ᠨᠢᠭᠡᠳᠦᠭᠡᠷ ᠪᠦᠯᠦᠭ ᠶᠡᠷᠦᠩᠬᠡᠶ ᠳᠦᠷᠢᠮ
ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠭᠡᠨᠡᠳᠲᠡ ᠵᠢᠨ ᠬᠡᠷᠡᠭ᠎ᠢ ᠰᠡᠷᠡᠮᠵᠢᠯᠡᠭᠦᠯᠬᠦ ᠮᠡᠳᠡᠭᠡ ᠵᠠᠩᠭᠢ (ᠳᠣᠤᠷ᠎ᠠ ᠰᠡᠷᠡᠮᠵᠢᠯᠡᠭᠦᠯᠬᠦ ᠮᠡᠳᠡᠭᠡ ᠵᠠᠩᠭᠢ ᠭᠡᠵᠦ ᠲᠣᠪᠴᠢᠯᠠᠨ᠎ᠠ) ᠵᠢ ᠨᠡᠶ᠋ᠢᠲᠡᠯᠡᠬᠦ ᠠᠵᠢᠯ᠎ᠢ ᠵᠢᠷᠤᠮᠵᠢᠭᠤᠯᠵᠤ᠂ ᠡᠷᠬᠡ ᠰᠥᠷ᠎ᠲᠠᠢ᠂ ᠲᠥᠪ ᠭᠣᠤᠯᠴᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠶ᠎ᠳᠤᠨᠢ᠂ ᠣᠨᠣᠪᠴᠢᠲᠠᠶ᠎ᠪᠠᠷ ᠣᠯᠠᠨ ᠨᠡᠶ᠋ᠢᠲᠡ᠎ᠳᠤ ᠬᠠᠩᠭ᠋ᠠᠵᠤ᠂ ᠭᠡᠨᠡᠳᠲᠡ ᠵᠢᠨ ᠬᠡᠷᠡᠭ ᠡᠭᠦᠰᠬᠦ ᠪᠠ ᠲᠡᠭᠦᠨ᠎ᠠᠴᠠ ᠪᠣᠯᠤᠭᠰᠠᠨ ᠬᠣᠤᠷ ᠬᠥᠨᠥᠭᠡᠯ᠎ᠢ ᠰᠡᠷᠭᠡᠶ᠋ᠢᠯᠡᠨ ᠪᠠᠭ᠋ᠠᠰᠬᠠᠵᠤ᠂ ᠣᠯᠠᠨ ᠨᠡᠶ᠋ᠢᠲᠡ ᠵᠢᠨ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠨ᠂ ᠨᠡᠶ᠋ᠢᠲᠡ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠨᠡᠳᠲᠡ ᠵᠢᠨ ᠬᠡᠷᠡᠭ᠎ᠢ ᠠᠷᠭ᠋ᠠᠴᠠᠬᠤ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠢ ᠶᠡᠷᠦᠩᠬᠡᠶ᠎ᠳᠤᠨᠢ ᠠᠷᠭ᠋ᠠᠴᠠᠬᠤ ᠲᠥᠰᠦᠯ》᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠲᠤᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠤᠭᠯᠠᠭᠤᠯᠬᠤ᠂ ᠬᠢᠨᠠᠨ ᠬᠠᠷᠭᠤᠭᠤᠯᠬᠤ᠂ ᠶᠠᠪᠤᠭᠤᠯᠬᠤ᠂ ᠳᠠᠬᠢᠨ ᠬᠢᠨᠠᠬᠤ᠂ ᠨᠡᠶ᠋ᠢᠲᠡᠯᠡᠬᠦ᠂ ᠤᠯᠠᠮᠵᠢᠯᠠᠬᠤ ᠪᠠ ᠬᠠᠮᠢᠶᠠᠷᠬᠤ᠎ᠳᠤ ᠲᠤᠰ ᠠᠷᠭ᠎ᠠ ᠬᠡᠷᠡᠭᠯᠡᠭᠳᠡᠨ᠎ᠡ᠃
《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠨᠡᠳᠲᠡ ᠵᠢᠨ ᠬᠡᠷᠡᠭ᠎ᠢ ᠠᠷᠭ᠋ᠠᠴᠠᠬᠤ ᠬᠠᠤᠯᠢ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠢ ᠶᠡᠷᠦᠩᠬᠡᠶ᠎ᠳᠤᠨᠢ ᠠᠷᠭ᠋ᠠᠴᠠᠬᠤ ᠲᠥᠰᠦᠯ》᠂ ᠲᠤᠰᠬᠠᠶ ᠵᠦᠢ᠍ᠯ ᠵᠶ᠋ᠠᠷ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠂ ᠪᠠᠴᠢᠮ ᠪᠠᠶ᠋ᠢᠳᠠᠯ᠎ᠢ ᠠᠷᠭ᠋ᠠᠴᠠᠬᠤ ᠰᠠᠯᠠᠭ᠎ᠠ ᠮᠥᠴᠢᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ ᠵᠢᠴᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ ᠪᠣᠯ ᠲᠡᠷᠡ ᠲᠣᠭᠲᠠᠭ᠋ᠠᠯ ᠵᠶ᠋ᠠᠷ ᠶᠠᠪᠤᠭᠤᠯᠤᠨ᠎ᠠ᠃
ᠭᠤᠷᠪᠠᠳᠤᠭ᠋ᠠᠷ ᠵᠦᠢ᠍ᠯ ᠲᠤᠰ ᠠᠷᠭ᠎ᠠ᠎ᠳᠤ ᠬᠡᠯᠡᠵᠦ ᠪᠠᠶ᠋ᠢᠭ᠎ᠠ ᠰᠡᠷᠡᠮᠵᠢᠯᠡᠭᠦᠯᠬᠦ ᠮᠡᠳᠡᠭᠡ ᠵᠠᠩᠭᠢ ᠭᠡᠳᠡᠭ᠎ᠨᠢ ᠡᠭᠦᠰᠬᠦ ᠪᠤᠶᠤ ᠡᠭᠦᠰᠬᠦ ᠪᠣᠯᠤᠮᠵᠢ᠎ᠲᠠᠢ᠂ ᠬᠦᠨᠳᠦ ᠨᠣᠴᠢᠲᠠᠶ ᠨᠡᠶ᠋ᠢᠭᠡᠮ᠎ᠤᠨ ᠬᠣᠤᠷ ᠬᠥᠨᠥᠭᠡᠯ᠎ᠳᠤ ᠤᠴᠠᠷᠠᠭᠤᠯᠤᠭᠰᠠᠨ ᠪᠤᠶᠤ ᠬᠣᠤᠷ ᠬᠥᠨᠥᠭᠡᠯ ᠤᠴᠠᠷᠠᠭᠤᠯᠬᠤ ᠪᠣᠯᠤᠮᠵᠢ᠎ᠲᠠᠢ᠂ ᠤᠷᠢᠳᠴᠢᠯᠠᠨ ᠰᠡᠷᠡᠮᠵᠢᠯᠡᠭᠦᠯᠵᠦ ᠪᠣᠯᠬᠤ ᠪᠠᠶ᠋ᠢᠭ᠋ᠠᠯᠢ ᠵᠢᠨ ᠭᠠᠶ ᠭᠠᠮᠰᠢᠭ᠂ ᠡᠨᠳᠡᠯ ᠭᠠᠶ ᠵᠣᠪᠠᠯᠠᠩ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ ᠵᠡᠷᠭᠡ ᠮᠡᠳᠡᠭᠡ ᠵᠠᠩᠭᠢ ᠵᠢ ᠵᠢᠭ᠋ᠠᠵᠤ ᠪᠤᠶ᠃ ᠨᠡᠶ᠋ᠢᠭᠡᠮ᠎ᠤᠨ ᠠᠮᠤᠷ ᠲᠦᠪᠰᠢᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ᠎ᠳᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠃
ᠰᠡᠷᠡᠮᠵᠢᠯᠡᠭᠦᠯᠬᠦ ᠮᠡᠳᠡᠭᠡ ᠵᠠᠩᠭᠢ᠎ᠳᠤ ᠭᠡᠨᠡᠳᠲᠡ ᠵᠢᠨ ᠬᠡᠷᠡᠭ᠎ᠤᠨ ᠲᠦᠷᠦᠯ ᠢᠯᠭ᠋ᠠᠯ᠂ ᠰᠡᠷᠡᠮᠵᠢᠯᠡᠭᠦᠯᠬᠦ ᠲᠠᠰ᠎ᠤᠨ ᠢᠯᠭ᠋ᠠᠯ᠂ ᠡᠬᠢᠯᠡᠬᠦ ᠴᠠᠭ ᠬᠤᠭᠤᠴᠠᠭ᠎ᠠ᠂ ᠨᠥᠯᠥᠭᠡᠯᠡᠬᠦ ᠪᠣᠯᠤᠮᠵᠢ᠎ᠲᠠᠢ ᠬᠡᠪᠴᠢᠶ᠎ᠡ᠂ ᠰᠡᠷᠡᠮᠵᠢᠯᠡᠭᠦᠯᠬᠦ ᠬᠦᠴᠦᠨ᠎ᠲᠠᠢ ᠬᠤᠭᠤᠴᠠᠭ᠎ᠠ᠂ ᠰᠡᠷᠡᠮᠵᠢᠯᠡᠭᠦᠯᠬᠦ ᠵᠦᠢ᠍ᠯ᠂ ᠠᠪᠤᠪᠠᠰᠤ ᠵᠣᠬᠢᠬᠤ ᠠᠷᠭ᠎ᠠ ᠬᠡᠮᠵᠢᠶ᠎ᠡ ᠪᠣᠯᠤᠨ ᠨᠡᠶ᠋ᠢᠲᠡᠯᠡᠬᠦ ᠨᠢᠭᠡᠴᠡ ᠵᠡᠷᠭᠡ ᠵᠢ ᠪᠠᠭᠲᠠᠭ᠋ᠠᠨ᠎ᠠ᠃
ᠰᠡᠷᠡᠮᠵᠢᠯᠡᠭᠦᠯᠬᠦ ᠮᠡᠳᠡᠭᠡ ᠵᠠᠩᠭᠢ ᠵᠢᠨ ᠲᠠᠰ᠎ᠤᠨ ᠢᠯᠭ᠋ᠠᠯ᠎ᠢ Ⅰ ᠳᠡᠰ (ᠣᠨᠴᠠ ᠶᠡᠬᠡ)᠂ Ⅱ ᠳᠡᠰ (ᠬᠦᠨᠳᠦ ᠶᠡᠬᠡ)᠂ Ⅲ ᠳᠡᠰ (ᠨᠡᠯᠢᠶᠡᠳ ᠶᠡᠬᠡ) ᠪᠣᠯᠤᠨ Ⅳ ᠳᠡᠰ (ᠡᠩ᠎ᠤᠨ) ᠭᠡᠵᠦ ᠬᠤᠪᠢᠶᠠᠨ᠂ ᠤᠯᠠᠭ᠋ᠠᠨ ᠥᠩᠭᠡ᠂ ᠤᠯᠠᠪᠤᠷ ᠥᠩᠭᠡ᠂ ᠰᠢᠷ᠎ᠠ ᠥᠩᠭᠡ ᠪᠣᠯᠤᠨ ᠬᠥᠬᠡ ᠥᠩᠭᠡ ᠵᠢᠨ ᠲᠡᠮᠳᠡᠭ ᠵᠶ᠋ᠠᠷ ᠲᠤᠰ ᠲᠤᠰᠲᠤᠨᠢ ᠢᠯᠭ᠋ᠠᠵᠤ᠂ Ⅰ ᠳᠡᠰ᠎ᠨᠢ ᠬᠠᠮᠤᠭ᠎ᠤᠨ ᠥᠨᠳᠥᠷ ᠲᠠᠰ᠎ᠤᠨ ᠢᠯᠭ᠋ᠠᠯ ᠪᠣᠯᠤᠨ᠎ᠠ᠃
ᠳᠥᠷᠪᠡᠳᠦᠭᠡᠷ ᠵᠦᠢ᠍ᠯ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠠᠵᠢᠯ᠎ᠳᠤ ᠳᠡᠰ ᠬᠤᠪᠢᠶᠠᠬᠤ ᠲᠥᠷᠥᠯ ᠬᠤᠪᠢᠶᠠᠬᠤ ᠬᠠᠮᠢᠶᠠᠷᠤᠯᠲᠠ ᠵᠢ ᠬᠡᠷᠡᠭᠵᠢᠭᠦᠯᠵᠦ᠂ ᠵᠠᠰᠠᠭ᠎ᠤᠨ ᠣᠷᠳᠣᠨ᠎ᠠᠴᠠ ᠨᠢᠭᠡᠳᠦᠯᠲᠡᠶ ᠬᠠᠮᠢᠶᠠᠷᠬᠤ᠂ ᠰᠠᠯᠠᠭ᠎ᠠ ᠮᠥᠴᠢᠷ᠎ᠠᠴᠠ ᠠᠵᠢᠯ ᠬᠤᠪᠢᠶᠠᠷᠢᠯᠠᠨ ᠬᠠᠷᠢᠭᠤᠴᠠᠬᠤ᠂ ᠭᠠᠳᠠᠭ᠋ᠠᠳᠤ᠎ᠳᠤ ᠨᠢᠭᠡᠳᠦᠯᠲᠡᠶ ᠨᠡᠶ᠋ᠢᠲᠡᠯᠡᠬᠦ ᠵᠠᠷᠴᠢᠮ᠎ᠤᠨ ᠶᠣᠰᠣᠭ᠋ᠠᠷ ᠶᠠᠪᠤᠭᠳᠠᠭᠤᠯᠤᠨ᠎ᠠ᠃ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠪᠠ ᠤᠯᠠᠮᠵᠢᠯᠠᠬᠤ᠎ᠳᠤ ᠴᠠᠭ ᠲᠤᠬᠠᠶ᠎ᠳᠤᠨᠢ᠂ ᠣᠨᠣᠪᠴᠢᠲᠠᠶ᠂ ᠦᠨ᠎ᠡ ᠲᠥᠯᠥᠪᠦᠷᠢ ᠦᠭᠡᠶ ᠪᠠᠶ᠋ᠢᠬᠤ ᠵᠠᠷᠴᠢᠮ᠎ᠢ ᠪᠠᠷᠢᠮᠲᠠᠯᠠᠬᠤ ᠬᠡᠷᠡᠭᠲᠡᠶ᠃
ᠲᠠᠪᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠠᠵᠢᠯ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠠᠵᠢᠯ᠎ᠤᠨ ᠤᠳᠤᠷᠢᠳᠤᠯᠭ᠎ᠠ ᠵᠢ ᠴᠢᠩᠭ᠋ᠠᠳᠬᠠᠨ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠦᠳᠲᠡᠷ ᠲᠦᠷᠭᠡᠨ ᠤᠯᠠᠮᠵᠢᠯᠠᠬᠤ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ᠂ ᠤᠯᠠᠮᠵᠢᠯᠠᠬᠤ᠂ ᠬᠦᠯᠢᠶᠡᠨ ᠠᠪᠬᠤ ᠵᠡᠷᠭᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠵᠣᠬᠢᠶᠠᠨ ᠪᠠᠶ᠋ᠢᠭᠤᠯᠵᠤ ᠥᠷᠨᠢᠭᠦᠯᠦᠨ᠂ ᠭᠡᠨᠡᠳᠲᠡ ᠵᠢᠨ ᠬᠡᠷᠡᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ (ᠳᠣᠷᠣᠭᠰᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠲᠥᠪ ᠭᠡᠵᠦ ᠲᠣᠪᠴᠢᠯᠠᠨ᠎ᠠ)᠎ᠢ ᠪᠠᠶ᠋ᠢᠭᠤᠯᠵᠤ᠂ ᠲᠤᠰ ᠵᠠᠰᠠᠭ ᠵᠠᠬᠢᠷᠭ᠋ᠠᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠰᠢᠰᠲ᠋ᠧᠮ᠎ᠢ ᠪᠦᠲᠦᠭᠡᠨ ᠪᠠᠶ᠋ᠢᠭᠤᠯᠬᠤ ᠬᠡᠷᠡᠭᠲᠡᠶ᠃
ᠵᠢᠷᠭᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠠᠵᠢᠯ᠎ᠢ ᠪᠠᠶ᠋ᠢᠴᠠᠭ᠋ᠠᠬᠤ᠂ ᠦᠨᠡᠯᠡᠨ ᠵᠢᠱ᠌ᠢᠬᠦ ᠵᠡᠷᠭᠡ ᠠᠵᠢᠯ᠎ᠢ ᠬᠠᠷᠢᠭᠤᠴᠠᠬᠤ ᠬᠡᠷᠡᠭᠲᠡᠶ᠃
ᠳᠣᠯᠣᠳᠤᠭ᠋ᠠᠷ ᠵᠦᠢ᠍ᠯ ᠡᠯ᠎ᠡ ᠱᠠᠲᠤᠨ᠎ᠤ ᠡᠯ᠎ᠡ ᠲᠥᠷᠥᠯ᠎ᠤᠨ ᠪᠠᠴᠢᠮ ᠪᠠᠶ᠋ᠢᠳᠠᠯ᠎ᠢ ᠠᠷᠭ᠋ᠠᠴᠠᠵᠤ ᠲᠥᠰᠦᠯ᠎ᠢ ᠲᠦᠷᠦᠭᠦᠯᠡᠨ ᠬᠡᠷᠡᠭᠵᠢᠭᠦᠯᠬᠦ ᠪᠠᠶ᠋ᠢᠭᠤᠯᠤᠮᠵᠢ ᠪᠤᠶᠤ ᠵᠠᠰᠠᠭ᠎ᠤᠨ ᠣᠷᠳᠣᠨ᠎ᠠᠴᠠ ᠡᠷᠬᠡ ᠣᠯᠭᠣᠨ ᠬᠠᠮᠢᠶ᠎ᠠ ᠪᠦᠬᠦᠢ ᠲᠥᠷᠥᠯ ᠵᠦᠢ᠍ᠯ᠎ᠤᠨ ᠭᠡᠨᠡᠳᠲᠡ ᠵᠢᠨ ᠬᠡᠷᠡᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠵᠢ ᠡᠭᠦᠷᠭᠡᠯᠡᠭᠦᠯᠦᠭᠰᠡᠨ ᠪᠠᠶ᠋ᠢᠭᠤᠯᠤᠮᠵᠢ᠎ᠨᠤᠭᠤᠳ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠵᠢ ᠬᠠᠷᠢᠭᠤᠴᠠᠨ᠎ᠠ; ᠰᠡᠷᠡᠮᠵᠢᠯᠡᠭᠦᠯᠬᠦ ᠮᠡᠳᠡᠭᠡ ᠵᠠᠩᠭᠢ ᠵᠢ ᠴᠤᠭᠯᠠᠭᠤᠯᠬᠤ (ᠠᠩᠬ᠎ᠠ ᠨᠡᠶ᠋ᠢᠲᠡᠯᠡᠬᠦ᠂ ᠲᠣᠬᠢᠷᠠᠭᠤᠯᠬᠤ ᠪᠠ ᠬᠦᠴᠦᠨ ᠦᠭᠡᠶ ᠪᠣᠯᠭ᠋ᠠᠬᠤ)᠂ ᠬᠢᠨᠠᠬᠤ᠂ ᠭᠠᠷᠤᠨ ᠦᠰᠦᠭ ᠵᠢᠷᠤᠵᠤ ᠶᠠᠪᠤᠭᠤᠯᠬᠤ ᠶᠠᠪᠤᠴᠠ ᠵᠢ ᠵᠢᠷᠤᠮᠵᠢᠭᠤᠯᠬᠤ ᠵᠢᠨ ᠬᠠᠮᠲᠤ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠲᠦᠮᠵᠢᠲᠦ ᠴᠢᠨᠠᠷ᠎ᠢ ᠬᠠᠷᠢᠭᠤᠴᠠᠬᠤ ᠬᠡᠷᠡᠭᠲᠡᠶ; ᠲᠤᠰ ᠠᠵᠢᠯ ᠲᠥᠷᠥᠯ᠎ᠤᠨ ᠵᠶ᠋ᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠬᠦᠯᠢᠶᠡᠨ ᠠᠪᠬᠤ ᠬᠡᠷᠡᠭᠯᠡᠭᠴᠢ ᠵᠢᠨ ᠲᠣᠭ᠎ᠠ ᠪᠠᠷᠢᠮᠲᠠ ᠵᠢ ᠬᠠᠮᠠᠭ᠋ᠠᠯᠠᠬᠤ ᠵᠢ ᠡᠭᠦᠷᠭᠡᠯᠡᠬᠦ ᠬᠡᠷᠡᠭᠲᠡᠶ; ᠲᠤᠰ ᠠᠷᠭ᠎ᠠ ᠵᠢ ᠦᠨᠳᠦᠰᠦᠯᠡᠵᠦ ᠵᠣᠬᠢᠬᠤ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠬᠤ ᠬᠡᠷᠡᠭᠲᠡᠶ᠃ ᠤᠯᠤᠰ ᠬᠢᠭᠡᠳ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ ᠪᠣᠯᠤᠨ ᠪᠣᠳᠠᠲᠤ ᠪᠠᠶ᠋ᠢᠳᠠᠯ᠎ᠢ ᠦᠨᠳᠦᠰᠦᠯᠡᠵᠦ᠂ ᠣᠯᠠᠨ ᠨᠡᠶ᠋ᠢᠲᠡ᠎ᠳᠤ ᠬᠠᠨᠳᠤᠭᠤᠯᠤᠭᠰᠠᠨ ᠰᠡᠷᠡᠮᠵᠢᠯᠡᠭᠦᠯᠵᠦ ᠰᠠᠨᠠᠭᠤᠯᠬᠤ ᠮᠡᠳᠡᠭᠡ ᠵᠠᠩᠭᠢ ᠵᠢ ᠨᠠᠶ᠋ᠢᠷᠠᠭᠤᠯᠤᠨ ᠵᠣᠬᠢᠶᠠᠵᠤ᠂ ᠣᠯᠠᠨ ᠨᠡᠶ᠋ᠢᠲᠡ ᠵᠢ ᠪᠦᠲᠦᠮᠵᠢᠲᠡᠶ ᠬᠥᠲᠥᠯᠥᠨ ᠵᠢᠯᠣᠭᠣᠳᠴᠤ ᠪᠠᠶ᠋ᠢᠭ᠋ᠠᠳ ᠭᠠᠮᠰᠢᠭ᠎ᠢ ᠰᠡᠷᠭᠡᠶ᠋ᠢᠯᠡᠨ ᠠᠶᠤᠯ᠎ᠠᠴᠠ ᠵᠠᠶ᠋ᠢᠯᠠᠭᠤᠯᠬᠤ ᠬᠡᠷᠡᠭᠲᠡᠶ᠃
ᠨᠠᠢ᠍ᠮᠠᠳᠤᠭ᠋ᠠᠷ ᠵᠦᠢ᠍ᠯ ᠡᠯ᠎ᠡ ᠱᠠᠲᠤᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ ᠨᠡᠶ᠋ᠢᠲᠡᠯᠡᠬᠦ᠎ᠪᠠᠷ ᠪᠠᠶ᠋ᠢᠭ᠎ᠠ ᠰᠡᠷᠡᠮᠵᠢᠯᠡᠭᠦᠯᠬᠦ ᠮᠡᠳᠡᠭᠡ ᠵᠠᠩᠭᠢ᠂ ᠴᠢᠬᠤᠯᠠ ᠰᠠᠨᠠᠭᠤᠯᠤᠮᠵᠢ ᠵᠢᠨ ᠴᠢᠨᠠᠷᠲᠠᠶ ᠮᠡᠳᠡᠭᠡ ᠵᠠᠩᠭᠢ ᠪᠣᠯᠤᠨ ᠤᠯᠤᠰ᠎ᠤᠨ ᠬᠣᠯᠪᠣᠭᠳᠠᠯ ᠪᠦᠬᠦᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠲᠤᠰ ᠠᠷᠭ᠎ᠠ ᠵᠢᠨ ᠶᠣᠰᠣᠭ᠋ᠠᠷ ᠬᠦᠯᠢᠶᠡᠨ ᠠᠪᠴᠤ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠶᠠᠪᠤᠴᠠ ᠵᠢ ᠬᠢᠨᠠᠨ ᠬᠠᠷᠭᠤᠭᠤᠯᠬᠤ ᠵᠢᠨ ᠬᠠᠮᠲᠤ ᠲᠤᠰ ᠱᠠᠲᠤᠨ᠎ᠤ᠎ᠪᠠᠨ ᠰᠡᠷᠡᠮᠵᠢᠯᠡᠭᠦᠯᠬᠦ ᠮᠡᠳᠡᠭᠡ ᠵᠠᠩᠭᠢ ᠬᠢᠭᠡᠳ ᠪᠤᠰᠤᠳ ᠴᠢᠬᠤᠯᠠ ᠰᠠᠨᠠᠭᠤᠯᠤᠮᠵᠢ ᠵᠢᠨ ᠴᠢᠨᠠᠷᠲᠠᠶ ᠮᠡᠳᠡᠭᠡ ᠵᠠᠩᠭᠢ ᠵᠢ ᠨᠡᠶ᠋ᠢᠲᠡᠯᠡᠬᠦ ᠵᠢᠴᠢ ᠨᠡᠶ᠋ᠢᠲᠡᠯᠡᠬᠦ ᠰᠢᠰᠲ᠋ᠧᠮ᠎ᠤᠨ ᠡᠳᠦᠷ ᠲᠤᠲᠤᠮ᠎ᠤᠨ ᠬᠠᠮᠠᠭ᠋ᠠᠯᠠᠯᠲᠠ ᠵᠢ ᠬᠠᠷᠢᠭᠤᠴᠠᠬᠤ ᠬᠡᠷᠡᠭᠲᠡᠶ᠃
ᠶᠢᠰᠦᠳᠦᠭᠡᠷ ᠵᠦᠢ᠍ᠯ ᠡᠯ᠎ᠡ ᠱᠠᠲᠤᠨ᠎ᠤ ᠤᠯᠠᠮᠵᠢᠯᠠᠬᠤ ᠵᠠᠭᠤᠴᠢ ᠵᠢᠨ ᠰᠠᠯᠠᠭ᠎ᠠ ᠮᠥᠴᠢᠷ᠎ᠠᠴᠠ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ᠎ᠯᠦᠭᠡ ᠠᠵᠢᠯ᠎ᠤᠨ ᠵᠣᠯᠭ᠋ᠠᠯᠲᠠ ᠵᠢ ᠰᠠᠶ᠋ᠢᠲᠤᠷ ᠬᠢᠬᠦ ᠵᠢ ᠬᠠᠷᠢᠭᠤᠴᠠᠵᠤ᠂ ᠲᠦᠷᠭᠡᠨ ᠨᠡᠶ᠋ᠢᠲᠡᠯᠡᠬᠦ 《ᠰᠠᠭ᠋ᠠᠳ ᠦᠭᠡᠶ ᠨᠡᠪᠲᠡᠷᠡᠬᠦ ᠵᠠᠮ》᠎ᠢ ᠪᠠᠶ᠋ᠢᠭᠤᠯᠤᠨ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠣᠯᠠᠨ ᠠᠷᠭ᠎ᠠ ᠵᠠᠮ᠂ ᠣᠯᠠᠨ ᠠᠷᠭ᠎ᠠ ᠮᠠᠶᠢᠭ ᠵᠶ᠋ᠠᠷ ᠴᠠᠭ ᠲᠤᠬᠠᠶ᠎ᠳᠤᠨᠢ᠂ ᠣᠨᠣᠪᠴᠢᠲᠠᠶ᠂ ᠦᠨ᠎ᠡ ᠲᠥᠯᠥᠪᠦᠷᠢ ᠦᠭᠡᠶ᠂ ᠠᠮᠤᠷ ᠲᠦᠪᠰᠢᠨ ᠵᠶ᠋ᠠᠷ ᠨᠡᠶ᠋ᠢᠭᠡᠮ᠎ᠤᠨ ᠣᠯᠠᠨ ᠨᠡᠶ᠋ᠢᠲᠡ᠎ᠳᠤ ᠨᠡᠶ᠋ᠢᠲᠡᠯᠡᠬᠦ ᠵᠢ ᠦᠨᠡᠨᠬᠦ ᠪᠠᠲᠤᠯᠠᠬᠤ ᠬᠡᠷᠡᠭᠲᠡᠶ᠃
ᠠᠷᠪᠠᠳᠤᠭ᠋ᠠᠷ ᠵᠦᠢ᠍ᠯ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠪᠣᠯᠤᠨ ᠠᠷᠠᠳ ᠢᠷᠭᠡᠳ᠂ ᠬᠠᠤᠯᠢ ᠵᠢᠨ ᠡᠷᠬᠡᠲᠡᠨ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠡᠷᠭᠡ᠎ᠠᠴᠠ ᠰᠡᠷᠡᠮᠵᠢᠯᠡᠭᠦᠯᠬᠦ ᠮᠡᠳᠡᠭᠡ ᠵᠠᠩᠭᠢ ᠵᠢ ᠬᠦᠯᠢᠶᠡᠨ ᠠᠪᠬᠤ᠂ ᠳᠠᠮᠵᠢᠭᠤᠯᠬᠤ ᠪᠠ ᠤᠬᠠᠭᠤᠯᠬᠤ ᠡᠭᠦᠷᠭᠡ᠎ᠲᠠᠢ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠳᠠᠮᠵᠢᠭᠤᠯᠬᠤ ᠪᠣᠳᠠᠲᠤ ᠠᠮᠵᠢᠯᠲᠠ ᠵᠢ ᠢᠳᠡᠪᠬᠢᠲᠡᠶ ᠳᠡᠭᠡᠭᠰᠢᠯᠡᠭᠦᠯᠬᠦ ᠬᠡᠷᠡᠭᠲᠡᠶ᠃
ᠠᠷᠪᠠᠨ ᠨᠢᠭᠡᠳᠦᠭᠡᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠬᠠᠮᠢᠶ᠎ᠠ ᠪᠦᠬᠦᠢ ᠮᠡᠳᠡᠯᠭᠡ ᠵᠢ ᠲᠦᠭᠡᠮᠡᠯᠵᠢᠭᠦᠯᠬᠦ ᠪᠠ ᠤᠬᠠᠭᠤᠯᠬᠤ ᠠᠵᠢᠯ᠎ᠢ ᠥᠷᠭᠡᠨ ᠳᠡᠯᠭᠡᠷᠡᠩᠭᠦᠶ ᠥᠷᠨᠢᠭᠦᠯᠵᠦ᠂ ᠣᠯᠠᠨ ᠨᠡᠶ᠋ᠢᠲᠡ ᠵᠢᠨ ᠭᠠᠮᠰᠢᠭ᠎ᠢ ᠰᠡᠷᠭᠡᠶ᠋ᠢᠯᠡᠨ ᠪᠠᠭ᠋ᠠᠰᠬᠠᠬᠤ ᠦᠵᠡᠯ ᠤᠬᠠᠮᠰᠠᠷ᠎ᠢ ᠨᠡᠮᠡᠭᠳᠡᠭᠦᠯᠦᠨ᠂ ᠣᠯᠠᠨ ᠨᠡᠶ᠋ᠢᠲᠡ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠣᠯᠠᠨ ᠵᠦᠢ᠍ᠯ᠎ᠤᠨ ᠠᠷᠭ᠎ᠠ ᠵᠠᠮ ᠵᠶ᠋ᠠᠷ ᠳᠠᠮᠵᠢᠵᠤ ᠰᠡᠷᠡᠮᠵᠢᠯᠡᠭᠦᠯᠬᠦ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠲᠠᠢ᠎ᠪᠠᠷ ᠣᠯᠵᠤ᠂ ᠪᠦᠲᠦᠮᠵᠢᠲᠡᠶ ᠠᠰᠢᠭᠯᠠᠨ᠂ ᠥᠪᠡᠷ᠎ᠢ᠎ᠪᠠᠨ ᠠᠪᠤᠷᠠᠬᠤ᠂ ᠬᠠᠷᠢᠯᠴᠠᠨ ᠠᠪᠤᠷᠠᠬᠤ ᠴᠢᠳᠠᠪᠤᠷᠢ ᠵᠢ᠎ᠨᠢ ᠳᠡᠭᠡᠭᠰᠢᠯᠡᠭᠦᠯᠬᠦ ᠬᠡᠷᠡᠭᠲᠡᠶ᠃
ᠬᠣᠶᠠᠳᠤᠭ᠋ᠠᠷ ᠪᠦᠯᠦᠭ ᠨᠡᠶ᠋ᠢᠲᠡᠯᠡᠬᠦ ᠶᠠᠪᠤᠴᠠ
ᠠᠷᠪᠠᠨ ᠬᠣᠶᠠᠳᠤᠭ᠋ᠠᠷ ᠵᠦᠢ᠍ᠯ ᠡᠯ᠎ᠡ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠨᠢᠭᠡᠴᠡ᠎ᠠᠴᠠ ᠰᠡᠷᠡᠮᠵᠢᠯᠡᠭᠦᠯᠬᠦ ᠮᠡᠳᠡᠭᠡ ᠵᠠᠩᠭᠢ ᠴᠤᠭᠯᠠᠭᠤᠯᠬᠤ ᠠᠵᠢᠯ᠎ᠢ ᠬᠠᠷᠢᠭᠤᠴᠠᠨ᠎ᠠ᠂ ᠡᠭᠦᠨ᠎ᠳᠤ ᠰᠡᠷᠡᠮᠵᠢᠯᠡᠭᠦᠯᠬᠦ ᠮᠡᠳᠡᠭᠡ ᠵᠠᠩᠭᠢ ᠵᠢ ᠠᠩᠬ᠎ᠠ ᠨᠡᠶ᠋ᠢᠲᠡᠯᠡᠬᠦ᠂ ᠲᠣᠬᠢᠷᠠᠭᠤᠯᠬᠤ ᠪᠠ ᠬᠦᠴᠦᠨ ᠦᠭᠡᠶ ᠪᠣᠯᠭ᠋ᠠᠬᠤ ᠵᠢ ᠪᠠᠭᠲᠠᠭ᠋ᠠᠨ᠎ᠠ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠪᠠᠶ᠋ᠢᠭᠤᠯᠤᠮᠵᠢ ᠪᠣᠯᠤᠨ ᠨᠡᠶ᠋ᠢᠲᠡᠯᠡᠬᠦ ᠨᠢᠭᠡᠴᠡ ᠴᠢᠬᠤᠯᠠ ᠶᠡᠬᠡ ᠠᠵᠢᠯᠯᠠᠭ᠋ᠠᠨ᠎ᠤ ᠪᠠᠲᠤᠯᠠᠭ᠎ᠠ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠵᠢᠯ᠎ᠤᠨ ᠬᠡᠷᠡᠭᠴᠡᠭᠡ ᠵᠢ ᠦᠨᠳᠦᠰᠦᠯᠡᠵᠦ᠂ ᠴᠢᠬᠤᠯᠠ ᠰᠠᠨᠠᠭᠤᠯᠤᠮᠵᠢ ᠵᠢᠨ ᠴᠢᠨᠠᠷᠲᠠᠶ ᠮᠡᠳᠡᠭᠡ ᠵᠠᠩᠭᠢ ᠵᠢ ᠲᠤᠭᠤᠷᠪᠢᠬᠤ ᠬᠡᠷᠡᠭᠲᠡᠶ᠃
ᠠᠷᠪᠠᠨ ᠭᠤᠷᠪᠠᠳᠤᠭ᠋ᠠᠷ ᠵᠦᠢ᠍ᠯ ᠡᠯ᠎ᠡ ᠨᠡᠶ᠋ᠢᠲᠡᠯᠡᠬᠦ ᠨᠢᠭᠡᠴᠡ ᠵᠢᠨ ᠴᠤᠭᠯᠠᠭᠤᠯᠤᠭᠰᠠᠨ Ⅰ ᠳᠡᠰ᠂ Ⅱ ᠳᠡᠰ᠎ᠲᠤ ᠬᠣᠯᠪᠣᠭᠳᠠᠬᠤ ᠰᠡᠷᠡᠮᠵᠢᠯᠡᠭᠦᠯᠬᠦ ᠮᠡᠳᠡᠭᠡ ᠵᠠᠩᠭᠢ ᠵᠢ ᠪᠣᠯ᠂ ᠡᠷᠬᠡᠪᠰᠢ ᠲᠤᠰ ᠨᠢᠭᠡᠴᠡ ᠵᠢᠨ ᠵᠶ᠋ᠠᠨ ᠬᠢᠨᠠᠨ ᠬᠠᠷᠭᠤᠭᠤᠯᠤᠭᠴᠢ᠎ᠪᠠᠷ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠤᠰ ᠲᠥᠷᠥᠯ᠎ᠤᠨ ᠭᠡᠨᠡᠳᠲᠡ ᠵᠢᠨ ᠬᠡᠷᠡᠭ᠎ᠢ ᠬᠤᠪᠢᠳᠠᠨ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ᠎ᠳᠤ ᠲᠤᠰᠢᠶᠠᠵᠤ ᠲᠡᠭᠦᠨ ᠵᠶ᠋ᠠᠷ ᠭᠠᠷᠤᠨ ᠦᠰᠦᠭ ᠵᠢᠷᠤᠭᠤᠯᠵᠤ ᠶᠠᠪᠤᠭᠤᠯᠬᠤ ᠬᠡᠷᠡᠭᠲᠡᠶ; Ⅲ ᠳᠡᠰ᠂ Ⅳ ᠳᠡᠰ᠎ᠲᠤ ᠬᠣᠯᠪᠣᠭᠳᠠᠭ ᠰᠡᠷᠡᠮᠵᠢᠯᠡᠭᠦᠯᠬᠦ ᠮᠡᠳᠡᠭᠡ ᠵᠠᠩᠭᠢ ᠪᠤᠶᠤ ᠴᠢᠬᠤᠯᠠ ᠰᠠᠨᠠᠭᠤᠯᠤᠮᠵᠢ ᠵᠢᠨ ᠴᠢᠨᠠᠷᠲᠠᠶ ᠮᠡᠳᠡᠭᠡ ᠵᠠᠩᠭᠢ ᠵᠢ ᠪᠣᠯ᠂ ᠲᠤᠰ ᠨᠢᠭᠡᠴᠡ ᠵᠢᠨ ᠵᠶ᠋ᠠᠨ ᠬᠢᠨᠠᠨ ᠬᠠᠷᠭᠤᠭᠤᠯᠤᠭᠴᠢ᠎ᠪᠠᠷ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠲᠤᠰ ᠨᠢᠭᠡᠴᠡ ᠵᠢᠨ ᠵᠶ᠋ᠠᠨ ᠭᠣᠤᠯ ᠬᠠᠷᠢᠭᠤᠴᠠᠯᠭ᠋ᠠᠲᠠᠨ᠎ᠳᠤ ᠲᠤᠰᠢᠶᠠᠵᠤ ᠲᠡᠭᠦᠨ ᠵᠶ᠋ᠠᠷ ᠭᠠᠷᠤᠨ ᠦᠰᠦᠭ ᠵᠢᠷᠤᠭᠤᠯᠵᠤ ᠶᠠᠪᠤᠭᠤᠯᠬᠤ ᠬᠡᠷᠡᠭᠲᠡᠶ᠃
ᠬᠢᠨᠠᠨ ᠬᠠᠷᠭᠤᠭᠤᠯᠬᠤ ᠪᠠ ᠭᠠᠷᠤᠨ ᠦᠰᠦᠭ ᠵᠢᠷᠤᠵᠤ ᠶᠠᠪᠤᠭᠤᠯᠤᠭᠰᠠᠨ ᠰᠡᠷᠡᠮᠵᠢᠯᠡᠭᠦᠯᠬᠦ ᠮᠡᠳᠡᠭᠡ ᠵᠠᠩᠭᠢ ᠪᠤᠶᠤ ᠴᠢᠬᠤᠯᠠ ᠰᠠᠨᠠᠭᠤᠯᠤᠮᠵᠢ ᠵᠢᠨ ᠴᠢᠨᠠᠷᠲᠠᠶ ᠮᠡᠳᠡᠭᠡ ᠵᠠᠩᠭᠢ ᠵᠢ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ᠎ᠲᠤ ᠮᠡᠳᠡᠭᠦᠯᠦᠨ ᠬᠦᠷᠭᠡᠬᠦ ᠬᠡᠷᠡᠭᠲᠡᠶ᠃
ᠠᠷᠪᠠᠨ ᠳᠥᠷᠪᠡᠳᠦᠭᠡᠷ ᠵᠦᠢ᠍ᠯ ᠣᠷᠣᠨ ᠪᠦᠰᠡ ᠠᠯᠤᠰᠯᠠᠭᠰᠠᠨ Ⅰ ᠳᠡᠰ᠂ Ⅱ ᠲᠠᠰ᠎ᠤᠨ ᠰᠡᠷᠡᠮᠵᠢᠯᠡᠭᠦᠯᠬᠦ ᠮᠡᠳᠡᠭᠡ ᠵᠠᠩᠭᠢ ᠪᠤᠶᠤ ᠴᠢᠬᠤᠯᠠ ᠰᠠᠨᠠᠭᠤᠯᠤᠮᠵᠢ ᠵᠢᠨ ᠴᠢᠨᠠᠷᠲᠠᠶ ᠮᠡᠳᠡᠭᠡ ᠵᠠᠩᠭᠢ ᠵᠢ ᠪᠣᠯ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠤᠰ ᠲᠥᠷᠥᠯ᠎ᠤᠨ ᠭᠡᠨᠡᠳᠲᠡ ᠵᠢᠨ ᠬᠡᠷᠡᠭ᠎ᠢ ᠬᠤᠪᠢᠳᠠᠨ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ ᠵᠶ᠋ᠠᠷ ᠬᠢᠨᠠᠨ ᠬᠠᠷᠭᠤᠭᠤᠯᠵᠤ᠂ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠤᠰ ᠲᠥᠷᠥᠯ᠎ᠤᠨ ᠭᠡᠨᠡᠳᠲᠡ ᠵᠢᠨ ᠬᠡᠷᠡᠭ᠎ᠢ ᠬᠤᠪᠢᠶᠠᠷᠢᠯᠠᠨ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ᠎ᠳᠤ ᠮᠡᠳᠡᠭᠦᠯᠦᠭᠡᠳ ᠭᠠᠷᠤᠨ ᠦᠰᠦᠭ ᠵᠢᠷᠤᠭᠤᠯᠵᠤ ᠶᠠᠪᠤᠭᠤᠯᠬᠤ ᠬᠡᠷᠡᠭᠲᠡᠶ᠃
ᠠᠷᠪᠠᠨ ᠲᠠᠪᠤᠳᠤᠭ᠋ᠠᠷ ᠵᠦᠢ᠍ᠯ ᠭᠠᠷᠤᠨ ᠦᠰᠦᠭ ᠵᠢᠷᠤᠵᠤ ᠶᠠᠪᠤᠭᠤᠯᠬᠤ ᠡᠷᠬᠡ ᠮᠡᠳᠡᠯ᠎ᠲᠠᠢ ᠬᠥᠮᠦᠰ᠎ᠤᠨ ᠨᠡᠷᠡᠰ᠎ᠢ ᠥᠪᠡᠷᠲᠡᠭᠡᠨ ᠵᠠᠰᠠᠬᠤ ᠣᠷᠣᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ᠎ᠲᠤ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠠᠵᠢᠯᠲᠠᠨ᠎ᠤ ᠬᠤᠪᠢᠷᠠᠯᠲᠠ ᠪᠠᠶ᠋ᠢᠪᠠᠯ᠂ ᠴᠠᠭ ᠲᠤᠬᠠᠶ᠎ᠳᠤᠨᠢ ᠬᠤᠪᠢᠷᠠᠭᠤᠯᠬᠤ ᠬᠡᠷᠡᠭᠲᠡᠶ᠃
ᠠᠷᠪᠠᠨ ᠵᠢᠷᠭᠤᠳᠤᠭ᠋ᠠᠷ ᠵᠦᠢ᠍ᠯ ᠡᠯ᠎ᠡ ᠱᠠᠲᠤᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠲᠥᠪ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠪᠠᠶ᠋ᠢᠭᠤᠯᠤᠮᠵᠢ ᠪᠤᠶᠤ ᠨᠡᠶ᠋ᠢᠲᠡᠯᠡᠬᠦ ᠨᠢᠭᠡᠴᠡ᠎ᠠᠴᠠ ᠭᠠᠷᠤᠨ ᠦᠰᠦᠭ ᠵᠢᠷᠤᠵᠤ ᠶᠠᠪᠤᠭᠤᠯᠤᠭᠰᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠣᠯᠤᠭᠰᠠᠨ᠎ᠤ ᠳᠠᠷᠠᠭ᠎ᠠ᠂ ᠰᠡᠷᠡᠮᠵᠢᠯᠡᠭᠦᠯᠬᠦ ᠮᠡᠳᠡᠭᠡ ᠵᠠᠩᠭᠢ ᠪᠤᠶᠤ ᠴᠢᠬᠤᠯᠠ ᠰᠠᠨᠠᠭᠤᠯᠤᠮᠵᠢ ᠵᠢᠨ ᠴᠢᠨᠠᠷᠲᠠᠶ ᠮᠡᠳᠡᠭᠡ ᠵᠠᠩᠭᠢ ᠵᠢ ᠴᠤᠭᠯᠠᠭᠤᠯᠬᠤ᠂ ᠬᠢᠨᠠᠨ ᠬᠠᠷᠭᠤᠭᠤᠯᠬᠤ ᠪᠠ ᠭᠠᠷᠤᠨ ᠦᠰᠦᠭ ᠵᠢᠷᠤᠵᠤ ᠶᠠᠪᠤᠭᠤᠯᠬᠤ ᠶᠠᠪᠤᠴᠠ ᠵᠢ ᠳᠠᠬᠢᠨ ᠬᠢᠨᠠᠵᠤ ᠲᠣᠭᠲᠠᠭᠰᠠᠨ ᠨᠥᠯᠥᠭᠡᠯᠡᠭᠳᠡᠬᠦ ᠪᠣᠯᠤᠮᠵᠢ᠎ᠲᠠᠢ ᠣᠷᠣᠨ ᠪᠦᠰᠡ᠎ᠳᠤ ᠴᠠᠭ ᠲᠤᠬᠠᠶ᠎ᠳᠤᠨᠢ ᠨᠡᠶ᠋ᠢᠲᠡᠯᠡᠬᠦ ᠬᠡᠷᠡᠭᠲᠡᠶ᠃
ᠠᠷᠪᠠᠨ ᠳᠣᠯᠣᠳᠤᠭ᠋ᠠᠷ ᠵᠦᠢ᠍ᠯ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠨᠢᠭᠡᠴᠡ ᠬᠡᠷᠡᠭ ᠪᠠᠶ᠋ᠢᠳᠠᠯ᠎ᠤᠨ ᠬᠥᠭᠵᠢᠯᠲᠡ ᠵᠢ ᠦᠨᠳᠦᠰᠦᠯᠡᠵᠦ᠂ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠳᠡᠰ ᠢᠯᠭ᠋ᠠᠯ᠎ᠳᠤ ᠴᠠᠭᠲᠤᠨᠢ ᠵᠣᠬᠢᠴᠠᠭᠤᠯᠤᠨ ᠲᠣᠬᠢᠷᠠᠭᠤᠯᠤᠯᠲᠠ ᠬᠢᠵᠦ᠂ ᠲᠤᠰ ᠱᠠᠲᠤᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ᠎ᠲᠤ ᠲᠣᠭᠲᠠᠭᠰᠠᠨ ᠶᠠᠪᠤᠴᠠ ᠵᠢᠨ ᠶᠣᠰᠣᠭ᠋ᠠᠷ ᠮᠡᠳᠡᠭᠦᠯᠦᠨ ᠬᠦᠷᠭᠡᠵᠦ ᠨᠡᠶ᠋ᠢᠲᠡᠯᠡᠬᠦ ᠬᠡᠷᠡᠭᠲᠡᠶ᠃
ᠠᠷᠪᠠᠨ ᠨᠠᠢ᠍ᠮᠠᠳᠤᠭ᠋ᠠᠷ ᠵᠦᠢ᠍ᠯ ᠭᠡᠨᠡᠳᠲᠡ ᠵᠢᠨ ᠬᠡᠷᠡᠭ ᠡᠭᠦᠰᠬᠦ ᠪᠣᠯᠤᠮᠵᠢ ᠦᠭᠡᠶ ᠪᠤᠶᠤ ᠠᠶᠤᠯ ᠲᠦᠭᠰᠢᠭᠦᠷᠢ ᠨᠢᠭᠡᠨᠲᠡ ᠲᠠᠶ᠋ᠢᠯᠤᠭᠳᠠᠭᠰᠠᠨ᠂ ᠡᠰᠡᠬᠦᠯ᠎ᠡ ᠭᠡᠨᠡᠳᠲᠡ ᠵᠢᠨ ᠬᠡᠷᠡᠭ᠎ᠤᠨ ᠰᠡᠷᠡᠮᠵᠢ᠎ᠨᠢ ᠲᠠᠶ᠋ᠢᠯᠬᠤ ᠪᠠᠷᠢᠮᠵᠢᠶ᠎ᠠ᠎ᠳᠤ ᠬᠦᠷᠦᠭᠰᠡᠨ᠎ᠢ ᠪᠣᠳᠠᠲᠤ ᠬᠡᠷᠡᠭ ᠵᠶ᠋ᠠᠷ ᠭᠡᠷᠡᠴᠢᠯᠡᠵᠦ ᠴᠢᠳᠠᠬᠤ᠎ᠳᠤ ᠬᠦᠷᠪᠡᠯ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠨᠢᠭᠡᠴᠡ᠎ᠠᠴᠠ ᠬᠦᠴᠦᠨ ᠦᠭᠡᠶ ᠪᠣᠯᠭ᠋ᠠᠬᠤ ᠮᠡᠳᠡᠭᠡ ᠵᠠᠩᠭᠢ ᠵᠢ ᠴᠠᠭ ᠲᠤᠬᠠᠶ᠎ᠳᠤᠨᠢ ᠬᠢᠵᠦ᠂ ᠲᠤᠰ ᠱᠠᠲᠤᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ᠎ᠲᠤ ᠲᠣᠭᠲᠠᠭᠰᠠᠨ ᠶᠠᠪᠤᠴᠠ ᠵᠢᠨ ᠶᠣᠰᠣᠭ᠋ᠠᠷ ᠮᠡᠳᠡᠭᠦᠯᠦᠨ ᠬᠦᠷᠭᠡᠵᠦ ᠨᠡᠶ᠋ᠢᠲᠡᠯᠡᠬᠦ ᠬᠡᠷᠡᠭᠲᠡᠶ᠃
ᠠᠷᠪᠠ ᠶᠢᠰᠦᠳᠦᠭᠡᠷ ᠵᠦᠢ᠍ᠯ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠨᠢᠭᠡᠴᠡ ᠰᠡᠷᠡᠮᠵᠢᠯᠡᠭᠦᠯᠬᠦ ᠮᠡᠳᠡᠭᠡ ᠵᠠᠩᠭᠢ ᠪᠤᠶᠤ ᠴᠢᠬᠤᠯᠠ ᠰᠠᠨᠠᠭᠤᠯᠤᠮᠵᠢ ᠵᠢᠨ ᠴᠢᠨᠠᠷᠲᠠᠶ ᠮᠡᠳᠡᠭᠡ ᠵᠠᠩᠭᠢ ᠵᠢ ᠲᠣᠭᠲᠠᠭ᠋ᠠᠭᠰᠠᠨ ᠬᠦᠴᠦᠨ᠎ᠲᠠᠢ ᠬᠤᠭᠤᠴᠠᠭ᠋ᠠᠨ᠎ᠳᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ᠎ᠳᠤ ᠮᠡᠳᠡᠭᠦᠯᠵᠦ᠂ ᠡᠯ᠎ᠡ ᠵᠦᠢ᠍ᠯ᠎ᠤᠨ ᠠᠷᠭ᠋ᠠᠴᠠᠬᠤ ᠪᠡᠯᠡᠳᠬᠡᠯ ᠠᠵᠢᠯ᠎ᠢ ᠤᠷᠢᠳᠴᠢᠯᠠᠨ ᠰᠠᠶ᠋ᠢᠲᠤᠷ ᠬᠢᠬᠦ᠎ᠳᠤ ᠳᠥᠭᠥᠮ ᠦᠵᠡᠭᠦᠯᠬᠦ ᠬᠡᠷᠡᠭᠲᠡᠶ᠃
ᠭᠤᠷᠪᠠᠳᠤᠭ᠋ᠠᠷ ᠪᠦᠯᠦᠭ ᠪᠠᠲᠤᠯᠠᠭ᠎ᠠ ᠵᠢᠨ ᠠᠷᠭ᠎ᠠ ᠬᠡᠮᠵᠢᠶ᠎ᠡ
ᠬᠣᠷᠢᠳᠤᠭ᠋ᠠᠷ ᠵᠦᠢ᠍ᠯ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠭᠰᠡᠨ᠎ᠤ ᠳᠠᠷᠠᠭ᠎ᠠ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠡᠭᠦᠷᠭᠡ ᠲᠤᠰᠢᠶᠠᠯᠲᠤ ᠰᠠᠯᠠᠭ᠎ᠠ ᠮᠥᠴᠢᠷ᠎ᠤᠳ ᠰᠡᠷᠡᠮᠵᠢᠯᠡᠭᠦᠯᠬᠦ ᠮᠡᠳᠡᠭᠡ ᠵᠠᠩᠭᠢ ᠵᠢ ᠬᠦᠯᠢᠶᠡᠨ ᠠᠪᠬᠤ ᠪᠠ ᠳᠠᠮᠵᠢᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠨᠠᠶ᠋ᠢᠳᠠᠪᠤᠷᠢᠵᠢᠭᠤᠯᠵᠤ᠂ ᠮᠡᠳᠡᠭᠡ ᠵᠠᠩᠭᠢ ᠳᠠᠮᠵᠢᠭᠤᠯᠬᠤ ᠡᠯ᠎ᠡ ᠵᠦᠢ᠍ᠯ᠎ᠤᠨ ᠠᠷᠭ᠎ᠠ ᠪᠠᠷᠢᠯ᠎ᠢ ᠭᠦᠢ᠍ᠴᠡᠳ ᠠᠰᠢᠭᠯᠠᠨ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠣᠯᠠᠨ ᠨᠡᠶ᠋ᠢᠲᠡ᠎ᠳᠤ ᠦᠳᠲᠡᠷ ᠲᠦᠷᠭᠡᠨ᠂ ᠴᠠᠭ ᠲᠤᠬᠠᠶ᠎ᠳᠤᠨᠢ᠂ ᠣᠨᠣᠪᠴᠢᠲᠠᠶ᠎ᠪᠠᠷ ᠳᠠᠮᠵᠢᠭᠤᠯᠬᠤ ᠵᠢᠨ ᠬᠠᠮᠲᠤ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠤᠨ ᠲᠣᠭᠲᠠᠭ᠋ᠠᠯ᠎ᠢ ᠦᠨᠳᠦᠰᠦᠯᠡᠵᠦ᠂ ᠰᠡᠷᠡᠮᠵᠢᠯᠡᠭᠦᠯᠬᠦ ᠳᠡᠰ ᠢᠯᠭ᠋ᠠᠯᠯᠤᠭᠠ ᠲᠤᠬᠢᠷᠠᠬᠤ ᠳᠠᠭ᠋ᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠬᠡᠷᠡᠭᠲᠡᠶ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠰᠤᠷᠭ᠋ᠠᠭᠤᠯᠢ᠂ ᠡᠮᠨᠡᠯᠭᠡ ᠵᠢᠨ ᠬᠣᠷᠢᠶ᠎ᠠ᠂ ᠨᠡᠶ᠋ᠢᠭᠡᠮ ᠲᠣᠭᠣᠷᠢᠭ᠂ ᠦᠢ᠍ᠯᠡᠳᠪᠦᠷᠢ ᠠᠭᠤᠷᠬᠠᠶ ᠵᠢᠨ ᠠᠵᠤ ᠠᠬᠤᠶ᠋ᠢᠯᠠᠯ᠂ ᠪᠠᠷᠢᠯᠭ᠎ᠠ ᠵᠢᠨ ᠭᠠᠵᠠᠷ ᠵᠡᠷᠭᠡ ᠵᠢ ᠰᠢᠮᠳᠠᠭᠤᠯᠤᠨ ᠲᠤᠰᠬᠠᠶ ᠬᠥᠮᠦᠨ ᠲᠣᠭᠲᠠᠭ᠋ᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠬᠦᠯᠢᠶᠡᠨ ᠠᠪᠴᠤ ᠳᠠᠮᠵᠢᠭᠤᠯᠬᠤ ᠠᠵᠢᠯ᠎ᠢ ᠬᠠᠷᠢᠭᠤᠴᠠᠭᠤᠯᠵᠤ᠂ ᠦᠨᠳᠦᠰᠦᠨ ᠱᠠᠲᠤᠨ᠎ᠤ ᠨᠡᠶ᠋ᠢᠭᠡᠮ ᠲᠣᠭᠣᠷᠢᠭ᠎ᠲᠤ ᠳᠠᠮᠵᠢᠭᠤᠯᠬᠤ ᠲᠣᠭᠲᠠᠴᠠ ᠵᠢ ᠭᠣᠤᠯᠳᠠᠯᠭ᠎ᠠ᠎ᠲᠠᠢ ᠪᠦᠷᠢᠨᠰᠢᠭᠦᠯᠦᠨ᠂ ᠮᠠᠯᠵᠢᠬᠤ ᠲᠠᠷᠢᠶᠠᠯᠠᠬᠤ ᠣᠷᠣᠨ ᠪᠤᠶ᠋ᠢᠳᠠ ᠪᠥᠭᠯᠡᠭᠦᠦ ᠭᠠᠵᠠᠷ ᠣᠷᠣᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠵᠢ ᠬᠦᠯᠢᠶᠡᠨ ᠠᠪᠬᠤ ᠦᠵᠦᠭᠦᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠷᠦᠬᠡ᠎ᠳᠤ ᠰᠢᠭᠤᠳ ᠨᠡᠪᠲᠡᠷᠡᠬᠦ ᠰᠡᠷᠡᠮᠵᠢᠯᠡᠭᠦᠯᠬᠦ ᠮᠡᠳᠡᠭᠡ ᠵᠠᠩᠭᠢ ᠵᠢ ᠳᠠᠮᠵᠢᠭᠤᠯᠬᠤ ᠵᠠᠮ ᠮᠥᠷ᠎ᠢ ᠪᠣᠶ ᠪᠣᠯᠭ᠋ᠠᠬᠤ ᠬᠡᠷᠡᠭᠲᠡᠶ᠃ ᠴᠢᠮᠡᠭᠡ ᠬᠣᠯᠪᠣᠭ᠎ᠠ᠂ ᠷᠠᠳᠢᠣ᠋᠂ ᠲᠧᠯᠸᠢᠰ᠎ᠤᠨ ᠪᠠᠯᠠᠶ ᠣᠷᠣᠨ ᠪᠣᠯᠤᠨ ᠪᠤᠶ᠋ᠢᠳᠠ ᠪᠥᠭᠯᠡᠭᠦᠦ ᠭᠠᠵᠠᠷ ᠣᠷᠣᠨ᠎ᠤ ᠣᠯᠠᠨ ᠲᠦᠮᠡᠨ᠎ᠳᠤ᠂ ᠦᠨᠳᠦᠰᠦᠨ ᠱᠠᠲᠤᠨ᠎ᠤ ᠮᠡᠳᠡᠭᠡ ᠵᠠᠩᠭᠢ ᠬᠦᠷᠭᠡᠭᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠬᠠᠮᠲᠤ ᠰᠠᠭᠤᠭ᠋ᠠᠯᠢ ᠠᠷᠠᠳ᠎ᠤᠨ ᠵᠥᠪᠯᠡᠯ᠂ ᠲᠣᠰᠬᠣᠨ᠎ᠤ ᠠᠷᠠᠳ᠎ᠤᠨ ᠵᠥᠪᠯᠡᠯ ᠵᠡᠷᠭᠡ ᠬᠠᠮᠢᠶ᠎ᠠ ᠪᠦᠬᠦᠢ ᠨᠢᠭᠡᠴᠡ ᠪᠣᠯᠤᠨ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢ ᠰᠢᠮᠳᠠᠭᠤᠯᠵᠤ ᠪᠠᠶ᠋ᠢᠭ᠋ᠠᠳ ᠵᠡᠭᠡᠯᠢ ᠭᠤᠳᠤᠮᠵᠢ᠎ᠪᠠᠷ ᠣᠴᠢᠬᠤ᠂ ᠲᠣᠰᠬᠣᠨ ᠡᠷᠦᠬᠡ᠎ᠪᠠᠷ ᠣᠷᠣᠬᠤ᠂ ᠬᠠᠷᠠᠩᠭ᠎ᠠ ᠴᠠᠩ ᠴᠣᠬᠢᠵᠤ᠂ ᠬᠥᠮᠦᠰ᠎ᠢ ᠵᠣᠬᠢᠶᠠᠨ ᠪᠠᠶ᠋ᠢᠭᠤᠯᠤᠨ ᠡᠷᠦᠬᠡ ᠳᠠᠷᠠᠭ᠋ᠠᠯᠠᠨ ᠬᠥᠮᠦᠨ ᠪᠣᠯᠭ᠋ᠠᠨ᠎ᠳᠤ ᠮᠡᠳᠡᠭᠳᠡᠬᠦ ᠵᠡᠷᠭᠡ ᠤᠯᠠᠮᠵᠢᠯᠠᠯᠲᠤ ᠠᠷᠭ᠎ᠠ ᠮᠠᠶᠢᠭ ᠵᠶ᠋ᠠᠨ ᠴᠢᠬᠤᠯᠠ ᠪᠦᠬᠦᠢ ᠨᠥᠬᠥᠪᠥᠷᠢᠯᠡᠬᠦ ᠠᠷᠭ᠎ᠠ ᠮᠠᠶᠢᠭ ᠪᠣᠯᠭ᠋ᠠᠵᠤ ᠰᠡᠷᠡᠮᠵᠢᠯᠡᠭᠦᠯᠬᠦ ᠮᠡᠳᠡᠭᠡ ᠵᠠᠩᠭᠢ ᠵᠢ ᠳᠠᠮᠵᠢᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠳᠠᠮᠵᠢᠭᠤᠯᠬᠤ ᠵᠢ ᠴᠢᠩᠭ᠋ᠠᠳᠬᠠᠬᠤ ᠬᠡᠷᠡᠭᠲᠡᠶ᠃
ᠬᠣᠷᠢᠨ ᠨᠢᠭᠡᠳᠦᠭᠡᠷ ᠵᠦᠢ᠍ᠯ ᠡᠯ᠎ᠡ ᠱᠠᠲᠤᠨ᠎ᠤ ᠤᠬᠠᠭᠤᠯᠬᠤ᠂ ᠷᠠᠳᠢᠣ᠋ ᠲᠧᠯᠸᠢᠰ᠂ ᠰᠣᠨᠢᠨ ᠮᠡᠳᠡᠭᠡ ᠬᠡᠪᠯᠡᠯ᠂ ᠴᠢᠮᠡᠭᠡ ᠬᠣᠯᠪᠣᠭ᠎ᠠ ᠵᠡᠷᠭᠡ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ᠂ ᠷᠠᠳᠢᠣ᠋᠂ ᠲᠧᠯᠸᠢᠰ᠂ ᠰᠣᠨᠢᠨ ᠰᠡᠳᠬᠦᠯ᠂ ᠢᠨᠲᠸᠷ ᠨᠸᠲ ᠵᠡᠷᠭᠡ ᠵᠠᠭᠤᠴᠢ ᠬᠢᠭᠡᠳ ᠴᠢᠮᠡᠭᠡ ᠬᠣᠯᠪᠣᠭ᠎ᠠ᠎ᠪᠠᠷ ᠠᠵᠢᠯᠯᠠᠬᠤ ᠠᠵᠤ ᠠᠬᠤᠶ᠋ᠢᠯᠠᠯ ᠪᠣᠯᠤᠨ ᠪᠤᠰᠤᠳ ᠮᠡᠳᠡᠭᠡ ᠵᠠᠩᠭᠢ ᠵᠢᠨ ᠠᠴᠢᠶᠠᠯᠠᠪᠤᠷᠢ᠎ᠲᠠᠢ ᠵᠣᠬᠢᠴᠠᠯᠳᠤᠨ ᠵᠢᠯᠣᠭᠣᠳᠴᠤ ᠪᠠᠶ᠋ᠢᠭ᠋ᠠᠳ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ᠎ᠯᠦᠭᠡ ᠵᠢᠨ ᠠᠵᠢᠯ᠎ᠤᠨ ᠵᠣᠯᠭ᠋ᠠᠯᠲᠠ ᠵᠢ ᠰᠠᠶ᠋ᠢᠲᠤᠷ ᠬᠢᠵᠦ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠲᠣᠭᠲᠠᠴᠠ ᠪᠣᠯᠤᠨ ᠶᠠᠪᠤᠴᠠ ᠵᠢ ᠪᠠᠶ᠋ᠢᠭᠤᠯᠬᠤ ᠪᠠ ᠲᠡᠭᠦᠯᠳᠡᠷᠵᠢᠭᠦᠯᠬᠦ ᠬᠡᠷᠡᠭᠲᠡᠶ᠃
ᠬᠣᠷᠢᠨ ᠬᠣᠶᠠᠳᠤᠭ᠋ᠠᠷ ᠵᠦᠢ᠍ᠯ ᠡᠯ᠎ᠡ ᠵᠦᠢ᠍ᠯ᠎ᠤᠨ ᠮᠡᠳᠡᠭᠡ ᠵᠠᠩᠭᠢ ᠵᠢ ᠨᠡᠶ᠋ᠢᠲᠡᠯᠡᠬᠦ ᠠᠴᠢᠶᠠᠯᠠᠪᠤᠷᠢ ᠵᠢᠨ ᠰᠢᠨᠵᠢ ᠴᠢᠨᠠᠷ ᠪᠣᠯᠤᠨ ᠣᠨᠴᠠᠯᠢᠭ᠎ᠢ ᠦᠨᠳᠦᠰᠦᠯᠡᠵᠦ᠂ ᠰᠡᠷᠡᠮᠵᠢᠯᠡᠭᠦᠯᠬᠦ ᠣᠷᠣᠨ᠎ᠤ ᠳᠣᠲᠣᠷᠠᠬᠢ ᠬᠡᠷᠡᠭᠯᠡᠭᠴᠢ᠎ᠳᠤ ᠳᠠᠮᠵᠢᠭᠤᠯᠤᠨ ᠨᠡᠶ᠋ᠢᠲᠡᠯᠡᠬᠦ ᠰᠡᠷᠡᠮᠵᠢᠯᠡᠭᠦᠯᠬᠦ ᠮᠡᠳᠡᠭᠡ ᠵᠠᠩᠭᠢ ᠵᠢ ᠭᠤᠷᠪᠠᠨ ᠲᠥᠷᠥᠯ᠎ᠳᠤ ᠬᠤᠪᠢᠶᠠᠨ᠎ᠠ᠄
(ᠨᠢᠭᠡ) ᠬᠦᠴᠦᠨ᠎ᠲᠠᠢ ᠬᠤᠭᠤᠴᠠᠭ᠋ᠠᠨ ᠳᠣᠲᠣᠷ᠎ᠠ ᠢᠮᠠᠭᠲᠠ ᠦᠷᠭᠦᠯᠵᠢᠯᠡᠨ ᠨᠡᠶ᠋ᠢᠲᠡᠯᠡᠵᠦ᠂ ᠲᠤᠬᠠᠶ᠋ᠢᠯᠠᠪᠠᠯ ᠰᠦᠯᠵᠢᠶ᠎ᠡ᠂ ᠡᠯᠧᠺᠲᠷᠣᠨ ᠵᠶ᠋ᠠᠷ ᠦᠵᠡᠭᠦᠯᠬᠦ ᠳᠡᠯᠭᠡᠴᠡ᠂ ᠲᠧᠯᠸᠢᠰᠲᠠᠬᠢ ᠥᠩᠬᠥᠷᠢᠯ ᠦᠰᠦᠭᠲᠦ ᠵᠡᠷᠭᠡ ᠪᠣᠯᠤᠨ᠎ᠠ;
(ᠬᠣᠶᠠᠷ) ᠬᠦᠴᠦᠨ᠎ᠲᠠᠢ ᠬᠤᠭᠤᠴᠠᠭ᠋ᠠᠨ ᠳᠣᠲᠣᠷ᠎ᠠ ᠴᠠᠭ ᠪᠦᠷᠢ 3᠎ᠠᠴᠠ 5 ᠮᠢᠨᠦ᠋ᠲ ᠦᠷᠭᠦᠯᠵᠢᠯᠡᠨ ᠨᠡᠪᠲᠡᠷᠡᠭᠦᠯᠬᠦ ᠪᠤᠶᠤ ᠵᠠᠪᠰᠠᠷᠯᠠᠵᠤ ᠨᠡᠪᠲᠡᠷᠡᠭᠦᠯᠦᠨ᠎ᠡ᠂ ᠲᠤᠬᠠᠶ᠋ᠢᠯᠠᠪᠠᠯ ᠲᠧᠯᠸᠢᠰ ᠬᠣᠷᠢᠶ᠎ᠠ᠂ ᠷᠠᠳᠢᠣ᠋ ᠲᠧᠯᠸᠢᠰ᠂ ᠬᠥᠳᠡᠭᠡ ᠲᠣᠰᠬᠣᠨ᠎ᠤ ᠯᠠᠪᠠ ᠵᠡᠷᠭᠡ ᠪᠣᠯᠤᠨ᠎ᠠ;
(ᠭᠤᠷᠪᠠ) ᠬᠦᠴᠦᠨ᠎ᠲᠠᠢ ᠬᠤᠭᠤᠴᠠᠭ᠋ᠠᠨ ᠳᠣᠲᠣᠷ᠎ᠠ ᠡᠬᠢᠯᠡᠬᠦ ᠦᠢ᠎ᠡ᠎ᠳᠤ ᠨᠢᠭᠡ ᠯᠡ ᠤᠳᠠᠭ᠋ᠠᠨ᠎ᠤ ᠴᠢᠨᠠᠷᠲᠠᠶ ᠨᠡᠶ᠋ᠢᠲᠡᠯᠡᠨ᠎ᠡ᠂ ᠲᠤᠬᠠᠶ᠋ᠢᠯᠠᠪᠠᠯ ᠰᠣᠨᠢᠨ᠂ ᠭᠠᠷ ᠤᠲᠠᠰᠤᠨ᠎ᠤ ᠣᠬᠣᠷ ᠮᠡᠳᠡᠭᠡ᠂ ᠤᠲᠠᠰᠤᠨ᠎ᠤ ᠳᠠᠭᠤᠳᠠᠯᠭ᠎ᠠ ᠵᠡᠷᠭᠡ ᠪᠣᠯᠤᠨ᠎ᠠ;
ᠬᠣᠷᠢᠨ ᠭᠤᠷᠪᠠᠳᠤᠭ᠋ᠠᠷ ᠵᠦᠢ᠍ᠯ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠨᠢᠭᠡᠴᠡ ᠰᠡᠷᠡᠮᠵᠢᠯᠡᠭᠦᠯᠬᠦ ᠣᠷᠣᠨ᠎ᠤ ᠳᠣᠲᠣᠷᠠᠬᠢ ᠬᠠᠷᠢᠶ᠎ᠠ ᠭᠠᠵᠠᠷ᠎ᠤᠨ ᠵᠠᠰᠠᠭ᠎ᠤᠨ ᠣᠷᠳᠣᠨ᠂ ᠪᠠᠴᠢᠮ ᠪᠠᠶ᠋ᠢᠳᠠᠯ᠎ᠢ ᠠᠷᠭ᠋ᠠᠴᠠᠵᠤ ᠠᠶᠤᠯ᠎ᠠᠴᠠ ᠠᠪᠤᠷᠠᠬᠤ ᠵᠢ ᠬᠠᠷᠢᠭᠤᠴᠠᠬᠤ ᠨᠢᠭᠡᠴᠡ ᠬᠢᠭᠡᠳ ᠡᠩᠨᠡᠭᠡ᠎ᠯᠦᠭᠡ ᠨᠢᠭᠲᠠ ᠬᠠᠷᠢᠯᠴᠠᠵᠤ᠂ ᠬᠥᠳᠡᠯᠦᠯ ᠪᠠᠶ᠋ᠢᠳᠠᠯ᠎ᠢ ᠬᠢᠨᠠᠨ ᠬᠡᠮᠵᠢᠬᠦ ᠮᠡᠳᠡᠭᠡ ᠵᠢ ᠮᠡᠳᠡᠭᠦᠯᠦᠨ ᠬᠦᠷᠭᠡᠬᠦ ᠪᠠ ᠬᠠᠮᠲᠤ᠎ᠳᠠᠭᠠᠨ ᠬᠦᠷᠳᠠᠬᠦ ᠵᠢ ᠴᠢᠩᠭ᠋ᠠᠳᠬᠠᠬᠤ ᠵᠢᠨ ᠬᠠᠮᠲᠤ ᠯᠠᠪᠯᠠᠨ ᠠᠰᠠᠭᠤᠬᠤ ᠬᠠᠷᠢᠯᠴᠠᠬᠤ ᠤᠲᠠᠰᠤ ᠵᠢ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ᠃
ᠬᠣᠷᠢᠨ ᠳᠥᠷᠪᠡᠳᠦᠭᠡᠷ ᠵᠦᠢ᠍ᠯ ᠴᠡᠷᠢᠭ ᠠᠩᠭᠢ ᠪᠠ ᠣᠷᠣᠨ ᠨᠤᠲᠤᠭ᠎ᠤᠨ ᠮᠡᠳᠡᠭᠡ ᠵᠠᠩᠭᠢ ᠵᠢ ᠮᠡᠳᠡᠭᠳᠡᠬᠦ ᠲᠣᠭᠲᠠᠴᠠ ᠵᠢ ᠲᠡᠭᠦᠯᠳᠡᠷᠵᠢᠭᠦᠯᠵᠦ᠂ ᠴᠡᠷᠢᠭ ᠠᠩᠭᠢ ᠪᠠ ᠣᠷᠣᠨ ᠨᠤᠲᠤᠭ᠎ᠤᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠬᠠᠮᠲᠤ᠎ᠳᠠᠭᠠᠨ ᠬᠦᠷᠳᠠᠬᠦ ᠵᠢ ᠪᠡᠶᠡᠯᠡᠭᠦᠯᠬᠦ ᠬᠡᠷᠡᠭᠲᠡᠶ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠲᠤᠰ ᠭᠠᠵᠠᠷ᠎ᠲᠤ ᠰᠠᠭᠤᠭ᠎ᠠ ᠴᠡᠷᠢᠭ᠂ ᠴᠡᠷᠢᠭ ᠠᠩᠭᠢ ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠶ᠎ᠳᠤᠨᠢ ᠮᠡᠳᠡᠭᠳᠡᠵᠦ᠂ ᠰᠡᠷᠡᠮᠵᠢᠯᠡᠭᠦᠯᠬᠦ ᠵᠢ ᠳᠠᠭ᠋ᠠᠬᠤ ᠠᠵᠢᠯ᠎ᠢ ᠬᠠᠮᠲᠤ᠎ᠪᠠᠷ ᠰᠠᠶ᠋ᠢᠲᠤᠷ ᠬᠢᠬᠦ ᠬᠡᠷᠡᠭᠲᠡᠶ᠃
ᠬᠣᠷᠢᠨ ᠲᠠᠪᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ᠎ᠨᠢ ᠬᠠᠮᠢᠶᠠᠷᠤᠯᠲᠠ ᠵᠢᠨ ᠪᠠᠶ᠋ᠢᠭᠤᠯᠤᠯ᠎ᠢ ᠲᠡᠭᠦᠯᠳᠡᠷᠵᠢᠭᠦᠯᠵᠦ᠂ ᠡᠩᠨᠡᠭᠡᠨ᠎ᠤ ᠪᠦᠲᠦᠭᠡᠨ ᠪᠠᠶ᠋ᠢᠭᠤᠯᠤᠯᠲᠠ ᠬᠢᠭᠡᠳ ᠠᠵᠢᠯᠲᠠᠳ᠎ᠤᠨ ᠪᠣᠯᠪᠠᠰᠤᠷᠠᠭᠤᠯᠤᠯ᠎ᠢ ᠴᠢᠩᠭ᠋ᠠᠳᠬᠠᠨ᠂ ᠲᠤᠰᠬᠠᠶ ᠮᠡᠷᠭᠡᠵᠢᠯᠲᠡᠨ ᠬᠢᠭᠡᠳ ᠬᠠᠮᠢᠶᠠᠷᠤᠯᠲᠠ ᠵᠢᠨ ᠠᠵᠢᠯᠲᠠᠨ᠎ᠢ ᠲᠣᠬᠢᠷᠠᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠰᠢᠰᠲ᠋ᠧᠮ᠎ᠢ ᠳᠡᠰ ᠳᠡᠪᠰᠢᠭᠦᠯᠦᠨ ᠥᠭᠡᠷᠡᠴᠢᠯᠡᠬᠦ ᠵᠢ ᠲᠦᠯᠬᠢᠨ ᠠᠬᠢᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠬᠦᠴᠦᠨ᠎ᠲᠠᠢ ᠬᠤᠭᠤᠴᠠᠭ᠎ᠠ ᠪᠠ ᠪᠦᠷᠬᠦᠴᠡ ᠵᠢ ᠲᠠᠰᠤᠷᠠᠯᠲᠠ ᠤᠢ᠍ᠭᠡᠢ ᠳᠡᠭᠡᠭᠰᠢᠯᠡᠭᠦᠯᠬᠦ ᠬᠡᠷᠡᠭᠲᠡᠶ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ᠎ᠤᠨ ᠲᠤᠬᠠᠶ᠋ᠢᠯᠠᠭᠰᠠᠨ ᠠᠵᠢᠯ ᠵᠶ᠋ᠠᠨ ᠦᠷᠭᠦᠯᠵᠢᠯᠡᠭᠦᠯᠬᠦ ᠵᠠᠷᠤᠳᠠᠯ᠎ᠳᠤ ᠴᠢᠬᠤᠯᠠ ᠪᠦᠬᠦᠢ ᠳᠡᠮᠵᠢᠯᠭᠡ ᠥᠭᠬᠦ ᠬᠡᠷᠡᠭᠲᠡᠶ᠃
ᠳᠥᠷᠪᠡᠳᠦᠭᠡᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠬᠣᠷᠢᠨ ᠵᠢᠷᠭᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ ᠬᠢᠭᠡᠳ ᠨᠢᠭᠡᠴᠡ ᠲᠤᠰ ᠠᠷᠭ᠎ᠠ ᠵᠢᠨ ᠲᠣᠭᠲᠠᠭ᠋ᠠᠯ᠎ᠢ ᠵᠥᠷᠢᠴᠡᠵᠦ᠂ ᠬᠠᠤᠯᠢ᠎ᠳᠤ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠭᠡᠶ ᠪᠣᠯ᠂ ᠲᠡᠭᠦᠨ᠎ᠤ ᠳᠡᠭᠡᠷ᠎ᠡ ᠱᠠᠲᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠠᠴᠠ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ ᠬᠡᠷᠡᠭᠲᠡᠶ᠃ ᠬᠦᠨᠳᠦ ᠨᠣᠴᠢᠲᠠᠶ ᠦᠷ᠎ᠡ ᠳ᠋ᠦᠩ᠎ᠳᠤ ᠤᠴᠠᠷᠠᠭᠤᠯᠤᠭᠰᠠᠨ ᠪᠣᠯ᠂ ᠪᠠᠶ᠋ᠢᠳᠠᠯ ᠪᠣᠯᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠵᠦ ᠰᠢᠭᠤᠳ ᠬᠠᠷᠢᠭᠤᠴᠠᠵᠤ ᠪᠠᠶ᠋ᠢᠭ᠎ᠠ ᠭᠣᠤᠯᠴᠢᠯᠠᠨ ᠬᠠᠮᠢᠶᠠᠷᠤᠭᠴᠢ ᠪᠣᠯᠤᠨ ᠰᠢᠭᠤᠳ ᠬᠠᠷᠢᠭᠤᠴᠠᠯᠭ᠋ᠠᠲᠠᠨ᠎ᠳᠤ ᠵᠠᠰᠠᠭ ᠵᠠᠬᠢᠷᠭ᠋ᠠᠨ᠎ᠤ ᠰᠢᠳᠬᠡᠯ ᠥᠭᠬᠦ ᠬᠡᠷᠡᠭᠲᠡᠶ; ᠶᠠᠯᠠᠳᠤ ᠬᠦᠷᠦᠭᠰᠡᠨ ᠰᠡᠵᠢᠭᠯᠡᠯᠲᠡᠶ ᠪᠣᠯ᠂ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠬᠦ ᠬᠡᠷᠡᠭᠲᠡᠶ᠃
ᠲᠠᠪᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠬᠣᠷᠢᠨ ᠳᠣᠯᠣᠳᠤᠭ᠋ᠠᠷ ᠵᠦᠢ᠍ᠯ ᠲᠤᠰ ᠠᠷᠭ᠎ᠠ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃