ᠪᠠᠴᠢᠮ ᠪᠠᠶ᠋ᠢᠳᠠᠯ᠎ᠶᠢᠨ ᠬᠠᠮᠢᠶᠠᠷᠤᠯᠲᠠ   -   ᠪᠠᠴᠢᠮ ᠪᠠᠶ᠋ᠢᠳᠠᠯ᠎ᠳᠤ ᠬᠠᠷᠢᠯᠴᠠᠬᠤ ᠤᠲᠠᠰᠤ
110 ᠲᠦᠭᠰᠢᠭᠦᠷᠢ ᠮᠡᠳᠡᠭᠦᠯᠬᠦ
ᠨᠡᠶ᠋ᠢᠲᠡᠯᠡᠭᠰᠡᠨ ᠴᠠᠭ᠄ 2015-01-30



     110 ᠲᠦᠭᠰᠢᠭᠦᠷᠢ ᠮᠡᠳᠡᠭᠦᠯᠬᠦ ᠲᠠᠪᠴᠠᠩ (ᠤᠤᠯ᠎ᠤᠨ 110᠂ 119᠂ 112 ᠭᠤᠷᠪᠠᠨ ᠲᠠᠪᠴᠠᠩ᠎ᠢ ᠨᠢᠭᠡᠳᠬᠡᠵᠦ 110 ᠪᠣᠯᠭ᠋ᠠᠪᠠ) ᠣᠯᠠᠨ ᠲᠦᠮᠡᠨ᠎ᠤ ᠲᠦᠭᠰᠢᠭᠦᠷᠢ ᠮᠡᠳᠡᠭᠦᠯᠦᠨ ᠲᠤᠰᠠᠯᠠᠮᠵᠢ ᠭᠤᠶᠤᠴᠢᠯᠠᠬᠤ ᠪᠠ ᠵᠠᠮ ᠬᠠᠷᠢᠯᠴᠠᠭ᠎ᠠ᠂ ᠭᠠᠯ᠎ᠤᠨ ᠠᠶᠤᠯ᠎ᠤᠨ ᠡᠨᠳᠡᠯ᠎ᠤᠨ ᠲᠦᠭᠰᠢᠭᠦᠷᠢ ᠮᠡᠳᠡᠭᠥᠯᠥᠭᠰᠡᠨ᠎ᠢ ᠨᠢᠭᠡᠳᠦᠯᠲᠡᠢ ᠬᠦᠯᠢᠶᠡᠨ ᠠᠪᠴᠤ ᠰᠢᠢ᠍ᠳᠪᠦᠷᠢᠯᠡᠨ᠎ᠡ᠃ 110 ᠲᠦᠭᠰᠢᠭᠦᠷᠢ ᠮᠡᠳᠡᠭᠦᠯᠬᠦ ᠲᠠᠪᠴᠠᠩ᠎ᠤᠨ ᠤᠯᠠᠨ ᠲᠦᠮᠡᠨ᠎ᠤ ᠲᠦᠭᠰᠢᠭᠦᠷᠢ ᠮᠡᠳᠡᠭᠦᠯᠥᠭᠰᠡᠨ᠎ᠢ ᠬᠦᠯᠢᠶᠠᠨ ᠠᠪᠴᠤ ᠰᠢᠢ᠍ᠳᠪᠦᠷᠢᠯᠡᠬᠦ   ᠬᠡᠪᠴᠢᠶ᠎ᠡ᠄
      (1) ᠡᠷᠡᠭᠦᠦ ᠵᠢᠨ ᠬᠡᠷᠡᠭ;
      (2) ᠠᠮᠤᠷ᠎ᠢ ᠬᠠᠮᠠᠭ᠋ᠠᠯᠠᠬᠤ ᠬᠡᠷᠡᠭ (ᠤᠴᠢᠷ);
      (3) ᠬᠦᠮᠦᠨ᠎ᠤ ᠪᠡᠶ᠎ᠡ᠂ ᠡᠳ᠋ ᠬᠥᠷᠥᠩᠭᠡ ᠵᠢᠨ ᠠᠮᠤᠷ ᠲᠦᠪᠰᠢᠨ ᠪᠤᠶᠤ ᠨᠡᠢ᠌ᠭᠡᠮ᠎ᠤᠨ ᠠᠮᠤᠷ᠎ᠢ ᠬᠠᠮᠠᠭ᠋ᠠᠯᠠᠬᠤ ᠡᠮᠬᠢ ᠳᠢᠭᠯᠢᠮ᠎ᠳᠤ ᠲᠦᠭᠰᠢᠭᠥᠷᠢᠲᠠᠢ ᠪᠦᠯᠦᠭᠯᠡᠯ ᠴᠢᠨᠠᠷᠲᠠᠢ ᠬᠡᠷᠡᠭ;
      (4) ᠪᠠᠢ᠌ᠭ᠋ᠠᠯᠢ ᠵᠢᠨ ᠭᠠᠮᠰᠢᠭ᠂ ᠠᠮᠤᠷ᠎ᠢ ᠬᠠᠮᠠᠭ᠋ᠠᠯᠠᠬᠤ ᠭᠠᠮᠰᠢᠭ᠎ᠤᠨ ᠡᠨᠳᠡᠯ;
      (5) ᠲᠣᠳᠣᠭ᠋ᠠᠳᠣ ᠵᠢ ᠬᠠᠮᠠᠭ᠋ᠠᠯᠠᠬᠤ ᠪᠠᠢ᠌ᠭᠤᠯᠭ᠎ᠠ ᠰᠢᠢ᠍ᠳᠪᠦᠷᠢᠯᠡᠬᠦ ᠴᠢᠬᠤᠯᠠ᠎ᠲᠠᠢ ᠬᠠᠤᠯᠢ᠎ᠠᠴᠠ ᠵᠥᠷᠢᠴᠡᠨ ᠶᠠᠯ᠎ᠠ ᠬᠢᠭᠰᠡᠨ᠎ᠯᠦᠭᠡ ᠬᠠᠮᠢᠶ᠎ᠠ᠎ᠲᠠᠢ ᠪᠤᠰᠤᠳ ᠲᠦᠭᠰᠢᠭᠦᠷᠢ ᠮᠡᠳᠡᠭᠦᠯᠬᠦ᠃
      ᠲᠤᠰᠬᠠᠢ ᠮᠡᠷᠭᠡᠵᠢᠯᠲᠡᠨ᠎ᠤ ᠰᠠᠨᠠᠭᠤᠯᠤᠮᠵᠢ᠄
     110 ᠪᠣᠯ ᠳ᠋ᠢᠶᠠᠩᠬᠤᠸᠠ ᠵᠢᠨ ᠵᠠᠷᠤᠳᠠᠯ ᠬᠤᠷᠢᠶᠠᠬᠤ ᠦᠭᠡᠢ ᠪᠦᠭᠡᠳ ᠲᠣᠭᠲᠠᠮᠠᠯ ᠳ᠋ᠢᠶᠠᠩᠬᠤᠸᠠ᠂ ᠰᠢᠯᠵᠢᠮᠡᠯ ᠳ᠋ᠢᠶᠠᠩᠬᠤᠸᠠ᠎ᠪᠠᠷ ᠰᠢᠭᠤᠳ ᠤᠲᠠᠰᠤᠳᠠᠵᠦ ᠪᠣᠯᠣᠨ᠎ᠠ; ᠣᠨᠳᠤᠤ ᠭᠠᠵᠠᠷ᠎ᠠᠴᠠ ᠬᠡᠷᠡᠭ ᠡᠭᠦᠰᠦᠭᠰᠡᠨ ᠭᠠᠵᠠᠷ᠎ᠤᠨ 110 ᠵᠢ ᠤᠲᠠᠰᠤᠳᠠᠪᠠᠯ᠂ ᠬᠡᠷᠡᠭ ᠡᠭᠦᠰᠦᠭᠰᠡᠨ ᠭᠠᠵᠠᠷ ᠣᠷᠣᠨ᠎ᠤ ᠨᠣᠮᠸᠷ᠎ᠢ ᠤᠷᠢᠳᠠᠪᠡᠷ ᠳ᠋ᠤᠭ᠋ᠠᠷᠳᠠᠵᠦ᠂ ᠳᠠᠷᠠᠭ᠎ᠠ᠎ᠨᠢ 110 ᠵᠢ ᠤᠲᠠᠰᠤᠳᠠᠨ᠎ᠠ᠃
      ᠲᠦᠭᠰᠢᠭᠦᠷᠢ ᠮᠡᠳᠡᠭᠦᠯᠬᠦ᠎ᠳᠡᠭᠡᠨ ᠬᠡᠷᠡᠭ ᠭᠠᠷᠤᠭᠰᠠᠨ ᠴᠠᠭ ᠬᠤᠭᠤᠴᠠᠭ᠎ᠠ᠂ ᠣᠷᠣᠨ ᠪᠠᠢ᠌ᠷᠢ᠂ ᠦᠪᠡᠷ᠎ᠤᠨ ᠣᠪᠣᠭ ᠨᠡᠷ᠎ᠡ ᠬᠢᠭᠡᠳ ᠬᠠᠷᠢᠯᠴᠠᠬᠤ ᠠᠷᠭ᠎ᠠ ᠮᠠᠶᠢᠭ ᠵᠡᠷᠭᠡ᠎ᠪᠠᠨ ᠲᠣᠲᠣᠷᠬᠠᠢ ᠶᠠᠷᠢᠵᠤ ᠦᠭᠬᠦ ᠬᠡᠷᠡᠭᠲᠡᠢ᠃ ᠬᠡᠷᠡᠭ ᠭᠠᠷᠤᠭᠰᠠᠨ ᠭᠠᠵᠠᠷ᠎ᠨᠢ ᠶᠠᠮᠠᠷ ᠭᠠᠵᠠᠷ ᠪᠣᠯᠬᠤ ᠵᠢ ᠮᠡᠳᠡᠬᠦ ᠦᠭᠡᠢ ᠪᠣᠯ ᠲᠤᠬᠠᠢ ᠵᠢᠨ ᠲᠠᠯᠠᠪᠠᠢ ᠵᠢᠨ ᠣᠢ᠌ᠷ᠎ᠡ ᠬᠠᠪᠢ᠎ᠳᠠᠬᠢ ᠢᠯᠡᠷᠬᠡᠢ ᠲᠡᠮᠳᠡᠭ ᠪᠣᠯᠬᠤ ᠪᠠᠷᠢᠯᠭ᠎ᠠ᠂ ᠲᠣᠮᠣ ᠬᠡᠯᠪᠡᠷᠢ ᠵᠢᠨ ᠲᠠᠯᠠᠪᠤᠷ᠂ ᠣᠯᠠᠨ ᠨᠡᠢ᠌ᠲᠡ ᠵᠢᠨ ᠮᠠᠰᠢᠨ ᠲᠡᠷᠭᠡᠨ᠎ᠤ ᠥᠷᠲᠡᠭᠡ᠂ ᠨᠢᠭᠡᠴᠡ ᠵᠢᠨ ᠨᠡᠷᠡᠢ᠌ᠳᠦᠯ ᠵᠡᠷᠭᠡ ᠵᠢ ᠬᠠᠩᠭ᠋ᠠᠵᠤ ᠪᠣᠯᠣᠨ᠎ᠠ᠃
      ᠲᠦᠭᠰᠢᠭᠦᠷᠢ ᠮᠡᠳᠡᠭᠦᠯᠦᠭᠰᠡᠨ᠎ᠤ ᠳᠠᠷᠠᠭ᠎ᠠ᠂ ᠲᠤᠬᠠᠢ ᠵᠢᠨ ᠲᠠᠯᠠᠪᠠᠢ ᠵᠢ ᠬᠠᠮᠠᠭ᠋ᠠᠯᠠᠵᠤ᠂ ᠠᠷᠠᠳ᠎ᠤᠨ ᠴᠠᠭᠳᠠᠭ᠎ᠠ ᠭᠡᠷᠡᠴᠢ ᠠᠪᠬᠤ᠎ᠳᠤ ᠳᠦᠭᠦᠮ ᠦᠵᠡᠬᠦᠯᠦᠨ᠎ᠡ᠃
   

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ