1 ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ ᠪᠡᠯᠡᠳᠬᠡᠯ ᠬᠤᠷᠠᠯ ᠬᠢᠪᠡ᠃
1 ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ ᠪᠡᠯᠡᠳᠬᠡᠯ ᠬᠤᠷᠠᠯ ᠬᠢᠪᠡ᠃ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠡᠷᠭᠢᠯᠡᠭᠴᠢ ᠰᠦᠨ ᠱᠤᠤ ᠴᠧᠩ ᠬᠤᠷᠠᠯ᠎ᠢ ᠡᠷᠭᠢᠯᠡᠪᠡ᠃ ᠯᠢᠨ ᠱᠤᠤ ᠴᠦᠨ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠧᠩ ᠬᠣᠩ ᠹᠠᠨ᠂ ᠳ᠋ᠢᠩ ᠰᠢᠤ ᠹᠧᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠸᠠᠨ ᠴᠤᠤ ᠴᠢ ᠲᠡᠷᠢᠭᠦᠯᠡᠭᠴᠢᠳ᠎ᠤᠨ ᠲᠠᠢ᠌ᠰᠠᠨ᠎ᠳᠤ ᠰᠠᠭ᠋ᠠᠲᠠᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠣᠲᠣ 532 ᠬᠥᠮᠥᠨ ᠪᠤᠶ᠂ ᠪᠡᠯᠡᠳᠬᠡᠯ ᠬᠤᠷᠠᠯ᠎ᠳᠤ 501 ᠬᠥᠮᠥᠨ ᠣᠷᠣᠯᠴᠠᠵᠤ᠂ ᠬᠠᠤᠯᠢ᠎ᠳᠤ ᠲᠣᠭᠲᠠᠭ᠋ᠠᠭᠰᠠᠨ ᠬᠥᠮᠥᠨ᠎ᠤ ᠲᠣᠭ᠎ᠠ᠎ᠳᠤ ᠨᠡᠢ᠌ᠴᠡᠪᠡ᠃
ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠡᠯ᠎ᠡ ᠵᠦᠢ᠍ᠯ᠎ᠤᠨ ᠠᠵᠢᠯ ᠪᠡᠯᠡᠬᠡᠨ ᠪᠣᠯᠵᠤ᠂ ᠶᠡᠬᠡ ᠬᠤᠷᠠᠯ ᠲᠣᠭᠲᠠᠭᠰᠠᠨ ᠬᠤᠭᠤᠴᠠᠭ᠋ᠠᠨ᠎ᠳᠠᠭᠠᠨ ᠬᠤᠷᠠᠯᠳᠤᠬᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ ᠪᠣᠯ ᠣᠷᠣᠨ ᠳᠠᠶᠠᠭ᠋ᠠᠷ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ ᠪᠠᠢ᠌ᠭ᠎ᠠ ᠵᠠᠩᠭᠢᠯᠠᠭ᠎ᠠ ᠵᠢᠨ ᠴᠠᠭ ᠮᠥᠴᠡ᠎ᠳᠤ ᠬᠤᠷᠠᠯᠳᠤᠬᠤ ᠨᠢᠭᠡ ᠤᠳᠠᠭ᠎ᠠ ᠵᠢᠨ ᠮᠠᠰᠢ ᠴᠢᠬᠤᠯᠠ ᠬᠤᠷᠠᠯ ᠪᠠᠢ᠌ᠵᠤ᠂ ᠪᠦᠭᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠤᠯᠤᠰ ᠲᠦᠷᠦ ᠵᠢᠨ ᠠᠮᠢᠳᠤᠷᠠᠯ ᠳᠤᠮᠳᠠᠬᠢ ᠨᠢᠭᠡᠨ ᠲᠣᠮᠣ ᠶᠠᠪᠤᠳᠠᠯ ᠮᠥᠨ᠃ ᠡᠨᠡ ᠤᠳᠠᠭ᠎ᠠ ᠵᠢᠨ ᠶᠡᠬᠡ ᠬᠤᠷᠠᠯ᠎ᠢ ᠰᠠᠢ᠌ᠲᠤᠷ ᠬᠤᠷᠠᠯᠳᠤᠭᠤᠯᠬᠤ᠎ᠨᠢ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠨᠢᠭᠡᠳᠬᠡᠵᠦ᠂ ᠬᠦᠴᠦᠨ ᠴᠢᠳᠠᠯ ᠵᠶ᠋ᠠᠨ ᠨᠢᠭᠲᠠᠷᠠᠭᠤᠯᠤᠨ᠂ ᠪᠦᠭᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠲᠠᠢ᠌ᠴᠢᠯᠠᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭ᠋ᠠᠭᠰᠠᠨ ᠬᠠᠷᠠᠯᠲᠠ ᠡᠭᠦᠷᠭᠡ ᠵᠢ ᠪᠡᠶᠡᠯᠡᠭᠦᠯᠬᠦ᠎ᠳᠤ ᠲᠤᠢ᠌ᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ ᠭᠡᠵᠦ ᠵᠢᠭ᠋ᠠᠵᠤ ᠭᠠᠷᠭ᠋ᠠᠪᠠ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠵᠢᠯᠤᠭᠣᠳᠬᠤ ᠦᠵᠡᠯ ᠰᠠᠨᠠᠭ᠎ᠠ ᠪᠣᠯ᠄ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠣᠷᠭ᠋ᠠᠨᠢᠭ ᠵᠶ᠋ᠠᠷ ᠨᠢᠭᠡᠳᠬᠡᠬᠦ ᠵᠢ ᠪᠠᠷᠢᠮᠲᠠᠯᠠᠵᠤ᠂ ᠪᠦᠭᠦ ᠶᠠᠪᠤᠴᠠ ᠵᠢᠨ ᠠᠷᠠᠳ᠎ᠤᠨ ᠠᠷᠠᠳᠴᠢᠯᠠᠯ᠎ᠤᠨ ᠴᠢᠬᠤᠯᠠ ᠶᠡᠬᠡ ᠣᠢ᠌ᠯᠠᠭ᠋ᠠᠭᠳᠠᠬᠤᠨ᠎ᠢ ᠭᠦᠨᠵᠡᠭᠡᠢ ᠦᠢ᠍ᠯᠡᠳᠦᠯᠭᠡᠵᠢᠭᠦᠯᠵᠦ᠂ ᠦᠨᠳᠦᠰᠦᠨ ᠬᠠᠤᠯᠢ ᠪᠠ ᠬᠠᠤᠯᠢ ᠴᠠᠭ᠋ᠠᠵᠠ᠎ᠠᠴᠠ ᠣᠯᠭᠣᠭᠰᠠᠨ ᠲᠤᠰᠢᠶᠠᠯ ᠬᠠᠷᠢᠭᠤᠴᠠᠯᠭ᠎ᠠ᠎ᠪᠠᠨ ᠪᠦᠭᠦ ᠲᠠᠯ᠎ᠠ᠎ᠪᠠᠷ ᠭᠦᠢ᠍ᠴᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢᠨ ᠲᠣᠭᠣᠷᠢᠨ᠎ᠳᠤ᠂ 《ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ》 ᠭᠣᠣᠯ ᠠᠵᠢᠯ ᠶᠡᠬᠡ ᠲᠠᠯ᠎ᠠ᠎ᠲᠠᠢ ᠨᠢᠭᠲᠠ ᠤᠶᠠᠯᠳᠤᠭᠤᠯᠤᠨ᠂ ᠪᠦᠭᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠲᠠᠢ᠌ᠴᠢᠯᠠᠨ ᠤᠷᠢᠶᠠᠯᠠᠵᠤ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭᠲᠠᠷᠠᠭᠤᠯᠤᠨ ᠪᠦᠯᠬᠦᠮᠳᠡᠭᠦᠯᠵᠦ᠂ 《ᠬᠣᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠠᠴᠢ ᠡᠨᠡᠷᠢᠯ᠎ᠳᠤ ᠲᠠᠯᠠᠷᠬᠠᠨ ᠡᠷᠡᠮᠡᠬᠡᠢ᠌ᠯᠡᠨ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠪᠣᠯᠣᠨ᠎ᠠ᠃
ᠬᠤᠷᠠᠯ᠎ᠠᠴᠠ᠂ ᠲᠥᠯᠥᠭᠡᠯᠡᠭᠴᠢᠳ ᠶᠡᠬᠡ ᠬᠤᠷᠠᠯ᠎ᠤᠨ ᠵᠢᠯᠤᠭᠣᠳᠬᠤ ᠦᠵᠡᠯ ᠰᠠᠨᠠᠭ᠎ᠠ ᠶᠣᠰᠣᠭ᠋ᠠᠷ᠂ ᠦᠵᠡᠯ ᠰᠠᠨᠠᠭ᠎ᠠ ᠪᠣᠯᠣᠨ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠵᠣᠷᠢᠭ ᠰᠠᠨᠠᠭ᠎ᠠ ᠳᠡᠭᠡᠷ᠎ᠡ ᠦᠨᠡᠨ ᠬᠦ᠌ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠵᠢᠯ᠎ᠤᠨ ᠱᠠᠭ᠋ᠠᠷᠳᠠᠯᠭ᠎ᠠ ᠳᠡᠭᠡᠷ᠎ᠡ ᠨᠢᠭᠡᠳᠬᠡᠵᠦ᠂ ᠳᠡᠭᠡᠳᠦ ᠬᠡᠮᠵᠢᠶᠡᠨ᠎ᠤ ᠤᠯᠤᠰ ᠲᠦᠷᠦ ᠵᠢᠨ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠷ ᠡᠯ᠎ᠡ ᠵᠦᠢ᠍ᠯ᠎ᠤᠨ ᠵᠥᠪᠯᠡᠬᠦ ᠰᠡᠳᠦᠪ᠎ᠢ ᠨᠠᠷᠢᠨ ᠬᠢᠨᠠᠮᠠᠭ᠋ᠠᠢ ᠬᠢᠨᠠᠨ ᠵᠥᠪᠯᠡᠵᠦ᠂ ᠦᠨᠳᠦᠰᠦᠨ ᠬᠠᠤᠯᠢ ᠪᠣᠯᠣᠨ ᠬᠠᠤᠯᠢ ᠴᠠᠭ᠋ᠠᠵᠠ᠎ᠠᠴᠠ ᠣᠯᠭᠣᠭᠰᠠᠨ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠬᠡᠷᠡᠭᠵᠢᠭᠦᠯᠵᠦ᠂ ᠬᠠᠮᠲᠤ᠎ᠪᠠᠷ ᠴᠢᠷᠮᠠᠢ᠌ᠵᠤ ᠡᠨᠡ ᠤᠳᠠᠭ᠎ᠠ ᠵᠢᠨ ᠬᠤᠷᠠᠯ᠎ᠢ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠭᠰᠠᠨ᠂ ᠪᠣᠳᠠᠲᠠᠢ ᠵᠢ ᠡᠷᠬᠢᠮᠯᠡᠨ ᠡᠷᠡᠮᠡᠬᠡᠢ᠌ᠯᠡᠨ ᠤᠷᠤᠭᠰᠢᠯᠠᠭᠰᠠᠨ ᠶᠡᠬᠡ ᠬᠤᠷᠠᠯ ᠪᠣᠯᠭ᠋ᠠᠨ ᠬᠤᠷᠠᠯᠳᠤᠭᠤᠯᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠵᠥᠪᠯᠡᠬᠦ ᠵᠦᠢ᠍ᠯ᠎ᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ ᠪᠣᠯᠣᠨ ᠨᠠᠷᠢᠨ ᠪᠢᠴᠢᠭ᠎ᠤᠨ ᠳᠠᠷᠤᠭ᠎ᠠ ᠵᠢ ᠰᠣᠩᠭᠣᠨ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠰᠠᠨᠠᠯ ᠵᠥᠪᠯᠡᠯᠭᠡ ᠵᠢ ᠬᠢᠨᠠᠨ ᠪᠠᠢ᠌ᠴᠠᠭ᠋ᠠᠬᠤ ᠵᠥᠪᠯᠡᠯ᠎ᠤᠨ ᠪᠦᠷᠢᠯᠳᠦᠭᠦᠨ᠎ᠳᠤ ᠲᠣᠬᠢᠷᠠᠭᠤᠯᠤᠯᠲᠠ ᠬᠢᠬᠦ ᠲᠤᠬᠠᠢ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠪᠡᠯᠡᠳᠬᠡᠯ ᠬᠤᠷᠠᠯ᠎ᠤᠨ ᠲᠣᠭᠲᠠᠭ᠋ᠠᠯ᠎ᠢ ᠪᠠᠲᠤᠯᠠᠪᠠ᠃