ᠣᠨ ᠵᠢᠯ ᠰᠣᠯᠢᠭᠳᠠᠵᠤ ᠴᠠᠭ ᠦᠶ᠎ᠡ ᠰᠢᠨᠡᠳᠦᠨ᠎ᠡ ᠃ ᠥᠪᠥᠷ ᠮᠣᠩᠭᠣᠯ ᠠᠮᠢ ᠠᠬᠤᠢ ᠵᠢ ᠤᠷᠢᠳ ᠵᠶ᠋ᠡᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠤᠯᠭ᠋ᠠᠬᠰᠠᠨ ᠴᠢᠨᠠᠷ ᠰᠠᠢ᠌ᠲᠠᠢ ᠬᠥᠭᠵᠢᠯᠲᠡ ᠵᠢᠨ ᠵᠠᠮ ᠵᠶ᠋ᠡᠷ ᠡᠷᠡᠰ ᠭᠤᠢ᠌ᠪᠢᠰᠢ ᠦᠭᠡᠢ ᠵᠠᠮᠨᠠᠨ ᠂ ᠪᠣᠬᠢᠷᠳᠤᠯ ᠦᠭᠡᠢ ᠬᠥᠭᠵᠢᠯᠲᠡ ᠪᠠ ᠠᠮᠢ ᠠᠬᠤᠢ ᠵᠢᠨ ᠦᠨ᠎ᠡ ᠦᠷᠲᠡᠭ᠎ᠢ ᠵᠡᠷᠭᠡ᠎ᠪᠠᠷ ᠳᠡᠭᠡᠭᠰᠢᠯᠡᠭᠦᠯᠵᠦ ᠂ ᠡᠬᠡ ᠤᠯᠤᠰ᠎ᠤᠨ ᠦᠵᠡᠰᠬᠦᠯᠡᠩᠲᠦ ᠰᠠᠢ᠌ᠬᠠᠨ ᠤᠮᠠᠷᠠᠲᠤ ᠬᠢᠯᠢ ᠪᠣᠬᠢᠷᠳᠤᠯ ᠦᠭᠡᠢ ᠬᠥᠭᠵᠢᠯᠲᠡ ᠵᠢᠨ ᠢᠳᠡ ᠬᠦᠴᠦ᠎ᠪᠠᠷ ᠪᠢᠯᠬᠠᠨ᠎ᠠ ᠃
ᠪᠣᠬᠢᠷᠳᠤᠯ ᠦᠭᠡᠢ ᠬᠥᠭᠵᠢᠯᠲᠡ ᠵᠢᠨ ᠢᠳᠡ ᠬᠦᠴᠦᠨ᠎ᠢ ᠥᠪᠥᠷ ᠮᠣᠩᠭᠣᠯ᠎ᠤᠨ ᠰᠢᠨ᠎ᠡ ᠡᠨᠧᠷᠭᠢ᠎ᠪᠠᠷ ᠰᠢᠨ᠎ᠡ ᠠᠵᠤ ᠦᠢ᠍ᠯᠡᠳᠪᠦᠷᠢ ᠵᠢᠨ ᠬᠥᠭᠵᠢᠯᠲᠡ ᠵᠢ ᠲᠠᠢ᠌ᠴᠢᠯᠠᠨ ᠂ ᠰᠢᠨ᠎ᠡ ᠡᠨᠧᠷᠭᠢ ᠵᠢᠨ ᠬᠦᠷᠢᠶᠡᠨ᠎ᠳᠤ 《ᠪᠠᠰᠠ ᠨᠢᠭᠡᠨ ᠠᠵᠤ ᠦᠢ᠍ᠯᠡᠳᠪᠦᠷᠢ ᠵᠢᠨ ᠥᠪᠥᠷ ᠮᠣᠩᠭᠣᠯ᠎ᠢ ᠴᠣᠭᠴᠠᠯᠠᠬᠤ 》 ᠲᠡᠮᠡᠴᠡᠯ᠎ᠤᠨ ᠦᠢ᠍ᠯᠡᠳᠦᠯᠭᠡ ᠳᠤᠮᠳᠠ ᠪᠢᠯᠬᠠᠵᠤ ᠪᠠᠢ᠌ᠨ᠎ᠠ ᠃
ᠪᠤᠭᠤᠲᠤ ᠬᠣᠲᠠ ᠵᠢᠨ ᠮᠢᠩ ᠶᠠᠩ ᠰᠢᠨ᠎ᠡ ᠡᠨᠧᠷᠭᠢ ᠵᠢᠨ ᠣᠶᠤᠨᠴᠢ ᠦᠢ᠍ᠯᠡᠳᠬᠡᠯ᠎ᠤᠨ ᠠᠵᠤ ᠦᠢ᠍ᠯᠡᠰ᠎ᠤᠨ ᠬᠦᠷᠢᠶᠡᠯᠡᠩ᠎ᠳᠤ ᠰᠠᠯᠬᠢᠨ ᠬᠦᠴᠦᠨ᠎ᠤ ᠴᠠᠭᠢᠯᠭ᠋ᠠᠨ ᠰᠡᠩᠰᠡ ᠵᠢᠨ ᠳᠡᠯᠪᠢ ᠵᠢᠨ ᠦᠢ᠍ᠯᠡᠳᠪᠦᠷᠢᠯᠡᠯ᠎ᠤᠨ ᠱᠤᠭᠤᠮ ᠲᠠᠰᠤᠷᠠᠯᠲᠠ ᠦᠭᠡᠢ ᠠᠵᠢᠯᠯᠠᠨ᠎ᠠ ; ᠲᠦᠩᠯᠢᠶᠣᠣ ᠬᠤᠳᠠ ᠵᠢᠨ ᠬᠣᠷᠴᠢᠨ ᠲᠣᠭᠣᠷᠢᠭ᠎ᠤᠨ ᠥᠪᠥᠷ ᠮᠣᠩᠭᠣᠯ᠎ᠤᠨ ᠵᠡᠭᠦᠨ ᠪᠡᠶ᠎ᠡ (ᠲᠦᠩᠯᠢᠶᠣᠣ ) ᠵᠢᠨ ᠰᠠᠯᠬᠢᠨ ᠬᠦᠴᠦᠨ᠎ᠤ ᠴᠠᠭᠢᠯᠭ᠋ᠠᠨ᠎ᠤ ᠲᠣᠨᠣᠭᠯᠠᠯ ᠦᠢ᠍ᠯᠡᠳᠬᠦ ᠠᠵᠤ ᠦᠢ᠍ᠯᠡᠰ᠎ᠤᠨ ᠰᠠᠭᠤᠷᠢᠨ᠎ᠳᠤ ᠵᠢᠯ᠎ᠳᠤ 20 ᠲᠦᠮᠡᠨ ᠲᠣᠨ ᠠᠮᠠᠳᠠᠭᠤᠯ ᠦᠢ᠍ᠯᠡᠳᠪᠦᠷᠢᠯᠡᠬᠦ ᠲᠥᠷᠥᠯ ᠵᠦᠢ᠍ᠯ ᠪᠣᠯᠣᠨ ᠵᠢᠯ᠎ᠳᠤ 200 ᠲᠦᠮᠡᠨ ᠲᠣᠨ᠎ᠤ ᠰᠢᠷᠡᠮᠦ ᠬᠣᠭᠣᠯᠠᠢ ᠵᠢᠨ ᠪᠣᠯᠣᠳ ᠠᠮᠠᠳᠠᠭᠤᠯ ᠦᠢ᠍ᠯᠡᠳᠪᠦᠷᠢᠯᠡᠬᠦ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠢᠳᠡ ᠭᠦᠭ᠎ᠲᠠᠢ ᠶᠠᠪᠤᠭᠳᠠᠵᠤ ᠪᠠᠢ᠌ᠨ᠎ᠠ ; ᠣᠷᠳᠣᠰ ᠬᠤᠳᠠ ᠵᠢᠨ ᠮᠧᠩ ᠰᠦ᠍ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠷᠢᠶᠡᠯᠡᠩ᠎ᠤᠨ ᠵᠡᠭᠦᠨᠰᠢ ᠪᠠᠷᠠᠭᠤᠨᠰᠢ 530 ᠮᠸᠲᠷ ᠰᠤᠨᠳᠠᠯᠠᠭᠰᠠᠨ ᠠᠯᠤᠰ ᠦᠵᠡᠭᠳᠡᠯᠲᠦ ᠬᠥᠳᠡᠯᠭᠡᠬᠦ ᠬᠦᠴᠦᠨ᠎ᠤ ᠳ᠋ᠢᠶᠠᠨ ᡂᠢ ᠵᠢᠨ ᠦᠢ᠍ᠯᠡᠳᠪᠦᠷᠢ᠎ᠳᠤ ᠹᠣᠰᠹᠣᠷ ᠬᠦᠴᠢᠯ᠎ᠤᠨ ᠲᠡᠮᠦᠷ ᠯᠢᠲ᠋ᠢ ᠳ᠋ᠢᠶᠠᠨ ᡂᠢ ᠵᠢ ᠦᠢ᠍ᠯᠡᠳᠪᠦᠷᠢᠯᠡᠵᠦ ᠶᠠᠭ᠋ᠠᠷᠠᠨ᠎ᠠ ᠁ ᠡᠬᠡ ᠤᠯᠤᠰ᠎ᠤᠨ ᠤᠮᠠᠷᠠᠲᠤ ᠬᠢᠯᠢ ᠵᠢᠨ ᠡᠬᠡ ᠭᠠᠵᠠᠷ᠎ᠲᠤ ᠰᠢᠨ᠎ᠡ ᠡᠨᠧᠷᠭᠢ ᠵᠢᠨ ᠠᠵᠤ ᠦᠢ᠍ᠯᠡᠰ ᠬᠤᠷ᠎ᠠ ᠵᠢᠨ ᠳᠠᠷᠠᠭ᠋ᠠᠬᠢ ᠬᠤᠯᠤᠰᠤᠨ ᠰᠦᠶᠦᠭᠡ ᠮᠡᠲᠦ ᠪᠠᠳᠠᠷᠠᠯ᠎ᠠ ᠃
2024 ᠣᠨ᠎ᠳᠤ᠂ ᠥᠪᠥᠷ ᠮᠣᠩᠭᠣᠯ ᠰᠠᠯᠬᠢᠨ ᠬᠦᠴᠦᠨ ᠂ ᠨᠡᠭᠦᠷᠡᠰᠦ ᠂ ᠴᠠᠭᠢᠯᠭ᠋ᠠᠨ ᠲᠣᠣᠷ᠎ᠤᠨ ᠥᠪᠡᠷᠮᠢᠴᠡ ᠳᠠᠪᠠᠭᠤᠯᠢᠭ ᠵᠢᠡᠨ ᠭᠦᠢ᠍ᠴᠡᠳ ᠠᠰᠢᠭᠯᠠᠵᠤ ᠂ 《ᠬᠣᠣᠰ ᠨᠡᠭᠦᠷᠡᠰᠦᠲᠥ᠋ᠷᠥᠭᠴᠢ 》 ᠵᠢᠨ ᠬᠠᠷᠠᠯᠲᠠ ᠡᠭᠦᠷᠭᠡ ᠵᠢ ᠲᠣᠭᠲᠠᠭ᠋ᠠᠨ ᠂ ᠪᠦᠭᠦ ᠤᠯᠤᠰ ᠴᠢᠨᠠᠭᠰᠢᠯᠠᠪᠠᠯ ᠳᠡᠯᠡᠬᠡᠢ ᠵᠢᠨ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠥᠨᠳᠥᠷᠯᠢᠭ ᠭᠠᠵᠠᠷ᠎ᠢ ᠬᠦᠴᠦ᠎ᠪᠠᠨ ᠲᠥᠪᠯᠡᠷᠡᠭᠦᠯᠦᠨ ᠴᠣᠭᠴᠠᠯᠠᠪᠠ ᠃
2024 ᠣᠨ᠎ᠳᠤ᠂ ᠥᠪᠥᠷ ᠮᠣᠩᠭᠣᠯ᠎ᠤᠨ ᠰᠢᠨ᠎ᠡ᠎ᠪᠠᠷ ᠨᠡᠮᠡᠭᠳᠡᠭᠰᠡᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ 4100 ᠲᠦᠮᠡᠨ ᠺᠢᠯᠣᠸᠠᠲ᠎ᠢ ᠳᠠᠪᠠᠨ ᠂ ᠰᠢᠨ᠎ᠡ ᠡᠨᠧᠷᠭᠢ ᠵᠢᠨ ᠶᠡᠷᠦᠩᠬᠡᠢ ᠮᠠᠰᠢᠨ ᠴᠣᠭᠴᠠᠯᠠᠪᠤᠷᠢ ᠵᠢᠨ ᠬᠡᠪᠴᠢᠶ᠎ᠡ 1.35 ᠳ᠋ᠦᠩᠰᠢᠭᠤᠷ ᠺᠢᠯᠣᠸᠠᠲ᠎ᠲᠤ ᠬᠦᠷᠴᠦ ᠂ ᠵᠢᠯ᠎ᠤᠨ ᠳᠣᠲᠣᠷ᠎ᠠ ᠰᠢᠨ᠎ᠡ᠎ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠪᠠ ᠶᠡᠷᠦᠩᠬᠡᠢ ᠮᠠᠰᠢᠨ ᠴᠣᠭᠴᠠᠯᠠᠪᠤᠷᠢ ᠵᠢᠨ ᠬᠡᠪᠴᠢᠶ᠎ᠡ ᠬᠣᠶᠠᠷ ᠵᠢᠯ ᠳᠠᠷᠠᠭ᠋ᠠᠯᠠᠨ ᠪᠦᠭᠦ ᠤᠯᠤᠰ᠎ᠲᠤ ᠲᠦᠷᠦᠭᠦᠯᠡᠪᠡ ᠃
2024 ᠣᠨ᠎ᠳᠤ᠂ ᠥᠪᠥᠷ ᠮᠣᠩᠭᠣᠯ ᠰᠢᠨ᠎ᠡ ᠭᠡᠯᠪᠡᠷᠢ ᠵᠢᠨ ᠡᠨᠧᠷᠭᠢ ᠨᠥᠭᠡᠴᠡᠯᠡᠬᠦ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ ᠨᠡᠢ᠌ᠲᠡ 1032 ᠲᠦᠮᠡᠨ ᠺᠢᠯᠣᠸᠠᠲ ᠨᠡᠮᠡᠭᠳᠡᠭᠦᠯᠵᠦ ᠂ ᠪᠦᠭᠦ ᠤᠯᠤᠰ᠎ᠤᠨ ᠠᠩᠬᠠᠳᠠᠭᠴᠢ ᠰᠢᠨ᠎ᠡ ᠭᠡᠯᠪᠡᠷᠢ ᠵᠢᠨ ᠡᠨᠧᠷᠭᠢ ᠨᠥᠭᠡᠴᠡᠯᠡᠬᠦ ᠮᠠᠰᠢᠨ ᠴᠣᠭᠴᠠᠯᠠᠪᠤᠷᠢ ᠵᠢᠨ ᠬᠡᠪᠴᠢᠶ᠎ᠡ 1000 ᠲᠦᠮᠡᠨ ᠺᠢᠯᠣᠸᠠᠲ᠎ᠢ ᠳᠠᠪᠠᠭᠰᠠᠨ ᠮᠤᠵᠢ ᠣᠷᠣᠨ ᠪᠣᠯᠵᠠᠢ ᠃
2024 ᠣᠨ᠎ᠳᠤ᠂ ᠥᠪᠥᠷ ᠮᠣᠩᠭᠣᠯ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ ᠢᠯᠴᠢ ᠵᠢᠨ ᠴᠠᠭᠢᠯᠭ᠋ᠠᠨ᠎ᠤ ᠮᠠᠰᠢᠨ ᠴᠣᠭᠴᠠᠯᠠᠪᠤᠷᠢ ᠵᠢᠨ ᠬᠡᠪᠴᠢᠶ᠎ᠡ᠎ᠠᠴᠠ ᠳᠠᠪᠠᠭᠤᠯᠬᠤ ᠬᠠᠷᠠᠯᠲᠠ᠎ᠪᠠᠨ ᠨᠢᠭᠡ ᠵᠢᠯ ᠤᠷᠢᠳᠴᠢᠯᠠᠨ ᠪᠡᠶᠡᠯᠡᠭᠦᠯᠵᠦ ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠦᠭᠦ ᠤᠯᠤᠰ᠎ᠤᠨ ᠲᠡᠷᠢᠭᠦᠨ᠎ᠤ ᠪᠠᠢ᠌ᠷᠢ ᠰᠠᠭᠤᠷᠢ᠎ᠪᠠᠨ ᠤᠯᠠᠮ ᠨᠢᠭᠡ ᠠᠯᠬᠤᠮ ᠲᠣᠭᠲᠠᠪᠤᠷᠢᠵᠢᠭᠤᠯᠵᠤ ᠂ ᠰᠢᠨ᠎ᠡ ᠭᠡᠯᠪᠡᠷᠢ ᠵᠢᠨ ᠴᠠᠭᠢᠯᠭ᠋ᠠᠨ ᠬᠦᠴᠦᠨ᠎ᠤ ᠰᠢᠰᠲ᠋ᠧᠮ᠎ᠢ ᠪᠠᠢ᠌ᠭᠤᠯᠬᠤ ᠲᠠᠯ᠎ᠠ᠎ᠪᠠᠷ ᠲᠡᠦᠬᠡᠲᠦ ᠴᠢᠨᠠᠷᠲᠠᠢ ᠵᠠᠩᠭᠢᠯᠠᠭ᠎ᠠ ᠵᠢᠨ ᠠᠯᠬᠤᠮ᠎ᠢ ᠠᠯᠬᠤᠪᠠ ᠃
2024 ᠣᠨ᠎ᠳᠤ᠂ ᠥᠪᠥᠷ ᠮᠣᠩᠭᠣᠯ ᠪᠣᠬᠢᠷᠳᠤᠯ ᠦᠭᠡᠢ ᠴᠠᠭᠢᠯᠭ᠋ᠠᠨ᠎ᠤ ᠠᠷᠠᠯᠵᠢᠶ᠎ᠠ ᠵᠢ ᠡᠬᠢᠯᠡᠭᠦᠯᠵᠦ ᠂ ᠮᠠᠨ᠎ᠤ ᠣᠷᠣᠨ ᠪᠣᠬᠢᠷᠳᠤᠯ ᠦᠭᠡᠢ ᠴᠠᠭᠢᠯᠭ᠋ᠠᠨ᠎ᠤ ᠠᠷᠠᠯᠵᠢᠶ᠎ᠠ ᠦᠭᠡᠢ ᠪᠠᠢ᠌ᠭᠰᠠᠨ᠎ᠠᠴᠠ᠎ᠪᠠᠨ ᠪᠠᠢ᠌ᠬᠤ ᠪᠣᠯᠵᠤ ᠂ ᠪᠠᠢ᠌ᠬᠤ ᠪᠣᠯᠤᠭᠰᠠᠨ᠎ᠠᠴᠠ᠎ᠪᠠᠨ ᠪᠦᠭᠦ ᠤᠯᠤᠰ᠎ᠲᠤ ᠲᠦᠷᠦᠭᠦᠯᠡᠭᠰᠡᠨ ᠯᠤᠲᠤ ᠶᠡᠬᠡ ᠳᠠᠪᠠᠯᠲᠠ ᠵᠢ ᠪᠡᠶᠡᠯᠡᠭᠦᠯᠵᠦ ᠂ ᠪᠣᠬᠢᠷᠳᠤᠯ ᠦᠭᠡᠢ ᠴᠠᠭᠢᠯᠭ᠋ᠠᠨ᠎ᠤ ᠠᠷᠠᠯᠵᠢᠶᠠᠨ᠎ᠤ ᠬᠡᠮᠵᠢᠶ᠎ᠡ᠎ᠪᠠᠷ ᠪᠦᠭᠦ ᠤᠯᠤᠰ᠎ᠤᠨ ᠡᠮᠦᠨ᠎ᠡ ᠡᠩᠨᠡᠭᠡᠨ᠎ᠳᠤ ᠣᠷᠣᠵᠤ ᠂ ᠪᠦᠭᠦ ᠤᠯᠤᠰ᠎ᠲᠤ ᠲᠦᠷᠦᠭᠦᠯᠡᠨ ᠮᠤᠵᠢ ᠣᠷᠣᠨ ᠠᠯᠤᠰᠯᠠᠭᠰᠠᠨ ᠣᠨᠴᠠ ᠥᠨᠳᠥᠷ ᠬᠦᠴᠦᠳᠡᠯᠲᠦ ᠪᠣᠬᠢᠷᠳᠤᠯ ᠦᠭᠡᠢ ᠴᠠᠭᠢᠯᠭ᠋ᠠᠨ᠎ᠤ ᠠᠷᠠᠯᠵᠢᠶ᠎ᠠ ᠵᠢ ᠥᠷᠨᠢᠭᠦᠯᠪᠡ ᠃
2024 ᠣᠨ᠎ᠤ 1 - 11 ᠰᠠᠷ᠎ᠠ ᠪᠤᠯᠲᠠᠯ᠎ᠠ ᠂ ᠥᠪᠥᠷ ᠮᠣᠩᠭᠣᠯ᠎ᠤᠨ ᠰᠢᠨ᠎ᠡ ᠡᠨᠧᠷᠭᠢ ᠵᠢᠨ ᠪᠡᠯᠡ ᠣᠷᠣᠭᠤᠯᠤᠯᠲᠠ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ ᠬᠢ᠎ᠠᠴᠠ 5.1%᠎ᠪᠠᠷ ᠨᠡᠮᠡᠭᠳᠡᠵᠦ ᠂ ᠪᠦᠭᠦ ᠣᠷᠣᠨ᠎ᠤ ᠶᠡᠷᠦᠩᠬᠡᠢ ᠪᠡᠯᠡ ᠣᠷᠣᠭᠤᠯᠤᠯᠲᠠ ᠵᠢᠨ 23% ᠵᠢ ᠡᠵᠡᠯᠡᠨ ᠂ ᠪᠦᠭᠦ ᠣᠷᠣᠨ᠎ᠤ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ ᠵᠢ ᠵᠠᠭᠤᠨ᠎ᠤ ᠬᠠᠷᠢᠴᠠᠯ ᠵᠶ᠋ᠡᠷ 1.3 ᠬᠤᠪᠢ ᠳᠠᠢ᠌ᠴᠢᠯᠠᠪᠠ ᠃
ᠪᠣᠬᠢᠷᠳᠤᠯ ᠦᠭᠡᠢ ᠬᠥᠭᠵᠢᠯᠲᠡ ᠵᠢᠨ ᠢᠳᠡ ᠬᠦᠴᠦᠨ᠎ᠢ ᠥᠪᠥᠷ ᠮᠣᠩᠭᠣᠯ᠎ᠤᠨ ᠤᠯᠤᠰ᠎ᠤᠨ ᠶᠡᠬᠡ ᠶᠠᠪᠤᠳᠠᠯ᠎ᠢ ᠪᠠᠲᠤ ᠴᠡᠭᠡᠵᠢᠯᠡᠨ ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠡᠬᠡ ᠤᠯᠤᠰ᠎ᠤᠨ ᠤᠮᠠᠷᠠᠲᠤ ᠬᠢᠯᠢ ᠵᠢᠨ ᠨᠣᠮᠢᠨ ᠨᠣᠭᠣᠭ᠋ᠠᠨ ᠤᠷᠳᠤ ᠴᠠᠭ᠋ᠠᠨ ᠬᠡᠷᠡᠮ ᠪᠣᠯᠣᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠰᠢᠨ᠎ᠡ ᠵᠢ ᠡᠭᠦᠳᠬᠦ ᠦᠢ᠍ᠯᠡᠳᠦᠯᠭᠡ ᠳᠤᠮᠳᠠ ᠢᠯᠡᠷᠡᠵᠦ ᠪᠠᠢ᠌ᠨ᠎ᠠ ᠃
ᠣᠷᠳᠣᠰ ᠪᠣᠯ ᠬᠠᠲᠤᠨ ᠭᠣᠣᠯ᠎ᠤᠨ 《ᠶᠡᠬᠡ ᠲᠣᠬᠣᠢ 》 ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠭᠣᠣᠯ ᠲᠡᠢ᠌ᠨ᠎ᠤ ᠲᠠᠯᠠᠪᠤᠷ ᠂ ᠭᠣᠣᠯ ᠵᠢᠭᠰᠠᠭ᠋ᠠᠯ᠎ᠤᠨ ᠭᠠᠵᠠᠷ ᠮᠥᠨ ᠃ 2024 ᠣᠨ᠎ᠤ ᠬᠠᠪᠤᠷ ᠣᠷᠳᠣᠰ ᠬᠣᠲᠠ ᠬᠥᠪᠴᠢ ᠵᠢᠨ ᠡᠯᠡᠰᠦ ᠪᠣᠯᠣᠨ ᠮᠤᠤᠠᠤᠰᠤ ᠵᠢᠨ ᠡᠯᠡᠰᠦᠷᠬᠡᠭ ᠭᠠᠵᠠᠷ᠎ᠲᠤ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠪᠠᠢ᠌ᠷᠢᠯᠠᠭᠤᠯᠤᠨ ᠪᠦᠲᠦᠭᠡᠨ ᠪᠠᠢ᠌ᠭᠤᠯᠵᠤ ᠂ ᠡᠯᠡᠰᠦᠨ ᠲᠡᠯᠡᠶ ᠳᠣᠲᠣᠷᠠᠬᠢ 《ᠭᠡᠷᠡᠯᠴᠢ ᠴᠡᠨᠡᠭ᠎ᠤᠨ ᠣᠷᠳᠣ ᠴᠠᠭ᠋ᠠᠨ ᠬᠡᠷᠡᠮ 》᠎ᠢ ᠪᠠᠢ᠌ᠭᠤᠯᠵᠤ ᠡᠬᠢᠯᠡᠪᠡ ᠃
ᠡᠨᠡ ᠬᠦ᠌ ᠪᠦᠭᠦ ᠣᠷᠳᠣᠨ᠎ᠢ 400 ᠺᠢᠯᠣᠮᠧᠲᠷ ᠂ ᠳᠤᠮᠳᠠᠴᠢ ᠥᠷᠭᠡᠨ᠎ᠨᠢ 5 ᠺᠢᠯᠣᠮᠧᠲᠷ ᠂ ᠶᠡᠷᠦᠩᠬᠡᠢ ᠲᠠᠯᠠᠪᠠᠶ᠎ᠨᠢ 2000 ᠰᠢᠬᠠᠮ ᠲᠡᠭᠰᠢ ᠳᠥᠷᠪᠡᠯᠵᠢᠨ ᠺᠢᠯᠣᠮᠧᠲᠷ᠎ᠲᠤ ᠭᠦᠷᠦᠭᠰᠡᠨ 《ᠭᠡᠷᠡᠯᠴᠢ ᠴᠡᠨᠡᠭ᠎ᠤᠨ ᠣᠷᠳᠣ ᠴᠠᠭ᠋ᠠᠨ ᠬᠡᠷᠡᠮ 》᠎ᠢ ᠪᠠᠢ᠌ᠭᠤᠯᠵᠤ ᠳᠠᠭᠤᠰᠤᠭᠰᠠᠨ᠎ᠤ ᠳᠠᠷᠠᠭ᠎ᠠ ᠭᠡᠷᠡᠯᠴᠢ ᠴᠡᠨᠡᠭ ᠵᠶ᠋ᠡᠷ 300 ᠲᠦᠮᠡᠨ ᠮᠦ᠍ ᠡᠯᠡᠰᠦ ᠵᠢ ᠵᠠᠰᠠᠵᠤ ᠂ ᠠᠮᠢ ᠠᠬᠤᠢ᠎ᠪᠠᠷ 900 ᠲᠦᠮᠡᠨ ᠮᠦ᠍ ᠡᠯᠡᠰᠦ ᠵᠢ ᠵᠠᠰᠠᠬᠤ ᠵᠢ ᠪᠡᠶᠡᠯᠡᠭᠦᠯᠬᠦ ᠪᠣᠯᠣᠨ᠎ᠠ ᠃
2024 ᠣᠨ᠎ᠳᠤ᠂ ᠥᠪᠥᠷ ᠮᠣᠩᠭᠣᠯ 《ᠤᠮᠠᠷᠠᠲᠤ ᠵᠢᠨ ᠭᠤᠷᠪᠠᠨ ᠣᠷᠣᠨ 》᠎ᠤ ᠢᠨᠵᠧᠨᠧᠷᠢᠩ᠎ᠢ ᠠᠬᠢᠭᠤᠯᠬᠤ ᠲᠤᠬᠠᠢ ᠨᠠᠮ᠎ᠤᠨ ᠲᠥᠪ ᠬᠣᠷᠢᠶᠠᠨ᠎ᠤ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠶᠣᠰᠣᠭ᠋ᠠᠷ 《ᠤᠮᠠᠷᠠᠲᠤ ᠵᠢᠨ ᠭᠤᠷᠪᠠᠨ ᠣᠷᠣᠨ 》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠪᠠ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠢ ᠪᠦᠭᠦ ᠬᠦᠴᠦᠨ ᠵᠶ᠋ᠡᠷ ᠵᠢᠡᠨ ᠰᠠᠢ᠌ᠲᠤᠷ ᠬᠢᠵᠦ ᠂ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠲᠦᠷᠭᠡᠳᠬᠡᠨ ᠬᠡᠷᠡᠭᠵᠢᠭᠦᠯᠪᠡ ᠃
ᠪᠦᠭᠦ ᠣᠷᠣᠨ᠎ᠤ 《ᠨᠢᠭᠡ ᠬᠥᠯᠭᠡ ᠰᠢᠲᠠᠷ᠎ᠠ 》 ᠵᠢᠨ ᠬᠠᠮᠲᠤᠷᠠᠭᠰᠠᠨ ᠰᠢᠪᠲᠤᠯᠤᠯᠲᠠ ᠳᠣᠣᠷ᠎ᠠ 《ᠤᠮᠠᠷᠠᠲᠤ ᠵᠢᠨ ᠭᠤᠷᠪᠠᠨ ᠣᠷᠣᠨ 》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠪᠠ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠳᠤ ᠴᠢᠬᠤᠯᠠ ᠶᠡᠬᠡ ᠠᠮᠵᠢᠯᠲᠠ ᠣᠯᠵᠤ ᠂ ᠡᠯᠡᠰᠦ ᠵᠢ ᠵᠠᠰᠠᠬᠤ ᠂ ᠣᠢ᠌ᠵᠢᠭᠤᠯᠬᠤ ᠂ ᠡᠪᠡᠰᠦ ᠲᠠᠷᠢᠬᠤ ᠣᠨ᠎ᠤ ᠡᠭᠦᠷᠭᠡ᠎ᠪᠠᠨ ᠳᠠᠪᠠᠭᠤᠯᠤᠨ ᠪᠡᠶᠡᠯᠡᠭᠦᠯᠵᠦ ᠂ ᠡᠳᠦᠷ ᠳᠤᠮᠳᠠᠴᠢ᠎ᠳᠤ 6 ᠲᠦᠮᠡᠨ ᠮᠦ᠍ ᠵᠢᠨ ᠡᠯᠡᠰᠦ ᠵᠢ ᠵᠠᠰᠠᠬᠤ ᠬᠤᠷᠳᠤᠴᠠ᠎ᠪᠠᠷ ᠪᠦᠭᠦ ᠵᠢᠯ᠎ᠳᠤ 1954 ᠲᠦᠮᠡᠨ ᠮᠦ᠍ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠪᠠ ; ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠤᠨ ᠮᠠᠰᠢᠨ ᠴᠣᠭᠴᠠᠯᠠᠪᠤᠷᠢ ᠵᠢᠨ ᠬᠡᠪᠴᠢᠶ᠎ᠡ 2727 ᠲᠦᠮᠡᠨ ᠺᠢᠯᠣᠸᠠᠲ᠎ᠲᠤ ᠬᠦᠷᠴᠦ ᠂ 238 ᠲᠦᠮᠡᠨ ᠮᠦ᠍ ᠡᠯᠡᠰᠦ ᠵᠢ ᠢᠵᠢ ᠪᠦᠷᠢᠳᠦᠭᠦᠯᠦᠨ ᠵᠠᠰᠠᠵᠠᠢ ᠃
ᠠᠮᠢ ᠠᠬᠤᠢ ᠵᠢᠨ ᠳᠠᠪᠠᠭᠤᠯᠢᠭ᠎ᠢ ᠦᠨᠡᠨ ᠬᠦ᠌ ᠠᠵᠤ ᠠᠬᠤᠢ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠬᠤ ᠵᠢᠨ ᠲᠥᠯᠥᠭᠡ ᠥᠪᠥᠷ ᠮᠣᠩᠭᠣᠯ CCER (ᠤᠯᠤᠰ᠎ᠤᠨ ᠬᠢᠨᠠᠨ ᠵᠥᠪᠰᠢᠶᠡᠷᠡᠭᠰᠡᠨ ᠰᠠᠢ᠌ᠨ ᠳᠤᠷ᠎ᠠ᠎ᠠᠴᠠ᠎ᠪᠠᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠦᠨᠡᠮᠯᠡᠯ ) ᠨᠡᠭᠦᠷᠡᠰᠦᠲᠥ᠋ᠷᠥᠭᠴᠢ ᠬᠤᠷᠠᠮᠳᠤᠭᠤᠯᠬᠤ ᠲᠥᠷᠥᠯ ᠵᠦᠢ᠍ᠯ᠎ᠢ ᠨᠡᠭᠡᠭᠡᠨ ᠬᠥᠭᠵᠢᠭᠦᠯᠬᠦ ᠵᠢ ᠯᠠᠪᠳᠠᠭᠤᠨ ᠪᠠᠲᠤᠲᠠᠢ ᠠᠬᠢᠭᠤᠯᠵᠤ ᠂ ᠣᠯᠠᠨ ᠵᠦᠢ᠍ᠯ᠎ᠤᠨ ᠭᠡᠯᠪᠡᠷᠢ᠎ᠪᠠᠷ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶ᠎ᠠ ᠵᠢ ᠢᠳᠡᠪᠬᠢᠲᠡᠢ ᠠᠬᠢᠭᠤᠯᠤᠨ ᠂ ᠨᠡᠢ᠌ᠲᠡ 83.4 ᠲᠦᠮᠡᠨ ᠲᠣᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶ᠎ᠠ ᠵᠢ ᠪᠡᠶᠡᠯᠡᠭᠦᠯᠵᠦ ᠂ ᠠᠷᠠᠯᠵᠢᠶᠠᠨ᠎ᠤ ᠬᠡᠮᠵᠢᠶ᠎ᠡ᠎ᠨᠢ 3323.4 ᠲᠦᠮᠡᠨ ᠲᠥᠭᠥᠷᠢᠭ᠎ᠲᠤ ᠭᠦᠷᠪᠠ ᠃
ᠪᠣᠬᠢᠷᠳᠤᠯ ᠦᠭᠡᠢ ᠬᠥᠭᠵᠢᠯᠲᠡ ᠵᠢᠨ ᠢᠳᠡ ᠬᠦᠴᠦᠨ᠎ᠢ ᠥᠪᠥᠷ ᠮᠣᠩᠭᠣᠯ᠎ᠤᠨ ᠲᠡᠷᠢᠭᠦᠨ᠎ᠤ ᠦᠢ᠍ᠯᠡᠳᠬᠦ ᠦᠢ᠍ᠯᠡᠰ ᠵᠶ᠋ᠡᠷ ᠰᠢᠨ᠎ᠡ ᠭᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠲᠠᠢ᠌ᠴᠢᠯᠠᠨ ᠂ ᠤᠷᠢᠳ ᠵᠶ᠋ᠡᠷ 《ᠰᠢᠨ᠎ᠡ ᠵᠢ ᠪᠠᠢ᠌ᠭᠤᠯᠵᠤ 》 ᠲᠠᠷᠠᠭ᠎ᠠ᠎ᠨᠢ 《ᠬᠠᠭᠤᠴᠢᠨ᠎ᠢ ᠡᠪᠳᠡᠬᠦ 》 ᠵᠢ ᠪᠠᠷᠢᠮᠲᠠᠯᠠᠵᠤ ᠂ ᠠᠵᠤ ᠦᠢ᠍ᠯᠡᠰ᠎ᠤᠨ ᠪᠦᠲᠦᠴᠡ ᠵᠢ ᠪᠣᠬᠢᠷᠳᠤᠯ ᠦᠭᠡᠢ ᠪᠣᠯᠭ᠋ᠠᠨ ᠲᠠᠭᠢᠨ ᠴᠣᠭᠴᠠᠯᠠᠬᠤ ᠵᠢ ᠠᠬᠢᠭᠤᠯᠬᠤ ᠲᠡᠮᠡᠴᠡᠯ᠎ᠤᠨ ᠦᠢ᠍ᠯᠡᠳᠦᠯᠭᠡ ᠳᠤᠮᠳᠠ ᠢᠯᠡᠷᠡᠵᠦ ᠪᠠᠢ᠌ᠨ᠎ᠠ ᠃
ᠤᠯᠠᠭ᠋ᠠᠨᠴᠠᠪ ᠬᠤᠲᠠ ᠵᠢᠨ ᠲᠡᠮᠦᠷ᠎ᠤᠨ ᠬᠠᠢ᠌ᠯᠤᠰᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ᠎ᠳᠤ ᠬᠦᠷᠬᠦ᠎ᠳᠤ ᠬᠠᠷ᠎ᠠ ᠤᠲᠤᠭ᠎ᠠ ᠬᠠᠷᠠᠭᠳᠠᠬᠤ ᠦᠭᠡᠢ ᠂ ᠬᠠᠮᠠᠷ ᠭᠠᠳᠠᠮ᠎ᠠ ᠬᠠᠴᠢᠨ ᠦᠨᠦᠷ ᠦᠨᠦᠷᠲᠦᠭᠳᠡᠬᠦ ᠦᠭᠡᠢ ᠂ ᠬᠠᠷᠢᠨ ᠴᠡᠪᠡᠷ ᠴᠡᠮᠴᠡᠭᠡᠷ ᠦᠢ᠍ᠯᠡᠳᠪᠦᠷᠢ ᠵᠢᠨ ᠲᠣᠭᠣᠷᠢᠭ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠭᠦᠢ᠍ᠴᠡᠳ ᠦᠢ᠍ᠯᠡᠳᠪᠦᠷᠢᠯᠡᠯ᠎ᠤᠨ ᠱᠤᠭᠤᠮ ᠨᠢᠳᠦᠨ᠎ᠳᠤ ᠢᠯᠡᠭᠡᠨ ᠲᠤᠰᠤᠨ᠎ᠠ ᠁ ᠳᠡᠭᠡᠳᠦ ᠲᠡᠰᠵᠢᠯᠲᠠ ᠂ ᠣᠶᠤᠨᠴᠢᠯᠠᠯᠲᠠ ᠂ ᠪᠣᠬᠢᠷᠳᠤᠯ ᠦᠭᠡᠢ ᠬᠥᠭᠵᠢᠯᠲᠡ᠎ᠨᠢ ᠤᠯᠠᠭ᠋ᠠᠨᠴᠠᠪ ᠬᠤᠲᠠ ᠵᠢᠨ ᠲᠡᠮᠦᠷ᠎ᠤᠨ ᠬᠠᠢ᠌ᠯᠤᠰᠢ ᠵᠢᠨ ᠠᠵᠤ ᠦᠢ᠍ᠯᠡᠰ᠎ᠤᠨ ᠰᠢᠨ᠎ᠡ ᠳᠥᠯᠥᠭᠡᠨᠤ ᠨᠡᠷ᠎ᠡ ᠪᠣᠯᠵᠠᠢ ᠃
2024 ᠣᠨ᠎ᠳᠤ᠂ ᠥᠪᠥᠷ ᠮᠣᠩᠭᠣᠯ ᠪᠣᠬᠢᠷᠳᠤᠯ ᠦᠭᠡᠢ ᠬᠥᠭᠵᠢᠯᠲᠡ᠎ᠪᠠᠷ ᠴᠢᠭᠯᠡᠯ ᠵᠢᠡᠨ ᠪᠤᠯᠭ᠋ᠠᠬᠤ ᠵᠢ ᠪᠠᠷᠢᠮᠲᠠᠯᠠᠨ ᠂ ᠬᠥᠭᠵᠢᠯᠲᠡ ᠵᠢᠨ ᠠᠷᠭ᠎ᠠ ᠭᠡᠯᠪᠡᠷᠢ᠎ᠪᠠᠨ ᠲᠦᠷᠭᠡᠳᠬᠡᠨ ᠬᠤᠪᠢᠷᠠᠭᠤᠯᠵᠤ ᠂ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢ ᠲᠦᠷᠭᠡᠳᠬᠡᠨ ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠎ᠪᠠᠷ ᠣᠨᠴᠠᠯᠢᠭ ᠵᠢᠡᠨ ᠪᠤᠯᠭ᠋ᠠᠬᠰᠠᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠶᠡᠬᠡ᠎ᠪᠠᠷ ᠪᠣᠢ᠌ᠵᠢᠭᠤᠯᠪᠠ ᠃
《ᠬᠠᠭᠤᠴᠢᠨ 》᠎ᠢ ᠡᠪᠳᠡᠵᠦ ᠂ ᠠᠵᠤ ᠦᠢ᠍ᠯᠡᠰ᠎ᠤᠨ 《ᠨᠡᠭᠦᠷᠡᠰᠦᠲᠥ᠋ᠷᠥᠭᠴᠢ ᠵᠢᠨ ᠠᠭᠤᠯᠤᠭᠳᠠᠴᠠ 》 ᠵᠢ ᠪᠠᠭᠤᠷᠠᠭᠤᠯᠤᠨ ᠂ ᠬᠥᠭᠵᠢᠯᠲᠡ ᠵᠢᠨ 《ᠪᠣᠬᠢᠷᠳᠤᠯ ᠦᠭᠡᠢ 》 ᠬᠡᠮᠵᠢᠶ᠎ᠡ ᠵᠢ ᠨᠡᠮᠡᠭᠳᠡᠭᠦᠯᠪᠡ ᠃ ᠤᠯᠠᠮᠵᠢᠯᠠᠯᠲᠤ ᠠᠵᠤ ᠦᠢ᠍ᠯᠡᠰ᠎ᠢ ᠪᠡᠬᠢᠵᠢᠭᠦᠯᠦᠨ ᠳᠡᠭᠡᠭᠰᠢᠯᠡᠭᠦᠯᠵᠦ ᠂ ᠥᠨᠳᠥᠷ ᠪᠠᠷᠢᠮᠵᠢᠶ᠎ᠠ ᠂ ᠥᠨᠳᠥᠷ ᠲᠦᠪᠰᠢᠨ ᠵᠶ᠋ᠡᠷ ᠥᠨᠳᠥᠷ ᠠᠴᠢᠶᠠᠯᠠᠪᠤᠷᠢ᠎ᠲᠠᠢ ᠠᠵᠤ ᠦᠢ᠍ᠯᠡᠰ᠎ᠢ ᠭᠥᠯᠢᠶᠡᠨ ᠠᠪᠴᠤ ᠣᠷᠣᠭᠤᠯᠪᠠ ᠃ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠵᠢᠨ ᠪᠣᠬᠢᠷᠳᠤᠯ ᠦᠭᠡᠢ ᠬᠥᠭᠵᠢᠯᠲᠡ ᠵᠢᠨ ᠠᠵᠢᠯᠯᠠᠭ᠋ᠠᠨ᠎ᠤ ᠲᠥᠰᠥᠯ᠎ᠢ ᠰᠤᠳᠤᠯᠤᠨ ᠲᠣᠭᠲᠠᠭ᠋ᠠᠵᠤ ᠂ ᠲᠡᠮᠦᠷ ᠬᠠᠢ᠌ᠯᠤᠭᠤᠯᠬᠤ ᠂ ᠪᠣᠯᠣᠳ ᠬᠠᠢ᠌ᠯᠤᠭᠤᠯᠬᠤ ᠂ ᠲᠡᠮᠦᠷ᠎ᠤᠨ ᠬᠠᠢ᠌ᠯᠤᠰᠢ ᠂ ᠴᠠᠬᠢᠯᠠᠭᠤᠷ ᠴᠢᠯᠠᠭᠤ ᠂ ᠬᠡᠦᠷᠡᠰᠦ ᠵᠡᠷᠭᠡ ᠬᠢᠵᠠᠭ᠋ᠠᠷᠯᠠᠬᠤ ᠲᠥᠷᠥᠯ᠎ᠤᠨ ᠦᠢ᠍ᠯᠡᠳᠪᠦᠷᠢᠯᠡᠬᠦ ᠴᠢᠳᠠᠪᠤᠷᠢ ᠵᠢ ᠡᠮᠬᠢ ᠵᠢᠷᠤᠮ᠎ᠲᠠᠢ᠎ᠪᠠᠷ ᠪᠤᠴᠠᠭ᠋ᠠᠨ ᠭᠠᠷᠭ᠋ᠠᠬᠤ᠎ᠪᠠᠷ ᠳᠠᠮᠵᠢᠨ ᠡᠨᠧᠷᠭᠢ ᠬᠡᠷᠡᠭᠯᠡᠬᠦ ᠣᠷᠣᠨ ᠵᠠᠢ ᠵᠢᠨ ᠲᠠᠯ᠎ᠠ᠎ᠪᠠᠷ 700 ᠲᠦᠮᠡ ᠭᠠᠷᠤᠢ ᠲᠣᠨ ᠪᠠᠷᠢᠮᠵᠢᠶ᠎ᠠ ᠨᠡᠭᠦᠷᠡᠰᠦ ᠵᠢ ᠠᠷᠪᠢᠯᠠᠵᠤ ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ 1800 ᠭᠠᠷᠤᠢ ᠲᠦᠮᠡᠨ ᠲᠣᠨ ᠪᠠᠭ᠋ᠠᠰᠬᠠᠪᠠ ᠃ ᠠᠵᠤ ᠠᠬᠤᠢ᠌ᠯᠠᠯ᠎ᠤᠨ ᠲᠡᠷᠢᠭᠦᠨ᠎ᠤ ᠮᠡᠷᠭᠡᠵᠢᠯ᠎ᠢ ᠬᠡᠷᠡᠭᠯᠡᠨ ᠡᠨᠧᠷᠭᠢ ᠠᠷᠪᠢᠯᠠᠵᠤ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠬᠢᠬᠦ ᠵᠢ ᠳᠡᠮᠵᠢᠵᠦ ᠂ ᠱᠦᠢ᠍ᠨᠢ ᠂ ᠸᠠᠭ᠋ᠠᠷ ᠱᠠᠭ᠋ᠠᠵᠠᠩ ᠂ ᠮᠧᠲ᠋ᠢᠯ ᠠᠯᠺᠤᠣᠯ ᠂ ᠣᠯᠠᠨ ᠲᠠᠯᠠᠰᠲᠤ ᠴᠠᠬᠢᠭᠤᠷ ᠂ ᠵᠡᠰ ᠂ ᠲᠤᠭᠤᠯᠭ᠎ᠠ ᠂ ᠮᠠᠭᠨᠢ ᠵᠡᠷᠭᠡ 15 ᠦᠢ᠍ᠯᠡᠳᠬᠦᠨ᠎ᠤ ᠡᠨᠧᠷᠭᠢ ᠵᠢᠨ ᠬᠣᠷᠣᠭᠳᠠᠭᠤᠯᠤᠯ᠎ᠤᠨ ᠭᠦᠢ᠍ᠴᠡᠳᠬᠡᠯ ᠲᠣᠭ᠎ᠠ ᠵᠢ ᠤᠯᠤᠰ᠎ᠤᠨ ᠡᠨᠧᠷᠭᠢ ᠵᠢᠨ ᠬᠣᠷᠣᠭᠳᠠᠭᠤᠯᠤᠯ᠎ᠤᠨ ᠬᠢᠵᠠᠭ᠋ᠠᠷᠯᠠᠭᠰᠠᠨ ᠪᠠᠷᠢᠮᠵᠢᠶ᠎ᠠ ᠵᠢᠨ ᠲᠡᠷᠢᠭᠦᠨ᠎ᠤ ᠬᠡᠮᠵᠢᠭᠳᠡᠯ᠎ᠳᠤ ᠬᠦᠷᠭᠡᠵᠦ ᠂ ᠭᠣᠣᠯᠳᠠᠯᠭ᠎ᠠ᠎ᠲᠠᠢ ᠠᠵᠢᠯ ᠲᠥᠷᠥᠯ᠎ᠤᠨ ᠡᠨᠧᠷᠭᠢ ᠵᠢᠨ ᠠᠰᠢᠭᠯᠠᠮᠵᠢ ᠵᠢᠨ ᠲᠦᠪᠰᠢᠨ᠎ᠢ ᠢᠯᠡᠳᠲᠡ ᠳᠡᠭᠡᠭᠰᠢᠯᠡᠭᠦᠯᠪᠡ ᠃
《ᠰᠢᠨ᠎ᠡ 》 ᠵᠢ ᠪᠠᠢ᠌ᠭᠤᠯᠵᠤ ᠂ ᠠᠵᠤ ᠦᠢ᠍ᠯᠡᠰ᠎ᠤᠨ 《ᠰᠢᠨ᠎ᠡ ᠵᠢᠨ ᠠᠭᠤᠯᠤᠭᠳᠠᠴᠠ 》 ᠵᠢ ᠨᠡᠮᠡᠭᠳᠡᠭᠦᠯᠦᠨ ᠂ ᠬᠥᠭᠵᠢᠯᠲᠡ ᠵᠢᠨ 《ᠦᠨ᠎ᠡ ᠴᠠᠨ᠎ᠠ 》 ᠵᠢ ᠳᠡᠭᠡᠭᠰᠢᠯᠡᠭᠦᠯᠪᠡ ᠃ ᠰᠢᠨ᠎ᠡ ᠡᠨᠧᠷᠭᠢ ᠂ ᠣᠲᠣ ᠦᠶ᠎ᠡ ᠵᠢᠨ ᠲᠣᠨᠣᠭᠯᠠᠯ ᠦᠢ᠍ᠯᠡᠳᠬᠦ ᠂ ᠠᠮᠢᠳᠤ ᠪᠣᠳᠠᠰ᠎ᠤᠨ ᠡᠮ ᠡᠮᠨᠡᠯᠭᠡ ᠂ ᠲᠣᠮᠣ ᠳ᠋ᠠᠢ᠌ᠲ᠋ᠠ ᠵᠡᠷᠭᠡ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠲᠦᠷᠭᠡᠳᠬᠡᠨ ᠪᠤᠵᠠᠭ᠋ᠠᠢ᠌ᠷᠠᠭᠤᠯᠵᠤ ᠂ 13 ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠤᠨ ᠬᠡᠪᠴᠢᠶᠡᠵᠢᠨ ᠲᠠᠰ ᠳᠡᠪᠰᠢᠬᠦ ᠵᠢ ᠠᠬᠢᠭᠤᠯᠪᠠ ᠃ 《9 + 5 + 3 》 ᠢᠷᠡᠭᠡᠳᠦᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠵᠤ ᠂ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ ᠂ ᠤᠰᠤᠲᠥ᠋ᠷᠥᠭᠴᠢ ᠡᠨᠧᠷᠭᠢ ᠂ ᠰᠢᠨ᠎ᠡ ᠭᠡᠯᠪᠡᠷᠢ ᠵᠢᠨ ᠡᠨᠧᠷᠭᠢ ᠬᠠᠳᠠᠭ᠋ᠠᠯᠠᠬᠤ ᠂ ᠪᠣᠳᠣᠯᠭ᠎ᠠ ᠵᠢᠨ ᠬᠦᠴᠦᠨ᠎ᠤ ᠲᠣᠣᠷ ᠂ ᠣᠢ᠌ᠷ᠎ᠠ ᠣᠭᠲᠠᠷᠭᠤᠢ ᠵᠢᠨ ᠠᠵᠤ ᠠᠬᠤᠢ ᠂ ᠵᠣᠬᠢᠶᠠᠮᠠᠯ ᠣᠶᠤᠨ ᠴᠢᠳᠠᠪᠤᠷᠢ ᠵᠡᠷᠭᠡ ᠢᠷᠡᠭᠡᠳᠦᠢ ᠵᠢᠨ ᠠᠵᠤ ᠦᠢ᠍ᠯᠡᠰ᠎ᠢ ᠭᠣᠣᠯᠳᠠᠯᠭ᠎ᠠ᠎ᠲᠠᠢ ᠬᠥᠭᠵᠢᠭᠦᠯᠵᠦ ᠂ ᠣᠯᠠᠨ ᠡᠰᠢᠵᠢᠨ ᠬᠥᠭᠵᠢᠭᠰᠡᠨ ᠂ ᠣᠯᠠᠨ ᠲᠤᠢ᠌ᠯ ᠵᠶ᠋ᠡᠷ ᠲᠤᠯᠭ᠋ᠠᠭᠤᠷᠢᠯᠠᠭᠰᠠᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠪᠠᠢ᠌ᠭᠤᠯᠪᠠ ᠃
ᠥᠩᠭᠡᠷᠡᠭᠰᠡᠨ᠎ᠢ ᠡᠷᠭᠢᠴᠡᠭᠦᠯᠬᠦᠶ᠎ᠡ ᠂ ᠥᠪᠥᠷ ᠮᠣᠩᠭᠣᠯ ᠠᠮᠢ ᠠᠬᠤᠢ ᠵᠢ ᠤᠷᠢᠳ ᠵᠶ᠋ᠡᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠤᠯᠭ᠋ᠠᠬᠰᠠᠨ ᠴᠢᠨᠠᠷ ᠰᠠᠢ᠌ᠲᠠᠢ ᠬᠥᠭᠵᠢᠯᠲᠡ ᠵᠢᠨ ᠵᠠᠮ ᠵᠶ᠋ᠡᠷ ᠡᠷᠡᠰ ᠭᠤᠢ᠌ᠪᠢᠰᠢ ᠦᠭᠡᠢ ᠵᠠᠮᠨᠠᠨ ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠭᠢᠯᠲᠡᠲᠦ ᠠᠵᠤ ᠠᠬᠤᠢ ᠵᠢᠨ ᠰᠢᠰᠲ᠋ᠧᠮ᠎ᠢ ᠬᠦᠴᠦᠯᠡᠨ ᠪᠠᠢ᠌ᠭᠤᠯᠵᠤ ᠂ ᠪᠣᠬᠢᠷᠳᠤᠯ ᠦᠭᠡᠢ ᠬᠥᠭᠵᠢᠯᠲᠡ ᠵᠢᠨ ᠰᠢᠨ᠎ᠡ ᠦᠷ᠎ᠡ ᠪᠦᠲᠦᠮᠵᠢ᠎ᠪᠠᠷ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠠᠰᠤᠷᠠᠯᠲᠠ ᠦᠭᠡᠢ ᠬᠥᠭᠵᠢᠭᠡᠵᠦ ᠂ ᠪᠣᠬᠢᠷᠳᠤᠯ ᠦᠭᠡᠢ ᠬᠥᠭᠵᠢᠯᠲᠡ ᠵᠢᠨ ᠴᠢᠳᠠᠪᠬᠢ ᠵᠢᠨ ᠲᠡᠰᠢ ᠮᠡᠳᠡᠭᠳᠡᠮ᠎ᠡ ᠳᠡᠭᠡᠭᠰᠢᠯᠡᠭᠦᠯᠪᠡ ᠃ ᠢᠷᠡᠭᠡᠳᠦᠢ ᠵᠢ ᠪᠠᠷᠠᠯᠠᠬᠤᠶ᠎ᠠ ᠂ ᠥᠪᠥᠷ ᠮᠣᠩᠭᠣᠯ ᠦᠷᠭᠦᠯᠵᠢᠯᠡᠨ ᠪᠣᠬᠢᠷᠳᠤᠯ ᠦᠭᠡᠢ ᠬᠥᠭᠵᠢᠯᠲᠡ ᠵᠢᠨ ᠣᠢ᠌ᠯᠠᠭ᠋ᠠᠭᠳᠠᠬᠤᠨ ᠵᠶ᠋ᠡᠷ ᠶᠡᠷᠦᠩᠬᠡᠢ᠌ᠯᠡᠨ ᠵᠢᠯᠣᠭᠣᠳᠤᠭᠤᠯᠵᠤ ᠂ ᠨᠡᠭᠦᠷᠡᠰᠦᠲᠥ᠋ᠷᠥᠭᠴᠢ ᠵᠢ ᠪᠠᠭ᠋ᠠᠰᠬᠠᠨ ᠂ ᠪᠣᠬᠢᠷᠳᠤᠯ᠎ᠢ ᠪᠠᠭ᠋ᠠᠰᠬᠠᠵᠤ ᠂ ᠨᠣᠭᠣᠭ᠋ᠠᠷᠠᠭᠤᠯᠤᠯᠲᠠ ᠵᠢ ᠥᠷᠭᠡᠳᠬᠡᠨ ᠂ ᠨᠡᠮᠡᠭᠳᠡᠯ᠎ᠢ ᠬᠠᠮᠵᠢᠯᠴᠠᠨ ᠠᠬᠢᠭᠤᠯᠵᠤ ᠂ ᠪᠣᠬᠢᠷᠳᠤᠯ ᠦᠭᠡᠢ ᠬᠥᠭᠵᠢᠯᠲᠡ ᠂ ᠡᠷᠭᠢᠯᠲᠡᠲᠦ ᠬᠥᠭᠵᠢᠯᠲᠡ ᠂ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠵᠢ ᠨᠠᠩ ᠤᠬᠠᠮᠰᠠᠷ᠎ᠠᠴᠠ᠎ᠪᠠᠨ ᠠᠬᠢᠭᠤᠯᠵᠤ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠭᠤᠯᠤᠭᠳᠠᠴᠠ᠎ᠪᠠᠷ ᠥᠨᠳᠥᠷ ᠂ ᠡᠬᠢ ᠪᠠᠶᠠᠯᠢᠭ᠎ᠤᠨ ᠬᠣᠷᠣᠭᠳᠠᠯ ᠵᠶ᠋ᠡᠷ ᠪᠠᠭ᠎ᠠ ᠂ ᠣᠷᠴᠢᠨ ᠲᠣᠭᠣᠷᠢᠨ᠎ᠤ ᠪᠣᠬᠢᠷᠳᠤᠯ ᠵᠶ᠋ᠡᠷ ᠪᠠᠭ᠎ᠠ ᠠᠵᠤ ᠦᠢ᠍ᠯᠡᠰ᠎ᠤᠨ ᠪᠦᠲᠦᠴᠡ ᠪᠠ ᠪᠣᠬᠢᠷᠳᠤᠯ ᠦᠭᠡᠢ ᠦᠢ᠍ᠯᠡᠳᠪᠦᠷᠢᠯᠡᠯ᠎ᠤᠨ ᠠᠷᠭ᠎ᠠ ᠭᠡᠯᠪᠡᠷᠢ ᠵᠢ ᠪᠠᠢ᠌ᠭᠤᠯᠵᠤ ᠂ ᠴᠢᠨᠠᠷ ᠰᠠᠢ᠌ᠲᠠᠢ ᠬᠥᠭᠵᠢᠯᠲᠡ ᠵᠢᠨ ᠪᠣᠬᠢᠷᠳᠤᠯ ᠦᠭᠡᠢ ᠥᠩᠭᠡ ᠵᠢ ᠵᠤᠵᠠᠭ᠋ᠠᠳᠬᠠᠨ᠎ᠠ ᠃