ᠬᠠᠷᠢᠯᠴᠠᠭ᠋ᠠᠨ᠎ᠤ ᠡᠨᠳᠡᠯ ᠭᠠᠷᠤᠭᠰᠠᠨ᠎ᠤ ᠳᠠᠷᠠᠭ᠎ᠠ᠂ ᠬᠡᠷᠡᠭ ᠭᠠᠷᠭ᠋ᠠᠭᠴᠢ ᠬᠢᠭᠡᠳ ᠡᠷᠬᠢᠨ ᠲᠤᠭᠤᠷᠢᠨ᠎ᠤ ᠣᠯᠠᠨ ᠲᠦᠮᠡᠨ ᠲᠤᠬᠠᠢ ᠵᠢᠨ ᠲᠠᠯᠠᠪᠠᠢ ᠵᠢᠨ ᠤᠭ ᠳᠦᠷᠢ ᠪᠠᠢ᠌ᠳᠠᠯ᠎ᠢ ᠠᠯᠢ ᠴᠢᠳᠠᠬᠤᠢ᠌ᠴᠠ ᠬᠠᠮᠠᠭ᠋ᠠᠯᠠᠵᠤ᠂ ᠡᠨᠳᠡᠯ᠎ᠢ ᠰᠢᠢ᠍ᠳᠪᠦᠷᠢᠯᠡᠬᠦ ᠦᠶ᠎ᠡ᠎ᠳᠤ ᠴᠠᠭᠳᠠᠭ᠎ᠠ ᠨᠠᠷ᠎ᠤᠨ ᠪᠤᠳᠠᠰ᠎ᠤᠨ ᠭᠡᠷᠡᠴᠢ ᠴᠤᠭᠯᠠᠭᠤᠯᠵᠤ᠂ ᠡᠨᠳᠡᠯ᠎ᠤᠨ ᠰᠢᠨᠵᠢ ᠴᠢᠨᠠᠷ᠎ᠢ ᠲᠤᠳᠤᠯᠠᠬᠤ᠎ᠳᠤ ᠳᠦᠭᠦᠮ ᠦᠵᠡᠭᠥᠯᠬᠦ ᠬᠡᠷᠡᠭᠲᠠᠢ; ᠡᠭᠦᠨ᠎ᠤ ᠬᠠᠮᠲᠤ ᠵᠠᠮ ᠬᠠᠷᠢᠯᠴᠠᠭ᠋ᠠᠨ᠎ᠤ ᠡᠮᠬᠢ ᠲᠢᠭᠯᠢᠮ᠎ᠢ ᠠᠯᠢ ᠪᠣᠯᠬᠤᠢ᠌ᠴᠠ ᠬᠠᠷᠰᠢᠯᠠᠬᠤ ᠦᠭᠡᠢ ᠪᠠᠢ᠌ᠬᠤ ᠬᠡᠷᠡᠭᠲᠠᠢ᠃ ᠵᠠᠮ ᠬᠠᠷᠢᠯᠴᠠᠭ᠎ᠠ ᠵᠢ ᠬᠠᠷᠰᠢᠯᠠᠵᠦ ᠪᠠᠢ᠌ᠬᠤ᠎ᠠᠴᠠ ᠪᠣᠯᠵᠦ ᠲᠤᠬᠠᠢ ᠵᠢᠨ ᠲᠠᠯᠠᠪᠠᠢ ᠵᠢ ᠬᠤᠪᠢᠷᠠᠭᠤᠯᠬᠤ ᠬᠡᠷᠡᠭᠲᠡᠢ ᠪᠣᠯ ᠤᠷᠢᠳᠠᠪᠡᠷ ᠡᠨᠳᠡᠯ᠎ᠤᠨ ᠲᠤᠬᠠᠢ ᠵᠢᠨ ᠲᠠᠯᠠᠪᠠᠢ ᠵᠢᠨ ᠣᠷᠣᠨ ᠪᠠᠢ᠌ᠷᠢ᠎ᠳᠤ ᠲᠡᠮᠳᠡᠭ ᠲᠠᠯᠪᠢᠬᠤ ᠪᠤᠶᠤ ᠭᠠᠷ ᠤᠲᠠᠰᠤ᠂ ᠭᠡᠷᠡᠯ ᠵᠢᠷᠤᠭ᠎ᠤᠨ ᠮᠠᠰᠢᠨ ᠵᠶ᠋ᠠᠷ ᠡᠨᠳᠡᠯ᠎ᠤᠨ ᠲᠤᠬᠠᠢ ᠵᠢᠨ ᠲᠠᠯᠠᠪᠠᠢ ᠵᠢᠨ ᠣᠷᠣᠨ ᠪᠠᠢ᠌ᠷᠢ ᠵᠢ ᠰᠡᠭᠦᠳᠡᠷᠯᠡᠵᠦ ᠠᠪᠤᠭᠰᠠᠨ᠎ᠤ ᠳᠠᠷᠠᠭ᠎ᠠ᠂ ᠲᠡᠷᠭᠡ ᠬᠦᠰᠭᠡ ᠵᠢ ᠵᠠᠮ ᠬᠠᠷᠢᠯᠴᠠᠭ᠎ᠠ ᠵᠢ ᠬᠠᠷᠰᠢᠯᠠᠬᠤ ᠦᠭᠡᠢ ᠭᠠᠵᠠᠷ᠎ᠲᠤ ᠰᠢᠯᠵᠢᠭᠦᠯᠬᠦ ᠬᠡᠷᠡᠭᠲᠠᠢ᠃
(6) ᠰᠡᠷᠡᠮᠵᠢᠯᠡᠭᠦᠯᠬᠦ ᠲᠡᠮᠳᠡᠭ ᠲᠠᠯᠪᠢᠨ᠎ᠠ᠃ ᠵᠠᠮ ᠬᠠᠷᠢᠯᠴᠠᠭ᠋ᠠᠨ᠎ᠤ ᠡᠨᠳᠡᠯ ᠭᠠᠷᠪᠠᠯ᠂ ᠲᠡᠷᠭᠡ ᠬᠦᠰᠭᠡ ᠵᠢᠨ ᠡᠷᠭᠢᠨ ᠲᠣᠭᠣᠷᠢᠨ᠎ᠳᠤ ᠰᠡᠷᠡᠮᠵᠢᠯᠡᠭᠥᠯᠬᠦ ᠲᠡᠮᠳᠡᠭ ᠲᠠᠯᠪᠢᠵᠦ᠂ ᠳᠠᠬᠢᠭ᠋ᠠᠳ ᠡᠨᠳᠡᠯ ᠭᠠᠷᠬᠤ᠎ᠠᠴᠠ ᠵᠠᠢ᠌ᠯᠠᠰᠬᠢᠯᠭᠡᠬᠦ ᠬᠡᠷᠡᠭᠲᠠᠢ᠃
(7) ᠲᠡᠷᠭᠡᠨ᠎ᠤ ᠫᠠᠢ᠌ᠰᠠ ᠵᠢ ᠴᠡᠭᠡᠵᠢᠯᠡᠵᠦ ᠠᠪᠬᠤ ᠬᠡᠷᠡᠭᠲᠠᠢ᠃ ᠬᠡᠷᠡᠭ ᠭᠠᠷᠭ᠋ᠠᠭᠰᠠᠨ ᠲᠡᠷᠭᠡ ᠲᠤᠲᠠᠭ᠋ᠠᠬᠤ᠎ᠳᠤ ᠬᠦᠷᠪᠡᠯ᠂ ᠬᠡᠷᠡᠭ ᠭᠠᠷᠭ᠋ᠠᠭᠰᠠᠨ ᠲᠡᠷᠭᠡᠨ᠎ᠤ ᠫᠠᠢ᠌ᠰᠠ ᠵᠢᠨ ᠨᠤᠮᠸᠷ᠂ ᠲᠡᠷᠭᠡᠨ᠎ᠤ ᠬᠡᠯᠪᠡᠷᠢ᠂ ᠦᠨᠭᠭᠡ ᠪᠤᠳᠤᠭ ᠵᠡᠷᠭᠡ ᠭᠤᠤᠯ ᠪᠤᠯᠬᠤ ᠤᠨᠴᠠᠯᠢᠭ᠎ᠢ᠎ᠨᠢ ᠴᠡᠭᠡᠵᠢᠯᠡᠵᠦ ᠠᠪᠬᠤ ᠬᠡᠷᠡᠭᠲᠠᠢ᠃
ᠬᠠᠯᠠᠭᠤᠮᠰᠤᠭ ᠰᠠᠨᠠᠭᠤᠯᠤᠮᠵᠢ
ᠰᠢᠷᠬᠠᠳᠤᠭᠰᠠᠳᠢ ᠠᠪᠤᠷᠠᠬᠤ᠃ ᠵᠠᠮ ᠬᠠᠷᠢᠯᠴᠠᠭ᠋ᠠᠨ᠎ᠤ ᠡᠨᠳᠡᠯ᠎ᠳᠤ ᠬᠦᠮᠥᠰ ᠰᠢᠷᠬᠠᠳᠤᠭᠰᠠᠨ ᠪᠤᠯ ᠰᠢᠷᠬᠠᠳᠤᠭᠰᠠᠳᠢ ᠴᠠᠭ ᠲᠤᠬᠠᠢᠳᠤᠨᠢ ᠠᠪᠤᠷᠠᠬᠤ ᠵᠢᠨ ᠬᠠᠮᠲᠤ 120 ᠡᠮᠴᠢᠯᠡᠭᠡᠨ᠎ᠤ ᠪᠠᠴᠢᠮ ᠠᠪᠤᠷᠠᠬᠤ ᠳ᠋ᠢᠶᠠᠨᠭ᠌ᠬᠤᠸᠠ ᠵᠢ ᠳᠠᠷᠤᠢ ᠲᠦᠷᠭᠡᠨ ᠤᠲᠠᠰᠤᠳᠠᠬᠤ ᠬᠡᠷᠡᠭᠲᠠᠢ᠃